ᠺᠦᠨ ᠪᠸᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠦᠨᠳᠦᠰᠦᠨ ᠪᠠᠶᠢᠳᠠᠯ ᠤᠨ ᠲᠤᠬᠠᠶ | ᠲᠠᠨᠢᠯᠴᠠᠭᠤᠯᠭ᠎ᠠ | ᠺᠦᠨ ᠪᠸᠢ ᠵᠡᠬᠡᠯᠢ ᠭᠤᠳᠤᠮᠵᠢ ᠨᠢ ᠬᠥᠨᠳᠡᠯᠡᠨ ᠲᠣᠭᠤᠷᠢᠭ ᠤᠨ ᠬᠤᠶᠢᠲᠤ ᠬᠡᠰᠡᠭ ᠲᠤ ᠪᠠᠶᠢᠷᠢᠯᠠᠵᠤ᠂ ᠵᠡᠭᠦᠨ | ᠲᠠᠯ᠎ᠠ ᠪᠠᠷ ᠢᠶᠠᠨ ᠤᠮᠠᠷᠠᠲᠤ ᠶᠢᠨ ᠬᠦᠨᠳᠦ ᠠᠵᠤ ᠦᠢᠯᠡᠳᠪᠦᠷᠢ ᠶᠢᠨ ᠪᠦᠯᠦᠭᠯᠡᠯ ᠲᠠᠢ ᠵᠠᠬ᠎ᠠ ᠨᠡᠶᠢᠯᠡᠵᠦ᠂ ᠪᠠᠷᠠᠭᠤᠨ | ᠲᠠᠯ᠎ᠠ ᠪᠠᠷ ᠢᠶᠠᠨ ᠬᠥᠨᠳᠡᠯᠡᠨ ᠭᠤᠣᠯ ᠤᠨ ᠵᠡᠭᠦᠨ ᠡᠷᠭᠢ ᠬᠦᠷᠴᠦ᠂ ᠡᠮᠦᠨ᠎ᠡ ᠲᠠᠯ᠎ᠠ ᠪᠠᠷ ᠢᠶᠠᠨ ᠬᠥᠨᠳᠡᠯᠡᠨ | ᠲᠣᠭᠤᠷᠢᠭ ᠤᠨ ᠠᠷᠠᠳ ᠵᠡᠭᠡᠯᠢ ᠲᠠᠢ ᠬᠥᠷᠰᠢᠯᠡᠵᠦ᠂ ᠬᠤᠶᠢᠲᠤ ᠲᠠᠯ᠎ᠠ ᠪᠠᠷ ᠢᠶᠠᠨ ᠭᠦᠶᠡᠩ ᠰᠢᠶᠠᠨ ᠲᠠᠢ ᠵᠠᠬ᠎ᠠ | ᠨᠡᠶᠢᠯᠡᠵᠦ᠂ 2009 ᠣᠨ ᠤ 11 ᠰᠠᠷ᠎ᠠ ᠳᠤ ᠪᠠᠶᠢᠭᠤᠯᠤᠭᠳᠠᠵᠤ᠂ ᠶᠡᠭᠡ ᠵᠢᠰᠡ ᠶᠢᠨ ᠭᠠᠵᠠᠷ ᠲᠤᠰᠬᠤᠨ᠂ ᠬᠦᠨ | ᠬᠤᠳᠳᠤᠭ ᠤᠨ ᠪᠠᠷᠠᠭᠤᠨ ᠲᠤᠰᠬᠤᠨ᠂ ᠬᠦᠨᠳᠡᠯᠡᠨ ᠭᠤᠤᠯ ᠤᠨ ᠦᠪᠦᠷ ᠠᠮᠠ ᠲᠤᠰᠬᠤᠨ᠂ ᠢᠦᠢ ᠴᠢᠤᠸᠠᠨ᠂ | ᠬᠡᠷᠡᠮ ᠲᠤᠰᠬᠤᠨ ᠵᠡᠷᠭᠡ 5 ᠵᠠᠰᠠᠭ ᠵᠠᠬᠢᠷᠭᠠᠨ ᠤ ᠲᠣᠰᠬᠤᠨ ᠪᠠ ᠬᠠᠶ ᠸᠧᠶ᠂ ᠬᠤᠸᠠ ᠱᠧᠩ᠂ ᠯᠢ ᠿᠢ᠂ ᠹᠠᠨ | ᠴᠢᠶᠧ᠂ ᠯᠦᠩ ᠶᠤᠸᠠᠢ ᠵᠡᠷᠭᠡ 5 ᠨᠡᠶᠢᠭᠡᠮ ᠲᠣᠭᠤᠷᠢᠭ ᠢ ᠪᠠᠭᠳᠠᠭᠠᠵᠤ᠂ ᠶᠡᠷᠦᠩᠬᠡᠶ ᠲᠠᠯᠠᠪᠠᠶ ᠨᠢ 58.5 ᠲᠡᠭᠰᠢ | ᠳᠥᠷᠪᠡᠯᠵᠢᠨ ᠺᠢᠯᠣᠮᠧᠲᠷ᠂ ᠶᠡᠷᠦᠩᠬᠡᠶ ᠡᠷᠦᠬᠡ ᠶᠢᠨ ᠲᠤᠭ᠎ᠠ ᠨᠢ 35448 ᠡᠷᠦᠬᠡ᠂ ᠶᠡᠷᠦᠩᠬᠡᠶ ᠬᠥᠮᠦᠨ ᠠᠮᠠ ᠨᠢ | 72605 ᠬᠦᠮᠦᠨ᠃ ᠬᠠᠷᠢᠶ᠎ᠠ ᠣᠷᠣᠨ ᠤ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠢ ᠪᠠᠶᠢᠵᠤ᠂ ᠮᠤᠨᠠ ᠬᠠᠨ | ᠵᠠᠮ᠂ ᠰᠤᠶᠤᠯᠲᠦ ᠵᠠᠮ᠂ ᠴᠢᠩᠱᠠᠨ ᠵᠠᠮ᠂ ᠵᠡᠪᠰᠡᠭ ᠦᠢᠯᠡᠳᠪᠦᠷᠢ ᠶᠢᠨ ᠵᠠᠮ᠂ ᠰᠡᠷᠬᠦᠨ ᠮᠠᠨᠳᠤᠯᠲᠠ ᠵᠡᠭᠡᠯᠢ᠂ G6 | ᠲᠦᠷᠭᠡᠨ ᠤ ᠵᠠᠰᠠᠮᠠᠯ ᠵᠠᠮ ᠵᠢᠴᠢ ᠠᠷᠠᠳ ᠬᠤᠶᠢᠲᠤ ᠵᠡᠭᠡᠯᠢ᠂ ᠦᠨᠳᠦᠰᠦᠲᠡᠨ ᠤ ᠵᠡᠭᠦᠨ ᠵᠠᠮ᠂ ᠦᠨᠳᠦᠰᠦᠲᠡᠨ ᠤ | ᠪᠠᠷᠠᠭᠤᠨ ᠵᠠᠮ ᠤᠨ ︽ᠵᠢᠷᠭᠤᠭᠠᠨ ᠬᠥᠨᠳᠡᠯᠡᠨ ᠭᠤᠷᠪᠠᠨ ᠭᠤᠯᠳᠤ︾ ᠵᠠᠮ ᠬᠠᠷᠢᠯᠴᠠᠭᠠᠨ ᠤ ᠲᠣᠣᠷ ᠲᠦᠷᠪᠡᠨ ᠵᠦᠭ | ᠨᠠᠢᠮᠠᠨ ᠵᠤᠪᠭᠢᠰ ᠲᠤ ᠨᠡᠪᠲᠡᠷᠡᠪᠡ᠃ | ᠨᠢᠭᠡ᠂ ᠪᠠᠶᠢᠭᠤᠯᠤᠮᠵᠢ ᠶᠢᠨ ᠲᠤᠬᠢᠷᠠᠭᠤᠯᠤᠯᠳᠠ | ᠵᠡᠭᠡᠯᠢ ᠭᠤᠳᠤᠮᠵᠢ ᠶᠢᠨ ᠳᠣᠲᠣᠭᠠᠳᠤ ᠳᠤ 5 ᠠᠯᠪᠠᠨ ᠬᠡᠷ 1 ᠲᠥᠪ ᠢ ᠲᠤᠬᠢᠷᠠᠭᠤᠯᠪᠠ᠄ 5 ᠠᠯᠪᠠᠨ ᠬᠡᠷ | ᠭᠡᠳᠡᠭ ᠨᠢ ᠨᠠᠮ ᠵᠠᠰᠠᠭ ᠤᠨ ᠶᠡᠷᠦᠩᠬᠡᠢ ᠠᠯᠪᠠᠨ ᠬᠡᠷ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ | ᠠᠯᠪᠠᠨ ᠬᠡᠷ᠂ ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠬᠡᠷ᠂ ᠬᠤᠲᠠ ᠶᠢᠨ ᠬᠠᠮᠢᠶᠠᠷᠤᠯᠲᠠ ︵ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ︶ ᠶᠢᠨ ᠠᠯᠪᠠᠨ ᠬᠡᠷ ᠪᠠ ᠠᠮᠤᠷ ᠠᠮᠤᠭᠤᠯᠠᠩ ᠤᠨ ᠪᠠᠶᠢᠭᠤᠯᠤᠯᠲᠠ ᠶᠢᠨ | ᠠᠯᠪᠠᠨ ᠬᠡᠷ᠂ 1 ᠲᠥᠪ ᠬᠡᠳᠡᠭ ᠨᠢ ᠨᠠᠮ ᠤᠨ ᠬᠡᠰᠢᠬᠦᠨ ᠪᠠ ᠣᠯᠠᠨ ᠲᠦᠮᠡᠨ ᠤ ᠦᠶᠯᠡᠴᠢᠯᠡᠭᠡᠨ ᠤ ᠲᠥᠪ ︵ | ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠲᠥᠪ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ | ᠦᠶᠯᠡᠴᠢᠯᠡᠭᠡᠨ ᠤ ᠥᠷᠲᠡᠭᠡ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠭᠠᠵᠠᠷ ᠤᠨ ᠫᠠᠶᠢᠰᠠ ᠶᠢ | ᠬᠠᠪᠰᠤᠷᠭᠠᠨ ᠡᠯᠭᠦᠵᠤ ᠪᠤᠢ︶ ᠶᠢ ᠬᠡᠯᠡᠵᠤ ᠪᠤᠢ᠃ | ᠬᠤᠶᠠᠷ᠂ ᠭᠤᠣᠯ ᠲᠤᠰᠢᠶᠠᠯ ᠬᠠᠷᠢᠭᠤᠴᠠᠯᠭ᠎ᠠ | ︵ᠨᠢᠭᠡ︶ ᠨᠠᠮ ᠵᠠᠰᠠᠭ ᠤᠨ ᠪᠠᠶᠢᠭᠤᠯᠤᠮᠵᠢ ᠶᠢᠨ ᠲᠤᠰᠢᠶᠠᠯ ᠬᠠᠷᠢᠭᠤᠴᠠᠯᠭ᠎ᠠ | 1. ᠨᠠᠮ ᠵᠠᠰᠠᠭ ᠤᠨ ᠶᠡᠷᠦᠩᠬᠡᠢ ᠠᠯᠪᠠᠨ ᠭᠡᠷ᠄ ᠨᠠᠮ ᠤᠨ ᠠᠵᠢᠯ ᠤᠨ ᠬᠤᠷᠢᠶ᠎ᠠ᠂ ᠬᠡᠷᠡᠭ ᠡᠷᠬᠢᠯᠡᠬᠦ ᠭᠠᠵᠠᠷ ᠤᠨ | ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ︔ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠭᠡᠷ ᠤᠨ ᠠᠵᠢᠯ ᠢ ᠡᠭᠦᠷᠭᠡᠯᠡᠨ᠎ᠡ︔ ᠨᠠᠮ ᠤᠨ ᠠᠵᠢᠯ ᠤᠨ | ᠬᠤᠷᠢᠶ᠎ᠠ᠂ ᠬᠡᠷᠡᠭ ᠡᠷᠬᠢᠯᠡᠬᠦ ᠭᠠᠵᠠᠷ ᠤᠨ ᠰᠢᠶᠳᠪᠦᠷᠢᠲᠦ ᠪᠣᠳᠣᠯᠭ᠎ᠠ ᠲᠣᠭᠲᠠᠭᠠᠬᠤ ᠶᠢ ᠱᠠᠯᠠᠪᠳᠠᠭᠤᠯᠤᠨ ᠪᠠᠶᠢᠴᠠᠭᠠᠬᠤ | ᠠᠵᠢᠯ ᠢ ᠬᠠᠷᠢᠭᠤᠴᠠᠨ᠎ᠠ︔ ᠠᠵᠢᠯᠳᠠᠨ ᠤ ᠶᠠᠪᠤᠳᠠᠯ ᠪᠠ ᠡᠳ᠋ ᠤᠨ ᠶᠠᠪᠤᠳᠠᠯ ᠵᠡᠷᠭᠡ ᠠᠵᠢᠯ ᠢ ᠬᠠᠷᠢᠭᠤᠴᠠᠨ᠎ᠠ᠃ | 2. ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠭᠡᠷ᠄ ᠦᠨᠳᠦᠰᠦᠨ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠴᠤᠬᠴᠠᠯᠠᠯᠲᠠ ᠪᠣᠯᠤᠨ ᠣᠯᠠᠨ ᠲᠦᠮᠡᠨ ᠤ ᠪᠦᠯᠬᠦᠮ ᠤᠨ ᠠᠵᠢᠯ ᠢ ᠬᠠᠷᠢᠭᠤᠴᠠᠨ᠎ᠠ︔ | ᠰᠤᠷᠳᠠᠯ ᠤᠬᠠᠭᠤᠯᠭ᠎ᠠ᠂ ᠦᠵᠡᠯ ᠤᠬᠠᠮᠰᠠᠷ ᠤᠨ ᠬᠡᠯᠪᠡᠷᠢ᠂ ᠰᠣᠶᠣᠯ ᠪᠡᠶ᠎ᠡ ᠶᠢᠨ ᠲᠠᠮᠢᠷ ᠤᠨ ᠠᠵᠢᠯ ᠢ | ᠬᠠᠷᠢᠭᠤᠴᠠᠨ᠎ᠠ︔ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ | ᠨᠢᠭᠡᠳᠦᠮᠡᠯ ᠹᠷᠣᠨᠲ᠂ ᠦᠨᠳᠦᠰᠦᠲᠡᠨ ᠪᠠ ᠱᠠᠰᠢᠨ ᠰᠤᠷᠲᠠᠬᠤᠨ ᠵᠡᠷᠭᠡ ᠠᠵᠢᠯ ᠢ ᠬᠠᠷᠢᠭᠤᠴᠠᠨ᠎ᠠ᠃ | 3. ᠬᠤᠲᠠ ᠶᠢᠨ ᠬᠠᠮᠢᠶᠠᠷᠤᠯᠲᠠ ᠶᠢᠨ ᠠᠯᠪᠠᠨ ᠭᠡᠷ᠄ ᠬᠠᠷᠢᠶ᠎ᠠ ᠣᠷᠣᠨ ᠤ ᠬᠤᠲᠠ ᠶᠢᠨ ᠲᠦᠷᠢ ᠲᠦᠷᠬᠦ᠂ | ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠬᠤᠷᠢᠶᠠᠯᠠᠯ ᠤᠨ ᠠᠳᠠᠯ ᠠᠬᠤᠶ ᠶᠢᠨ ᠬᠠᠮᠢᠶᠠᠷᠤᠯᠳᠠ᠂ ᠣᠯᠠᠨ | ᠨᠡᠶᠢᠲᠡ ᠶᠢᠨ ᠲᠤᠨᠤᠭ ᠲᠦᠬᠦᠬᠡᠷᠦᠮᠵᠢ ᠶᠢᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ︔ ᠵᠡᠭᠡᠯᠢ | ᠭᠤᠳᠤᠮᠵᠢ ᠶᠢᠨ ᠵᠣᠬᠢᠶᠠᠨ ᠪᠠᠶᠢᠭᠤᠯᠤᠨ ᠶᠠᠪᠤᠭᠳᠠᠭᠤᠯᠬᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠰᠦᠪ ᠢ | ᠬᠢᠨᠠᠨ ᠬᠠᠷᠭᠤᠭᠤᠯᠬᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠡᠷᠭᠡ ᠠᠵᠢᠯ ᠢ ᠬᠠᠷᠢᠭᠤᠴᠠᠨ᠎ᠠ︔ | ᠬᠠᠷᠢᠶ᠎ᠠ ᠣᠷᠣᠨ ᠤ ᠪᠠᠨ ᠳᠣᠲᠣᠷᠠᠬᠢ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ | ᠬᠠᠷᠢᠭᠤᠴᠠᠨ᠎ᠠ︔ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠠᠮᠢᠲᠠᠨ ᠤ ᠬᠢᠵᠢᠭ ᠢ ᠰᠡᠷᠭᠡᠶᠢᠯᠡᠬᠦ ᠬᠢᠭᠡᠳ | ᠪᠣᠯᠪᠠᠰᠤᠨ ᠬᠤᠲᠠ ᠪᠠ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠵᠡᠷᠭᠡ ᠬᠠᠮᠢᠶ᠎ᠠ ᠪᠦᠬᠦᠢ ᠠᠵᠢᠯ ᠢ | ᠬᠠᠷᠢᠭᠤᠴᠠᠨ ᠵᠣᠬᠢᠴᠠᠭᠤᠯᠤᠨ᠎ᠠ︔ ᠬᠠᠷᠢᠶ᠎ᠠ ᠣᠷᠣᠨ ᠤ ᠳᠣᠲᠣᠷᠠᠬᠢ ᠬᠤᠲᠠ ᠪᠠᠯᠭᠠᠰᠤᠨ ᠤ ᠪᠦᠲᠦᠭᠡᠨ | ᠪᠠᠶᠢᠭᠤᠯᠤᠯᠲᠠ ᠶᠢᠨ ᠲᠥᠯᠥᠪᠵᠢᠭᠦᠯᠭᠡ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠤᠨᠤᠭ ᠲᠦᠬᠦᠬᠡᠷᠦᠮᠵᠢ ᠶᠢᠨ | ᠲᠥᠯᠥᠪᠵᠢᠭᠦᠯᠭᠡ ᠪᠣᠯᠤᠨ ᠬᠠᠷᠢᠶ᠎ᠠ ᠣᠷᠣᠨ ᠤ ᠳᠣᠲᠣᠷᠠᠬᠢ ᠪᠠᠷᠢᠯᠭ᠎ᠠ ᠶᠢᠨ ᠲᠥᠷᠥᠯ ᠵᠦᠢᠯ ᠤᠨ ᠪᠠᠷᠢᠯᠭ᠎ᠠ | ᠳᠠᠭᠤᠰᠤᠭᠰᠠᠨ ᠢ ᠰᠢᠯᠭᠠᠨ ᠠᠪᠬᠤ᠂ ᠬᠤᠷᠢᠶᠠᠯᠠᠯ ᠤᠨ ᠲᠥᠯᠥᠪᠵᠢᠭᠦᠯᠭᠡ ᠶᠢ ᠰᠢᠯᠭᠠᠨ ᠠᠪᠬᠤ ᠵᠡᠷᠭᠡ ᠠᠵᠢᠯ ᠢ | ᠬᠠᠮᠵᠢᠯᠴᠠᠨ ᠰᠠᠶᠢᠲᠤᠷ ᠬᠢᠨ᠎ᠡ︔ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠳᠠ᠂ ᠣᠷᠴᠢᠨ ᠲᠣᠭᠤᠷᠢᠨ ᠤ | ᠬᠠᠮᠠᠭᠠᠯᠠᠯᠲᠠ᠂ ᠬᠠᠭᠤᠴᠢᠨ ᠬᠤᠷᠢᠶᠠᠯᠠᠯ ᠤᠨ ᠴᠡᠭᠴᠡᠯᠡᠨ ᠵᠠᠰᠠᠬᠤ᠂ ᠪᠠᠲᠤᠯᠠᠭ᠎ᠠ ᠶᠢᠨ ᠴᠢᠨᠠᠷᠲᠠᠶ ᠣᠷᠣᠨ | ᠰᠠᠭᠤᠴᠠ ᠶᠢᠨ ᠬᠠᠮᠢᠶᠠᠷᠤᠯᠲᠠ ᠵᠡᠷᠭᠡ ᠠᠵᠢᠯ ᠢ ᠬᠠᠮᠵᠢᠯᠴᠠᠨ ᠥᠷᠨᠢᠭᠦᠯᠦᠨ᠎ᠡ᠃ | 4. ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠭᠡᠷ᠄ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ᠂ ᠰᠤᠷᠭᠠᠨ | ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠵᠡᠮᠳᠡᠭᠴᠦᠳ ᠤᠨ ᠬᠤᠯᠪᠣᠭ᠎ᠠ᠂ ᠲᠤᠭ᠎ᠠ ᠪᠦᠷᠢᠳᠬᠡᠯ᠂ | ᠬᠥᠳᠡᠯᠮᠦᠷᠢ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠲᠥᠯᠥᠪᠯᠡᠭᠡᠲᠦ ᠦᠷᠡᠵᠢᠯ᠂ ᠨᠡᠶᠢᠭᠡᠮ ᠤᠨ ᠪᠦᠯᠬᠦᠮ | ᠵᠡᠷᠭᠡ ᠨᠡᠶᠢᠭᠡᠮ ᠤᠨ ᠬᠡᠷᠡᠭ ᠶᠠᠪᠤᠳᠠᠯ ᠤᠨ ᠴᠢᠨᠠᠷᠲᠠᠶ ᠠᠵᠢᠯ ᠢ ᠬᠠᠷᠢᠭᠤᠴᠠᠨ᠎ᠠ᠃ | 5. ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠠᠯᠪᠠᠨ ᠭᠡᠷ᠄ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠠᠵᠢᠯ᠂ ᠵᠠᠬᠢᠳᠠᠯ ᠰᠤᠷᠪᠤᠯᠵᠢᠯᠠᠯ ᠲᠣᠭᠲᠠᠭᠤᠨ ᠢ ᠬᠠᠮᠠᠭᠠᠯᠠᠬᠤ ᠪᠠ ᠨᠡᠶᠢᠭᠡᠮ ᠤᠨ ᠠᠮᠤᠷ | ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠬᠠᠷᠢᠭᠤᠴᠠᠨ᠎ᠠ︔ ᠵᠡᠭᠡᠯᠢ ᠭᠤᠳᠤᠮᠵᠢ ᠶᠢᠨ ᠬᠠᠤᠯᠢ ᠪᠠᠷ ᠵᠠᠰᠠᠬᠤ | ᠪᠠᠶᠢᠭᠤᠯᠤᠯᠲᠠ ᠶᠢᠨ ᠠᠵᠢᠯ ᠢ ᠬᠠᠷᠢᠭᠤᠴᠠᠨ ᠠᠬᠢᠭᠤᠯᠤᠨ᠎ᠠ︔ ᠲᠤᠤᠷᠵᠢᠭᠤᠯᠤᠯᠳᠠ ᠶᠢᠨ ᠬᠠᠮᠢᠶᠠᠷᠤᠯᠳᠠ ᠶᠢᠨ | ᠠᠵᠢᠯ ᠢ ᠬᠠᠷᠢᠭᠤᠴᠠᠨ᠎ᠠ᠃ | ︵ᠬᠤᠶᠠᠷ︶ ᠠᠵᠢᠯ ᠦᠢᠯᠡᠰ ᠤᠨ ᠨᠢᠬᠡᠴᠢ ᠶᠢᠨ ᠲᠤᠰᠢᠶᠠᠯ ᠬᠠᠷᠢᠭᠤᠴᠠᠯᠭ᠎ᠠ | ᠨᠠᠮ ᠤᠨ ᠬᠡᠰᠢᠬᠦᠨ ᠪᠠ ᠣᠯᠠᠨ ᠲᠦᠮᠡᠨ ᠤ ᠦᠶᠯᠡᠴᠢᠯᠡᠭᠡᠨ ᠤ ᠲᠥᠪ ︵ᠠᠷᠠᠳ ᠲᠤ ᠲᠥᠬᠦᠮ ᠦᠵᠡᠭᠦᠯᠬᠦ | ᠦᠶᠯᠡᠴᠢᠯᠡᠭᠡᠨ ᠤ ᠲᠥᠪ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠶᠯᠡᠴᠢᠯᠡᠭᠡᠨ ᠤ ᠥᠷᠲᠡᠭᠡ᠂ ᠰᠢᠨ᠎ᠡ | ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠭᠠᠵᠠᠷ ᠤᠨ ᠫᠠᠶᠢᠰᠠ ᠶᠢ ᠡᠯᠬᠦᠵᠤ ᠪᠤᠢ︶᠄ ᠨᠠᠮ ᠤᠨ | ᠭᠡᠰᠢᠭᠦᠨ ᠪᠠ ᠣᠯᠠᠨ ᠲᠦᠮᠡᠨ ᠳᠤ ᠦᠶᠯᠡᠴᠢᠯᠡᠬᠦ ᠲᠥᠷᠥᠯ ᠵᠦᠶᠯ ᠤᠨ ᠪᠦᠬᠦᠯᠢ ᠴᠣᠭᠴᠠ ᠶᠢᠨ | ᠪᠠᠶᠢᠷᠢᠯᠠᠭᠤᠯᠤᠯᠲᠠ ᠪᠠ ᠲᠣᠬᠢᠷᠠᠭᠤᠯᠤᠯᠲᠠ ᠶᠢᠨ ᠠᠵᠢᠯ ᠢ ᠬᠠᠷᠢᠭᠤᠴᠠᠵᠤ᠂ ᠨᠠᠮ ᠤᠨ ᠭᠡᠰᠢᠭᠦᠨ ᠪᠠ ᠣᠯᠠᠨ | ᠲᠦᠮᠡᠨ ᠳᠤ ᠶᠡᠷᠦᠩᠬᠡᠶᠢᠯᠡᠭᠰᠡᠨ ᠴᠢᠨᠠᠷᠲᠠᠶ ᠦᠶᠯᠡᠴᠢᠯᠡᠭᠡᠨ ᠤ ᠲᠤᠯᠭᠠᠭᠤᠷᠢᠯᠠᠬᠤ ᠲᠠᠪᠴᠠᠩ ᠬᠠᠩᠭᠠᠨ᠎ᠠ︔ ᠬᠠᠷᠢᠶ᠎ᠠ | ᠣᠷᠣᠨ ᠤ ᠪᠠᠨ ᠨᠠᠮ ᠤᠨ ᠭᠡᠰᠢᠭᠦᠨ ᠲᠠᠢ ᠬᠠᠷᠢᠯᠴᠠᠬᠤ ᠪᠠ ᠦᠶᠯᠡᠴᠢᠯᠡᠬᠦ ᠶᠢ ᠬᠠᠷᠢᠭᠤᠴᠠᠨ᠎ᠠ︔ ᠨᠠᠮ ᠤᠨ | ᠬᠡᠰᠢᠬᠦᠨ ᠪᠠ ᠣᠯᠠᠨ ᠲᠦᠮᠡᠨ ᠤ ᠦᠢᠯᠡᠴᠢᠯᠡᠭᠡᠨ ᠤ ᠡᠯ᠎ᠡ ᠲᠥᠷᠥᠯ ᠤᠨ ᠠᠵᠢᠯᠯᠠᠭᠠᠨ ᠤ ᠲᠠᠯᠠᠪᠤᠷ ᠭᠠᠵᠠᠷ ᠤᠨ | ᠴᠢᠳᠠᠮᠵᠢ ᠶᠢᠨ ᠲᠥᠯᠥᠪᠵᠢᠭᠦᠯᠪᠡ᠂ ᠬᠠᠮᠢᠶᠠᠷᠤᠯᠲᠠ ᠪᠠ ᠬᠠᠮᠠᠭᠠᠯᠠᠯᠲᠠ ᠶᠢ ᠬᠠᠷᠢᠭᠤᠴᠠᠨ᠎ᠠ︔ ᠶᠡᠷᠦᠩᠬᠡᠶᠢᠯᠡᠭᠰᠡᠨ | ᠬᠢᠨᠠᠨ ᠵᠥᠪᠰᠢᠶᠡᠷᠡᠬᠦ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ︔ ᠴᠡᠷᠢᠭ ᠤᠨ | ᠠᠯᠪᠠ ᠠᠴᠠ ᠬᠠᠯᠠᠬᠳᠠᠬᠰᠠᠳ ᠤᠨ ᠠᠵᠢᠯ ᠣᠯᠵᠤ ᠦᠢᠯᠡᠰ ᠪᠤᠰᠬᠠᠬᠤ ᠶᠢ ᠲᠡᠳᠬᠦᠨ ᠳᠡᠮᠵᠢᠬᠦ᠂ ᠬᠠᠷᠠᠭᠠᠯᠵᠠᠨ | ᠲᠡᠳᠬᠦᠬᠦ᠂ ᠰᠤᠷᠪᠤᠯᠵᠢᠯᠠᠨ ᠲᠣᠬᠤᠨᠢᠭᠤᠯᠬᠤ᠂ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠬᠤ᠂ ᠡᠷᠬᠡ ᠠᠰᠢᠭ ᠢ ᠨᠢ | ᠪᠠᠲᠤᠯᠠᠬᠤ ᠵᠡᠷᠭᠡ ᠠᠵᠢᠯ ᠶᠠᠪᠤᠳᠠᠯ ᠤᠨ ᠴᠢᠨᠠᠷᠲᠠᠢ ᠠᠵᠢᠯ ᠢ ᠡᠭᠦᠷᠭᠡᠯᠡᠨ᠎ᠡ︔ ᠴᠡᠷᠢᠭ ᠢᠶᠠᠨ ᠬᠦᠷᠢᠶᠡᠯᠡᠨ ᠴᠡᠷᠢᠭ ᠤᠨ | ᠭᠡᠷ ᠪᠦᠯᠢ ᠶᠢ ᠬᠠᠷᠠᠭᠠᠯᠵᠠᠬᠤ ᠵᠡᠷᠭᠡ ᠠᠵᠢᠯ ᠢ ᠬᠠᠷᠢᠭᠤᠴᠠᠨ᠎ᠠ︔ ᠰᠢᠶᠠᠩ ᠪᠠᠯᠭᠠᠰᠤᠨ ᠤ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠨᠢᠭᠡᠳᠦᠯᠲᠡᠢ ᠲᠥᠯᠥᠪᠵᠢᠭᠦᠯᠦᠨ | ᠵᠣᠬᠢᠴᠠᠭᠤᠯᠬᠤ ᠪᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ᠠᠯᠪᠠᠯᠠᠬᠤ ᠭᠠᠵᠠᠷ᠄ ᠠᠷᠠᠳ ᠬᠤᠶᠢᠲᠤ ᠵᠡᠭᠡᠯᠢ ᠬᠢᠭᠡᠳ ᠵᠡᠪᠰᠡᠭ ᠦᠢᠯᠡᠳᠪᠦᠷᠢ ᠶᠢᠨ ᠵᠠᠮ ᠤᠨ ᠪᠠᠷᠠᠭᠤᠨ | ᠬᠡᠰᠡᠭ ᠤᠨ ᠠᠭᠤᠯᠵᠠᠷ ᠵᠠᠮ ᠠᠴᠠ ᠵᠡᠭᠦᠨᠰᠢ ᠪᠠᠷᠤᠭ 80 ᠮᠧᠲᠷ ᠤᠨ ᠵᠠᠶᠢᠳᠠᠢ ᠬᠡᠰᠡᠭ ᠲᠤ ᠪᠤᠢ᠃ | ᠠᠯᠪᠠᠯᠠᠬᠤ ᠤᠲᠠᠰᠤ᠄ 0472— 5580808 | ᠠᠯᠪᠠᠯᠠᠬᠤ ᠴᠠᠭ᠄ ᠦᠳᠡ ᠶᠢᠨ ᠡᠮᠦᠨ᠎ᠡ 8᠄ 30 — 12᠄ 00 | ᠦᠳᠡ ᠶᠢᠨ ᠬᠤᠶᠢᠨ᠎ᠠ᠄ 2᠄ 30 — 5᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ | ᠠᠮᠠᠷᠠᠯᠲᠠ ᠶᠢᠨ ᠡᠳᠦᠷ ᠠᠴᠠ ᠭᠠᠳᠠᠨ᠎ᠠ︶ | ᠬᠠᠷᠢᠭᠤᠴᠠᠯᠭᠠᠲᠠᠨ᠄ ᠴᠧᠨ ᠮᠧᠩ ︵ᠨᠠᠮ ᠵᠠᠰᠠᠭ ᠤᠨ ᠶᠡᠷᠦᠩᠬᠡᠢ ᠠᠯᠪᠠᠨ ᠬᠡᠷ︶ |