2 ᠰᠠᠷ᠎ᠠ ᠶᠢᠨ 20 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠬᠤ᠋ ᠴᠢᠶᠠᠩ | ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ | ᠬᠠᠮᠲᠤ ᠪᠠᠷ ᠡᠳ᠋ᠯᠡᠬᠦ ᠳᠤᠭᠤᠢ ᠲᠡᠷᠭᠡ ᠲᠠᠯᠪᠢᠬᠤ ᠴᠡᠭ ᠲᠤ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ | ᠬᠢᠬᠦ ᠶᠢᠨ ᠬᠠᠮᠲᠤ ᠲᠤᠭᠤᠷᠢᠭ ᠤᠨ ᠬᠠᠤᠯᠢ ᠬᠡᠷᠡᠭᠵᠢᠭᠦᠯᠬᠦ ᠲᠤᠪᠴᠢᠶ᠎ᠠ᠂ ᠲᠤᠭᠤᠷᠢᠭ ᠤᠨ ᠣᠷᠣᠨ ᠰᠠᠭᠤᠴᠠ ᠪᠠ | ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠲᠤᠪᠴᠢᠶ᠎ᠠ᠂ ᠲᠤᠭᠤᠷᠢᠭ ᠤᠨ ᠰᠣᠶᠣᠯ ᠵᠢᠭᠤᠯᠴᠢᠯᠠᠯ ᠤᠨ | ᠲᠤᠪᠴᠢᠶ᠎ᠠ᠂ ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ ᠲᠠᠢ ᠶᠠᠷᠢᠯᠴᠠᠬᠤ ᠬᠤᠷᠠᠯ | ᠬᠤᠷᠠᠯᠳᠤᠭᠤᠯᠪᠠ᠃ | ᠬᠤ᠋ ᠴᠢᠶᠠᠩ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠴᠥᠬᠦᠷᠡᠰᠢ ᠦᠭᠡᠢ ᠠᠬᠢᠭᠤᠯᠵᠤ᠂ ᠬᠤᠳᠠ ᠶᠢᠨ | ᠠᠵᠢᠯᠯᠠᠭᠠᠨ ᠬᠠᠮᠠᠭᠠᠯᠠᠯᠳᠠ ᠶᠢᠨ ᠰᠢᠨᠡᠴᠢᠯᠡᠯᠲᠡ ᠶᠢᠨ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠤᠯᠠᠨ ᠲᠦᠮᠡᠨ ᠤ | ᠪᠠᠴᠢᠮᠳᠠᠵᠤ ᠪᠠᠶᠢᠭ᠎ᠠ ᠠᠰᠠᠭᠤᠳᠠᠯ ᠵᠢᠴᠢ ᠬᠦᠰᠡᠯ ᠡᠷᠡᠮᠡᠯᠵᠡᠯ ᠤᠨ ᠲᠣᠭᠤᠷᠢᠨ ᠳᠤ᠂ ᠦᠢᠯᠡᠳᠦᠯ ᠴᠢᠳᠠᠮᠵᠢ ᠶᠢᠨ | ᠦᠵᠡᠭᠳᠡᠯ ᠪᠠᠶᠢᠳᠠᠯ ᠢ ᠦᠷᠭᠦᠯᠵᠢᠯᠡᠨ ᠲᠡᠭᠦᠯᠳᠡᠷᠵᠢᠭᠦᠯᠵᠦ᠂ ᠡᠳᠦᠷ ᠲᠤᠳᠤᠮ ᠤᠨ ᠬᠠᠮᠢᠶᠠᠷᠤᠯᠲᠠ ᠬᠠᠮᠠᠭᠠᠯᠠᠯᠲᠠ ᠶᠢ | ᠴᠢᠩᠭᠠᠳᠬᠠᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ᠂ ᠠᠵᠢᠯᠯᠠᠬᠤ ᠳᠤ ᠲᠣᠬᠢᠷᠠᠮᠵᠢᠲᠠᠢ᠂ ᠵᠢᠭᠤᠯᠴᠢᠯᠠᠬᠤ ᠳᠤ | ᠲᠣᠬᠢᠷᠠᠮᠵᠢᠲᠠᠢ ᠬᠤᠳᠠ ᠶᠢᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠬᠡᠵᠡᠢ᠃ | ᠲᠤᠭᠤᠷᠢᠭ ᠤᠨ ᠤᠳᠤᠷᠢᠳᠤᠯᠭ᠎ᠠ ᠵᠠᠩ ᠬᠤᠸᠠ᠂ ᠰᠤ᠋ ᠵᠢᠶᠦ᠋ᠨ᠂ ᠡᠤ ᠱᠧᠨ ᠮᠦᠸᠧ ᠵᠢᠴᠢ ᠬᠤᠯᠪᠣᠭᠳᠠᠯ | ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ︵ | ᠰᠤᠷᠪᠤᠯᠵᠢᠯᠠᠭᠴᠢ᠄ ᠵᠣᠣ ᠶᠢᠨ ᠹᠧᠩ᠂ ᠹᠠᠨ ᠷᠦᠢ ᠴᠢᠩ ᠬᠢᠨᠠᠨ ᠬᠠᠷᠭᠤᠭᠤᠯᠬᠤ᠄ ᠲᠣᠭᠤᠷᠢᠭ ᠤᠨ ᠨᠠᠮ ᠤᠨ | ᠬᠤᠷᠢᠶᠠᠨ ᠤ ᠠᠯᠪᠠᠨ ᠬᠡᠷ︶᠃ |