ᠬᠤ᠋ ᠴᠢᠶᠠᠩ ᠬᠦᠨᠳᠡᠯᠡᠨ ᠭᠤᠤᠯ ᠪᠠᠯᠭᠠᠰᠤ᠂ ᠺᠦᠨ ᠪᠸᠢ ᠵᠡᠭᠡᠯᠢ ᠭᠤᠳᠤᠮᠵᠢ ᠳᠤ ᠪᠠᠶᠢᠴᠠᠭᠠᠨ ᠰᠤᠳᠤᠯᠪᠡ
ᠨᠡᠶᠢᠲᠡᠯᠡᠭᠰᠡᠨ ᠴᠠᠭ᠄
2025/2/24
     2 ᠰᠠᠷ᠎ᠠ ᠶᠢᠨ 22 ᠤᠨ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠬᠤ᠋ ᠴᠢᠶᠠᠩ ᠬᠦᠨᠳᠠᠯᠠᠨ ᠭᠤᠤᠯ ᠪᠠᠯᠭᠠᠰᠤ᠂ ᠺᠦᠨ ᠪᠸᠢ ᠵᠡᠭᠡᠯᠢ ᠭᠤᠳᠤᠮᠵᠢ ᠳᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠲᠤᠰ ᠲᠤᠰ ᠶᠠᠷᠢᠯᠴᠠᠬᠤ ᠬᠤᠷᠠᠯ ᠬᠤᠷᠠᠯᠳᠤᠭᠤᠯᠪᠠ᠃     ᠬᠤ᠋ ᠴᠢᠶᠠᠩ᠂ ᠬᠤᠳᠠ ᠶᠢᠨ ᠤᠶᠢᠷ᠎ᠠ ᠲᠡᠭᠦᠷᠭᠡ ᠶᠢᠨ ᠣᠷᠣᠨ ᠪᠠᠶᠢᠷᠢ ᠶᠢᠨ ᠳᠠᠪᠠᠭᠤᠯᠢᠭ ᠪᠣᠯᠤᠨ ᠡᠬᠢ ᠪᠠᠶᠠᠯᠢᠭ ᠤᠨ ᠣᠨᠴᠠᠯᠢᠭ ᠲᠠᠢ ᠪᠠᠨ ᠤᠶᠠᠯᠳᠤᠭᠤᠯᠤᠨ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠦᠷᠦᠯ ᠵᠦᠢᠯ ᠢ ᠨᠠᠷᠢᠨ ᠬᠢᠨᠠᠮᠠᠭᠠᠢ ᠲᠥᠯᠥᠪᠵᠢᠭᠦᠯᠦᠨ ᠰᠢᠰᠲ᠋ᠧᠮ ᠲᠠᠢ ᠠᠬᠢᠭᠤᠯᠵᠤ᠂ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠬᠦ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠬᠦᠴᠦᠲᠡᠢ ᠠᠬᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠬᠤᠳᠠ ᠬᠥᠳᠡᠭᠡ ᠶᠢ ᠨᠢᠭᠡ ᠴᠤᠬᠴᠠᠵᠢᠭᠤᠯᠤᠨ ᠬᠥᠭᠵᠢᠭᠦᠯᠬᠦ᠂ ᠦᠨᠳᠦᠰᠦᠨ ᠱᠠᠲᠤᠨ ᠤ ᠵᠠᠰᠠᠯᠲᠠ ᠶᠢᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠠᠷᠠᠳ ᠤᠯᠠᠨ ᠤ ᠵᠢᠷᠭᠠᠯᠲᠤ ᠲᠦᠷᠦᠭᠳᠡᠯ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ ᠭᠡᠪᠠ᠃     ᠲᠤᠭᠤᠷᠢᠭ ᠤᠨ ᠤᠳᠤᠷᠢᠳᠤᠯᠭ᠎ᠠ ᠸᠠᠩ ᠭᠠᠩ᠂ ᠬᠤ᠋ ᠲᠢᠩ᠂ ᠰᠦ᠋ ᠵᠢᠶᠦ᠋ᠨ᠂ ᠦ᠋ ᠱᠧᠨ ᠮᠦᠸᠧ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ︵ᠰᠤᠷᠪᠤᠯᠵᠢᠯᠠᠭᠴᠢ᠄ ᠯᠢᠦ ᠵᠢᠩ ᠬᠠᠨ᠂ ᠼᠠᠢ ᠱᠢ ᠡᠾᠦ᠋ᠢ   ᠬᠢᠨᠠᠨ ᠬᠠᠷᠭᠤᠭᠤᠯᠤᠬᠰᠠᠨ ᠨᠢ᠄ ᠲᠤᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号