ᠨᠢᠭᠡ ᠳᠤ᠂ ᠵᠡᠭᠡᠯᠢ ᠭᠤᠳᠤᠮᠵᠢ ᠶᠢᠨ ᠬᠢᠨ ᠠᠳᠠᠯ ᠠᠬᠤᠶ ᠶᠢᠨ ᠬᠠᠮᠢᠶᠠᠷᠤᠯᠳᠠ ᠯᠤᠭ᠎ᠠ ᠬᠠᠮᠵᠢᠯᠴᠠᠨ | ᠬᠤᠷᠢᠶᠠᠯᠠᠯ ᠤᠨ ᠭᠠᠯ ᠢ ᠰᠡᠷᠭᠡᠶᠢᠯᠡᠬᠦ ᠭᠠᠯ ᠤᠨᠳᠠᠷᠠᠭᠠᠬᠤ ᠠᠮᠤᠷ ᠲᠦᠪᠰᠢᠨ ᠤ ᠬᠡᠮ ᠰᠣᠭᠤᠭ ᠢ ᠬᠠᠮᠲᠤᠷᠠᠨ ᠵᠠᠰᠠᠵᠤ᠂ | ᠬᠤᠷᠢᠶᠠᠯᠠᠯ ᠤᠨ ᠳᠣᠲᠣᠷᠠᠬᠢ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠲᠣᠭᠲᠠᠮᠠᠯ ᠬᠤᠭᠤᠴᠠᠭ᠎ᠠ ᠲᠠᠢ ᠪᠠᠷ | ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ᠂ ᠭᠠᠯ ᠤᠨᠳᠠᠷᠠᠭᠠᠬᠤ ᠠᠮᠤᠷ ᠲᠦᠪᠰᠢᠨ ᠤ ᠵᠠᠮ | ᠰᠤᠪᠠᠭ ᠢ ᠡᠵᠡᠯᠡᠨ ᠪᠥᠭᠯᠡᠬᠦ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠲᠤᠶᠢᠯᠪᠤᠷᠢᠳᠠᠢ | ᠪᠠᠶᠢᠴᠠᠭᠠᠯᠲᠠ ᠥᠷᠨᠢᠭᠦᠯᠪᠠ᠃ 1 ᠰᠠᠷ᠎ᠠ ᠶᠢᠨ 1 ᠤ ᠡᠳᠦᠷ ᠠᠴᠠ 2 ᠰᠠᠷ᠎ᠠ ᠶᠢᠨ 20 ᠤ ᠡᠳᠦᠷ ᠪᠣᠯᠲᠠᠯ᠎ᠠ᠂ ᠠᠮᠤᠷ | ᠲᠦᠪᠰᠢᠨ ᠤ ᠬᠡᠮ ᠰᠤᠭᠤᠭ ᠢ ᠨᠡᠶᠢᠲᠡ 801 ᠤᠳᠠᠭ᠎ᠠ ᠵᠢᠭᠰᠠᠭᠠᠨ ᠪᠠᠶᠢᠴᠠᠭᠠᠪᠠ᠃ ᠬᠤᠶᠠᠷ ᠲᠤ᠂ ᠸᠢᠴᠠᠲ | ᠨᠡᠶᠢᠲᠡ ᠶᠢᠨ ᠲᠠᠪᠴᠠᠩ᠂ LED ᠳᠡᠯᠭᠡᠴᠡ ᠶᠢ ᠠᠰᠢᠭᠯᠠᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ | ᠴᠠᠬᠢᠯᠭᠠᠨ ᠴᠡᠨᠡᠭᠯᠡᠬᠦ ᠪᠤᠳᠠᠳᠠᠢ ᠬᠡᠷᠡᠭ ᠪᠠ ᠰᠢᠨᠵᠢᠯᠡᠬᠦ ᠤᠬᠠᠭᠠᠨ ᠤ ᠮᠡᠳᠡᠯᠬᠡ ᠶᠢ ᠲᠦᠭᠡᠮᠡᠯᠵᠢᠭᠦᠯᠬᠦ ᠤᠬᠠᠭᠤᠯᠭ᠎ᠠ ᠶᠢ | ᠦᠷᠨᠢᠬᠦᠯᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠠᠮᠤᠷ ᠲᠦᠪᠰᠢᠨ ᠤ ᠬᠡᠮ ᠰᠣᠭᠤᠭ ᠤᠨ ᠲᠤᠬᠠᠶ | ᠣᠯᠠᠨ ᠲᠦᠮᠡᠨ ᠤ ᠲᠠᠨᠢᠯᠳᠠ ᠶᠢᠨ ᠲᠦᠪᠰᠢᠨ ᠢ ᠳᠡᠭᠡᠭᠰᠢᠯᠡᠭᠦᠯᠪᠡ᠃ ᠣᠳᠣᠬᠠᠨ ᠪᠣᠯᠲᠠᠯ᠎ᠠ᠂ ᠴᠠᠬᠢᠯᠭᠠᠨ | ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠲᠤᠬᠠᠢ ᠨᠠᠶᠢᠳᠠ 151 ᠬᠤᠪᠢ ᠰᠠᠨᠠᠭᠤᠯᠤᠮᠵᠢ ᠶᠢ | ᠨᠠᠭᠠᠵᠤ ᠤᠬᠠᠭᠤᠯᠪᠠ᠃ ᠭᠤᠷᠪᠠ ᠳᠤ᠂ ᠣᠯᠠᠨ ᠲᠦᠮᠡᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ | ᠴᠠᠬᠢᠯᠭᠠᠨ ᠴᠡᠨᠡᠭᠯᠡᠬᠦ ᠳᠤ ᠬᠦᠴᠢᠷᠲᠡᠶ ᠪᠠᠶᠢᠬᠤ ᠠᠰᠠᠭᠤᠳᠠᠯ ᠢ ᠰᠢᠶᠳᠪᠦᠷᠢᠯᠡᠬᠦ ᠶᠢᠨ ᠲᠥᠯᠥᠭᠡ᠂ 2025 ᠣᠨ ᠳᠤ | ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠤᠶᠤᠨᠲᠤ ᠴᠠᠬᠢᠯᠭᠠᠨ ᠴᠡᠨᠡᠭᠯᠡᠬᠦ ᠰᠠᠷᠠᠪᠴᠢ ᠶᠢᠨ ᠢᠵᠢ | ᠪᠥᠷᠢᠳᠦᠭᠦᠯᠬᠦ 9 ᠲᠤᠨᠤᠭ ᠲᠥᠬᠦᠭᠡᠷᠦᠮᠵᠢ ᠶᠢ ᠰᠢᠨ᠎ᠡ ᠪᠠᠷ ᠨᠡᠮᠡᠵᠦ ᠪᠠᠶᠢᠭᠤᠯᠤᠨ᠂ ᠴᠠᠬᠢᠯᠭᠠᠨ ᠬᠥᠳᠡᠯᠭᠡᠭᠦᠷᠲᠦ | ᠳᠤᠭᠤᠶ ᠲᠡᠷᠭᠡ ᠶᠢᠨ ︽ᠴᠠᠬᠢᠯᠭᠠᠨ ᠴᠡᠨᠡᠭᠯᠡᠬᠦ ᠳᠤ ᠬᠦᠴᠢᠷᠲᠡᠶ ᠪᠠᠶᠢᠬᠤ︾ ᠠᠮᠤᠷ ᠲᠦᠪᠰᠢᠨ ᠤ ᠬᠡᠮ ᠰᠤᠭᠤᠭ ᠤᠨ | ᠠᠰᠠᠭᠤᠳᠠᠯ ᠢ ᠠᠯᠬᠤᠮ ᠠᠯᠬᠤᠮ ᠢᠶᠠᠷ ᠰᠢᠶᠳᠪᠦᠷᠢᠯᠡᠬᠦ ᠪᠠᠷ ᠲᠥᠯᠥᠪᠯᠡᠵᠦ ᠪᠠᠶᠢᠨ᠎ᠠ᠃ ︵ᠬᠠᠲᠤᠨ ᠭᠤᠣᠯ ᠪᠠᠷᠠᠭᠤᠨ | ᠵᠠᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ |