ᠪᠠᠰᠠ ᠨᠢᠭᠡ ᠤᠳᠠᠭᠠᠨ ᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠰᠠᠭᠤᠳᠠᠯ ᠤᠨ ᠬᠤᠷᠠᠯ ᠨᠢ ᠦᠷᠭᠡᠨ | ᠬᠡᠪᠴᠢᠶ᠎ᠡ ᠪᠠᠷ ᠬᠥᠮᠥᠰ ᠤᠨ ᠠᠩᠬᠠᠷᠤᠯ ᠢ ᠲᠠᠲᠠᠵᠠᠢ | 2 ᠳ᠋ᠤᠭᠠᠷ ᠰᠠᠷ᠎ᠠ ᠶᠢᠨ 17 ᠤ ᠦᠳᠡ ᠶᠢᠨ ᠡᠮᠦᠨᠡᠬᠢ 10 ᠴᠠᠭ ᠲᠤ᠂ ᠬᠠᠯᠠᠭᠤᠨ ᠠᠯᠠᠭ᠎ᠠ ᠲᠡᠰᠢᠯᠲᠡ ᠶᠢᠨ ᠳᠤᠮᠳᠠ | ᠶᠡᠷᠦᠩᠬᠡᠢ ᠱᠦᠵᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠶᠡᠭᠡ ᠲᠢᠩᠬᠢᠮ ᠳᠤ ᠠᠯᠬᠤᠨ | ᠣᠷᠣᠵᠤ᠂ ᠡᠯ᠎ᠡ ᠠᠵᠢᠯ ᠲᠦᠷᠦᠯ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠠᠷᠢᠭᠤᠴᠠᠯᠭᠠᠲᠠᠳ ᠯᠤᠭ᠎ᠠ | ᠨᠢᠭᠤᠷᠳᠠᠨ ᠶᠠᠷᠢᠯᠴᠠᠪᠠ᠃ | ᠰᠢᠨ᠎ᠡ ᠬᠥᠭᠵᠢᠯᠲᠡ᠂ ᠰᠢᠨ᠎ᠡ ᠲᠣᠬᠢᠶᠠᠯ᠂ ᠪᠠᠰᠠ ᠰᠢᠨ᠎ᠡ ᠥᠷᠢᠰᠦᠯᠳᠦᠭᠡᠨ ᠲᠤᠯᠭᠠᠷᠠᠵᠤ ᠪᠤᠢ᠃ | ᠡᠨᠡ ᠤᠳᠠᠭᠠᠨ ᠤ ᠰᠠᠭᠤᠳᠠᠯ ᠤᠨ ᠬᠤᠷᠠᠯ ᠢ ᠨᠠᠮ ᠤᠨ ᠲᠥᠪ ᠬᠤᠷᠢᠶ᠎ᠠ ᠬᠤᠷᠠᠯᠳᠤᠭᠤᠯᠤᠭᠰᠠᠨ ᠶᠤᠮ᠃ ᠲᠥᠪ ᠤᠨ | ᠵᠠᠷᠢᠮ ᠤᠳᠤᠷᠢᠳᠬᠤ ᠨᠥᠬᠦᠳ ᠢᠷᠡᠭᠰᠡᠨ ᠪᠦᠭᠡᠳ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠴᠦ ᠢᠷᠡᠭᠰᠡᠨ ᠪᠠᠶᠢᠨ᠎ᠠ᠃ | ᠠᠷᠠᠳ ᠠᠴᠠ ᠡᠵᠡᠩᠨᠡᠭᠰᠡᠨ ᠠᠵᠤ ᠠᠬᠤᠢ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠰᠢᠨ᠎ᠡ ᠬᠦᠴᠦᠨ᠂ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠰᠠᠭᠤᠷᠢ ᠪᠣᠯᠣᠨ᠎ᠠ᠃ ᠦᠨᠳᠦᠷ ᠬᠡᠪ | ᠪᠠᠷᠢᠮᠵᠢᠶ᠎ᠠ ᠪᠦᠬᠦᠢ ᠰᠠᠭᠤᠳᠠᠯ ᠤᠨ ᠬᠤᠷᠠᠯ ᠢ ᠳᠠᠬᠢᠨᠲᠠ ᠬᠤᠷᠠᠯᠳᠤᠭᠤᠯᠤᠭᠰᠠᠨ ᠨᠢ ᠢᠮᠠᠭᠲᠠ ᠲᠤᠭᠤᠰᠢᠲᠠᠢ | ᠲᠤᠭᠤᠰᠢᠯᠠᠭᠤᠯᠬᠤ ᠲᠣᠳᠣᠷᠬᠠᠢ ᠳᠣᠬᠢᠶ᠎ᠠ ᠶᠢ ᠢᠯᠡᠷᠡᠭᠦᠯᠪᠡ᠃ | ᠶᠡᠷᠦᠩᠬᠡᠢ ᠱᠦᠵᠢ ᠰᠢ ᠶᠢᠨ ᠫᠢᠩ᠄ ︽ᠬᠡᠳᠦᠨ ᠠᠷᠪᠠᠨ ᠵᠢᠯ ᠤᠨ ᠲᠤᠷᠰᠢ᠂ ᠥᠭᠡᠷᠡᠴᠢᠯᠡᠯᠲᠡ ᠨᠡᠭᠡᠭᠡᠯᠲᠡ ᠪᠠ | ᠨᠡᠶᠢᠭᠡᠮ ᠵᠢᠷᠤᠮᠲᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠲᠠᠬᠢ ᠠᠷᠠᠳ ᠠᠴᠠ ᠡᠵᠡᠩᠨᠡᠭᠰᠡᠨ ᠠᠵᠤ | ᠠᠬᠤᠢ ᠶᠢᠨ ᠪᠠᠶᠢᠷᠢ ᠰᠠᠭᠤᠷᠢ ᠪᠠ ᠦᠢᠯᠡᠳᠦᠯ ᠤᠨ ᠲᠠᠨᠢᠯᠲᠠ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ | ᠬᠥᠭᠵᠢᠯᠲᠡ ᠶᠢᠨ ᠲᠠᠯ᠎ᠠ ᠪᠠᠷ ᠬᠢ ᠨᠠᠮ ᠪᠠ ᠤᠯᠤᠰ ᠤᠨ ᠴᠢᠭᠯᠡᠯᠲᠡ ᠲᠥᠷᠥ ᠶᠢᠨ ᠪᠣᠳᠣᠯᠭ᠎ᠠ ᠶᠢᠨ ᠲᠤᠬᠠᠢ ᠮᠠᠨ ᠤ ᠨᠠᠮ ᠤᠨ | ᠣᠨᠣᠯ ᠪᠠ ᠦᠢᠯᠡᠳᠦᠯᠭᠡ ᠪᠣᠯ ᠤᠳᠤᠮ ᠤᠯᠠᠮᠵᠢᠯᠠᠯ ᠨᠢᠭᠡᠲᠡᠢ ᠪᠦᠭᠡᠳ ᠴᠠᠭ ᠦᠶ᠎ᠡ ᠲᠠᠢ ᠵᠡᠷᠭᠡ ᠪᠠᠷ ᠤᠷᠤᠭᠰᠢᠯᠠᠭᠰᠠᠨ | ᠶᠤᠮ︾ ᠭᠡᠵᠦ ᠬᠡᠯᠡᠭᠰᠡᠨ ᠪᠠᠶᠢᠨ᠎ᠠ᠃ | ︽ᠪᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠳᠡᠮᠵᠢᠭᠰᠡᠭᠡᠷ ᠢᠷᠡᠭᠰᠡᠨ ᠶᠤᠮ᠂ ᠮᠦᠨ ᠴᠦ ᠠᠷᠠᠳ ᠠᠴᠠ | ᠡᠵᠡᠩᠨᠡᠭᠰᠡᠨ ᠠᠵᠤ ᠠᠬᠤᠢ ᠨᠡᠯᠢᠶᠡᠳ ᠬᠥᠭᠵᠢᠭᠰᠡᠨ ᠭᠠᠵᠠᠷ ᠣᠷᠣᠨ ᠳᠤ ᠠᠵᠢᠯᠯᠠᠵᠤ ᠪᠠᠶᠢᠭᠰᠠᠨ︾᠃ ᠡᠳᠡᠭᠡᠷ | ᠵᠢᠯ ᠤᠳ ᠤᠨ ᠲᠤᠷᠰᠢ᠂ ᠰᠢ ᠶᠢᠨ ᠫᠢᠩ ᠨᠥᠬᠦᠷ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠡᠷᠡᠭᠦᠯ ᠬᠥᠭᠵᠢᠯᠲᠡ ᠶᠢ | ᠲᠦᠢᠯ ᠢᠶᠠᠷ ᠴᠢᠬᠤᠯᠠᠴᠢᠯᠠᠨ ᠳᠡᠮᠵᠢᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠨ ᠤ ᠡᠷᠡᠭᠦᠯ ᠢᠶᠠᠷ ᠦᠰᠦᠨ | ᠪᠤᠶᠢᠵᠢᠬᠤ ᠶᠢ ᠬᠠᠯᠠᠮᠵᠢᠯᠠᠭᠰᠠᠭᠠᠷ ᠢᠷᠡᠪᠡ᠃ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠬᠤᠷᠢᠳᠤᠭᠠᠷ ᠶᠡᠭᠡ ᠬᠤᠷᠠᠯ ᠬᠦᠷᠲᠡᠯ᠎ᠡ᠂ ᠨᠠᠮ ᠤᠨ ᠠᠷᠪᠠᠨ | ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯᠳᠤᠭᠠᠨ ᠠᠴᠠ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯᠳᠤᠭᠠᠨ ᠵᠡᠷᠭᠡ ᠲᠥᠪ ᠬᠤᠷᠢᠶᠠᠨ ᠤ ᠪᠦᠬᠦᠳᠡ | ᠬᠤᠷᠠᠯᠳᠤᠭᠠᠨ ᠬᠦᠷᠲᠡᠯ᠎ᠡ᠂ ᠶᠡᠷᠦᠩᠬᠡᠢ ᠱᠦᠵᠢ ᠰᠢ ᠶᠢᠨ ᠫᠢᠩ ᠴᠢᠬᠤᠯᠠ ᠬᠤᠷᠠᠯᠳᠤᠭᠠᠨ ᠳᠡᠭᠡᠷ᠎ᠡ ᠠᠷᠠᠳ ᠠᠴᠠ ᠡᠵᠡᠩᠨᠡᠭᠰᠡᠨ | ᠠᠵᠤ ᠠᠬᠤᠢ ᠶᠢᠨ ᠬᠥᠭᠵᠢᠯᠲᠡ ᠶᠢᠨ ᠲᠤᠬᠠᠢ ᠨᠠᠮ ᠤᠨ ᠲᠥᠪ ᠬᠤᠷᠢᠶᠠᠨ ᠤ ᠴᠢᠭᠯᠡᠯᠲᠡ ᠲᠦᠷᠦ ᠶᠢᠨ ᠪᠣᠳᠣᠯᠭ᠎ᠠ ᠶᠢ ᠤᠯᠠᠨ | ᠤᠳᠠᠭ᠎ᠠ ᠲᠣᠳᠣᠷᠬᠠᠶᠢᠯᠠᠨ ᠥᠭᠦᠯᠡᠪᠡ᠃ | ᠡᠨᠡ ᠤᠳᠠᠭᠠᠨ ᠤ ᠰᠠᠭᠤᠳᠠᠯ ᠤᠨ ᠬᠤᠷᠠᠯ ᠳᠡᠭᠡᠷ᠎ᠡ᠂ ᠶᠡᠷᠦᠩᠬᠡᠢ ᠱᠦᠵᠢ᠄ ︽ᠨᠠᠮ ᠪᠠ ᠤᠯᠤᠰ ᠠᠴᠠ ᠠᠷᠠᠳ ᠠᠴᠠ | ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢᠨ ᠲᠤᠬᠠᠢ ᠦᠨᠳᠦᠰᠦᠨ ᠴᠢᠭᠯᠡᠯᠲᠡ ᠲᠦᠷᠦ ᠶᠢᠨ ᠪᠣᠳᠣᠯᠭ᠎ᠠ ᠶᠢ ᠨᠢᠭᠡᠨᠲᠡ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠲᠣᠭᠲᠠᠯᠴᠠᠭ᠎ᠠ ᠳᠤ ᠣᠷᠣᠭᠤᠯᠵᠤ᠂ | ᠢᠮᠠᠭᠲᠠ ᠲᠤᠭᠤᠰᠢᠲᠠᠢ ᠪᠠᠷᠢᠮᠲᠠᠯᠠᠨ ᠨᠠᠶᠢᠳᠠᠪᠤᠷᠢᠵᠢᠭᠤᠯᠤᠨ᠎ᠠ᠂ ᠬᠤᠪᠢᠷᠠᠭᠤᠯᠵᠤ ᠪᠣᠯᠬᠤ ᠦᠭᠡᠢ᠂ ᠬᠤᠪᠢᠷᠠᠭᠤᠯᠬᠤ ᠴᠤ | ᠦᠭᠡᠢ ᠶᠤᠮ︾ ᠭᠡᠵᠦ ᠳᠠᠬᠢᠨᠲᠠ ᠴᠢᠬᠤᠯᠠᠴᠢᠯᠠᠪᠠ᠃ | ᠣᠳᠣᠬᠠᠨ ᠤ ᠬᠦᠴᠢᠷᠳᠡᠯ ᠪᠠ ᠥᠷᠢᠰᠦᠯᠳᠦᠭᠡᠨ ᠢ ᠬᠡᠷᠬᠢᠨ ᠦᠵᠡᠬᠦ ᠪᠤᠢ︖ ᠶᠠᠭᠠᠬᠢᠪᠠᠯ ᠵᠣᠬᠢᠬᠤ ᠪᠤᠢ︖ | ᠶᠡᠷᠦᠩᠬᠡᠢ ᠱᠦᠵᠢ ᠰᠢ ᠶᠢᠨ ᠫᠢᠩ᠄ ︽ᠣᠳᠣᠬᠠᠨ ᠤ ᠠᠷᠠᠳ ᠠᠴᠠ ᠡᠵᠡᠩᠨᠡᠭᠰᠡᠨ ᠠᠵᠤ ᠠᠬᠤᠢ ᠶᠢᠨ | ᠬᠥᠭᠵᠢᠯᠲᠡ ᠳᠤ ᠲᠤᠯᠭᠠᠷᠠᠵᠤ ᠪᠠᠶᠢᠭ᠎ᠠ ᠵᠠᠷᠢᠮ ᠬᠦᠴᠢᠷᠳᠡᠯ ᠪᠠ ᠥᠷᠢᠰᠦᠯᠳᠦᠭᠡᠨ ᠨᠢ ᠶᠡᠷᠦᠩᠬᠡᠢ ᠳᠤ ᠪᠠᠨ ᠥᠭᠡᠷᠡᠴᠢᠯᠡᠯᠲᠡ | ᠬᠥᠭᠵᠢᠯᠲᠡ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠠᠪᠤᠴᠠ ᠳᠤ ᠢᠯᠡᠷᠡᠭᠰᠡᠨ ᠶᠤᠮ᠂ | ᠬᠡᠰᠡᠭ ᠲᠠᠯ᠎ᠠ ᠶᠢᠨ ᠬᠢ ᠪᠣᠯᠬᠤ ᠠᠴᠠ ᠪᠢᠰᠢ ᠪᠦᠬᠦᠯᠢ ᠴᠣᠭᠴᠠ ᠶᠢᠨ ᠬᠢ ᠪᠢᠰᠢ᠂ ᠲᠦᠷ ᠴᠠᠭ ᠤᠨ ᠬᠢ ᠪᠣᠯᠬᠤ ᠠᠴᠠ ᠪᠢᠰᠢ | ᠤᠷᠲᠤ ᠬᠤᠭᠤᠴᠠᠭᠠᠨ ᠤ ᠬᠢ ᠪᠢᠰᠢ᠂ ᠢᠯᠠᠨ ᠳᠠᠪᠠᠵᠤ ᠳᠡᠶᠢᠯᠬᠦ ᠠᠴᠠ ᠪᠢᠰᠢ ᠰᠢᠢᠳᠪᠦᠷᠢᠯᠡᠵᠦ ᠳᠡᠶᠢᠯᠬᠦ ᠦᠭᠡᠢ ᠪᠢᠰᠢ ᠶᠤᠮ︾ | ︽ᠬᠦᠴᠢᠷᠳᠡᠯ ᠪᠠ ᠥᠷᠢᠰᠦᠯᠳᠦᠭᠡᠨ ᠤ ᠳᠤᠮᠳᠠ ᠬᠥᠭᠵᠢᠯᠲᠡ ᠶᠢ ᠣᠯᠵᠤ ᠬᠠᠷᠠᠨ᠂ ᠭᠡᠭᠡᠨ ᠰᠠᠷᠠᠭᠤᠯ ᠪᠠ ᠢᠷᠡᠭᠡᠳᠦᠢ ᠶᠢ | ᠣᠯᠵᠤ ᠬᠠᠷᠠᠬᠤ ᠬᠡᠷᠡᠭᠲᠡᠢ᠂ ᠬᠥᠭᠵᠢᠯᠲᠡ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠬᠥᠭᠵᠢᠯᠲᠡ ᠶᠢᠨ ᠢᠲᠡᠭᠡᠯ ᠢᠶᠠᠨ | ᠴᠢᠩᠭᠠᠷᠠᠭᠤᠯᠤᠨ᠂ ᠰᠠᠶᠢᠲᠤᠷ ᠲᠡᠮᠡᠴᠡᠵᠦ ᠢᠯᠠᠯᠲᠠ ᠣᠯᠬᠤ ᠴᠤᠭ ᠰᠦᠯᠳᠡ ᠢᠲᠡᠭᠡᠯ ᠵᠣᠷᠢᠭ ᠲᠠᠢ ᠪᠠᠶᠢᠬᠤ ᠬᠡᠷᠡᠭᠲᠡᠢ︾ | ᠭᠡᠵᠦ ᠵᠢᠭᠠᠵᠤ ᠭᠠᠷᠭᠠᠪᠠ᠃ | |