ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠮᠤ ᠬᠡᠷᠡᠭ ᠶᠠᠪᠤᠳᠠᠯ ᠤᠨ ᠲᠡᠮᠳᠡᠭᠯᠡᠯ | ︵2024 ᠣᠨ ᠤ 11 — 12 ᠰᠠᠷ᠎ᠠ︶ | | 11 ᠰᠠᠷ᠎ᠠ ᠶᠢᠨ 13 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠲᠣᠭᠤᠷᠢᠭ ᠤᠨ ᠳᠠᠷᠤᠭ᠎ᠠ ᠢᠦᠶ ᠵᠠᠨ ᠵᠢᠶᠠᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ | 2024 ᠣᠨ ᠤ 14 ᠳ᠋ᠤᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ | ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠸᠠᠩ ᠸᠧᠶ᠂ ᠡᠤ | ᠱᠧᠨ ᠮᠦᠸᠧ ᠂ ᠳ᠋ᠦ᠋ ᠺᠧ᠂ ᠸᠠᠩ ᠰᠢᠤ ᠵᠢᠤᠸᠠᠨ᠂ ᠯᠢ ᠬᠤᠩ ᠢᠦᠶ᠂ ᠵᠧᠤ ᠬᠠᠶ ᠹᠸᠢ᠂ ᠯᠢ ᠸᠧᠶ ᠬᠤᠷᠠᠯ ᠳᠤ | ᠣᠷᠣᠯᠴᠠᠪᠠ᠃ ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠬᠤᠪᠸᠢ ᠳᠤ ᠰᠢᠨᠵᠢᠯᠡᠨ ᠪᠠᠶᠢᠴᠠᠭᠠᠬᠤ | ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠶ ᠱᠦᠵᠢ ᠰᠢ ᠶᠢᠨ | ᠫᠢᠩ ᠤᠨ ᠮᠤᠵᠢ ᠶᠠᠮᠤᠨ ᠤ ᠲᠠᠰ ᠤᠨ ᠭᠤᠤᠯ ᠤᠳᠤᠷᠢᠳᠬᠤ ᠺᠠᠳ᠋ᠷᠴᠤᠳ ᠤᠨ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ | ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠬᠤᠲᠠ ᠶᠢᠨ ︽ᠯᠠᠪᠳᠠᠢ | ᠰᠢᠢᠳᠪᠦᠷᠢᠯᠡᠬᠦ ᠠᠷᠭ᠎ᠠ ᠪᠠᠶᠢᠬᠤ ᠰᠡᠳᠬᠢᠬᠦᠶ ᠶᠢ ᠪᠣᠶ ᠪᠣᠯᠭᠠᠵᠤ᠂ ᠠᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠵᠦ᠂ | ᠲᠡᠷᠢᠭᠦᠨ ᠵᠡᠷᠬᠡ ᠶᠢᠨ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ︾ ᠲᠤᠰᠬᠠᠶ ᠰᠡᠳᠦᠪᠲᠦ ᠠᠵᠢᠯᠯᠠᠭ᠎ᠠ ᠶᠢᠨ | ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠪᠢᠴᠢᠭ ᠢᠶᠠᠷ ᠤᠯᠠᠮᠵᠢᠯᠠᠨ ᠰᠤᠷᠤᠯᠴᠠᠪᠠ︔ | ︽2024 ᠣᠨ ᠤ ᠬᠤᠶᠠᠳᠤᠭᠠᠷ ᠡᠬᠡᠯᠵᠢ ᠶᠢᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠡᠭᠦᠷᠭᠡ ᠶᠢᠨ ᠨᠠᠷᠢᠨ ᠲᠠᠩᠰᠠ ︵ᠬᠦᠷᠬᠡᠨ ᠬᠢᠨᠠᠭᠤᠯᠬᠤ ᠨᠤᠤᠷᠠᠭ︶︾᠂ ︽2024 ᠣᠨ ᠤ | ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠲᠤᠰᠬᠠᠶ ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠡᠭᠦᠷᠭᠡ ᠶᠢᠨ ᠨᠠᠷᠢᠨ ᠲᠠᠩᠰᠠ ︵ᠬᠦᠷᠬᠡᠨ ᠬᠢᠨᠠᠭᠤᠯᠬᠤ ᠨᠤᠤᠷᠠᠭ︶︾᠂ ︽ᠬᠥᠨᠳᠡᠯᠡᠨ | ᠲᠣᠭᠤᠷᠢᠭ ᠤᠨ ︿ᠨᠠᠷᠢᠯᠢᠭ ᠤᠨᠤᠪᠴᠢᠳᠠᠢ ᠬᠥᠷᠥᠭ ᠵᠢᠷᠤᠬᠤ﹀ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ | ᠲᠥᠰᠦᠯ ︵ᠬᠦᠷᠬᠡᠨ ᠬᠢᠨᠠᠭᠤᠯᠬᠤ ᠨᠤᠤᠷᠠᠭ︶︾᠂ ︽ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠤᠨ ᠬᠤᠶᠢᠲᠤ | ᠬᠡᠰᠡᠭ ᠤᠨ ᠠᠮᠢ ᠠᠬᠤᠶ ᠶᠢᠨ ᠬᠠᠮᠠᠭᠠᠯᠠᠯᠲᠠ ᠶᠢᠨ ᠲᠣᠭᠤᠷᠢᠭ ᠤᠨ ᠦᠢᠯᠡᠳᠪᠦᠷᠢᠯᠡᠯ ᠠᠮᠢᠳᠤᠷᠠᠯ ᠤᠨ ᠪᠤᠬᠢᠷᠳᠤᠯ | ᠤᠰᠤ ᠶᠢ ᠪᠤᠴᠠᠭᠠᠨ ᠬᠡᠷᠡᠭᠯᠡᠬᠦ ᠢᠨᠵᠧᠨᠧᠷᠢᠩ ᠤᠨ ᠵᠢᠷᠤᠭ ᠲᠥᠯᠥᠪᠯᠡᠭᠡ ᠶᠢᠨ ᠲᠥᠰᠦᠯ ︵ᠬᠦᠷᠬᠡᠨ ᠬᠢᠨᠠᠭᠤᠯᠬᠤ | ᠨᠤᠤᠷᠠᠭ︶︾᠂ ︽ᠬᠥᠨᠳᠡᠯᠡᠨ ᠲᠣᠭᠤᠷᠢᠭ ᠤᠨ ᠣᠷᠣᠨ ᠨᠤᠲᠤᠭ ᠤᠨ ᠵᠠᠰᠠᠭ ᠤᠨ ᠣᠷᠳᠣᠨ ᠤ ᠪᠠᠯᠠ | ᠬᠤᠷᠠᠮᠳᠤᠭᠤᠯᠬᠤ ᠲᠠᠪᠴᠠᠩ ᠤᠨ ᠬᠠᠮᠢᠶᠠᠷᠤᠯᠲᠠ ᠶᠢᠨ ᠲᠠᠷᠤᠭᠠᠰᠤ ᠪᠠᠭᠤᠷᠠᠭᠤᠯᠬᠤ ᠲᠤᠬᠠᠶ ᠠᠵᠢᠯ ᠤᠨ ᠬᠡᠷᠡᠭᠵᠢᠭᠦᠯᠬᠦ | ᠲᠦᠰᠦᠯ ︵ᠬᠦᠷᠬᠡᠨ ᠬᠢᠨᠠᠭᠤᠯᠬᠤ ᠨᠤᠤᠷᠠᠭ︶︾ ᠢ ᠰᠤᠳᠤᠯᠤᠨ ᠬᠢᠨᠠᠨ ᠵᠦᠪᠯᠡᠪᠡ︔ ᠬᠥᠨᠳᠡᠯᠡᠨ ᠲᠣᠭᠤᠷᠢᠭ ᠤᠨ | ᠵᠠᠰᠠᠭ ᠵᠠᠬᠢᠷᠭᠠᠨ ᠤ ᠵᠠᠷᠭᠤ ᠢᠯᠠᠭᠳᠠᠭᠰᠠᠨ ᠬᠡᠷᠡᠭ ᠪᠠ ᠵᠠᠰᠠᠭ ᠵᠠᠬᠢᠷᠭᠠᠨ ᠤ ᠳᠠᠬᠢᠨ ᠵᠥᠪᠯᠡᠵᠦ ᠪᠤᠷᠤᠭᠤ ᠶᠢ | ᠵᠠᠯᠠᠷᠠᠭᠤᠯᠤᠭᠰᠠᠨ ᠬᠡᠷᠡᠭ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ᠂ ᠬᠥᠨᠳᠡᠯᠡᠨ ᠲᠣᠭᠤᠷᠢᠭ ᠤᠨ ᠵᠠᠬᠢᠳᠠᠯ | ᠰᠤᠷᠪᠤᠯᠵᠢᠯᠠᠯ ᠤᠨ ᠠᠵᠢᠯ ᠤᠨ ᠪᠠᠶᠢᠳᠠᠯ ᠵᠢᠴᠢ ᠤᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠵᠠᠬᠢᠳᠠᠯ | ᠰᠤᠷᠪᠤᠯᠵᠢᠯᠠᠯ ᠢ ᠨᠢᠬᠡᠳᠦᠯᠳᠡᠢ ᠲᠦᠯᠦᠪᠵᠢᠬᠦᠯᠦᠨ ᠮᠦᠷᠳᠡᠨ ᠰᠢᠢᠳᠪᠦᠷᠢᠯᠡᠭᠰᠡᠨ ᠪᠠᠶᠢᠳᠠᠯ ᠤᠨ ᠲᠤᠬᠠᠢ ᠬᠠᠷᠢᠭᠤ | ᠮᠡᠳᠡᠭᠦᠯᠦᠯᠲᠡ᠂ ᠬᠥᠨᠳᠡᠯᠡᠨ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠤᠨ ᠬᠠᠷᠢᠭᠤ | ᠮᠡᠳᠡᠭᠦᠯᠦᠯᠲᠡ᠂ ᠭᠠᠵᠠᠷ ᠰᠢᠷᠣᠢ ᠶᠢᠨ ᠡᠵᠡᠩᠨᠡᠯᠳᠡ ᠶᠢᠨ ᠡᠷᠬᠡ ᠶᠢ ᠰᠢᠯᠵᠢᠭᠦᠯᠦᠨ ᠥᠭᠭᠦᠭᠰᠡᠨ ᠠᠰᠢᠭ | ᠣᠷᠣᠯᠭ᠎ᠠ ᠶᠢᠨ ᠪᠡᠯᠡ ᠮᠥᠩᠭᠦ ᠶᠢ ᠬᠡᠷᠡᠭᠯᠡᠭᠰᠡᠨ ᠲᠤᠬᠠᠢ ᠬᠠᠷᠢᠭᠤ ᠮᠡᠳᠡᠭᠦᠯᠦᠯᠲᠡ᠂ ᠲᠤᠭᠤᠷᠢᠭ ᠤᠨ ᠬᠡᠰᠡᠭ | ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ ᠳᠤ ᠲᠤᠬᠢᠷᠠᠭᠤᠯᠤᠯᠳᠠ ᠬᠢᠭᠰᠡᠨ ᠲᠤᠬᠠᠢ ᠬᠠᠷᠢᠭᠤ ᠮᠡᠳᠡᠭᠦᠯᠦᠯᠲᠡ ᠶᠢ | ᠰᠣᠨᠣᠰᠪᠠ᠃ | 11 ᠰᠠᠷ᠎ᠠ ᠶᠢᠨ 27 ᠤ ᠡᠳᠦᠷ᠂ ᠬᠥᠨᠳᠡᠯᠡᠨ ᠲᠣᠭᠤᠷᠢᠭ ᠪᠥᠬᠦ ᠲᠤᠭᠤᠷᠢᠭ ᠤᠨ ᠠᠶᠤᠯᠬᠦᠢ | ᠦᠶᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠤ ᠠᠶᠤᠯᠬᠦᠢ | ᠦᠶᠯᠡᠳᠪᠦᠷᠢᠯᠡᠯ ᠤᠨ ᠠᠳᠡᠯ ᠤᠨ ᠪᠠᠶᠢᠳᠠᠯ ᠢ ᠮᠡᠳᠡᠭᠳᠡᠵᠤ ᠨᠡᠶᠢᠳᠡᠯᠡᠨ᠂ ᠣᠶᠢᠷ᠎ᠠ ᠶᠢᠨ ᠬᠤᠭᠤᠴᠠᠭᠠᠨ ᠤ ᠠᠶᠤᠯᠬᠦᠢ | ᠦᠶᠯᠡᠳᠪᠦᠷᠢᠯᠡᠯ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ | ᠱᠦᠵᠢ᠂ ᠲᠣᠭᠤᠷᠢᠭ ᠤᠨ ᠳᠠᠷᠤᠭ᠎ᠠ᠂ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠷᠬᠢᠯᠡᠭᠴᠢ | ᠢᠦᠢ ᠵᠠᠨ ᠵᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠷᠠᠯ ᠠᠴᠠ᠂ ᠡᠯ᠎ᠡ ᠵᠡᠭᠡᠯᠢ ᠭᠤᠳᠤᠮᠵᠢ ᠡᠯ᠎ᠡ | ᠨᠢᠭᠡᠴᠢ ᠶᠢᠨ ᠬᠢᠨ ᠨᠠᠮ ᠤᠨ ᠲᠥᠪ ᠬᠤᠷᠢᠶ᠎ᠡ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ | ᠪᠤᠳᠤᠯᠭ᠎ᠠ ᠶᠢᠨ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠳᠠ ᠶᠢᠨ ᠬᠤᠯᠪᠣᠭᠳᠠᠯ | ᠪᠦᠬᠦᠢ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠶᠢᠷ᠎ᠠ ᠶᠢᠨ ᠬᠤᠭᠤᠴᠠᠭᠠᠨ ᠤ | ᠡᠬᠦᠰᠦᠭᠰᠡᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠥᠴᠦᠬᠡᠨ | ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ | ᠲᠦᠪᠰᠢᠨ ᠢ ᠪᠦᠬᠦ ᠬᠦᠴᠦ ᠪᠠᠷ ᠢᠶᠠᠨ ᠪᠠᠲᠤᠯᠠᠬᠤ ᠬᠡᠷᠡᠭᠲᠡᠢ ᠬᠡᠵᠤ ᠴᠢᠬᠤᠯᠠᠴᠢᠯᠠᠪᠠ᠃ | 11 ᠰᠠᠷ᠎ᠠ ᠶᠢᠨ 28 ᠤ ᠡᠳᠦᠷ᠂ ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ ︽ᠯᠠᠪᠳᠠᠢ ᠰᠢᠢᠳᠪᠦᠷᠢᠯᠡᠬᠦ ᠠᠷᠭ᠎ᠠ ᠪᠠᠶᠢᠬᠤ ᠰᠡᠳᠬᠢᠬᠦᠶ ᠶᠢ ᠪᠣᠶ ᠪᠣᠯᠭᠠᠵᠤ᠂ ᠠᠵᠢᠯ ᠤᠨ | ᠪᠠᠷᠢᠮᠵᠢᠶ᠎ᠠ ᠪᠠᠨ ᠳᠡᠭᠡᠭᠰᠢᠯᠡᠭᠦᠯᠵᠦ᠂ ᠲᠡᠷᠢᠭᠦᠨ ᠵᠡᠷᠬᠡ ᠶᠢᠨ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ︾ ᠲᠤᠰᠬᠠᠶ | ᠰᠡᠳᠦᠪᠲᠦ ᠠᠵᠢᠯᠯᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ᠃ ᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ | ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ | ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠢᠦᠶ ᠵᠠᠨ ᠵᠢᠶᠠᠩ ᠬᠤᠷᠠᠯ ᠢ | ᠡᠷᠭᠢᠯᠡᠪᠡ᠃ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ | ᠣᠷᠣᠯᠴᠠᠪᠠ᠃ | 12 ᠰᠠᠷ᠎ᠠ ᠶᠢᠨ 6 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠲᠣᠭᠤᠷᠢᠭ ᠤᠨ ᠳᠠᠷᠤᠭ᠎ᠠ ᠢᠦᠶ ᠵᠠᠨ ᠵᠢᠶᠠᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ | 2024 ᠣᠨ ᠤ 15 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ | ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠸᠠᠩ ᠸᠧᠶ᠂ ᠡᠤ | ᠱᠧᠨ ᠮᠦᠸᠧ᠂ ᠸᠠᠩ ᠰᠢᠤ ᠵᠢᠤᠸᠠᠨ᠂ ᠯᠢ ᠬᠤᠩ ᠢᠦᠶ᠂ ᠶᠠᠩ ᠶᠠᠩ᠂ ᠵᠧᠤ ᠬᠠᠶ ᠹᠸᠢ᠂ ᠯᠢ ᠸᠧᠶ ᠬᠤᠷᠠᠯ ᠳᠤ | ᠣᠷᠣᠯᠴᠠᠪᠠ᠃ ᠬᠤᠷᠠᠯ ᠠᠴᠠ ︽ᠥᠪᠥᠷ ᠮᠣᠩᠭᠤᠯ ᠤᠨ ᠨᠢᠭᠤᠴᠠ ᠶᠢ ᠬᠠᠮᠠᠭᠠᠯᠠᠬᠤ ᠴᠢᠬᠤᠯᠠ ᠪᠠᠶᠢᠳᠠᠯ︾ ᠤᠨ | ᠬᠠᠮᠢᠶ᠎ᠠ ᠪᠥᠬᠦᠶ ᠠᠭᠤᠯᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ | ᠤᠯᠠᠮ ᠴᠢᠨᠠᠭᠰᠢᠳᠠ ᠳᠡᠭᠡᠭᠰᠢᠯᠡᠭᠦᠯᠬᠦ ᠲᠤᠬᠠᠶ ᠰᠠᠨᠠᠯ ᠢ ᠤᠯᠠᠮᠵᠢᠯᠠᠨ ᠰᠤᠷᠤᠯᠴᠠᠪᠠ︔ ︽ᠬᠥᠨᠳᠡᠯᠡᠨ ᠲᠣᠭᠤᠷᠢᠭ ᠤᠨ | ᠬᠤᠸᠠᠷ ᠫᠤᠤᠵᠢᠩ ᠢ ᠵᠢᠵᠢᠭᠯᠡᠨ ᠪᠤᠷᠤᠯᠠᠭᠤᠯᠬᠤ ᠶᠢ ᠵᠥᠪᠰᠢᠶᠡᠷᠡᠬᠦ ᠠᠵᠢᠯ ᠤᠨ ᠬᠡᠷᠡᠭᠵᠢᠭᠦᠯᠬᠦ ᠲᠥᠰᠦᠯ ︵ᠬᠦᠷᠬᠡᠨ | ᠬᠢᠨᠠᠭᠤᠯᠬᠤ ᠨᠤᠤᠷᠠᠭ︶︾ ᠢ ᠰᠤᠳᠤᠯᠤᠨ ᠬᠢᠨᠠᠨ ᠵᠥᠪᠯᠡᠪᠠ︔ ᠬᠥᠨᠳᠡᠯᠡᠨ ᠲᠣᠭᠤᠷᠢᠭ ᠤᠨ ᠣᠯᠠᠨ ᠲᠦᠮᠡᠨ ᠤ | ᠳᠡᠷᠭᠡᠳᠡᠬᠢ ᠢᠯᠵᠠᠷᠠᠯ ᠤᠨ ᠠᠰᠠᠭᠤᠳᠠᠯ ᠵᠢᠴᠢ ᠲᠥᠪ ᠪᠤᠰᠤ ᠰᠤᠷᠲᠠᠯ ᠢ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ | ᠥᠷᠨᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ᠂ ᠬᠥᠨᠳᠡᠯᠡᠨ ᠲᠣᠭᠤᠷᠢᠭ ᠤᠨ ᠦᠵᠡᠯ ᠤᠬᠠᠮᠰᠠᠷ ᠤᠨ | ᠬᠡᠯᠪᠡᠷᠢ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠤᠨ | ᠲᠤᠬᠠᠶ ᠬᠠᠷᠢᠭᠤ ᠮᠡᠳᠡᠭᠦᠯᠦᠯᠲᠡ᠂ ᠬᠥᠨᠳᠡᠯᠡᠨ ᠲᠣᠭᠤᠷᠢᠭ ᠤᠨ ︽12345︾ ᠵᠠᠰᠠᠭ ᠤᠨ ᠶᠠᠪᠤᠳᠠᠯ ᠤᠨ | ᠦᠶᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯ ᠤᠨ ᠪᠠᠶᠢᠳᠠᠯ ᠤᠨ ᠲᠤᠬᠠᠶ | ᠬᠠᠷᠢᠭᠤ ᠮᠡᠳᠡᠭᠦᠯᠦᠯᠲᠡ᠂ ᠬᠥᠨᠳᠡᠯᠡᠨ ᠲᠣᠭᠤᠷᠢᠭ ᠤᠨ 2024 ᠣᠨ ᠤ ᠢᠳᠡᠭᠡᠨ ᠪᠠ ᠡᠮ ᠤᠨ ᠵᠦᠢᠯ ᠤᠨ ᠠᠮᠤᠷ | ᠲᠦᠪᠰᠢᠨ ᠤ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ᠂ ᠬᠥᠨᠳᠡᠯᠡᠨ ᠲᠣᠭᠤᠷᠢᠭ ᠤᠨ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠡᠭᠦᠷᠭᠡ ᠶᠢᠨ ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ | ᠮᠡᠳᠡᠭᠦᠯᠦᠯᠲᠡ᠂ ᠬᠥᠨᠳᠡᠯᠡᠨ ᠲᠣᠭᠤᠷᠢᠭ ᠤᠨ ᠴᠠᠯᠢᠩ ᠢ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠢ | ᠥᠷᠨᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ᠂ ᠪᠤᠭᠤᠲᠤ ᠶᠢᠨ ᠬᠥᠨᠳᠡᠯᠡᠨ ᠲᠣᠭᠤᠷᠢᠭ ᠤᠨ | ᠲᠤᠭᠠᠴᠢᠯᠠᠬᠰᠠᠨ ᠤᠶᠤᠨᠳᠤ ᠤᠷᠭᠤᠮᠠᠯ ᠤᠨ ᠦᠶᠯᠡᠳᠪᠦᠷᠢ ᠶᠢᠨ ᠲᠥᠷᠥᠯ ᠵᠦᠶᠯ ᠢ ᠠᠬᠢᠭᠤᠯᠤᠭᠰᠠᠨ ᠪᠠᠶᠢᠳᠠᠯ ᠤᠨ | ᠲᠤᠬᠠᠶ ᠬᠠᠷᠢᠭᠤ ᠮᠡᠳᠡᠭᠦᠯᠦᠯᠲᠡ᠂ ᠬᠥᠨᠳᠡᠯᠡᠨ ᠲᠣᠭᠤᠷᠢᠭ ᠤᠨ 2025 ᠣᠨ ᠤ ᠬᠤᠲᠠ ᠶᠢᠨ ᠪᠥᠲᠥᠭᠡᠨ | ᠪᠠᠶᠢᠭᠤᠯᠤᠯᠲᠠ ᠶᠢᠨ ᠭᠤᠤᠯᠳᠠᠯᠭ᠎ᠠ ᠲᠠᠢ ᠲᠥᠷᠥᠯ ᠵᠦᠶᠯ ᠤᠨ ᠲᠤᠬᠠᠶ ᠬᠠᠷᠢᠭᠤ ᠮᠡᠳᠡᠭᠦᠯᠦᠯᠲᠡ᠂ ᠹᠠᠨ ᠴᠢᠶᠧ | ᠬᠤᠷᠢᠶᠠᠯᠠᠯ ᠤᠨ ︽ᠣᠷᠣᠵᠤ ᠰᠠᠭᠤᠬᠤ ᠳᠤ ᠬᠦᠴᠢᠷᠲᠡᠶ ᠪᠠᠶᠢᠬᠤ︾ ᠪᠠᠶᠢᠳᠠᠯ ᠢ ᠰᠢᠶᠳᠪᠦᠷᠢᠯᠡᠬᠦ ᠲᠤᠬᠠᠶ ᠬᠠᠷᠢᠭᠤ | ᠮᠡᠳᠡᠭᠦᠯᠦᠯᠲᠡ᠂ ᠭᠠᠵᠠᠷ ᠰᠢᠷᠣᠶ ᠶᠢᠨ ᠡᠵᠡᠩᠨᠡᠯᠳᠡ ᠶᠢᠨ ᠡᠷᠬᠡ ᠶᠢ ᠰᠢᠯᠵᠢᠭᠦᠯᠦᠭᠰᠡᠨ ᠠᠰᠢᠭ ᠣᠷᠣᠯᠭ᠎ᠠ ᠶᠢᠨ ᠪᠡᠯᠡ | ᠮᠥᠩᠭᠦ ᠶᠢ ᠬᠡᠷᠡᠭᠯᠡᠭᠰᠡᠨ ᠲᠤᠬᠠᠶ ᠬᠠᠷᠢᠭᠤ ᠮᠡᠳᠡᠭᠦᠯᠦᠯᠲᠡ᠂ ᠦᠯᠦ ᠬᠥᠳᠡᠯᠬᠦ ᠬᠦ᠋ᠷᠦᠩᠭᠡ ᠶᠢᠨ ᠦᠮᠴᠢᠯᠠᠯ ᠤᠨ | ᠡᠷᠬᠡ ᠶᠢ ᠰᠢᠯᠵᠢᠭᠦᠯᠦᠨ ᠳᠠᠩᠰᠠᠯᠠᠭᠤᠯᠬᠤ ᠶᠠᠪᠤᠳᠠᠯ ᠤᠨ ᠲᠤᠬᠠᠶ ᠬᠠᠷᠢᠭᠤ ᠮᠡᠳᠡᠭᠦᠯᠦᠯᠲᠡ᠂ 2024 ᠣᠨ ᠤ | ᠬᠥᠨᠳᠡᠯᠡᠨ ᠲᠣᠭᠤᠷᠢᠭ ᠤᠨ ᠬᠠᠭᠤᠴᠢᠨ ᠬᠤᠷᠢᠶᠠᠯᠠᠯ ᠢ ᠥᠭᠡᠷᠡᠴᠢᠯᠡᠨ ᠰᠢᠨᠡᠳᠬᠡᠬᠦ ᠲᠥᠷᠥᠯ ᠵᠦᠶᠯ ᠤᠨ ᠢᠵᠢ | ᠪᠦᠷᠢᠳᠦᠬᠦᠯᠦᠭᠰᠡᠨ ᠲᠤᠭᠤᠷᠢᠭ ᠤᠨ ᠲᠣᠰ ᠱᠠᠲᠤᠨ ᠤ ᠥᠭᠡᠷᠡᠴᠢᠯᠡᠨ ᠰᠢᠨᠡᠳᠬᠡᠬᠦ ᠪᠠᠯᠠ ᠮᠥᠩᠭᠦ ᠶᠢᠨ ᠪᠠᠶᠢᠳᠠᠯ ᠤᠨ | ᠲᠤᠬᠠᠶ ᠬᠠᠷᠢᠭᠤ ᠮᠡᠳᠡᠭᠦᠯᠦᠯᠲᠡ᠂ ᠭᠤᠸᠠᠩ ᠱᠧᠩ ︵ᠪᠤᠭᠤᠲᠤ︶ ᠴᠠᠬᠢᠭᠤᠷ ᠤᠨ ᠦᠢᠯᠡᠰ᠂ ᠬᠤᠪᠣᠷ ᠰᠢᠷᠣᠶ ᠶᠢᠨ | ᠬᠠᠩᠭᠠᠯᠭ᠎ᠠ ᠶᠢᠨ ᠬᠡᠯᠬᠢᠶ᠎ᠡ ᠶᠢᠨ ᠠᠵᠤ ᠦᠶᠯᠡᠰ ᠤᠨ ᠬᠦᠷᠢᠶᠡᠯᠡᠩ ᠤᠨ ᠲᠥᠷᠥᠯ ᠵᠦᠶᠯ ᠤᠨ ᠭᠠᠵᠠᠷ ᠰᠢᠷᠣᠶ | ᠲᠠᠲᠠᠪᠤᠷᠢᠯᠠᠨ ᠨᠤᠷᠠᠭᠠᠬᠤ ᠠᠵᠢᠯ ᠤᠨ ᠳ᠋ᠦᠩ ᠪᠦᠦ ᠪᠦᠯᠦᠭᠯᠡᠯ ᠤᠨ ᠣᠶ ᠰᠢᠭᠤᠶ ᠶᠢᠨ ᠦᠮᠴᠢᠯᠡᠯ ᠤᠨ ᠡᠷᠬᠡ ᠶᠢᠨ | ᠦᠨᠡᠮᠯᠡᠯ ᠳᠤ ᠬᠤᠯᠪᠣᠭᠳᠠᠭᠰᠠᠨ ᠬᠤᠯᠪᠣᠭᠳᠠᠯ ᠪᠥᠬᠦᠶ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠪᠠ᠃ | 12 ᠰᠠᠷ᠎ᠠ ᠶᠢᠨ 7 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ | ᠳᠠᠷᠤᠭ᠎ᠠ ᠢᠦᠶ ᠵᠠᠨ ᠵᠢᠶᠠᠩ ᠪᠥᠬᠦ ᠲᠤᠭᠤᠷᠢᠭ ᠤᠨ ᠬᠤᠲᠠ ᠬᠥᠳᠡᠭᠡ ᠶᠢᠨ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠤᠨ ᠲᠤᠰᠬᠠᠶ ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ | ᠬᠤᠷᠠᠯ ᠢ ᠡᠷᠭᠢᠯᠡᠨ ᠬᠤᠷᠠᠯᠳᠤᠭᠤᠯᠵᠤ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ | ᠮᠠᠯᠵᠢᠬᠤ ᠤᠷᠤᠨ ᠤ ᠲᠣᠪᠴᠢᠶ᠎ᠠ᠂ ᠲᠤᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠲᠣᠪᠴᠢᠶ᠎ᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠦᠨᠳᠡᠯᠡᠨ ᠭᠤᠤᠯ ᠪᠠᠯᠭᠠᠰᠤ᠂ | ᠪᠤᠷᠬᠠᠨᠲᠤ ᠪᠠᠯᠭᠠᠰᠤ᠂ ᠺᠦᠨ ᠪᠸᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠣᠪᠣᠷ ᠢᠶᠠᠨ | ᠢᠯᠡᠳᠬᠡᠬᠦ ᠦᠭᠡ ᠬᠡᠯᠡᠵᠦ᠂ ᠪᠣᠭᠤᠮᠲᠠ ᠰᠢᠪᠲᠤᠯᠬᠤ ᠠᠵᠢᠯᠯᠠᠭ᠎ᠠ ᠶᠢ ᠲᠣᠬᠢᠷᠠᠭᠤᠯᠤᠨ ᠪᠠᠶᠢᠷᠢᠯᠠᠭᠤᠯᠪᠠ᠃ | 12 ᠰᠠᠷ᠎ᠠ ᠶᠢᠨ 13 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ | ᠳᠠᠷᠤᠭ᠎ᠠ ᠢᠦᠶ ᠵᠠᠨ ᠵᠢᠶᠠᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ 16 ᠳ᠋ᠤᠭᠠᠷ | ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ | ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠸᠠᠩ ᠸᠧᠶ᠂ ᠵᠠᠩ ᠵᠢᠶᠠ ᠯᠢ᠂ ᠦ᠋ ᠱᠧᠨ ᠮᠦᠸᠧ᠂ ᠸᠠᠩ | ᠰᠢᠤ ᠵᠢᠤᠸᠠᠨ᠂ ᠶᠠᠩ ᠶᠠᠩ᠂ ᠵᠧᠤ ᠬᠠᠶ ᠹᠸᠢ᠂ ᠯᠢ ᠸᠧᠶ ᠬᠤᠷᠠᠯ ᠳᠤ ᠣᠷᠣᠯᠴᠠᠪᠠ᠃ ᠬᠤᠷᠠᠯ ᠠᠴᠠ | ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ | ᠡᠷᠬᠢᠯᠡᠭᠴᠢ ᠬᠤ᠋ ᠲᠢᠩ ᠨᠥᠬᠦᠷ ᠢ ᠤᠷᠢᠵᠤ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠪᠠᠭ ᠤᠨ ᠪᠦᠷᠢᠯᠳᠦᠬᠦᠨ ᠳᠤ ᠨᠠᠮ ᠤᠨ ᠬᠢᠴᠢᠶᠡᠯ ᠣᠷᠣᠭᠤᠯᠪᠠ︔ ︽ᠱᠠᠨᠳᠦ᠋ᠩ ᠤᠨ ᠲᠢᠶᠧ ᠹᠠ | ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ᠂ ᠪᠤᠭᠤᠲᠤ ᠬᠤᠳᠠ ᠶᠢᠨ ᠢ ᠨᠧᠩ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠯᠤᠭ᠎ᠠ ᠪᠡᠯᠡ ᠣᠷᠣᠭᠤᠯᠤᠨ ᠬᠠᠮᠲᠤᠷᠠᠯᠴᠠᠬᠤ ᠵᠥᠪᠯᠡᠯᠴᠡᠭᠡᠷ ︵ | ᠬᠦᠷᠬᠡᠨ ᠬᠢᠨᠠᠭᠤᠯᠬᠤ ᠨᠤᠤᠷᠠᠭ︶︾᠂ ︽ᠪᠤᠭᠤᠲᠤ ᠶᠢᠨ ᠨᠡᠭᠦᠷᠡᠰᠦᠲᠥ᠋ᠷᠥᠭᠴᠢᠲᠦ ᠰᠢᠨ᠎ᠡ ᠮᠠᠲ᠋ᠧᠷᠢᠶᠠᠯ ᠪᠣᠯᠤᠨ | ᠡᠨᠧᠷᠭᠢ ᠬᠠᠳᠠᠭᠠᠯᠠᠬᠤ ᠲᠣᠨᠣᠭᠯᠠᠯ ᠤᠨ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠤᠨ ᠪᠡᠯᠡ | ᠣᠷᠣᠭᠤᠯᠤᠯᠲᠠ ᠶᠢᠨ ᠵᠥᠪᠯᠡᠯᠴᠡᠭᠡᠷ ︵ᠬᠦᠷᠬᠡᠨ ᠬᠢᠨᠠᠭᠤᠯᠬᠤ ᠨᠤᠤᠷᠠᠭ︶︾ ᠢ ᠰᠤᠳᠤᠯᠤᠨ ᠬᠢᠨᠠᠨ ᠵᠥᠪᠯᠡᠪᠡ᠃ | 12 ᠰᠠᠷ᠎ᠠ ᠶᠢᠨ 13 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ | ᠳᠠᠷᠤᠭ᠎ᠠ ᠢᠦᠢ ᠵᠠᠨ ᠵᠢᠶᠠᠩ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ | ᠲᠤᠭᠤᠷᠢᠭ ᠤᠨ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠥᠪᠯᠡᠬᠦ ᠬᠤᠷᠠᠯ᠂ ᠰᠦᠯᠵᠢᠶᠡᠨ ᠤ ᠠᠮᠤᠷ | ᠲᠦᠪᠰᠢᠨ ᠪᠠ ᠮᠡᠳᠡᠭᠡ ᠵᠠᠩᠭᠢᠵᠢᠯᠲᠠ ᠶᠢᠨ ᠬᠤᠷᠢᠶᠠᠨ ᠤ ᠵᠢᠷᠭᠤᠳᠤᠭᠠᠷ ᠤᠳᠠᠭ᠎ᠠ ᠶᠢᠨ ᠬᠤᠷᠠᠯ ᠢ ᠡᠷᠬᠢᠯᠡᠨ | ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ | ᠶᠠᠷᠢᠶ᠎ᠠ ᠲᠠᠯᠪᠢᠪᠠ᠃ ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠮᠠᠷᠺᠰ ᠤᠨ | ᠦᠵᠡᠯ ᠤᠨ ᠤᠨᠤᠯ ᠤᠨ ᠰᠤᠳᠤᠯᠭᠠᠨ ᠪᠣᠯᠤᠨ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠮᠠᠷᠺᠰ ᠤᠨ ᠦᠵᠡᠯ ᠤᠨ | ᠤᠨᠤᠯ ᠤᠨ ᠰᠤᠳᠤᠯᠭᠠᠨ ᠪᠣᠯᠤᠨ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠢᠯ ᠤᠨ ᠬᠤᠷᠠᠯ ᠤᠨ | ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠰᠤᠳᠤᠯᠵᠤ ᠤᠬᠠᠭᠤᠯᠬᠤ ᠪᠠᠷ ᠦᠨᠳᠦᠰᠦᠨ ᠡᠭᠦᠷᠭᠡ ᠪᠣᠯᠭᠠᠵᠤ᠂ ᠨᠠᠮ ᠤᠨ ᠰᠢᠨ᠎ᠡ ᠡᠭᠦᠳᠦᠯᠳᠡ ᠶᠢᠨ ᠤᠨᠤᠯ ᠤᠨ | ᠲᠠᠰᠤᠷᠠᠯᠳᠠ ᠦᠭᠡᠢ ᠭᠦᠨᠵᠡᠭᠡᠶᠢᠷᠡᠬᠦ᠂ ᠲᠤᠳᠤᠭᠠᠳᠤᠴᠢᠯᠠᠬᠤ᠂ ᠤᠨᠳᠤᠤᠰᠢᠭᠤᠯᠤᠨ ᠬᠡᠷᠡᠭᠯᠡᠬᠦ ᠶᠢ ᠦᠷᠭᠦᠯᠵᠢᠯᠡᠨ | ᠠᠬᠢᠭᠤᠯᠬᠤ ᠬᠡᠷᠡᠭᠲᠡᠢ᠃ ᠲᠥᠪ ᠶᠣᠰᠣ ᠶᠢ ᠰᠠᠬᠢᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠠᠭᠤᠯᠭ᠎ᠠ ᠪᠠᠨ | ᠲᠠᠰᠤᠷᠠᠯᠲᠠ ᠥᠬᠡᠶ ᠪᠠᠶᠠᠯᠢᠭᠵᠢᠭᠤᠯᠵᠤ᠂ ᠬᠡᠯᠪᠡᠷᠢ ᠪᠠᠨ ᠰᠢᠨᠡᠴᠢᠯᠡᠵᠦ᠂ ᠺᠠᠳ᠋ᠷ ᠣᠯᠠᠨ ᠲᠦᠮᠡᠨ ᠤ ᠦᠵᠡᠵᠦ | ᠰᠣᠨᠣᠰᠬᠤ ᠳᠤᠷᠠᠲᠠᠶ᠂ ᠲᠥᠬᠦᠮ ᠣᠶᠢᠯᠠᠭᠠᠮᠵᠢᠲᠠᠶ ᠨᠠᠩ ᠣᠯᠠᠨ ᠰᠢᠨ᠎ᠡ ᠵᠠᠭᠤᠴᠢᠯᠠᠭᠤᠷ ᠤᠨ ᠪᠦᠲᠦᠭᠡᠭᠳᠡᠬᠦᠨ ᠢ | ᠬᠦᠴᠦᠯᠡᠨ ᠡᠭᠦᠳᠴᠦ᠂ ᠡᠯ᠎ᠡ ᠲᠥᠷᠥᠯ ᠤᠨ ᠣᠯᠠᠨ ᠲᠦᠮᠡᠨᠴᠢ ᠴᠢᠨᠠᠷᠳᠠᠢ᠂ ᠬᠠᠷᠢᠯᠴᠠᠨ ᠬᠥᠳᠡᠯᠦᠯᠴᠡᠬᠦ ᠮᠠᠶ᠋ᠢᠭ ᠤᠨ | ᠣᠨᠣᠯ ᠤᠨ ᠤᠬᠠᠭᠤᠯᠭ᠎ᠠ ᠪᠠ ᠣᠯᠠᠨ ᠲᠦᠮᠡᠨ ᠤ ᠦᠶᠯᠡᠳᠦᠯᠭᠡ ᠶᠢᠨ ᠠᠵᠢᠯᠯᠠᠭ᠎ᠠ ᠶᠢ ᠨᠠᠩ ᠪᠦᠲᠦᠮᠵᠢᠲᠡᠶ | ᠥᠷᠨᠢᠭᠦᠯᠵᠦ᠂ ᠥᠷᠭᠡᠨ ᠣᠯᠠᠨ ᠺᠠᠳ᠋ᠷ ᠣᠯᠠᠨ ᠲᠦᠮᠡᠨ ᠢ ᠬᠥᠲᠥᠯᠥᠨ ᠵᠢᠯᠣᠭᠤᠳᠴᠤ ᠨᠠᠮ ᠤᠨ ᠰᠢᠨ᠎ᠡ ᠶᠢ | ᠡᠭᠦᠳᠦᠭᠰᠡᠨ ᠣᠨᠣᠯ ᠤᠨ ᠲᠤᠬᠠᠶ ᠤᠯᠤᠰ ᠲᠥᠷᠥ ᠶᠢᠨ ᠬᠠᠮᠲᠤ ᠶᠢᠨ ᠲᠠᠨᠢᠯᠲᠠ᠂ ᠦᠵᠡᠯ ᠰᠠᠨᠠᠭᠠᠨ ᠤ ᠬᠠᠮᠲᠤ ᠶᠢᠨ | ᠲᠠᠨᠢᠯᠲᠠ᠂ ᠣᠨᠣᠯ ᠤᠨ ᠬᠠᠮᠲᠤ ᠶᠢᠨ ᠲᠠᠨᠢᠯᠲᠠ᠂ ᠬᠠᠶᠢᠷ᠎ᠠ ᠰᠡᠳᠬᠢᠯᠭᠡ ᠶᠢᠨ ᠬᠠᠮᠲᠤ ᠶᠢᠨ ᠲᠠᠨᠢᠯᠲᠠ ᠶᠢ ᠲᠠᠰᠤᠷᠠᠯᠲᠠ | ᠥᠬᠡᠶ ᠨᠡᠮᠡᠭᠳᠡᠭᠦᠯᠬᠦ ᠬᠡᠷᠡᠭᠲᠡᠶ ᠭᠡᠵᠤ ᠴᠢᠬᠤᠯᠠᠴᠢᠯᠠᠪᠠ᠃ | 12 ᠰᠠᠷ᠎ᠠ ᠶᠢᠨ 19 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ | ᠳᠠᠷᠤᠭ᠎ᠠ ᠢᠦᠶ ᠵᠠᠨ ᠵᠢᠶᠠᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ 17 ᠳ᠋ᠤᠭᠠᠷ | ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ | ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠸᠠᠩ ᠸᠧᠶ᠂ ᠡᠤ ᠱᠧᠨ ᠮᠦᠸᠧ᠂ ᠸᠠᠩ ᠰᠢᠤ ᠵᠢᠤᠸᠠᠨ᠂ | ᠵᠧᠤ ᠬᠠᠶ ᠹᠸᠢ᠂ ᠯᠢ ᠸᠧᠶ ᠬᠤᠷᠠᠯ ᠳᠤ ᠣᠷᠣᠯᠴᠠᠪᠠ᠃ ᠬᠤᠷᠠᠯ ᠠᠴᠠ ᠲᠥᠪ ᠤᠨ ᠠᠵᠤ ᠠᠬᠤᠢ ᠶᠢᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠂ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ︾ | ᠠᠵᠢᠯ ᠢ ᠴᠢᠩᠭᠠᠳᠬᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ | ᠲᠢᠩᠬᠢᠮ ᠤᠨ ᠰᠠᠨᠠᠯ᠂ ︽ᠴᠠᠯᠢᠩ ᠢ ᠥᠷᠢᠲᠦᠬᠦ ᠶᠢ ᠵᠠᠰᠠᠬᠤ ᠡᠪᠦᠯ ᠤᠨ ᠤᠯᠠᠷᠢᠯ ᠤᠨ ᠠᠵᠢᠯᠯᠠᠭ᠎ᠠ ᠶᠢ ᠤᠯᠠᠮ ᠨᠢᠭᠡ | ᠠᠯᠬᠤᠮ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢ | ᠠᠬᠢᠭᠤᠯᠬᠤ ᠪᠠ ᠬᠥᠳᠡᠯᠮᠦᠷᠢ ᠶᠢᠨ ᠬᠠᠮᠠᠭᠠᠯᠠᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠮᠡᠳᠡᠭᠳᠡᠯ︾ ᠢ | ᠤᠯᠠᠮᠵᠢᠯᠠᠨ ᠰᠤᠷᠤᠯᠴᠠᠵᠤ᠂ ︽ᠬᠡᠷ ᠪᠠᠶᠢᠰᠢᠩ ᠭᠠᠵᠠᠷ ᠤᠨ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ | ᠲᠦᠷᠭᠡᠳᠬᠡᠨ ᠪᠠᠶᠢᠭᠤᠯᠵᠤ ᠬᠡᠷ ᠪᠠᠶᠢᠰᠢᠩ ᠭᠠᠵᠠᠷ ᠤᠨ ᠬᠥᠷᠥᠩᠭᠡ ᠶᠢᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠲᠤᠬᠠᠶ ᠰᠠᠨᠠᠯ︾ ᠢ ᠪᠢᠴᠢᠭ ᠤᠨ ᠬᠡᠯᠪᠡᠷᠢ ᠪᠠᠷ ᠤᠯᠠᠮᠵᠢᠯᠠᠨ ᠰᠤᠷᠤᠯᠴᠠᠪᠠ᠂ ᠳ᠋ᠢᠩ ᠰᠢᠤ ᠹᠧᠩ ᠱᠦᠵᠢ᠂ | ᠮᠧᠩ ᠴᠢᠩ ᠸᠧᠶ ᠬᠤᠲᠠ ᠶᠢᠨ ᠳᠠᠷᠤᠭ᠎ᠠ ᠶᠢᠨ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶᠠᠨ ᠤ | ᠨᠠᠮ ᠤᠨ ᠤᠳᠤᠷᠢᠳᠬᠤ ᠳᠤᠭᠤᠶᠢᠯᠠᠩ ᠤᠨ ︽ᠯᠠᠪᠳᠠᠢ ᠰᠢᠢᠳᠪᠦᠷᠢᠯᠡᠬᠦ ᠠᠷᠭ᠎ᠠ ᠪᠠᠶᠢᠬᠤ ᠰᠡᠳᠬᠢᠬᠦᠶ ᠶᠢ ᠪᠣᠶ | ᠪᠤᠯᠭᠠᠵᠤ᠂ ᠠᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠵᠤ᠂ ᠲᠡᠷᠢᠭᠦᠨ ᠵᠡᠷᠭᠡ ᠶᠢᠨ ᠠᠮᠵᠢᠯᠲᠠ ᠪᠦᠲᠦᠮᠵᠢ ᠶᠢ | ᠴᠢᠷᠮᠠᠶᠢᠨ ᠡᠭᠦᠳᠬᠦ︾ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠤᠷᠤᠯᠴᠠᠵᠤ | ᠵᠢᠯᠤᠭᠤᠳᠬᠤ ᠦᠶ᠎ᠠ ᠶᠢᠨ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠪᠠ︔ ︽ᠪᠤᠭᠤᠲᠤ ᠬᠤᠲᠠ ᠶᠢᠨ ᠬᠥᠨᠳᠡᠯᠡᠨ | ᠲᠣᠭᠤᠷᠢᠭ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠭᠠᠬᠤ | ᠪᠡᠯᠡᠳᠬᠡᠯ ᠲᠥᠰᠦᠯ ︵ᠬᠦᠷᠬᠡᠨ ᠬᠢᠨᠠᠭᠤᠯᠬᠤ ᠨᠤᠤᠷᠠᠭ︶︾ ᠵᠡᠷᠭᠡ 6 ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ | ᠲᠥᠰᠦᠯ᠂ ︽ᠬᠥᠨᠳᠡᠯᠡᠨ ᠲᠣᠭᠤᠷᠢᠭ ᠤᠨ 2025 ᠣᠨ ᠤ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ᠂ | ᠳᠥᠭᠦᠮ ᠪᠦᠳᠦᠴᠡᠲᠦ ᠣᠷᠣᠨ ᠰᠠᠭᠤᠴᠠ ︵ᠬᠤᠲᠠ ᠶᠢᠨ ᠨᠤᠷᠠᠬᠤ ᠠᠶᠤᠯᠲᠠᠶ ᠬᠠᠭᠤᠴᠢᠨ ᠬᠡᠷ ᠪᠠᠶᠢᠰᠢᠩ︶ ᠢ | ᠥᠭᠡᠷᠡᠴᠢᠯᠡᠨ ᠵᠠᠰᠠᠬᠤ ᠲᠥᠯᠥᠪᠯᠡᠭᠡ ︵ᠬᠦᠷᠬᠡᠨ ᠬᠢᠨᠠᠭᠤᠯᠬᠤ ᠨᠤᠤᠷᠠᠭ︶︾᠂ ︽ᠬᠥᠨᠳᠡᠯᠡᠨ ᠲᠣᠭᠤᠷᠢᠭ ᠤᠨ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠡᠵᠡᠩᠨᠡᠯᠲᠡ ᠶᠢᠨ ᠠᠮᠵᠢᠯᠲᠠ | ᠪᠦᠲᠦᠮᠵᠢ ᠶᠢ ᠬᠢᠨᠠᠨ ᠰᠢᠯᠭᠠᠬᠤ ᠠᠷᠭ᠎ᠠ ︵ᠬᠦᠷᠬᠡᠨ ᠬᠢᠨᠠᠭᠤᠯᠬᠤ ᠨᠤᠤᠷᠠᠭ︶︾᠂ ︽ᠪᠤᠭᠤᠲᠤ ᠬᠤᠲᠠ ᠶᠢᠨ | ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠢᠶᠠᠨ ᠰᠢᠩ ᠭᠧ ︵ᠪᠡᠭᠡᠵᠢᠩ︶ ᠡᠷᠡᠭᠦᠯ | ᠮᠡᠨᠳᠦ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ | ᠪᠤᠭᠤᠲᠤ ᠶᠢᠨ ᠨᠡᠭᠦᠷᠡᠰᠦᠲᠥ᠋ᠷᠥᠭᠴᠢᠲᠦ ᠰᠢᠨ᠎ᠡ ᠮᠠᠲ᠋ᠧᠷᠢᠶᠠᠯ ᠬᠢᠭᠡᠳ ᠡᠨᠧᠷᠭᠢ ᠬᠠᠳᠠᠭᠠᠯᠠᠬᠤ ᠲᠣᠨᠣᠭᠯᠠᠯ ᠤᠨ ᠠᠵᠤ | ᠦᠶᠯᠡᠰ ᠤᠨ ᠬᠦᠷᠢᠶᠡᠯᠡᠩ ᠤᠨ ᠲᠥᠷᠥᠯ ᠵᠦᠶᠯ ᠤᠨ ᠪᠠᠯᠠ ᠣᠷᠣᠭᠤᠯᠤᠯᠲᠠ ᠶᠢᠨ ᠵᠥᠪᠯᠡᠯᠴᠡᠭᠡᠷ ︵ᠬᠦᠷᠬᠡᠨ | ᠬᠢᠨᠠᠭᠤᠯᠬᠤ ᠵᠦᠪᠯᠡᠯᠴᠡᠬᠡᠷ︶ ᠢ ᠰᠤᠳᠤᠯᠤᠨ ᠬᠢᠨᠠᠨ ᠵᠦᠪᠯᠡᠪᠡ︔ ᠬᠠᠤᠯᠢᠵᠢᠯ ᠤᠨ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ᠂ ᠬᠥᠨᠳᠡᠯᠡᠨ | ᠲᠣᠭᠤᠷᠢᠭ ᠤᠨ 2024 ᠣᠨ ᠤ ᠲᠥᠰᠦᠪ ᠤᠨ ᠲᠣᠬᠢᠷᠠᠭᠤᠯᠤᠯᠲᠠ ᠶᠢᠨ ᠲᠥᠰᠦᠯ ︵ᠨᠤᠤᠷᠠᠭ︶ ᠤᠨ ᠲᠤᠬᠠᠶ | ᠮᠡᠳᠡᠭᠦᠯᠦᠯᠲᠡ᠂ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢᠨ ᠵᠠᠷᠤᠯᠭ᠎ᠠ ᠶᠢᠨ | ᠬᠠᠮᠢᠶᠠᠷᠤᠯᠲᠠ ᠶᠢ ᠰᠤᠳᠤᠯᠬᠤ ᠬᠤᠯᠪᠣᠭᠳᠠᠯ ᠪᠥᠬᠦᠶ ᠶᠠᠪᠤᠳᠠᠯ ᠤᠨ ᠲᠤᠬᠠᠶ ᠬᠠᠷᠢᠭᠤ ᠮᠡᠳᠡᠭᠦᠯᠦᠯᠲᠡ᠂ ᠨᠡᠶᠢᠲᠡ ᠶᠢᠨ | ᠡᠳ᠋ ᠪᠣᠳᠠᠰ ᠤᠨ ᠬᠥᠮᠥᠷᠭᠡ ᠶᠢᠨ ᠡᠳ᠋ ᠬᠥᠷᠥᠩᠭᠡ ᠶᠢ ᠰᠢᠶᠳᠪᠦᠷᠢᠯᠡᠭᠰᠡᠨ ᠪᠠᠶᠢᠳᠠᠯ ᠤᠨ ᠲᠤᠬᠠᠶ ᠬᠠᠷᠢᠭᠤ | ᠮᠡᠳᠡᠭᠦᠯᠦᠯᠲᠡ ᠶᠢ ᠰᠣᠨᠣᠰᠪᠠ᠃ | 12 ᠰᠠᠷ᠎ᠠ ᠶᠢᠨ 20 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ | ᠳᠤᠭᠤᠶᠢᠯᠠᠩ 2024 ᠣᠨ ᠤ 15 ᠳ᠋ᠤᠭᠠᠷ ᠤᠳᠠᠭ᠎ᠠ ᠶᠢᠨ ᠬᠠᠮᠲᠤ ᠶᠢᠨ ︵ᠥᠷᠭᠡᠳᠬᠡᠭᠰᠡᠨ︶ ᠰᠤᠷᠤᠯᠴᠠᠯᠭ᠎ᠠ ᠶᠢᠨ | ᠬᠤᠷᠠᠯ ᠬᠢᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠢᠦᠶ ᠵᠠᠨ | ᠵᠢᠶᠠᠩ ᠰᠤᠷᠤᠯᠴᠠᠯᠭ᠎ᠠ ᠶᠢᠨ ᠬᠤᠷᠠᠯ ᠢ ᠡᠷᠭᠢᠯᠡᠪᠡ᠃ ᠬᠤᠷᠠᠯ ᠠᠴᠠ᠂ ᠡᠯ᠎ᠡ ᠰᠠᠯᠠᠭ᠎ᠠ ᠮᠥᠴᠢᠷ᠂ ᠡᠯ᠎ᠡ | ᠨᠢᠭᠡᠴᠢ ᠶᠢᠨ ᠬᠢᠨ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠠᠮᠤᠷ ᠲᠦᠪᠰᠢᠨ | ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ | ᠴᠢᠳᠠᠪᠤᠷᠢ ᠪᠠᠨ ᠦᠷᠭᠦᠯᠵᠢᠯᠡᠨ ᠴᠢᠩᠭᠠᠳᠬᠠᠵᠤ᠂ ᠬᠠᠷᠢᠭᠤᠴᠠᠯᠭ᠎ᠠ ᠪᠠᠨ ᠲᠣᠳᠣᠷᠬᠠᠢ ᠮᠡᠳᠡᠵᠦ᠂ ᠠᠶᠤᠯᠭᠦᠢ | ᠦᠢᠯᠡᠳᠪᠦᠷᠢᠯᠡᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠤᠬᠠᠮᠰᠠᠷ ᠢᠶᠠᠨ ᠴᠢᠩᠭᠠᠳᠬᠠᠵᠤ᠂ ᠲᠤᠰ | ᠬᠠᠷᠢᠶ᠎ᠠ ᠣᠷᠣᠨ ᠲᠤᠰ ᠬᠦᠷᠢᠶ᠎ᠡ ᠴᠠᠷᠠᠭᠠᠨ ᠳᠠᠬᠢ ᠠᠶᠤᠯ ᠲᠦᠭᠰᠢᠭᠦᠷᠢ ᠶᠢᠨ ᠴᠡᠭ᠂ ᠵᠠᠩᠭᠢᠯᠠᠭ᠎ᠠ ᠶᠢᠨ ᠴᠡᠭ ᠤᠨ | ᠲᠤᠬᠠᠢ ᠳᠣᠲᠣᠷ᠎ᠠ ᠪᠠᠨ ᠲᠤᠭ᠎ᠠ ᠲᠠᠢ᠂ ᠴᠡᠭᠡᠵᠢᠨ ᠳᠡᠭᠡᠨ ᠠᠷᠭ᠎ᠠ ᠪᠤᠳᠤᠯᠭ᠎ᠠ ᠲᠠᠢ ᠪᠠᠶᠢᠬᠤ ᠶᠢ ᠪᠡᠶᠡᠯᠡᠭᠦᠯᠵᠦ᠂ ︽ | ᠨᠢᠭᠡ ᠭᠠᠵᠠᠷ ᠣᠷᠣᠨ ᠤ ᠬᠥᠭᠵᠢᠯᠲᠡ ᠶᠢ ᠠᠬᠢᠭᠤᠯᠵᠤ᠂ ᠨᠢᠭᠡ ᠭᠠᠵᠠᠷ ᠣᠷᠣᠨ ᠤ ᠠᠮᠤᠷ ᠠᠮᠤᠭᠤᠯᠠᠩ ᠢ ᠪᠠᠲᠤᠯᠠᠬᠤ︾ | ᠤᠯᠤᠰ ᠲᠦᠷᠦ ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠬᠦ ᠬᠡᠷᠡᠭᠲᠡᠢ᠃ ᠮᠡᠳᠡᠬᠦ ᠪᠠᠷ ᠬᠢᠬᠦ ᠶᠢ ᠠᠬᠢᠭᠤᠯᠵᠤ᠂ | ᠦᠶᠯᠡᠳᠦᠯᠭᠡ ᠪᠠᠷ ᠮᠡᠳᠡᠬᠦ ᠶᠢ ᠦᠶᠯᠡᠳᠦᠯᠭᠡᠵᠢᠭᠦᠯᠵᠦ᠂ ᠰᠤᠷᠤᠯᠴᠠᠯᠭ᠎ᠠ ᠪᠠᠷ ᠳᠡᠮᠵᠢᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠠᠮᠢᠳᠤᠯᠢᠭ ᠢᠶᠠᠷ ᠬᠡᠷᠡᠭᠯᠡᠵᠦ᠂ ᠠᠵᠢᠯ ᠤᠨ ᠪᠠᠷᠠᠯᠠᠯᠲᠦ ᠴᠢᠨᠠᠷ ᠪᠣᠯᠤᠨ ᠤᠷᠢᠳᠴᠢᠯᠠᠨ ᠤᠯᠵᠤ | ᠬᠠᠷᠠᠬᠤ ᠴᠢᠨᠠᠷ ᠢ ᠦᠷᠭᠦᠯᠵᠢᠯᠡᠨ ᠴᠢᠩᠭᠠᠳᠬᠠᠵᠤ᠂ ᠴᠢᠩᠭ᠎ᠠ ᠬᠦᠴᠦᠲᠡᠶ ᠡᠭᠦᠷᠭᠡᠯᠡᠯ᠂ ᠴᠢᠩᠭ᠎ᠠ ᠪᠣᠳᠠᠲᠠᠶ ᠰᠤᠷᠲᠠᠯ᠂ | ᠪᠠᠲᠦ ᠴᠢᠩᠭ᠎ᠠ ᠰᠠᠬᠢᠯᠭ᠎ᠠ ᠪᠠᠲᠤ ᠪᠠᠷ ᠠᠶᠤᠯᠭᠦᠶ ᠦᠶᠯᠡᠳᠪᠦᠷᠢᠯᠡᠯ ᠪᠣᠯᠤᠨ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠡᠯ᠎ᠡ ᠵᠦᠶᠯ ᠤᠨ ᠠᠵᠢᠯ ᠢ ᠴᠢᠩᠭ᠎ᠠ ᠪᠣᠳᠠᠲᠠᠶ ᠨᠠᠷᠢᠯᠢᠭ ᠰᠠᠶᠢᠲᠤᠷ ᠠᠳᠬᠤᠬᠤ ᠬᠡᠷᠡᠭᠲᠡᠶ᠃ | ᠬᠦᠴᠦᠯᠡᠨ ᠰᠤᠷᠤᠯᠴᠠᠵᠤ ᠪᠠᠲᠦ ᠦᠢᠯᠡᠳᠦᠯᠬᠡᠵᠢᠬᠦᠯᠦᠨ᠂ ᠬᠠᠷᠢᠭᠤᠴᠠᠯᠭ᠎ᠠ ᠶᠢ ᠲᠣᠳᠣᠷᠬᠠᠶᠢᠯᠠᠨ ᠪᠣᠳᠠᠲᠠᠶ ᠶᠢ | ᠡᠷᠬᠢᠮᠯᠡᠵᠦ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠤᠰ | ᠬᠠᠷᠢᠭᠤᠴᠠᠯᠭ᠎ᠠ ᠡᠭᠦᠷᠭᠡᠯᠡᠬᠦ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ | ᠬᠠᠷᠢᠭᠤᠴᠠᠯᠭ᠎ᠠ ᠨᠡᠬᠡᠮᠵᠢᠯᠡᠬᠦ︾ ᠪᠠ ︽ᠭᠤᠷᠪᠠ ᠶᠢ ᠬᠠᠮᠢᠶᠠᠷᠬᠤ ᠭᠤᠷᠪᠠᠨ ᠡᠷᠬᠡᠪᠰᠢ︾ ᠶᠢᠨ ᠱᠠᠭᠠᠷᠳᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠶ ᠦᠶᠯᠡᠳᠪᠦᠷᠢᠯᠡᠯ ᠤᠨ ᠠᠰᠠᠭᠤᠳᠠᠯ ᠢ ᠦᠨᠳᠦᠰᠦᠨ ᠠᠴᠠ ᠨᠢ ᠵᠠᠰᠠᠬᠤ | ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠬᠦᠨᠳᠦ ᠶᠡᠭᠡ ᠠᠳᠡᠯ ᠤᠨ ᠬᠡᠮ | ᠰᠣᠭᠤᠭ ᠢ ᠬᠥᠳᠡᠯᠦᠩᠭᠦᠶ ᠪᠠᠷ ᠰᠢᠢᠳᠪᠦᠷᠢᠯᠡᠨ ᠠᠷᠢᠯᠭᠠᠬᠤ ᠠᠵᠢᠯᠯᠠᠭ᠎ᠠ ᠶᠢ ᠨᠠᠷᠢᠨ ᠬᠢᠨᠠᠮᠠᠭᠠᠶ ᠥᠷᠨᠢᠭᠦᠯᠵᠦ᠂ | ᠠᠶᠤᠯᠭᠦᠶ ᠦᠶᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠳᠤᠮᠳᠠ ᠬᠠᠷᠢᠭᠤᠴᠠᠯᠭ᠎ᠠ ᠶᠢ ᠲᠣᠳᠣᠷᠬᠠᠶᠢᠯᠠᠵᠤ᠂ | ᠠᠶᠤᠯ ᠲᠦᠭᠰᠢᠭᠦᠷᠢ ᠶᠢ ᠮᠡᠳᠡᠵᠦ᠂ ᠬᠦᠷᠦᠯᠴᠡᠬᠦ ᠥᠬᠡᠶ ᠲᠠᠯ᠎ᠠ ᠶᠢ ᠪᠠᠶᠢᠴᠠᠭᠠᠵᠤ᠂ ᠨᠠᠶᠢᠳᠠᠪᠤᠷᠢᠵᠢᠭᠤᠯᠤᠯᠲᠠ ᠶᠢ | ᠠᠳᠬᠤᠵᠤ᠂ ᠰᠤᠷᠢᠯᠳᠠ ᠪᠣᠯᠪᠠᠰᠤᠷᠠᠯ ᠤᠨ ᠦᠷ᠎ᠡ ᠪᠦᠲᠦᠭᠡᠯ ᠢ ᠠᠶᠤᠯᠭᠦᠶ ᠦᠶᠯᠡᠳᠪᠦᠷᠢᠯᠡᠯ ᠤᠨ ᠠᠵᠢᠯ ᠢ ᠰᠠᠶᠢᠲᠤᠷ | ᠬᠢᠬᠦ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠡᠯ᠎ᠡ ᠵᠦᠶᠯ ᠤᠨ ᠠᠵᠢᠯ ᠢ ᠪᠣᠳᠠᠲᠠᠶ ᠳᠤ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠶ ᠭᠡᠵᠦ | ᠴᠢᠬᠤᠯᠠᠴᠢᠯᠠᠪᠠ᠃ ᠪᠥᠬᠦ ᠲᠤᠭᠤᠷᠢᠭ ᠤᠨ ᠬᠤᠯᠪᠣᠭᠳᠠᠯ ᠪᠥᠬᠦᠶ ᠰᠢᠶᠠᠨ ᠤ ᠱᠠᠲᠤᠨ ᠤ ᠤᠳᠤᠷᠢᠳᠤᠯᠭ᠎ᠠ᠂ ᠡᠯ᠎ᠡ | ᠵᠡᠭᠡᠯᠢ ᠬᠤᠳᠤᠮᠵᠢ ᠪᠠᠯᠭᠠᠰᠤ ᠶᠢᠨ ᠨᠠᠮ ᠵᠠᠰᠠᠭ ᠤᠨ ᠭᠤᠤᠯ ᠬᠠᠷᠢᠭᠤᠴᠠᠯᠭᠠᠲᠠᠨ᠂ ᠲᠤᠭᠤᠷᠢᠭ ᠤᠨ ᠬᠠᠷᠢᠶ᠎ᠠ ᠡᠯ᠎ᠡ | ᠰᠠᠯᠠᠭ᠎ᠠ ᠮᠥᠴᠢᠷ᠂ ᠡᠯ᠎ᠡ ᠨᠢᠭᠡᠴᠢ᠂ ᠡᠯ᠎ᠡ ᠠᠷᠠᠳ ᠤᠨ ᠪᠦᠯᠬᠦᠮ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠵᠢᠴᠢ | ᠲᠣᠭᠤᠷᠢᠭ ᠲᠤ ᠰᠠᠭᠤᠭ᠎ᠠ ᠠᠵᠤ ᠠᠬᠤᠶᠢᠯᠠᠯ ᠤᠨ ᠲᠥᠯᠥᠭᠡᠯᠡᠭᠴᠢ ᠰᠤᠷᠤᠯᠴᠠᠯᠭ᠎ᠠ ᠶᠢᠨ ᠬᠤᠷᠠᠯ ᠳᠤ ᠣᠷᠣᠯᠴᠠᠵᠠᠶ᠃ | 12 ᠰᠠᠷ᠎ᠠ ᠶᠢᠨ 21 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ | ᠳᠠᠷᠤᠭ᠎ᠠ ᠢᠦᠶ ᠵᠠᠨ ᠵᠢᠶᠠᠩ ᠪᠥᠬᠦ ᠲᠤᠭᠤᠷᠢᠭ ᠤᠨ ᠣᠲᠣ ᠦᠶ᠎ᠡ ᠶᠢᠨ ᠪᠠᠷᠠᠭᠠᠨ ᠤ ᠬᠦᠢᠯᠬᠡᠬᠡ ᠶᠢᠨ ᠦᠶᠯᠡᠰ ᠤᠨ | ᠴᠢᠨᠠᠷ ᠰᠠᠶᠢᠲᠠᠶ ᠬᠥᠭᠵᠢᠯᠲᠡ ᠶᠢᠨ ᠤᠯᠤᠰ ᠲᠥᠷᠥ ᠶᠢ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ | ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠲᠤᠭᠤᠷᠢᠭ ᠤᠨ ᠪᠠᠷᠠᠭᠠᠨ ᠤ ᠭᠦᠶᠯᠭᠡᠭᠡᠨ ᠤ ᠠᠵᠤ ᠦᠶᠯᠡᠰ ᠤᠨ | ᠬᠥᠭᠵᠢᠯᠲᠡ ᠶᠢᠨ ᠣᠳᠣᠬᠢ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠢ ᠪᠥᠬᠦ ᠲᠠᠯ᠎ᠠ ᠪᠠᠷ ᠵᠠᠳᠠᠯᠵᠤ᠂ | ᠲᠠᠷᠠᠭᠠᠴᠢ ᠶᠢᠨ ᠠᠯᠬᠤᠮ ᠤᠨ ᠬᠥᠭᠵᠢᠯᠲᠡ ᠶᠢᠨ ᠰᠡᠳᠬᠢᠮᠵᠢ ᠠᠷᠭ᠎ᠠ ᠬᠡᠮᠵᠢᠶ᠎ᠡ ᠶᠢ ᠶᠠᠷᠢᠯᠴᠠᠨ ᠰᠦᠪᠡᠭᠴᠢᠯᠡᠪᠡ᠃ | ᠬᠤᠷᠠᠯ ᠠᠴᠠ᠂ ︽ᠵᠠᠰᠠᠭ ᠤᠨ ᠣᠷᠳᠣᠨ ᠠᠴᠠ ᠭᠤᠣᠯᠯᠠᠨ ᠤᠳᠤᠷᠢᠳᠬᠤ᠂ ᠠᠵᠢᠯ ᠲᠦᠷᠦᠯ ᠤᠨ ᠬᠢᠨ ᠥᠪᠡᠷ ᠢ ᠪᠠᠨ | ᠱᠠᠭᠠᠷᠳᠠᠬᠤ᠂ ᠤᠯᠠᠨ ᠲᠠᠯ᠎ᠠ ᠶᠢᠨ ᠬᠢᠨ ᠬᠠᠮᠲᠤ ᠪᠠᠷ ᠪᠠᠶᠢᠭᠤᠯᠬᠤ︾ ᠵᠠᠷᠴᠢᠮ ᠢ ᠪᠠᠷᠢᠮᠲᠠᠯᠠᠵᠤ᠂ ᠬᠠᠮᠵᠢᠯᠴᠠᠬᠤ | ᠲᠣᠭᠲᠠᠴᠠ ᠶᠢ ᠤᠯᠠᠮ ᠴᠢᠨᠠᠭᠰᠢᠳᠠ ᠪᠦᠷᠢᠨᠰᠢᠬᠦᠯᠦᠨ ᠲᠡᠭᠦᠯᠳᠡᠷᠵᠢᠭᠦᠯᠵᠦ᠂ ᠴᠢᠭᠯᠡᠬᠦᠯᠦᠯᠳᠤ ᠴᠢᠨᠠᠷᠲᠠᠢ ᠪᠠᠷ | ᠬᠦᠳᠦᠯᠦᠨ ᠵᠢᠯᠣᠭᠤᠳᠬᠤ ᠪᠠ ᠳᠡᠮᠵᠢᠬᠦ ᠠᠷᠭ᠎ᠠ ᠬᠡᠮᠵᠢᠶ᠎ᠡ ᠶᠢ ᠲᠣᠭᠲᠠᠭᠠᠵᠤ᠂ ᠤᠳᠤ ᠦᠶ᠎ᠡ ᠶᠢᠨ ᠪᠠᠷᠠᠭᠠᠨ ᠤ | ᠭᠦᠢᠯᠭᠡᠭᠡᠨ ᠤ ᠦᠢᠯᠡᠰ ᠢ ᠪᠦᠬᠦᠯᠢ ᠴᠣᠭᠴᠠ ᠪᠠᠷ ᠳᠡᠭᠡᠭᠰᠢᠯᠡᠭᠦᠯᠬᠦ᠂ ᠪᠠᠷᠠᠭᠠᠨ ᠤ ᠭᠦᠢᠯᠭᠡᠭᠡᠨ ᠤ ᠰᠠᠭᠤᠷᠢ | ᠲᠥᠬᠦᠭᠡᠷᠦᠮᠵᠢ ᠶᠢ ᠥᠭᠡᠷᠡᠴᠢᠯᠡᠨ ᠳᠡᠭᠡᠭᠰᠢᠯᠡᠭᠦᠯᠬᠦ᠂ ᠤᠶᠤᠨᠲᠤ ᠪᠠᠷᠠᠭᠠᠨ ᠤ ᠭᠦᠢᠯᠭᠡᠭᠡᠨ ᠤ ᠮᠡᠳᠡᠭᠡ | ᠵᠠᠩᠭᠢᠵᠢᠯᠲᠠ ᠶᠢᠨ ᠲᠠᠪᠴᠠᠩ ᠤᠨ ᠪᠠᠶᠢᠭᠤᠯᠤᠯᠲᠠ᠂ ᠲᠡᠮᠦᠷ ᠵᠠᠮ ᠤᠨ ᠲᠤᠰᠬᠠᠢ ᠵᠠᠮ ᠱᠤᠭᠤᠮ ᠢ ᠨᠡᠶᠢᠳᠬᠡᠬᠦ ᠵᠡᠷᠭᠡ | ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠪᠠᠷᠠᠭᠠᠨ ᠤ ᠭᠦᠢᠯᠭᠡᠭᠡᠨ ᠤ ᠦᠢᠯᠡᠰ ᠤᠨ ᠶᠠᠰᠤ | ᠴᠢᠨᠠᠷ ᠪᠠ ᠦᠷ᠎ᠡ ᠠᠰᠢᠭ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃ ᠲᠤᠭᠤᠷᠢᠭ ᠤᠨ | ᠤᠳᠤᠷᠢᠳᠤᠯᠭ᠎ᠠ ᠸᠠᠩ ᠸᠧᠶ᠂ ᠵᠧᠤ ᠬᠠᠶ ᠹᠸᠢ᠂ ᠲᠤᠭᠤᠷᠢᠭ ᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ | ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ᠂ ᠲᠤᠭᠤᠷᠢᠭ ᠤᠨ ᠭᠤᠤᠯᠳᠠᠯᠭ᠎ᠠ ᠲᠠᠢ ᠪᠠᠷᠠᠭᠠᠨ ᠤ ᠭᠦᠶᠯᠭᠡᠭᠡᠨ ᠤ | ᠠᠵᠤ ᠠᠬᠤᠶᠢᠯᠠᠯ᠂ ᠦᠶᠯᠡᠳᠬᠦ ᠦᠶᠯᠡᠰ ᠤᠨ ᠭᠤᠤᠯᠳᠠᠯᠭ᠎ᠠ ᠲᠠᠢ ᠠᠵᠤ ᠠᠬᠤᠶᠢᠯᠠᠯ᠂ ᠮᠥᠩᠭᠦᠨ ᠭᠦᠶᠯᠭᠡᠭᠡᠨ ᠤ | ᠪᠠᠶᠢᠭᠤᠯᠤᠮᠵᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ᠂ ᠪᠠᠷᠠᠭᠠᠨ ᠤ ᠭᠦᠶᠯᠭᠡᠭᠡᠨ ᠤ ᠬᠦᠷᠢᠶᠡᠯᠡᠩ | ᠲᠣᠭᠤᠷᠢᠭ ᠤᠨ ᠳᠣᠲᠣᠷᠠᠬᠢ ᠠᠵᠤ ᠠᠬᠤᠶᠢᠯᠠᠯ ᠤᠨ ᠲᠥᠯᠥᠭᠡᠯᠡᠭᠴᠢ ᠬᠤᠷᠠᠯ ᠳᠤ ᠣᠷᠣᠯᠴᠠᠵᠠᠶ᠃ | 12 ᠰᠠᠷ᠎ᠠ ᠶᠢᠨ 25 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ | ᠳᠤᠭᠤᠶᠢᠯᠠᠩ 2024 ᠣᠨ ᠤ 16 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ | ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠪᠣᠯᠤᠨ ᠥᠪᠡᠷ ᠪᠡᠶ᠎ᠡ ᠶᠢᠨ | ᠬᠤᠪᠢᠰᠬᠠᠯ ᠢ ᠠᠬᠢᠭᠤᠯᠬᠤ ᠲᠤᠬᠠᠶ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠵᠢᠴᠢ ︽ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠦᠷᠢᠮ︾ ᠤᠨ ᠲᠣᠭᠤᠷᠢᠨ ᠳᠤ ᠲᠥᠪᠯᠡᠷᠡᠭᠦᠯᠦᠨ | ᠰᠣᠯᠢᠯᠴᠠᠵᠤ ᠰᠤᠳᠤᠯᠤᠨ ᠶᠠᠷᠢᠯᠴᠠᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ | ᠳᠠᠷᠤᠭ᠎ᠠ ᠢᠦᠢ ᠵᠠᠨ ᠵᠢᠶᠠᠩ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ | ᠢᠦᠢ ᠵᠠᠨ ᠵᠢᠶᠠᠩ᠂ ᠣᠨᠣᠯ ᠤᠨ ᠰᠤᠷᠤᠯᠴᠠᠯᠭ᠎ᠠ ᠶᠢ ᠲᠡᠷᠢᠭᠦᠨ ᠴᠢᠬᠤᠯᠠ ᠡᠭᠦᠷᠭᠡ ᠪᠣᠯᠭᠠᠬᠤ ᠶᠢ ᠪᠠᠷᠢᠮᠲᠠᠯᠠᠬᠤ | ᠬᠡᠷᠡᠭᠲᠡᠶ᠂ ᠴᠢᠳᠠᠪᠤᠷᠢ ᠪᠠᠨ ᠳᠡᠭᠡᠭᠰᠢᠯᠡᠭᠦᠯᠬᠦ ᠶᠢ ᠵᠤᠬᠰᠤᠰᠢ ᠦᠭᠡᠢ ᠬᠥᠭᠡᠭᠡᠴᠡᠯᠳᠦᠯ ᠢᠶᠠᠨ ᠪᠣᠯᠭᠠᠬᠤ ᠶᠢ ᠪᠠᠷᠢᠮᠲᠠᠯᠠᠬᠤ | ᠬᠡᠷᠡᠭᠲᠡᠢ᠂ ᠰᠤᠷᠤᠯᠴᠠᠬᠤ ᠪᠠᠷ ᠣᠶᠤᠨ ᠢᠶᠠᠨ ᠨᠡᠮᠡᠭᠳᠡᠭᠦᠯᠬᠦ ᠳᠡᠭᠡᠷ᠎ᠡ ᠦᠷᠭᠦᠯᠵᠢᠯᠡᠨ ᠬᠦᠴᠦ ᠲᠠᠯᠪᠢᠬᠤ ᠬᠡᠷᠡᠭᠲᠡᠶ᠂ | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠵᠤ ᠣᠷᠳᠣ ᠬᠤᠭᠤᠴᠠᠭ᠎ᠠ ᠪᠦᠲᠦᠮᠵᠢᠲᠡᠶ | ᠪᠠᠶᠢᠯᠭᠠᠬᠤ ᠶᠢ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠥᠪᠡᠷ ᠪᠡᠶ᠎ᠡ ᠳᠡᠭᠡᠨ | ᠬᠤᠪᠢᠰᠬᠠᠯ ᠬᠢᠬᠦ ᠶᠢ ᠮᠥᠩᠬᠡ ᠶᠢᠨ ᠭᠤᠣᠯ ᠰᠡᠳᠦᠪ ᠪᠣᠯᠭᠠᠬᠤ ᠶᠢ ᠪᠠᠷᠢᠮᠲᠠᠯᠠᠬᠤ ᠬᠡᠷᠡᠭᠲᠡᠢ᠂ ᠬᠥᠭᠵᠢᠯᠲᠡ ᠶᠢ | ᠠᠬᠢᠭᠤᠯᠬᠤ ᠶᠢ ᠲᠡᠷᠢᠭᠦᠨ ᠴᠢᠬᠤᠯᠠ ᠡᠭᠦᠷᠭᠡ ᠪᠠᠨ ᠪᠣᠯᠭᠠᠵᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ | ᠳᠡᠭᠡᠷ᠎ᠡ ᠦᠷᠭᠦᠯᠵᠢᠯᠡᠨ ᠬᠦᠴᠦ ᠲᠠᠯᠪᠢᠬᠤ ᠬᠡᠷᠡᠭᠲᠡᠶ᠂ ᠪᠤᠭᠤᠲᠤ ᠬᠤᠲᠠ ᠶᠢᠨ ︽3 + 5 + N︾ | ᠭᠤᠤᠯᠳᠠᠯᠭ᠎ᠠ ᠲᠠᠢ ᠠᠵᠤ ᠦᠶᠯᠡᠰ ᠤᠨ ᠪᠦᠯᠦᠭᠵᠢᠯ ᠢ ᠪᠠᠶᠢᠭᠤᠯᠬᠤ ᠵᠡᠷᠭᠡ ᠡᠭᠦᠷᠭᠡ ᠳᠤ ᠠᠩᠬᠠᠷᠤᠯ ᠢᠶᠠᠨ | ᠲᠥᠪᠯᠡᠷᠡᠭᠦᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠠᠷᠠᠯᠵᠢᠶᠠᠴᠢᠨ ᠤᠷᠢᠵᠤ ᠪᠡᠯᠡ ᠮᠦᠩᠭᠦ | ᠤᠷᠤᠭᠤᠯᠤᠨ ᠠᠪᠴᠢᠷᠠᠬᠤ ᠵᠡᠷᠭᠡ ᠡᠯ᠎ᠡ ᠲᠥᠷᠥᠯ ᠤᠨ ᠠᠵᠢᠯ ᠢ ᠰᠠᠶᠢᠲᠤᠷ ᠠᠳᠬᠤᠵᠤ᠂ ᠠᠷᠠᠳ ᠲᠦᠮᠡᠨ ᠢᠶᠠᠷ | ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠶ ᠦᠶᠯᠡᠳᠦᠯᠭᠡᠵᠢᠭᠦᠯᠦᠨ᠂ ᠨᠠᠮ ᠤᠨ ᠭᠡᠰᠢᠭᠦᠨ | ᠺᠠᠳ᠋ᠷ ᠤᠨ ᠬᠠᠷᠢᠯᠴᠠᠭ᠎ᠠ᠂ ᠣᠯᠠᠨ ᠲᠦᠮᠡᠨ ᠳᠤ ᠦᠶᠯᠡᠴᠢᠯᠡᠬᠦ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠪᠦᠷᠢᠨᠰᠢᠭᠦᠯᠦᠨ ᠲᠡᠭᠦᠯᠳᠡᠷᠵᠢᠭᠦᠯᠵᠤ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠤᠨ ᠳᠤᠲᠠᠭᠤᠳᠠᠯ ᠢ | ᠨᠥᠬᠦᠪᠥᠷᠢᠯᠠᠨ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ | ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠳᠡᠢ ᠬᠡᠵᠤ ᠴᠢᠬᠤᠯᠠᠴᠢᠯᠠᠪᠠ᠃ |