ᠬᠥᠨᠳᠡᠯᠡᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠲᠣᠪᠴᠢᠶ᠎ᠠ ︽ᠡᠮ ᠤᠨ ᠵᠦᠢᠯᠡᠰ ᠵᠢᠰᠦ ᠭᠤᠶᠤᠯᠠᠯ ᠤᠨ ᠡᠳ᠋ ᠡᠮᠨᠡᠯᠬᠡ ᠶᠢᠨ ᠮᠠᠰᠢᠨ ᠬᠡᠷᠡᠭᠰᠡᠯ︾  ᠤᠨ ᠲᠤᠰᠬᠠᠢ ᠪᠠᠶᠢᠴᠠᠭᠠᠯᠲᠠ ᠥᠷᠨᠢᠭᠦᠯᠵᠦ᠂ ᠣᠯᠠᠨ ᠲᠦᠮᠡᠨ ᠤ ᠡᠮ ᠬᠡᠷᠡᠭᠯᠡᠬᠦ ᠭᠤᠶᠤᠯᠠᠯ ᠤᠨ ᠡᠳ᠋ ᠬᠡᠷᠡᠭᠯᠡᠬᠦ ᠡᠮᠨᠡᠯᠭᠡ ᠶᠢᠨ ᠮᠠᠰᠢᠨ ᠬᠡᠷᠡᠭᠰᠡᠯ ᠬᠡᠷᠡᠭᠯᠡᠬᠦ ᠠᠮᠤᠷ ᠲᠦᠪᠰᠢᠨ ᠢ ᠦᠨᠡᠨ ᠬᠦ ᠪᠠᠲᠤᠯᠠᠪᠠ
ᠨᠡᠶᠢᠲᠡᠯᠡᠭᠰᠡᠨ ᠴᠠᠭ᠄
2025/2/22
    1 ᠰᠠᠷ᠎ᠠ ᠶᠢᠨ 1 ᠤ ᠡᠳᠦᠷ ᠠᠴᠠ 2 ᠰᠠᠷ᠎ᠠ ᠶᠢᠨ 20 ᠤ ᠡᠳᠦᠷ ᠪᠣᠯᠲᠠᠯ᠎ᠠ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠲᠣᠪᠴᠢᠶ᠎ᠠ ᠠᠴᠠ ᠬᠠᠷᠢᠶ᠎ᠠ ᠣᠷᠣᠨ ᠤ ᠳᠣᠲᠣᠷᠠᠬᠢ ᠡᠮ ᠤᠨ ᠳᠡᠯᠭᠡᠭᠦᠷ᠂ ᠡᠮᠴᠢᠯᠡᠭᠡᠨ ᠤ ᠪᠠᠶᠢᠭᠤᠯᠤᠮᠵᠢ ᠪᠠ ᠵᠢᠰᠦ ᠭᠤᠶᠤᠯᠠᠯ ᠤᠨ ᠡᠳ᠋ ᠤᠨ ᠡᠵᠡᠩᠨᠡᠯᠲᠡ ᠶᠢᠨ ᠳᠡᠯᠭᠡᠭᠦᠷ ᠲᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠪᠠᠶᠢᠴᠠᠭᠠᠯᠲᠠ ᠥᠷᠨᠢᠭᠦᠯᠪᠠ᠃ ᠬᠠᠤᠯᠢ ᠬᠡᠷᠡᠭᠵᠢᠭᠦᠯᠬᠦ ᠠᠵᠢᠯᠲᠠᠳ ᠸᠠᠺᠼᠢᠨ᠂ ᠣᠨᠴᠠᠭᠠᠶ ᠬᠠᠮᠢᠶᠠᠷᠤᠯᠲᠠ ᠶᠢᠨ ᠡᠮ ᠤᠨ ᠵᠦᠶᠯ᠂ ᠬᠢᠲᠠᠳ ᠡᠮ᠂ ᠸᠢᠷᠦ᠋ᠰ ᠢ ᠡᠰᠡᠷᠭᠦᠴᠡᠬᠦ ᠡᠮ ᠤᠨ ᠵᠦᠶᠯ᠂ ᠦᠰᠦ ᠪᠤᠳᠤᠵᠤ ᠪᠤᠷᠵᠠᠶᠢᠯᠭᠠᠬᠤ ᠡᠳ᠋ ᠵᠢᠰᠦ ᠭᠤᠶᠣᠯᠠᠯ ᠤᠨ ᠡᠳ᠋ ᠵᠡᠷᠭᠡ ᠪᠠᠶᠢᠩᠭᠤ ᠬᠡᠷᠡᠭᠯᠡᠳᠡᠭ ᠭᠤᠤᠯᠳᠠᠯᠭ᠎ᠠ ᠲᠠᠢ ᠲᠥᠷᠥᠯ ᠵᠦᠶᠯ ᠳᠤ ᠴᠢᠭᠯᠡᠭᠦᠯᠦᠨ᠂ ᠬᠤᠳᠠᠯᠳᠤᠨ ᠤᠷᠤᠭᠤᠯᠤᠬᠰᠠᠨ ᠵᠠᠮ ᠰᠤᠪᠠᠭ᠂ ᠬᠦᠶᠲᠡᠨ ᠬᠡᠯᠬᠢᠶᠡᠲᠦ ᠨᠥᠭᠡᠴᠡᠯᠡᠨ ᠲᠡᠭᠡᠭᠡᠪᠦᠷᠢᠯᠡᠬᠦ ᠵᠡᠷᠭᠡ ᠭᠤᠤᠯᠳᠠᠯᠭ᠎ᠠ ᠲᠠᠢ ᠭᠤᠭᠴᠤᠭ᠎ᠠ ᠳᠤ ᠬᠢᠨᠠᠯᠲᠠ ᠪᠠᠶᠢᠴᠠᠭᠠᠯᠲᠠ ᠥᠷᠨᠢᠭᠦᠯᠪᠡ᠃ ᠣᠳᠣᠬᠠᠨ ᠪᠣᠯᠲᠠᠯ᠎ᠠ᠂ ᠬᠠᠤᠯᠢ ᠬᠡᠷᠡᠭᠵᠢᠭᠦᠯᠬᠦ ᠠᠵᠢᠯᠲᠠᠨ ᠢ ᠨᠡᠶᠢᠲᠡ 710 ᠬᠥᠮᠦᠨ ᠤᠳᠠᠭ᠎ᠠ ᠬᠥᠳᠡᠯᠭᠡᠵᠦ᠂ 298 ᠡᠮ ᠤᠨ ᠳᠡᠯᠭᠡᠭᠦᠷ ᠂ 23 ᠡᠮᠴᠢᠯᠡᠭᠡᠨ ᠤ ᠪᠠᠶᠢᠭᠤᠯᠤᠮᠵᠢ᠂ ᠵᠢᠰᠦ ᠭᠤᠶᠤᠯᠠᠯ ᠤᠨ ᠡᠳ᠋ ᠡᠵᠡᠩᠨᠡᠵᠦ ᠪᠠᠶᠢᠭ᠎ᠠ 31 ᠨᠢᠬᠡᠴᠢ ︵ᠤᠳᠠᠭ᠎ᠠ︶ ᠪᠠᠶᠢᠴᠠᠭᠠᠵᠤ᠂ 6 ᠵᠤᠷᠪᠤᠰ ᠠᠰᠠᠭᠤᠳᠠᠯ ᠢ ᠢᠯᠡᠷᠡᠭᠦᠯᠪᠡ᠂ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠢ ᠨᠢᠭᠡᠨᠲᠡ ᠬᠠᠮᠢᠶ᠎ᠠ ᠪᠥᠬᠦᠶ ᠨᠢᠬᠡᠴᠢ ᠶᠢ ᠵᠠᠷᠯᠢᠭᠳᠠᠵᠤ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠴᠠᠭ ᠲᠤᠬᠠᠶ ᠳᠤᠨᠢ ᠮᠦᠷᠳᠡᠨ ᠳᠠᠭᠠᠵᠤ ᠳᠠᠬᠢᠨ ᠪᠠᠶᠢᠴᠠᠭᠠᠪᠠ᠃ ︵ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠲᠣᠪᠴᠢᠶ᠎ᠠ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号