ᠨᠢᠭᠡ ᠳᠤ᠂ ᠲᠤᠬᠠᠶ ᠶᠢᠨ ᠲᠠᠯᠠᠪᠠᠶ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠥᠷᠨᠢᠭᠦᠯᠪᠠ᠃ ᠠᠮᠤᠷ | ᠲᠦᠪᠰᠢᠨ ᠤ ᠰᠠᠭᠤᠷᠢ ᠨᠢ ᠨᠢᠮᠭᠡᠨ᠂ ᠠᠮᠤᠷ ᠲᠦᠪᠰᠢᠨ ᠤ ᠲᠦᠭᠰᠢᠭᠦᠷᠢ ᠨᠡᠯᠢᠶᠡᠳ ᠶᠡᠭᠡ᠂ ᠲᠤᠬᠠᠶ ᠶᠢᠨ | ᠲᠠᠯᠠᠪᠠᠶ ᠶᠢᠨ ᠠᠮᠤᠷ ᠲᠦᠪᠰᠢᠨ ᠤ ᠬᠠᠮᠢᠶᠠᠷᠤᠯᠲᠠ ᠡᠷᠦᠶ ᠬᠤᠷᠤᠶ ᠥᠬᠡᠶ ᠪᠠᠶᠢᠭ᠎ᠠ ᠠᠵᠤ ᠦᠶᠯᠡᠳᠪᠦᠷᠢ | ᠠᠷᠠᠯᠵᠢᠶᠠᠨ ᠤ ᠠᠵᠤ ᠠᠬᠤᠶᠢᠯᠠᠯ᠂ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠠᠩᠬᠠᠷᠤᠯ ᠢᠶᠠᠨ | ᠲᠥᠪᠯᠡᠷᠡᠭᠦᠯᠵᠦ᠂ ᠲᠤᠬᠠᠶ ᠶᠢᠨ ᠲᠠᠯᠠᠪᠠᠶ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠤᠰᠬᠠᠶ ᠴᠡᠭᠴᠡᠯᠡᠨ | ᠵᠠᠰᠠᠯᠲᠠ ᠶᠢ ᠦᠷᠭᠦᠯᠵᠢᠯᠡᠨ ᠥᠷᠨᠢᠭᠦᠯᠪᠠ᠃ ᠣᠳᠣᠬᠠᠨ ᠳᠤ ᠪᠥᠬᠦ ᠲᠤᠭᠤᠷᠢᠭ ᠤᠨ 30 ᠠᠵᠤ ᠦᠶᠯᠡᠳᠪᠦᠷᠢ | ᠠᠷᠠᠯᠵᠢᠶᠠᠨ ᠤ ᠠᠵᠤ ᠠᠬᠤᠶᠢᠯᠠᠯ ︵ᠤᠳᠠᠭ᠎ᠠ︶ ᠶᠢ ᠬᠠᠮᠢᠶᠠᠷᠤᠯᠳᠠ ᠶᠢᠨ ᠬᠡᠪᠴᠢᠶᠠᠨ ᠳᠤ ᠤᠷᠤᠭᠤᠯᠵᠤ᠂ 166 | ᠵᠤᠷᠪᠤᠰ ᠬᠡᠮ ᠰᠤᠭᠤᠭ ᠶᠢ ᠢᠯᠡᠷᠡᠭᠦᠯᠦᠭᠰᠡᠨ ᠪᠥᠭᠡᠳ ᠴᠡᠭᠴᠡᠯᠡᠨ ᠰᠠᠶᠢᠵᠢᠷᠠᠭᠤᠯᠪᠠ᠃ ᠬᠤᠶᠠᠷ ᠲᠤ᠂ | ᠲᠣᠭᠤᠰᠣ ᠲᠠᠢ ᠬᠤᠯᠪᠣᠭᠳᠠᠭᠰᠠᠨ ᠳᠡᠯᠪᠡᠷᠡᠯᠲᠡ ᠶᠢᠨ ᠬᠡᠷᠡᠭ ᠢ ᠲᠤᠰᠬᠠᠶ ᠴᠡᠭᠴᠡᠯᠡᠨ ᠵᠠᠰᠠᠬᠤ ᠶᠢ ᠥᠷᠨᠢᠭᠦᠯᠪᠡ᠃ | ᠵᠢᠶᠠᠩᠰᠦ ᠶᠢᠨ ᠴᠠᠩᠵᠸᠦ ᠶᠢᠨ ︽1·20︾ ᠤ ᠲᠤᠭᠤᠰᠤ ᠠᠴᠠ ᠪᠤᠯᠵᠤ ᠡᠭᠦᠰᠦᠭᠰᠡᠨ ᠳᠡᠯᠪᠡᠷᠡᠯᠲᠡ ᠶᠢᠨ | ᠠᠳᠡᠯ ᠠᠴᠠ ᠭᠦᠨᠵᠡᠭᠡᠶ ᠰᠤᠷᠭᠠᠮᠵᠢ ᠠᠪᠴᠤ᠂ ᠵᠢᠯ ᠤᠨ ᠡᠬᠢᠨ ᠳᠤ ᠲᠤᠭᠤᠰᠤ ᠠᠴᠠ ᠪᠤᠯᠵᠤ ᠳᠡᠯᠪᠡᠷᠡᠯᠲᠡ | ᠡᠭᠦᠰᠬᠦ ᠶᠢ ᠰᠡᠷᠬᠡᠶᠢᠯᠡᠬᠦ ᠲᠤᠰᠬᠠᠶ ᠴᠡᠭᠴᠡᠯᠡᠨ ᠵᠠᠰᠠᠬᠤ ᠠᠵᠢᠯ ᠢ ᠦᠳᠲᠡᠷ ᠲᠦᠷᠭᠡᠨ ᠡᠬᠢᠯᠡᠭᠦᠯᠵᠦ᠂ ᠲᠤᠭᠤᠰᠤ | ᠠᠴᠠ ᠪᠤᠯᠵᠤ ᠳᠡᠯᠪᠡᠷᠡᠯᠲᠡ ᠡᠭᠦᠰᠴᠦ ᠮᠡᠳᠡᠬᠦ 1 ᠠᠵᠤ ᠠᠬᠤᠶᠢᠯᠠᠯ ᠳᠤ ᠲᠣᠭᠤᠷᠢᠨ ᠪᠠᠶᠢᠴᠠᠭᠠᠵᠤ᠂ 8 ᠬᠡᠮ | ᠰᠤᠭᠤᠭ ᠢ ᠢᠯᠡᠷᠡᠭᠦᠯᠦᠭᠰᠡᠨ ᠪᠥᠭᠡᠳ ᠴᠡᠭᠴᠡᠯᠡᠨ ᠵᠠᠰᠠᠪᠠ᠃ ᠭᠤᠷᠪᠠ ᠳᠤ᠂ ᠠᠶᠤᠯᠲᠠᠶ ᠬᠢᠮᠢ ᠶᠢᠨ ᠪᠣᠳᠠᠰ ᠤᠨ ᠠᠵᠤ | ᠠᠬᠤᠶᠢᠯᠠᠯ ᠤᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠪᠠ᠃ ᠠᠶᠤᠯᠲᠠᠶ | ᠪᠣᠳᠠᠰ ᠲᠤ ᠬᠤᠯᠪᠣᠭᠳᠠᠭᠰᠠᠨ ᠨᠠᠶᠢᠳᠠ 29 ᠠᠵᠤ ᠠᠬᠤᠶᠢᠯᠠᠯ ︵ᠤᠳᠠᠭ᠎ᠠ︶ ᠳᠤ ᠲᠣᠭᠤᠷᠢᠨ ᠪᠠᠶᠢᠴᠠᠭᠠᠪᠠ᠃ 43 | ᠵᠤᠷᠪᠤᠰ ᠠᠮᠤᠷ ᠲᠦᠪᠰᠢᠨ ᠤ ᠬᠡᠮ ᠰᠣᠭᠤᠭ ᠢ ᠢᠯᠡᠷᠡᠭᠦᠯᠵᠦ᠂ ᠣᠳᠣᠬᠠᠨ ᠳᠤ ᠪᠦᠬᠦᠨ ᠢ ᠴᠡᠭᠴᠡᠯᠡᠨ | ᠰᠠᠶᠢᠵᠢᠷᠠᠭᠤᠯᠵᠤ᠂ 1 ᠡᠷᠦᠬᠡ ᠶᠢ ᠬᠡᠷᠡᠭ ᠪᠣᠯᠭᠠᠨ ᠳᠡᠩᠰᠡᠯᠡᠵᠦ᠂ 10 ᠲᠦᠮᠡᠨ ᠲᠥᠭᠦᠷᠢᠭ ᠢᠶᠠᠷ ᠲᠣᠷᠭᠠᠪᠠ᠃ ︵ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠲᠣᠪᠴᠢᠶ᠎ᠠ︶ |