ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ ᠴᠢᠬᠤᠯᠠ ᠶᠡᠭᠡ ᠵᠠᠰᠠᠭ ᠵᠡᠬᠢᠷᠭᠠᠨ ᠤ ᠰᠢᠢᠳᠪᠦᠷᠢᠲᠦ ᠪᠤᠳᠤᠯᠭ᠎ᠠ ᠲᠤᠬᠳᠠᠭᠠᠬᠤ ᠵᠦᠢᠯᠡᠰ ᠤᠨ ᠭᠠᠷᠴᠠᠭ ᠲᠤ ᠲᠤᠬᠢᠷᠠᠭᠤᠯᠤᠯᠳᠠ ᠬᠢᠬᠦ ᠲᠤᠬᠠᠢ  ᠬᠦᠨᠳᠡᠯᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2025/2/20
ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ ᠴᠢᠬᠤᠯᠠ ᠶᠡᠭᠡ ᠵᠠᠰᠠᠭ    ᠵᠡᠬᠢᠷᠭᠠᠨ ᠤ ᠰᠢᠢᠳᠪᠦᠷᠢᠲᠦ ᠪᠤᠳᠤᠯᠭ᠎ᠠ ᠲᠤᠬᠳᠠᠭᠠᠬᠤ ᠵᠦᠢᠯᠡᠰ ᠤᠨ ᠭᠠᠷᠴᠠᠭ ᠲᠤ ᠲᠤᠬᠢᠷᠠᠭᠤᠯᠤᠯᠳᠠ ᠬᠢᠬᠦ ᠲᠤᠬᠠᠢ  ᠬᠦᠨᠳᠡᠯᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ ᠤᠨ ᠮᠡᠳᠡᠭᠳᠡᠯ                  ᠬᠦᠨᠳᠡᠯᠡᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ ᠲᠠᠷᠬᠠᠭᠠᠪᠠ                                     ﹇2024﹈ 26 ᠳ᠋ᠤᠭᠠᠷ ᠲᠤᠭᠠᠳᠤᠡᠯ᠎ᠡ ᠵᠡᠭᠡᠯᠢ ᠭᠤᠳᠤᠮᠵᠢ ᠪᠠᠯᠭᠠᠰᠤ᠂ ᠲᠣᠭᠤᠷᠢᠭ ᠲᠤ ᠰᠠᠭᠤᠭ᠎ᠠ᠂ ᠲᠤᠭᠤᠷᠢᠭ ᠤᠨ ᠬᠠᠷᠢᠶ᠎ᠠ ᠡᠯ᠎ᠡ ᠰᠠᠯᠠᠭ᠎ᠠ ᠮᠥᠴᠢᠷ᠂ ᠨᠢᠬᠡᠴᠢ ᠳᠤ᠄     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠲᠣᠭᠲᠠᠭᠠᠯ︾ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠲᠤᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠠᠴᠠ ᠬᠠᠮᠢᠶ᠎ᠠ ᠪᠦᠬᠦᠢ ᠬᠠᠷᠢᠭᠤᠴᠠᠯᠭᠠᠲᠦ ᠰᠠᠯᠠᠭ᠎ᠠ ᠮᠥᠴᠢᠷ ᠲᠠᠢ ᠬᠠᠮᠲᠤᠷᠠᠨ ᠳᠡᠪᠰᠢᠭᠦᠯᠵᠤ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ ᠴᠢᠬᠤᠯᠠ ᠶᠡᠭᠡ ᠵᠠᠰᠠᠭ ᠵᠡᠬᠢᠷᠭᠠᠨ ᠤ ᠰᠢᠢᠳᠪᠦᠷᠢᠲᠦ ᠪᠤᠳᠤᠯᠭ᠎ᠠ ᠲᠤᠬᠳᠠᠭᠠᠬᠤ ᠵᠦᠢᠯᠡᠰ ᠤᠨ ᠭᠠᠷᠴᠠᠭ ᠲᠤ ᠲᠤᠬᠢᠷᠠᠭᠤᠯᠤᠯᠳᠠ ᠬᠢᠬᠦ ᠭᠠᠷᠴᠠᠭ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠠᠮᠢᠶ᠎ᠠ ᠪᠥᠬᠦᠶ ᠬᠠᠷᠢᠭᠤᠴᠠᠯᠭᠠᠲᠤ ᠰᠠᠯᠠᠭ᠎ᠠ ᠮᠥᠴᠢᠷ 2024 ᠣᠨ ᠤ 12 ᠰᠠᠷ᠎ᠠ ᠶᠢᠨ 30 ᠤ ᠡᠳᠦᠷ ᠠᠴᠠ ᠡᠮᠦᠨ᠎ᠡ ᠪᠡᠶᠡᠯᠡᠭᠦᠯᠬᠦ ᠬᠡᠷᠡᠭᠲᠡᠶ ᠮᠥᠷᠲᠡᠭᠡᠨ ᠣᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠶ ᠮᠡᠷᠭᠡᠵᠢᠯᠲᠡᠨ ᠤ ᠨᠤᠲᠠᠯᠠᠯᠲᠠ᠂ ᠲᠦᠭᠰᠢᠭᠦᠷᠢ ᠶᠢᠨ ᠦᠨᠡᠯᠡᠯᠲᠡ᠂ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ᠂ ᠬᠠᠮᠲᠤ ᠪᠠᠷ ᠶᠠᠷᠢᠯᠴᠠᠨ ᠲᠣᠭᠲᠠᠭᠠᠬᠤ ᠵᠡᠷᠭᠡ ᠬᠠᠤᠯᠢ ᠳᠤ ᠲᠣᠭᠲᠠᠭᠠᠭᠰᠠᠨ ᠲᠡᠰ ᠲᠠᠷᠠᠭᠠᠯᠠᠯ ᠢ ᠴᠢᠩᠭ᠎ᠠ ᠵᠢᠷᠤᠮᠯᠠᠵᠤ ᠠᠵᠢᠯ ᠢᠶᠠᠨ ᠥᠷᠨᠢᠭᠦᠯᠵᠤ᠂ ᠳᠠᠩᠰᠠ ᠡᠪᠬᠡᠮᠡᠯ ᠮᠠᠲ᠋ᠧᠷᠢᠶᠠᠯ ᠢ ᠡᠮᠬᠢᠯᠡᠬᠦ ᠠᠵᠢᠯ ᠢ ᠰᠠᠶᠢᠲᠤᠷ ᠬᠢᠵᠤ᠂  ᠴᠠᠭ ᠲᠤᠨᠢ ᠲᠣᠬᠢᠷᠠᠭᠤᠯᠤᠨ ᠲᠤᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠤ ᠳᠡᠪᠰᠢᠭᠦᠯᠵᠦ ᠰᠤᠳᠤᠯᠤᠨ ᠬᠢᠨᠠᠨ ᠵᠥᠪᠯᠡᠭᠦᠯᠬᠦ ᠬᠡᠷᠡᠭᠲᠡᠶ᠃                            ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                               2024 ᠣᠨ ᠤ 12 ᠰᠠᠷ᠎ᠠ ᠶᠢᠨ 13 ᠤ ᠡᠳᠦᠷ
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号