ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠵᠤ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2025/2/19
    ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠥᠨᠥᠳᠦᠷ ︵2 ᠰᠠᠷ᠎ᠠ ᠶᠢᠨ 17 ᠤ ᠡᠳᠦᠷ︶ ᠬᠤᠷᠠᠯᠳᠤᠵᠤ᠂ 1 ᠰᠠᠷ᠎ᠠ ᠶᠢᠨ 20 ᠤ ᠡᠳᠦᠷ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠭᠢᠷᠢᠨ ᠮᠤᠵᠢ ᠶᠢᠨ ᠨᠠᠮ ᠤᠨ ᠬᠤᠷᠢᠶ᠎ᠠ ᠪᠣᠯᠤᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠪᠥᠬᠦ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ᠂ ᠪᠥᠬᠦ ᠬᠤᠲᠠ ᠶᠢᠨ ︽ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠬᠤ᠂ ᠴᠢᠳᠠᠪᠤᠷᠢᠲᠠᠨ ᠢ ᠤᠷᠢᠵᠤ ᠣᠶᠤᠨ ᠤᠬᠠᠭᠠᠨ ᠣᠷᠣᠭᠤᠯᠤᠨ ᠠᠪᠴᠢᠷᠠᠬᠤ ᠵᠢᠴᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ︾ ᠳᠠᠶᠢᠴᠢᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠬᠤ᠋ ᠴᠢᠶᠠᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃
    ᠬᠤᠷᠠᠯ ᠠᠴᠠ᠂ ᠪᠥᠬᠦ ᠲᠤᠭᠤᠷᠢᠭ ᠳᠠᠶᠠᠭᠠᠷ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢᠨ ᠲᠣᠭᠤᠷᠢᠨ ᠳᠤ᠂ ᠴᠢᠨᠠᠷ ᠰᠠᠶᠢᠲᠠᠶ ᠬᠥᠭᠵᠢᠯᠲᠡ ᠶᠢᠨ ᠲᠤᠬᠠᠢ ᠢᠲᠡᠭᠡᠯ ᠢᠶᠠᠨ ᠪᠠᠲᠤᠳᠬᠠᠵᠤ᠂ ᠰᠠᠨᠠᠭᠠᠴᠢᠯᠠᠭ᠎ᠠ ᠠᠴᠠ ᠪᠠᠨ ᠡᠭᠦᠷᠭᠡ ᠡᠭᠦᠷᠭᠡᠯᠡᠵᠦ᠂ ᠬᠠᠷᠢᠭᠤᠴᠠᠯᠭ᠎ᠠ ᠡᠭᠦᠷᠭᠡᠯᠡᠵᠦ᠂ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠤ᠂ ᠲᠥᠷᠥᠯ ᠵᠦᠶᠯ ᠤᠨ ᠪᠥᠲᠥᠭᠡᠨ    ᠪᠠᠶᠢᠭᠤᠯᠤᠯᠲᠠ᠂ ︽ᠭᠤᠷᠪᠠ ᠶᠢ ᠪᠠᠲᠤᠯᠠᠬᠤ ᠬᠤᠶᠠᠷ ᠢ ᠡᠷᠢᠬᠦ︾ ᠵᠡᠷᠭᠡ ᠡᠯ᠎ᠡ ᠵᠦᠶᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠠᠯ᠎ᠠ ᠪᠠᠷ ᠶᠡᠭᠡ     ᠲᠤᠭᠤᠷᠢᠭ ᠤᠨ ᠡᠭᠦᠷᠭᠡᠯᠡᠯ ᠢ ᠢᠯᠡᠷᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ ︵ᠰᠤᠷᠪᠤᠯᠵᠢᠯᠠᠭᠴᠢ᠄ ᠹᠧᠩ ᠰᠢᠤᠸᠠᠢ᠂ ᠹᠠᠨ ᠷᠦᠢ ᠴᠢᠩ   ᠬᠢᠨᠠᠨ ᠬᠠᠷᠭᠤᠭᠤᠯᠤᠬᠰᠠᠨ ᠨᠢ᠄ ᠲᠤᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号