2 ᠰᠠᠷ᠎ᠠ ᠶᠢᠨ 17 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠬᠤ᠋ ᠴᠢᠶᠠᠩ ᠲᠠᠪᠰᠢᠯᠲᠠ | ᠵᠠᠮ᠂ ᠪᠠᠭᠠᠴᠤᠤᠯ ᠵᠠᠮ᠂ ᠬᠦᠨᠳᠡᠯᠡᠨ ᠭᠤᠤᠯ ᠪᠠᠯᠭᠠᠰᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠭᠠᠵᠠᠷ ᠲᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠵᠤ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠠᠬᠢᠭᠤᠯᠬᠤ ᠲᠤᠬᠠᠢ ᠰᠤᠳᠤᠯᠪᠠ᠃ | ᠬᠤ᠋ ᠴᠢᠶᠠᠩ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠵᠤ᠂ ᠬᠥᠭᠵᠢᠯᠲᠡ ᠶᠢᠨ ᠪᠠᠶᠢᠳᠠᠯ ᠤᠨ ᠤᠬᠠᠭᠤᠯᠭ᠎ᠠ ᠶᠢ ᠴᠢᠩᠭᠠᠳᠬᠠᠵᠤ᠂ ᠵᠠᠬ᠎ᠠ | ᠳᠡᠯᠭᠡᠭᠦᠷ ᠤᠨ ᠢᠲᠡᠭᠡᠯ ᠵᠣᠷᠢᠭ ᠢ ᠲᠠᠰᠤᠷᠠᠯᠲᠠ ᠦᠭᠡᠢ ᠬᠥᠪᠴᠢᠯᠡᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ | ᠬᠦᠴᠦᠨ ᠢ ᠬᠥᠭᠵᠢᠭᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠤᠵᠠᠭᠠᠶᠢᠷᠠᠭᠤᠯᠵᠤ᠂ ᠬᠥᠭᠵᠢᠯᠲᠡ ᠶᠢᠨ | ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ | ᠰᠢᠯᠢᠳᠡᠭᠵᠢᠭᠦᠯᠵᠦ᠂ ᠨᠡᠩ ᠤᠯᠠᠨ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠠᠪᠴᠤ᠂ ᠠᠵᠤ ᠠᠬᠤᠶᠢᠯᠠᠯ ᠳᠤ | ᠨᠡᠩ ᠳᠥᠭᠦᠮ ᠲᠦᠷᠬᠡᠨ ᠥᠨᠳᠥᠷ ᠪᠦᠲᠦᠮᠵᠢᠲᠡᠢ ᠦᠢᠯᠡᠴᠢᠯᠡᠭᠡ ᠬᠠᠩᠭᠠᠬᠤ ᠬᠡᠷᠡᠭᠲᠡᠢ᠃ ᠬᠢᠨᠠᠯᠲᠠ ᠲᠠᠯᠪᠢᠵᠤ ᠬᠠᠤᠯᠢ | ᠬᠡᠷᠡᠭᠵᠢᠭᠦᠯᠬᠦ ᠶᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠠᠵᠢᠯᠯᠠᠭ᠎ᠠ ᠶᠢ | ᠵᠢᠷᠤᠮᠵᠢᠭᠤᠯᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠬᠡᠵᠡᠢ᠃ | ᠲᠤᠭᠤᠷᠢᠭ ᠤᠨ ᠤᠳᠤᠷᠢᠳᠤᠯᠭ᠎ᠠ ᠰᠤ᠋ ᠵᠢᠶᠦ᠋ᠨ᠂ ᠸᠠᠩ ᠰᠢᠤ ᠵᠢᠤᠸᠠᠨ ᠵᠢᠴᠢ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ︵ᠰᠤᠷᠪᠤᠯᠵᠢᠯᠠᠭᠴᠢ᠄ ᠯᠢᠦ ᠵᠢᠩ | ᠬᠠᠨ ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶ |