ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 15 ᠤ ᠴᠠᠬᠢᠯᠭᠠᠨ ᠮᠡᠳᠡᠭᠡ 2 ᠰᠠᠷ᠎ᠠ ᠶᠢᠨ 16 ᠤ ᠡᠳᠦᠷ | ᠬᠡᠪᠯᠡᠭᠳᠡᠭᠰᠡᠨ 4 ᠳ᠋ᠤᠭᠡᠷ ᠬᠤᠭᠤᠴᠠᠭᠠᠨ ᠤ ︽ᠦᠨᠡᠨ︾ ᠰᠡᠳᠬᠦᠯ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠤᠨ ︽ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠬᠦᠯᠬᠦ ᠬᠡᠷᠡᠭᠲᠡᠢ︾ | ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃ | ᠵᠣᠬᠢᠶᠠᠯ ᠳᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠠᠯᠢ ᠤᠯᠠᠨ ᠤᠨᠤᠯ ᠤᠨ ᠰᠢᠨ᠎ᠡ ᠡᠭᠦᠳᠦᠯᠲᠡ᠂ | ᠦᠢᠯᠡᠳᠦᠯᠭᠡ ᠶᠢᠨ ᠰᠢᠨ᠎ᠡ ᠡᠭᠦᠳᠦᠯᠲᠡ᠂ ᠲᠦᠷᠢᠮ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢ ᠣᠯᠵᠤ᠂ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠠᠶᠢᠭᠤᠯᠵᠤ᠂ ᠵᠠᠭᠤᠨ ᠵᠢᠯ ᠤᠨ ᠲᠤᠮᠤ ᠨᠠᠮ ᠤᠨ ᠥᠪᠡᠷ ᠪᠡᠶ᠎ᠡ ᠶᠢᠨ | ᠬᠤᠪᠢᠰᠬᠠᠯ ᠤᠨ ᠰᠢᠨ᠎ᠡ ᠠᠬᠤᠢ ᠪᠠᠶᠢᠳᠠᠯ ᠢ ᠨᠡᠭᠡᠭᠡᠪᠡ᠃ ᠡᠭᠦᠨ ᠤ ᠬᠠᠮᠲᠤ ᠪᠠᠰᠠ ᠨᠠᠮ ᠤᠨ ᠳᠣᠲᠣᠭᠠᠳᠤ ᠳᠤ ᠣᠷᠣᠰᠢᠵᠤ | ᠪᠠᠶᠢᠭ᠎ᠠ ᠦᠵᠡᠯ ᠰᠠᠨᠠᠭ᠎ᠠ ᠴᠡᠪᠡᠷ ᠪᠤᠰᠤ᠂ ᠵᠣᠬᠢᠶᠠᠨ ᠪᠠᠶᠢᠭᠤᠯᠤᠯᠲᠠ ᠴᠡᠪᠡᠷ ᠪᠤᠰᠤ᠂ ᠰᠤᠷᠲᠠᠯ ᠴᠡᠪᠡᠷ ᠪᠤᠰᠤ ᠵᠡᠷᠭᠡ | ᠲᠤᠪᠤᠶᠢᠮ᠎ᠠ ᠠᠰᠠᠭᠤᠳᠠᠯ ᠬᠠᠷᠠᠬᠠᠨ ᠦᠨᠳᠦᠰᠦᠨ ᠠᠴᠠ ᠪᠠᠨ ᠰᠢᠢᠳᠪᠦᠷᠢᠯᠡᠭᠳᠡᠭᠡᠳᠦᠢ᠂ ᠢᠯᠵᠢᠷᠠᠯ ᠢ ᠡᠰᠡᠷᠭᠦᠴᠡᠬᠦ | ᠲᠡᠮᠡᠴᠡᠯ ᠤᠨ ᠪᠠᠶᠢᠳᠠᠯ ᠮᠥᠨ ᠯᠡ ᠬᠦᠨᠳᠦ ᠬᠡᠴᠡᠭᠦᠦ ᠲᠦᠪᠡᠭ ᠪᠤᠳᠤᠯᠢᠶᠠᠨᠲᠠᠢ ᠪᠠᠶᠢᠬᠤ ᠪᠥᠭᠡᠳ ᠰᠢᠨ᠎ᠡ ᠪᠠᠶᠢᠳᠠᠯ ᠰᠢᠨ᠎ᠡ | ᠠᠰᠠᠭᠤᠳᠠᠯ ᠲᠠᠰᠤᠷᠠᠯᠳᠠ ᠦᠭᠡᠢ ᠢᠯᠡᠷᠡᠨ ᠭᠠᠷᠴᠤ᠂ ᠨᠠᠮ ᠳᠤ ᠲᠤᠯᠭᠠᠷᠠᠵᠤ ᠪᠠᠶᠢᠭ᠎ᠠ ︽ᠲᠦᠷᠪᠡᠨ ᠶᠡᠭᠡ ᠰᠢᠯᠭᠠᠯᠲᠠ︾᠂ | ︽ᠲᠦᠷᠪᠡᠨ ᠵᠦᠢᠯ ᠤᠨ ᠠᠶᠤᠯ ᠲᠦᠭᠰᠢᠭᠦᠷᠢ︾ ᠤᠷᠳᠤ ᠬᠤᠭᠤᠴᠠᠭ᠎ᠠ ᠪᠠᠷ ᠣᠷᠣᠰᠢᠵᠤ ᠪᠠᠶᠢᠬᠤ ᠶᠢ ᠣᠯᠵᠤ ᠬᠠᠷᠠᠬᠤ | ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠡᠭᠦᠷᠢᠳᠡ ᠵᠤᠬᠰᠤᠰᠢ ᠦᠭᠡᠢ᠂ ᠨᠠᠮ ᠤᠨ ᠥᠪᠡᠷ ᠪᠡᠶ᠎ᠡ ᠶᠢᠨ | ᠬᠤᠪᠢᠰᠬᠠᠯ ᠡᠭᠦᠷᠢᠳᠡ ᠵᠤᠬᠰᠤᠰᠢ ᠦᠭᠡᠢ ᠶᠤᠮ᠃ ᠪᠦᠬᠦ ᠨᠠᠮ ᠢᠶᠠᠷ ᠢᠶᠠᠨ ᠡᠷᠬᠡᠪᠰᠢ ᠰᠢᠯᠭᠠᠯᠲᠠ ᠳᠤ ᠣᠷᠣᠯᠴᠠᠬᠤ ᠰᠤᠨᠤᠷ | ᠰᠡᠷᠭᠡᠭ ᠪᠠ ᠡᠷᠡᠰ ᠵᠤᠷᠢᠭ ᠢᠶᠠᠨ ᠡᠭᠦᠷᠢᠳᠡ ᠪᠠᠲᠤᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ | ᠪᠦᠷᠢᠨᠰᠢᠬᠦᠯᠬᠦ ᠪᠠᠷ ᠪᠦᠲᠦᠮᠵᠢᠲᠡᠢ ᠠᠷᠭ᠎ᠠ ᠵᠠᠮ ᠪᠣᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ | ᠠᠭᠤᠤ ᠶᠡᠭᠡ ᠢᠨᠵᠧᠨᠧᠷᠢᠩ ᠢ ᠳᠠᠰᠤᠷᠠᠯᠳᠠ ᠦᠭᠡᠢ ᠤᠷᠤᠬᠰᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠪᠣᠯ ᠨᠠᠮ ᠤᠨ ᠤᠯᠤᠰ ᠲᠥᠷᠥ ᠶᠢᠨ | ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠤᠭᠰᠠᠨ᠂ ᠨᠠᠮ ᠤᠨ ᠡᠯ᠎ᠡ ᠵᠦᠢᠯ ᠤᠨ ᠪᠠᠶᠢᠭᠤᠯᠤᠯᠲᠠ ᠠᠳᠠᠯᠢ | ᠴᠢᠭᠯᠡᠯ ᠢᠶᠠᠷ ᠬᠦᠴᠦᠯᠡᠵᠦ ᠶᠡᠷᠦᠩᠬᠡᠶᠢᠯᠡᠨ ᠬᠦᠴᠦᠯᠡᠭᠰᠡᠨ ᠰᠢᠰᠲ᠋ᠧᠮᠲᠦ ᠢᠨᠵᠧᠨᠧᠷᠢᠩ ᠮᠦᠨ᠂ ᠨᠠᠮ ᠤᠨ ᠪᠠᠶᠢᠭᠤᠯᠤᠯᠲᠠ ᠶᠢᠨ | ᠲᠤᠬᠠᠶ ᠨᠠᠮ ᠤᠨ ᠲᠥᠪ ᠬᠤᠷᠢᠶ᠎ᠠ ᠶᠢᠨ ᠴᠢᠬᠤᠯᠠ ᠦᠵᠡᠯ ᠰᠠᠨᠠᠭ᠎ᠠ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠲᠤᠬᠠᠶ | ᠨᠠᠮ ᠤᠨ ᠲᠥᠪ ᠬᠤᠷᠢᠶ᠎ᠠ ᠶᠢᠨ ᠴᠢᠬᠤᠯᠠ ᠦᠵᠡᠯ ᠰᠠᠨᠠᠭ᠎ᠠ ᠪᠠᠷ ᠦᠨᠳᠦᠰᠦᠨ ᠵᠢᠷᠤᠮᠯᠠᠯ ᠪᠣᠯᠭᠠᠵᠤ᠂ ᠨᠠᠮ ᠤᠨ ᠪᠦᠬᠦ | ᠲᠠᠯ᠎ᠠ ᠶᠢᠨ ᠤᠳᠤᠷᠢᠳᠤᠯᠭ᠎ᠠ ᠪᠣᠯᠤᠨ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ | ᠪᠠᠷᠢᠮᠲᠠᠯᠠᠨ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠶ ᠱᠠᠭᠠᠷᠳᠠᠯᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠰᠲ᠋ᠧᠮᠲᠦ ᠰᠡᠳᠭᠢᠬᠦᠶ᠂ ᠰᠢᠨᠵᠢᠯᠡᠬᠦ ᠤᠬᠠᠭᠠᠨᠴᠢ ᠠᠷᠭ᠎ᠠ ᠪᠠᠷ ᠨᠠᠮ ᠢ | ᠬᠠᠮᠢᠶᠠᠷᠴᠤ ᠨᠠᠮ ᠢ ᠵᠠᠰᠠᠬᠤ ᠶᠢᠨ ᠠᠭᠤᠯᠭ᠎ᠠ ᠶᠢ ᠪᠦᠬᠦᠨ ᠢ ᠬᠠᠮᠤᠷᠬᠤ᠂ ᠳ᠋ᠦᠢᠰᠢᠶᠠᠩ ᠢ ᠪᠦᠬᠦᠨ ᠢ ᠬᠠᠮᠤᠷᠬᠤ᠂ | ᠬᠠᠷᠢᠭᠤᠴᠠᠯᠭ᠎ᠠ ᠶᠢᠨ ᠪᠦᠬᠦ ᠬᠡᠯᠬᠢᠶ᠎ᠡ᠂ ᠳᠦᠷᠢᠮ ᠢ ᠪᠦᠷᠢᠨ ᠨᠡᠪᠲᠡᠷᠡᠭᠦᠯᠬᠦ ᠶᠢ ᠠᠬᠢᠭᠤᠯᠵᠤ᠂ ᠬᠦᠴᠦᠨ ᠵᠦᠢᠯ ᠪᠦᠷᠢᠨ | ᠭᠦᠢᠴᠡᠳ ᠪᠠᠶᠢᠬᠤ᠂ ᠴᠢᠳᠠᠪᠤᠷᠢ ᠲᠡᠭᠦᠯᠳᠡᠷ ᠪᠠᠶᠢᠬᠤ᠂ ᠰᠢᠨᠵᠢᠯᠡᠬᠦ ᠤᠬᠠᠭᠠᠨᠴᠢ ᠵᠢᠷᠤᠮᠵᠢᠭᠰᠠᠨ᠂ ᠠᠵᠢᠯᠯᠠᠭᠠᠨ ᠨᠢ ᠥᠨᠳᠥᠷ | ᠪᠦᠲᠦᠮᠵᠢᠲᠡᠶ ᠪᠠᠶᠢᠬᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠤᠯᠠᠮ ᠨᠢᠭᠡ ᠠᠯᠬᠤᠮ ᠪᠦᠷᠢᠨᠰᠢᠭᠦᠯᠬᠦ | ᠬᠡᠷᠡᠭᠲᠡᠢ ᠭᠡᠵᠦ ᠴᠢᠬᠤᠯᠠᠴᠢᠯᠠᠪᠠ᠃ | ᠵᠣᠬᠢᠶᠠᠯ ᠳᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠬᠦ ᠲᠤᠬᠠᠢ 5 ᠲᠠᠯ᠎ᠠ ᠪᠠᠷ | ᠪᠠᠶᠢᠷᠢᠯᠠᠭᠤᠯᠤᠯᠲᠠ ᠬᠢᠵᠡᠢ᠃ ᠨᠢᠭᠡ ᠳᠤ᠂ ᠳᠡᠭᠡᠳᠦ ᠳᠣᠣᠷᠠᠳᠤ ᠱᠠᠲᠤ ᠶᠢ ᠨᠡᠪᠲᠡᠷᠡᠭᠦᠯᠦᠭᠰᠡᠨ᠂ ᠬᠡᠷᠡᠭᠵᠢᠭᠦᠯᠬᠦ ᠳᠤ | ᠬᠦᠴᠦᠲᠡᠢ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠦᠷᠢᠨᠰᠢᠭᠦᠯᠬᠦ ᠬᠡᠷᠡᠭᠳᠡᠢ᠃ ᠨᠠᠮ ᠤᠨ ᠤᠳᠤᠷᠢᠳᠤᠯᠭ᠎ᠠ᠂ ᠨᠠᠮ ᠢ | ᠬᠠᠮᠢᠶᠠᠷᠴᠤ ᠨᠠᠮ ᠢ ᠵᠠᠰᠠᠬᠤ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠨᠠᠮ ᠤᠨ ᠲᠥᠪ ᠤᠨ | ᠵᠣᠬᠢᠶᠠᠨ ᠪᠠᠶᠢᠭᠤᠯᠤᠯᠲᠠ᠂ ᠣᠷᠣᠨ ᠨᠤᠲᠤᠭ ᠤᠨ ᠵᠣᠬᠢᠶᠠᠨ ᠪᠠᠶᠢᠭᠤᠯᠤᠯᠲᠠ᠂ ᠦᠨᠳᠦᠰᠦᠨ ᠱᠠᠲᠤᠨ ᠤ ᠵᠣᠬᠢᠶᠠᠨ | ᠪᠠᠶᠢᠭᠤᠯᠤᠯᠲᠠ ᠴᠥᠮ ᠡᠷᠬᠡᠪᠰᠢ ᠡᠷᠡᠰ ᠴᠢᠩᠭ᠎ᠠ ᠬᠦᠴᠦᠲᠡᠢ᠂ ᠢᠯᠭᠤᠮ ᠤᠷᠤᠭᠰᠢᠲᠠᠢ ᠶᠠᠪᠤᠭᠳᠠᠭᠤᠯᠬᠤ ᠬᠡᠷᠡᠭᠲᠡᠢ᠃ | ᠭᠠᠭᠴᠠ ᠬᠦ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠨᠢᠭᠲᠠ ᠴᠢᠩᠭ᠎ᠠ ᠪᠣᠯᠭᠠᠵᠤ᠂ ᠨᠠᠮ ᠤᠨ ᠡᠯ᠎ᠡ ᠱᠠᠲᠤᠨ ᠤ | ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠮᠵᠢ ᠪᠠ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠭᠦᠢᠴᠡᠳ | ᠪᠠᠳᠠᠷᠠᠭᠤᠯᠪᠠᠯ ᠰᠠᠶ᠋ᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠦᠨ ᠠᠬᠢᠭᠤᠯᠵᠤ | ᠴᠢᠳᠠᠨ᠎ᠠ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠨᠢᠭᠲᠠ ᠴᠢᠩᠭ᠎ᠠ ᠪᠣᠯᠭᠠᠬᠤ ᠶᠢᠨ ᠵᠠᠩᠭᠢᠯᠠᠭ᠎ᠠ ᠨᠢ | ᠨᠠᠮ ᠤᠨ ᠲᠥᠪ ᠬᠤᠷᠢᠶ᠎ᠡ ᠶᠢᠨ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠬᠤ ᠳᠤ ᠪᠤᠢ᠂ | ᠡᠭᠦᠨ ᠤ ᠦᠨᠳᠦᠰᠦ ᠨᠢ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠳᠤ ᠪᠠᠶᠢᠳᠠᠭ᠃ ᠬᠤᠶᠠᠷ ᠲᠤ᠂ ᠤᠭ | ᠦᠨᠳᠦᠰᠦ ᠶᠢ ᠨᠢ ᠪᠠᠬᠢᠵᠢᠭᠦᠯᠦᠨ ᠬᠦᠮᠦᠵᠢᠭᠦᠯᠬᠦ᠂ ᠰᠡᠳᠬᠢᠯ ᠨᠢᠬᠡᠳᠦᠨ ᠰᠦᠭ ᠰᠦᠨᠡᠰᠦ ᠶᠢ ᠱᠤᠭᠤᠬᠤ ᠬᠥᠮᠦᠵᠢᠯ ᠤᠨ | ᠰᠢᠰᠲ᠋ᠧᠮ ᠢ ᠪᠦᠷᠢᠨᠰᠢᠭᠦᠯᠬᠦ ᠬᠡᠷᠡᠭᠳᠡᠢ᠃ ᠰᠢᠨᠵᠢᠯᠡᠬᠦ ᠤᠬᠠᠭᠠᠨᠴᠢ ᠤᠨᠤᠯ ᠢ ᠡᠵᠡᠮᠰᠢᠵᠦ᠂ ᠦᠵᠡᠯ ᠰᠠᠨᠠᠭᠠᠨ ᠤ ᠰᠠᠭᠤᠷᠢ ᠪᠠᠨ | ᠪᠠᠲᠤᠳᠬᠠᠪᠠᠯ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠳᠤ ᠰᠠᠶ᠋ᠢ ᠪᠠᠲᠤ ᠪᠠᠬᠢ ᠲᠤᠯᠭᠠᠭᠤᠷᠢᠯᠠᠯ ᠲᠠᠢ ᠪᠣᠯᠵᠤ ᠴᠢᠳᠠᠨ᠎ᠠ᠃ | ᠡᠷᠬᠡᠪᠰᠢ ᠦᠵᠡᠯ ᠰᠠᠨᠠᠭᠠᠨ ᠤ ᠪᠠᠶᠢᠭᠤᠯᠤᠯᠲᠠ ᠭᠡᠬᠦ ᠡᠨᠡ ᠬᠦ ᠰᠠᠭᠤᠷᠢ ᠶᠢ ᠰᠠᠶᠢᠲᠤᠷ ᠠᠳᠬᠤᠵᠤ᠂ ᠨᠠᠮ ᠤᠨ ᠰᠢᠨ᠎ᠡ ᠶᠢ | ᠡᠭᠦᠳᠦᠭᠰᠡᠨ ᠤᠨᠤᠯ ᠢᠶᠠᠷ ᠵᠡᠪᠰᠡᠭᠯᠡᠬᠦ ᠶᠢ ᠴᠥᠬᠦᠷᠡᠰᠢ ᠦᠭᠡᠢ ᠠᠬᠢᠭᠤᠯᠵᠤ᠂ ᠨᠠᠮᠴᠢ ᠴᠢᠨᠠᠷ ᠤᠨ ᠬᠥᠮᠦᠵᠢᠯ ᠢ ᠤᠷᠳᠤ | ᠬᠤᠭᠤᠴᠠᠭ᠎ᠠ ᠪᠠᠷ ᠪᠠᠷᠢᠮᠲᠠᠯᠠᠨ ᠴᠢᠩᠭᠠᠳᠬᠠᠵᠤ᠂ ᠨᠠᠮ ᠤᠨ ᠭᠡᠰᠢᠭᠦᠨ᠂ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ | ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠤᠬᠠᠮᠰᠠᠷᠲᠤ ᠠᠵᠢᠯᠯᠠᠭ᠎ᠠ ᠪᠣᠯᠭᠠᠨ | ᠬᠤᠪᠢᠷᠠᠭᠤᠯᠬᠤ ᠬᠡᠷᠡᠭᠲᠡᠢ᠃ ᠭᠤᠷᠪᠠ ᠳᠤ᠂ ᠤᠨᠢᠨ ᠳᠡᠭᠡᠷ᠎ᠡ ᠨᠢ ᠬᠦᠴᠦᠯᠡᠬᠦ᠂ ᠦᠡᠭᠭᠡᠨ ᠲᠠᠯ᠎ᠠ ᠪᠠ ᠦᠨᠳᠦᠰᠦ | ᠰᠤᠷᠪᠤᠯᠵᠢ ᠶᠢ ᠵᠡᠷᠭᠡ ᠪᠠᠷ ᠵᠠᠰᠠᠬᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠭᠦᠯᠬᠦ ᠬᠡᠷᠡᠭᠳᠡᠢ᠃ ᠪᠦᠬᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠶᠢ ᠠᠬᠢᠭᠤᠯᠬᠤ ᠳᠤ᠂ ᠦᠨᠡᠨ ᠬᠦ ᠬᠠᠮᠢᠶᠠᠷᠴᠤ ᠦᠨᠡᠨ ᠬᠦ ᠴᠢᠩᠭ᠎ᠠ ᠵᠠᠰᠠᠬᠤ ᠪᠠᠷ ᠭᠤᠣᠯᠳᠠᠯᠭ᠎ᠠ | ᠪᠣᠯᠭᠠᠵᠤ᠂ ᠤᠨᠢᠨ ᠳᠡᠭᠡᠷ᠎ᠡ ᠨᠢ ᠵᠠᠰᠠᠬᠤ ᠬᠡᠷᠡᠭᠲᠡᠢ᠃ ᠨᠠᠮ ᠤᠨ ᠪᠠᠶᠢᠳᠠᠯ ᠨᠠᠮ ᠤᠨ ᠰᠤᠷᠲᠠᠯ ᠤᠨ ᠰᠢᠨ᠎ᠡ ᠬᠠᠨᠳᠤᠰᠢ ᠶᠢ | ᠨᠢᠭᠲᠠ ᠠᠩᠬᠠᠷᠬᠤ ᠪᠠ ᠵᠠᠳᠠᠯᠵᠤ ᠰᠤᠳᠤᠯᠤᠨ ᠮᠠᠭᠠᠳᠯᠠᠵᠤ᠂ ᠠᠰᠠᠭᠤᠳᠠᠯ ᠳᠤ ᠬᠠᠨᠳᠤᠬᠤ ᠶᠢ ᠪᠠᠷᠢᠮᠲᠠᠯᠠᠵᠤ᠂ ᠦᠨᠳᠦᠰᠦ | ᠰᠤᠷᠪᠤᠯᠵᠢ ᠠᠴᠠ ᠨᠢ ᠵᠠᠰᠠᠵᠤ᠂ ᠦᠩᠭᠡᠨ ᠲᠠᠯ᠎ᠠ ᠶᠢ ᠨᠢ ᠵᠠᠰᠠᠬᠤ ᠮᠥᠷᠲᠡᠭᠡᠨ ᠦᠨᠳᠦᠰᠦ ᠰᠤᠷᠪᠤᠯᠵᠢ ᠶᠢ ᠨᠢ ᠵᠠᠰᠠᠵᠤ᠂ | ᠨᠠᠮ ᠢ ᠬᠠᠮᠢᠶᠠᠷᠴᠤ ᠨᠠᠮ ᠢ ᠵᠠᠰᠠᠬᠤ ᠶᠢᠨ ᠨᠠᠷᠢᠯᠢᠭ ᠣᠨᠣᠪᠴᠢᠲᠤ ᠴᠢᠨᠠᠷ᠂ ᠪᠣᠳᠠᠲᠤ ᠦᠷ᠎ᠡ ᠪᠦᠲᠦᠮᠵᠢᠲᠦ ᠴᠢᠨᠠᠷ ᠢ | ᠳᠡᠭᠡᠭᠰᠢᠯᠡᠭᠦᠯᠬᠦ ᠬᠡᠷᠡᠭᠲᠡᠢ᠃ ᠳᠥᠷᠪᠡ ᠳᠤ᠂ ᠰᠢᠨᠵᠢᠯᠡᠬᠦ ᠤᠬᠠᠭᠠᠨᠴᠢ ᠪᠦᠷᠢᠨ ᠲᠦᠬᠦᠷ᠂ ᠪᠦᠲᠦᠮᠵᠢᠲᠡᠶ ᠬᠡᠷᠡᠭᠴᠡᠭᠡᠲᠡᠢ | ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠳᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠨᠢ ᠤᠯᠤᠰ ᠲᠥᠷᠥᠴᠢ | ᠴᠢᠨᠠᠷ᠂ ᠵᠠᠷᠴᠢᠮᠲᠤ ᠴᠢᠨᠠᠷ ᠢᠶᠠᠷ ᠴᠢᠩᠭ᠎ᠠ ᠪᠠᠶᠢᠳᠠᠭ ᠪᠣᠯᠬᠤᠷ ᠡᠷᠬᠡᠪᠰᠢ ᠨᠢᠭᠡᠨ ᠢᠵᠢ ᠰᠢᠨᠵᠢᠯᠡᠬᠦ ᠤᠬᠠᠭᠠᠨᠴᠢ ᠪᠦᠷᠢᠨ | ᠲᠥᠬᠦᠷ ᠳᠦᠷᠢᠮ ᠢᠶᠠᠷ ᠵᠢᠷᠤᠮᠵᠢᠭᠤᠯᠬᠤ ᠬᠡᠷᠡᠭᠲᠡᠢ᠃ ᠳᠦᠷᠢᠮ ᠤᠨ ᠪᠠᠶᠢᠭᠤᠯᠤᠯᠲᠠ ᠶᠢ ᠨᠠᠮ ᠢ ᠬᠠᠮᠢᠶᠠᠷᠴᠤ ᠨᠠᠮ ᠢ ᠵᠠᠰᠠᠬᠤ | ᠬᠡᠷᠡᠭᠴᠡᠭᠡ ᠲᠠᠢ ᠵᠣᠬᠢᠴᠠᠭᠤᠯᠵᠤ᠂ ᠨᠠᠮ ᠤᠨ ᠡᠯ᠎ᠡ ᠵᠦᠢᠯ ᠤᠨ ᠪᠠᠶᠢᠭᠤᠯᠤᠯᠲᠠ ᠲᠠᠢ ᠢᠵᠢ ᠪᠦᠷᠢᠳᠦᠭᠦᠯᠵᠦ᠂ ᠳᠦᠷᠢᠮ ᠤᠨ | ᠰᠢᠩᠭᠡᠯᠢᠭ ᠢ ᠪᠦᠬᠦ ᠲᠠᠯ᠎ᠠ ᠪᠠᠷ ᠨᠢᠭᠲᠠ ᠰᠦᠯᠵᠢᠬᠦ ᠬᠡᠷᠡᠭᠲᠡᠢ᠃ ᠡᠭᠦᠨ ᠤ ᠬᠠᠮᠳᠦ᠂ ᠳᠦᠷᠢᠮ ᠨᠢ ᠬᠡᠲᠦᠷᠬᠡᠢ ᠶᠠᠷᠰᠢᠭ | ᠲᠦᠪᠡᠭ ᠲᠠᠢ ᠪᠣᠯᠵᠤ᠂ ︽ᠳᠦᠷᠢᠮ ᠤᠨ ᠤᠨᠠᠭᠤᠯᠢ︾ ᠳᠤ ᠤᠨᠠᠬᠤ ᠶᠢ ᠴᠤ ᠰᠡᠷᠭᠡᠶᠢᠯᠡᠬᠦ ᠬᠡᠷᠡᠭᠲᠡᠢ᠃ ᠰᠢᠰᠲ᠋ᠧᠮᠵᠢᠭᠦᠯᠦᠨ | ᠬᠤᠷᠠᠭᠤᠯᠬᠤ ᠶᠢ ᠴᠢᠩᠭᠠᠳᠬᠠᠵᠤ᠂ ᠡᠯ᠎ᠡ ᠵᠦᠢᠯ ᠤᠨ ᠳᠦᠷᠢᠮ ᠢ ᠣᠷᠭᠠᠨᠢᠭ ᠪᠦᠬᠦᠯᠢ ᠴᠣᠭᠴᠠ ᠪᠣᠯᠭᠠᠬᠤ ᠬᠡᠷᠡᠭᠲᠡᠢ᠃ | ᠲᠠᠪᠤ ᠳᠤ᠂ ᠭᠤᠤᠯ ᠴᠣᠭᠴᠠ ᠲᠣᠳᠣᠷᠬᠠᠢ᠂ ᠱᠠᠭᠠᠷᠳᠠᠯᠭ᠎ᠠ ᠲᠣᠳᠣᠷᠬᠠᠢ ᠬᠠᠷᠢᠭᠤᠴᠠᠯᠭ᠎ᠠ ᠶᠢᠨ ᠰᠢᠰᠲ᠋ᠧᠮ ᠢ ᠪᠦᠷᠢᠨᠰᠢᠭᠦᠯᠬᠦ | ᠬᠡᠷᠡᠭᠳᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠣᠯ ᠪᠦᠬᠦ ᠨᠠᠮ ᠤᠨ ᠬᠠᠮᠲᠤ ᠶᠢᠨ ᠬᠠᠷᠢᠭᠤᠴᠠᠯᠭ᠎ᠠ ᠮᠥᠨ᠂ | ᠡᠷᠬᠡᠪᠰᠢ ᠲᠡᠰ ᠳᠠᠪᠬᠤᠷᠭ᠎ᠠ ᠲᠦᠷᠦᠯ ᠬᠤᠪᠢᠶᠠᠨ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ | ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠪᠠᠷ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠪᠠ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠤᠨ ᠬᠠᠷᠢᠭᠤᠴᠠᠯᠭ᠎ᠠ ᠪᠠᠨ ᠮᠡᠳᠡᠬᠦ᠂ ᠬᠠᠷᠢᠭᠤᠴᠠᠯᠭ᠎ᠠ ᠪᠠᠨ | ᠡᠭᠦᠷᠭᠡᠯᠡᠬᠦ᠂ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠬᠤ ᠬᠡᠷᠡᠭᠲᠡᠢ᠃ | ᠵᠣᠬᠢᠶᠠᠯ ᠳᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠵᠦ᠂ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠳᠤ᠂ ᠨᠠᠮ ᠤᠨ ᠲᠥᠪ ᠬᠤᠷᠢᠶ᠎ᠡ ᠶᠢᠨ ᠤᠯᠤᠰ ᠲᠦᠷᠦ ᠶᠢᠨ ᠲᠣᠪᠴᠢᠶ᠎ᠡ ᠶᠢᠨ | ᠨᠥᠬᠦᠳ ᠰᠠᠶᠢᠲᠤᠷ ᠳᠠᠭᠠᠭᠤᠯᠵᠤ᠂ ᠦᠯᠢᠭᠡᠷ ᠳᠠᠭᠤᠷᠢᠶᠠᠯ ᠪᠣᠯᠵᠤ᠂ ᠥᠪᠡᠷ ᠢ ᠪᠠᠨ ᠴᠢᠩᠭ᠎ᠠ ᠱᠠᠭᠠᠷᠳᠠᠵᠤ᠂ | ᠬᠠᠷᠢᠭᠤᠴᠠᠯᠭ᠎ᠠ ᠪᠠᠨ ᠴᠢᠩᠭ᠎ᠠ ᠡᠭᠦᠷᠭᠡᠯᠡᠵᠦ᠂ ᠬᠠᠷᠢᠶᠠᠯᠠᠯ ᠢᠶᠠᠨ ᠴᠢᠩᠭ᠎ᠠ ᠬᠠᠮᠢᠶᠠᠷᠴᠤ᠂ ᠪᠦᠬᠦ ᠨᠠᠮ ᠢ ᠪᠦᠯᠬᠦᠮᠳᠡᠭᠦᠯᠦᠨ | ᠳᠠᠭᠠᠭᠤᠯᠵᠤ ᠨᠠᠮ ᠢ ᠰᠠᠶᠢᠲᠤᠷ ᠵᠠᠰᠠᠵᠤ᠂ ᠬᠦᠴᠦᠷᠬᠡᠭᠵᠢᠭᠦᠯᠦᠨ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ | ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ | ᠭᠠᠷᠭᠠᠪᠠ᠃ |