ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/20
    2 ᠰᠠᠷ᠎ᠠ ᠶᠢᠨ 18 ᠤ ᠦᠳᠡ ᠶᠢᠨ ᠬᠤᠶᠢᠨ᠎ᠠ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠬᠤ᠋ ᠴᠢᠶᠠᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠬᠤᠳᠠ ᠶᠢᠨ ᠨᠠᠮ ᠤᠨ ᠬᠤᠷᠢᠶᠠᠨ ᠤ ᠨᠢᠭᠡᠳᠦᠭᠡᠷ ᠬᠢᠨᠠᠨ ᠵᠢᠯᠣᠭᠤᠳᠬᠤ ᠳᠤᠭᠤᠶᠢᠯᠠᠩ ᠤᠨ ᠬᠤᠯᠪᠣᠭᠳᠠᠯ ᠪᠦᠬᠦᠢ ᠨᠥᠬᠦᠳ ᠬᠤᠷᠠᠯ ᠳᠤ ᠣᠷᠣᠯᠴᠠᠨ ᠵᠢᠭᠠᠨ ᠵᠢᠯᠣᠭᠤᠳᠴᠤ᠂ ᠬᠢᠨᠠᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠸᠧᠢ ᠯᠢ ᠵᠢᠶᠠᠨ ᠦᠨᠡᠯᠡᠯᠲᠡ ᠬᠢᠬᠦ ᠶᠠᠷᠢᠶ᠎ᠠ ᠲᠠᠯᠪᠢᠪᠠ᠃
    ᠬᠤᠷᠠᠯ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ᠂ ︽ᠱᠤᠭᠤᠬᠤ ᠲᠡᠭᠡᠭᠰᠢᠯᠡᠬᠦᠯᠬᠦ ᠲᠡᠮᠡᠴᠡᠬᠦ︾ ᠲᠤᠰᠬᠠᠶ ᠰᠡᠳᠦᠪᠲᠦ ᠠᠵᠢᠯᠯᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠪᠠ ᠲᠣᠰ ᠤᠳᠠᠭ᠎ᠠ ᠶᠢᠨ ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠵᠠᠷᠯᠠᠨ ᠮᠡᠳᠡᠭᠳᠡᠪᠡ᠃ ᠬᠤ᠋ ᠴᠢᠶᠠᠩ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠢ ᠲᠥᠯᠥᠭᠡᠯᠡᠨ ᠬᠠᠷᠭᠤᠭᠤᠯᠤᠨ ᠪᠠᠶᠢᠴᠠᠭᠠᠯᠲᠠ ᠬᠢᠭᠰᠡᠨ ᠪᠥᠭᠡᠳ ᠲᠦᠷᠦᠭᠦᠯᠡᠨ ᠬᠤᠪᠢ ᠬᠥᠮᠦᠨ ᠤ ᠬᠠᠷᠭᠤᠭᠤᠯᠤᠨ ᠪᠠᠶᠢᠴᠠᠭᠠᠯᠲᠠ ᠬᠢᠪᠡ᠃ ᠲᠠᠷᠠᠭ᠎ᠠ ᠪᠠᠷ ᠨᠢ ᠪᠠᠶᠢᠩᠭᠤ ᠶᠢᠨ ᠬᠤᠷᠢᠶᠠᠨ ᠤ ᠪᠤᠰᠤᠳ ᠨᠥᠬᠦᠳ ᠨᠢᠭᠡᠳ ᠨᠢᠭᠡ ᠪᠠᠷ ᠬᠠᠷᠭᠤᠭᠤᠯᠤᠨ ᠪᠠᠶᠢᠴᠠᠭᠠᠭᠰᠠᠨ ᠪᠥᠭᠡᠳ ᠬᠠᠷᠢᠯᠴᠠᠨ ᠰᠢᠭᠦᠮᠵᠢᠯᠡᠪᠡ᠃      ᠬᠤ᠋ ᠴᠢᠶᠠᠩ ᠳ᠋ᠦᠩᠨᠡᠯᠲᠡ ᠶᠢᠨ ᠶᠠᠷᠢᠶᠠᠨ ᠳᠠᠭᠠᠨ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠲᠤᠰ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠨᠠᠮᠴᠢ ᠴᠢᠨᠠᠷ ᠤᠨ ᠪᠣᠯᠪᠠᠰᠤᠷᠠᠯ ᠢᠶᠠᠨ ᠴᠢᠩᠭᠠᠳᠬᠠᠬᠤ᠂ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠬᠦ ᠰᠢᠨ᠎ᠡ ᠭᠠᠷᠤᠭ᠎ᠠ ᠪᠣᠯᠭᠠᠵᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ︽ᠰᠡᠭᠦᠯᠴᠢ ᠶᠢᠨ ᠠᠵᠢᠯ︾ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠥᠨᠳᠡᠯᠡᠨ ᠲᠣᠭᠤᠷᠢᠭ ᠤᠨ ᠡᠯ᠎ᠡ ᠵᠦᠢᠯ ᠤᠨ ᠠᠵᠢᠯ ᠤᠨ ᠡᠮᠦᠨ᠎ᠡ ᠨᠢ ᠶᠠᠪᠤᠵᠤ᠂ ᠦᠯᠢᠭᠡᠷ ᠳᠠᠭᠤᠷᠢᠶᠠᠯ ᠪᠣᠯᠬᠤ ᠶᠢ ᠠᠬᠢᠭᠤᠯᠬᠤ ᠬᠡᠷᠡᠭᠲᠡᠢ ᠬᠡᠵᠡᠢ᠃ ︵ᠰᠤᠷᠪᠤᠯᠵᠢᠯᠠᠭᠴᠢ᠄ ᠹᠧᠩ    ᠰᠢᠤᠸᠠᠢ᠂ ᠹᠠᠨ ᠷᠦᠢ ᠴᠢᠩ   ᠬᠢᠨᠠᠨ ᠬᠠᠷᠭᠤᠭᠤᠯᠤᠬᠰᠠᠨ ᠨᠢ᠄ ᠲᠤᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号