ᠣᠶᠢᠷ᠎ᠠ ᠳᠤ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠬᠤ᠋ ᠴᠢᠶᠠᠩ ᠨᠠᠮ ᠤᠨ ᠬᠡᠰᠢᠬᠦᠨ ᠪᠠ ᠣᠯᠠᠨ | ᠲᠦᠮᠡᠨ ᠤ ᠠᠵᠢᠯ ᠤᠨ ᠰᠠᠯᠠᠭ᠎ᠠ ᠮᠥᠴᠢᠷ ᠲᠤ ᠬᠦᠷᠴᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ | ᠬᠤᠷᠠᠯ ᠬᠤᠷᠠᠯᠳᠤᠭᠤᠯᠪᠠ᠃ | ᠬᠤ᠋ ᠴᠢᠶᠠᠩ᠂ ᠨᠠᠮ ᠢ ᠴᠢᠩᠭ᠎ᠠ ᠵᠠᠰᠠᠬᠤ ᠡᠯ᠎ᠡ ᠵᠦᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠵᠡᠯ ᠰᠠᠨᠠᠭᠠᠨ ᠤ | ᠰᠠᠭᠤᠷᠢ ᠶᠢ ᠪᠠᠬᠢᠵᠢᠭᠦᠯᠵᠦ᠂ ᠨᠠᠮ ᠤᠨ ᠪᠠᠶᠢᠭᠤᠯᠤᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠬᠦᠲᠦᠯᠦᠨ | ᠳᠠᠭᠠᠭᠤᠯᠬᠤ ᠡᠯ᠎ᠡ ᠵᠦᠢᠯ ᠤᠨ ᠡᠭᠦᠷᠭᠡ ᠶᠢ ᠪᠣᠳᠠᠲᠠᠢ ᠠᠳᠬᠤᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ | ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ | ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠦᠬᠦ ᠬᠦᠴᠦ ᠪᠠᠷ ᠢᠶᠠᠨ | ᠠᠬᠢᠭᠤᠯᠬᠤ ᠬᠡᠷᠡᠭᠲᠡᠢ᠃ ᠡᠯ᠎ᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠨᠢ ᠲᠣᠰ ᠲᠣᠰ ᠤᠨ | ᠡᠭᠦᠷᠭᠡ ᠲᠤᠰᠢᠶᠠᠯ ᠪᠠ ᠳᠠᠪᠠᠭᠤᠯᠢᠭ ᠲᠠᠢ ᠪᠠᠨ ᠤᠶᠠᠯᠳᠤᠭᠤᠯᠤᠨ᠂ ᠬᠥᠭᠦᠷᠭᠡ ᠬᠤᠯᠪᠣᠭᠠᠰᠤ ᠶᠢᠨ ᠦᠶᠯᠡᠳᠦᠯ ᠢᠶᠠᠨ | ᠭᠦᠶᠴᠡᠳ ᠪᠠᠳᠠᠷᠠᠭᠤᠯᠵᠤ᠂ ᠬᠥᠭᠵᠢᠯᠲᠡ ᠳᠤ ᠦᠶᠯᠡᠴᠢᠯᠡᠬᠦ᠂ ᠣᠯᠠᠨ ᠲᠦᠮᠡᠨ ᠳᠤ ᠦᠶᠯᠡᠴᠢᠯᠡᠬᠦ ᠲᠠᠯ᠎ᠠ ᠪᠠᠷ ᠨᠠᠩ | ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ ᠬᠡᠵᠡᠢ᠃ | ᠲᠤᠭᠤᠷᠢᠭ ᠤᠨ ᠤᠳᠤᠷᠢᠳᠤᠯᠭ᠎ᠠ ᠸᠠᠩ ᠭᠠᠩ᠂ ᠵᠠᠩ ᠬᠤᠸᠠ᠂ ᠯᠢᠦ ᠷᠦᠢ ᠯᠦᠩ᠂ ᠵᠠᠩ ᠭᠦᠸᠧ ᠴᠢᠶᠠᠩ᠂ | ᠰᠤ᠋ ᠵᠢᠶᠦ᠋ᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ | ᠰᠤᠳᠤᠯᠤᠯᠲᠠ ᠳᠤ ᠣᠷᠣᠯᠴᠠᠪᠠ᠃ ︵ᠰᠤᠷᠪᠤᠯᠵᠢᠯᠠᠭᠴᠢ᠄ ᠹᠧᠩ ᠰᠢᠤᠸᠠᠢ ᠯᠢᠦ ᠵᠢᠩ ᠬᠠᠨ ᠬᠢᠨᠠᠨ | ᠬᠠᠷᠭᠤᠭᠤᠯᠤᠬᠰᠠᠨ ᠨᠢ᠄ ᠲᠤᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ︶ |