ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠵᠤ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2025/2/23
     ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠥᠨᠥᠳᠦᠷ ︵2 ᠰᠠᠷ᠎ᠠ ᠶᠢᠨ 21 ᠤ ᠡᠳᠦᠷ︶ ᠬᠤᠷᠠᠯᠳᠤᠵᠤ᠂ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠲᠥᠪ ᠤᠨ ᠪᠠ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠬᠤ᠋ ᠴᠢᠶᠠᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃
     ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠵᠤ᠂ ︽ᠭᠤᠷᠪᠠ ᠶᠢ ᠪᠠᠲᠤᠯᠠᠬᠤ ᠬᠤᠶᠠᠷ ᠢ ᠡᠷᠢᠬᠦ︾ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ ᠳᠡᠭᠡᠷ᠎ᠡ ᠭᠤᠷᠪᠠᠨ ᠱᠠᠲᠤᠨ ᠤ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ᠂ ᠬᠥᠭᠵᠢᠯᠲᠡ ᠶᠢ ᠠᠬᠢᠭᠤᠯᠬᠤ ᠦᠢᠯᠡᠳᠦᠯ ᠢ ᠪᠠᠳᠠᠷᠠᠭᠤᠯᠵᠤ᠂ ᠡᠶ᠎ᠡ ᠵᠤᠬᠢᠴᠠᠩᠭᠤᠢ ᠪᠥᠭᠡᠳ ᠲᠣᠭᠲᠠᠭᠤᠨ ᠨᠡᠶᠢᠭᠡᠮ ᠤᠨ ᠣᠷᠴᠢᠨ ᠨᠥᠬᠦᠴᠡᠯ ᠢ ᠪᠤᠢ ᠪᠣᠯᠭᠠᠬᠤ ᠬᠡᠷᠡᠭᠲᠡᠢ ᠬᠡᠵᠤ ᠴᠢᠬᠤᠯᠠᠴᠢᠯᠠᠪᠠ᠃ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ ︵ᠰᠤᠷᠪᠤᠯᠵᠢᠯᠠᠭᠴᠢ᠄ ᠹᠧᠩ ᠰᠢᠤᠸᠠᠢ  ᠹᠠᠨ ᠷᠦᠢ ᠴᠢᠩ   ᠬᠢᠨᠠᠨ ᠬᠠᠷᠭᠤᠭᠤᠯᠤᠬᠰᠠᠨ ᠨᠢ  ᠄ ᠲᠤᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号