ᠬᠥᠨᠳᠡᠯᠡᠨ ᠲᠣᠭᠤᠷᠢᠭ ᠤᠨ ᠲᠠᠪᠰᠢᠯᠳᠠ ᠵᠠᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ
ᠨᠡᠶᠢᠲᠡᠯᠡᠭᠰᠡᠨ ᠴᠠᠭ᠄
2025/2/25
    ᠨᠢᠭᠡ᠂ ᠪᠠᠶᠢᠭᠤᠯᠤᠮᠵᠢ ᠶᠢᠨ ᠲᠤᠬᠢᠷᠠᠭᠤᠯᠤᠯᠳᠠ     ᠬᠥᠨᠳᠡᠯᠡᠨ ᠲᠣᠭᠤᠷᠢᠭ ᠤᠨ ᠲᠠᠪᠰᠢᠯᠳᠠ ᠵᠠᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠨᠠᠮ ᠵᠠᠰᠠᠭ ᠤᠨ ᠶᠡᠷᠦᠩᠬᠡᠢ ᠠᠯᠪᠠᠨ ᠬᠡᠷ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠬᠡᠷ᠂ ᠨᠡᠶᠢᠭᠡᠮ ᠤᠨ ᠶᠠᠪᠤᠳᠠᠯ ᠤᠨ ᠠᠯᠪᠠᠨ ᠬᠡᠷ᠂ ᠬᠤᠲᠠ ᠶᠢᠨ ᠬᠠᠮᠢᠶᠠᠷᠤᠯᠲᠠ ᠶᠢᠨ ᠠᠯᠪᠠᠨ ᠬᠡᠷ᠂ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠠᠯᠪᠠᠨ ᠬᠡᠷ ᠵᠡᠷᠭᠡ ᠨᠠᠮ ᠵᠠᠰᠠᠭ ᠤᠨ 5 ᠪᠠᠶᠢᠭᠤᠯᠤᠮᠵᠢ ᠪᠠ ᠨᠠᠮ ᠤᠨ ᠬᠡᠰᠢᠬᠦᠨ ᠪᠠ ᠣᠯᠠᠨ ᠲᠦᠮᠡᠨ ᠤ ᠦᠶᠯᠡᠴᠢᠯᠡᠭᠡᠨ ᠤ ᠲᠥᠪ ᠬᠡᠬᠦ 1 ᠠᠵᠢᠯ ᠦᠶᠯᠡᠰ ᠤᠨ ᠨᠢᠬᠡᠴᠢ ᠶᠢ ᠲᠣᠬᠢᠷᠠᠭᠤᠯᠵᠤ᠂  ᠵᠠᠯᠠᠭᠤᠰ 11 ᠳ᠋ᠤᠭᠡᠷ ᠳ᠋ᠤᠭᠠᠷ ᠨᠡᠶᠢᠭᠡᠮ ᠲᠣᠭᠤᠷᠢᠭ᠂ ᠵᠠᠯᠠᠭᠤᠰ 16 ᠳ᠋ᠤᠭᠠᠷ ᠨᠡᠶᠢᠭᠡᠮ ᠲᠣᠭᠤᠷᠢᠭ᠂ ᠵᠠᠯᠠᠭᠤᠰ 20 ᠳ᠋ᠤᠭᠠᠷ ᠨᠡᠶᠢᠭᠡᠮ ᠲᠣᠭᠤᠷᠢᠭ᠂ ᠵᠠᠯᠠᠭᠤᠰ 22 ᠳ᠋ᠤᠭᠠᠷ ᠨᠡᠶᠢᠭᠡᠮ ᠲᠣᠭᠤᠷᠢᠭ᠂ ᠪᠣᠯᠣᠳ 24 ᠳ᠋ᠤᠭᠡᠷ ᠨᠡᠶᠢᠭᠡᠮ ᠲᠣᠭᠤᠷᠢᠭ᠂ ᠪᠣᠯᠣᠳ 32 ᠳ᠋ᠤᠭᠠᠷ ᠨᠡᠶᠢᠭᠡᠮ ᠲᠣᠭᠤᠷᠢᠭ᠂ ᠪᠣᠯᠣᠳ 37 ᠳ᠋ᠤᠭᠠᠷ ᠨᠡᠶᠢᠭᠡᠮ ᠲᠣᠭᠤᠷᠢᠭ᠂ ᠡᠾᠦ᠋ᠢ ᠮᠢᠨ 8 ᠳ᠋ᠤᠭᠠᠷ ᠨᠡᠶᠢᠭᠡᠮ ᠲᠣᠭᠤᠷᠢᠭ ᠵᠡᠷᠬᠡ ᠶᠢ ᠪᠠᠭᠳᠠᠭᠠᠨ᠎ᠠ᠃     ᠬᠤᠶᠠᠷ᠂ ᠭᠤᠣᠯ ᠲᠤᠰᠢᠶᠠᠯ ᠬᠠᠷᠢᠭᠤᠴᠠᠯᠭ᠎ᠠ     ︵ᠨᠢᠭᠡ︶ ᠨᠠᠮ ᠵᠠᠰᠠᠭ ᠤᠨ ᠪᠠᠶᠢᠭᠤᠯᠤᠮᠵᠢ ᠶᠢᠨ ᠲᠤᠰᠢᠶᠠᠯ ᠬᠠᠷᠢᠭᠤᠴᠠᠯᠭ᠎ᠠ    1. ᠨᠠᠮ ᠵᠠᠰᠠᠭ ᠤᠨ ᠶᠡᠷᠦᠩᠬᠡᠢ ᠠᠯᠪᠠᠨ ᠭᠡᠷ ᠤᠨ ᠲᠤᠰᠢᠶᠠᠯ ᠬᠠᠷᠢᠭᠤᠴᠠᠯᠭ᠎ᠠ᠄ ᠨᠠᠮ ᠤᠨ ᠠᠵᠢᠯ ᠤᠨ ᠬᠤᠷᠢᠶ᠎ᠠ᠂ ᠬᠡᠷᠡᠭ ᠡᠷᠬᠢᠯᠡᠬᠦ ᠭᠠᠵᠠᠷ ᠤᠨ ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ︔ ᠬᠥᠨᠳᠡᠯᠡᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ︔ ᠨᠠᠮ ᠤᠨ ᠠᠵᠢᠯ ᠤᠨ ᠬᠤᠷᠢᠶ᠎ᠠ᠂ ᠬᠡᠷᠡᠭ ᠡᠷᠬᠢᠯᠡᠬᠦ ᠭᠠᠵᠠᠷ ᠤᠨ ᠰᠢᠶᠳᠪᠦᠷᠢᠲᠦ ᠪᠣᠳᠣᠯᠭ᠎ᠠ ᠲᠣᠭᠲᠠᠭᠠᠬᠤ ᠶᠢ ᠱᠠᠯᠠᠪᠳᠠᠭᠤᠯᠤᠨ ᠪᠠᠶᠢᠴᠠᠭᠠᠬᠤ ᠠᠵᠢᠯ ᠢ ᠬᠠᠷᠢᠭᠤᠴᠠᠨ᠎ᠠ︔ ᠠᠵᠢᠯᠳᠠᠨ ᠤ ᠶᠠᠪᠤᠳᠠᠯ ᠪᠠ ᠡᠳ᠋ ᠤᠨ ᠶᠠᠪᠤᠳᠠᠯ ᠵᠡᠷᠭᠡ ᠠᠵᠢᠯ ᠢ ᠬᠠᠷᠢᠭᠤᠴᠠᠨ᠎ᠠ᠃     2 . ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠭᠡᠷ ᠤᠨ ᠲᠤᠰᠢᠶᠠᠯ ᠬᠠᠷᠢᠭᠤᠴᠠᠯᠭ᠎ᠠ᠄ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠪᠠ ᠣᠯᠠᠨ ᠲᠦᠮᠡᠨ ᠤ ᠪᠦᠯᠬᠦᠮ ᠤᠨ ᠠᠵᠢᠯ ᠢ ᠬᠠᠷᠢᠭᠤᠴᠠᠨ᠎ᠠ︔ ᠰᠤᠷᠳᠠᠯ ᠤᠬᠠᠭᠤᠯᠭ᠎ᠠ᠂ ᠦᠵᠡᠯ ᠤᠬᠠᠮᠰᠠᠷ ᠤᠨ ᠬᠡᠯᠪᠡᠷᠢ᠂ ᠰᠣᠶᠣᠯ ᠪᠡᠶ᠎ᠡ ᠶᠢᠨ ᠲᠠᠮᠢᠷ ᠤᠨ ᠠᠵᠢᠯ ᠢ ᠬᠠᠷᠢᠭᠤᠴᠠᠨ᠎ᠠ︔ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ ᠨᠢᠭᠡᠳᠦᠮᠡᠯ ᠹᠷᠣᠨᠲ᠂ ᠦᠨᠳᠦᠰᠦᠲᠡᠨ ᠪᠠ ᠱᠠᠰᠢᠨ ᠰᠤᠷᠲᠠᠬᠤᠨ ᠵᠡᠷᠭᠡ ᠠᠵᠢᠯ ᠢ ᠬᠠᠷᠢᠭᠤᠴᠠᠨ᠎ᠠ᠃     3. ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠭᠡᠷ ᠤᠨ ᠲᠤᠰᠢᠶᠠᠯ ᠬᠠᠷᠢᠭᠤᠴᠠᠯᠭ᠎ᠠ᠄ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠵᠡᠮᠳᠡᠭᠴᠦᠳ ᠤᠨ ᠬᠤᠯᠪᠣᠭ᠎ᠠ᠂ ᠲᠤᠭ᠎ᠠ ᠪᠦᠷᠢᠳᠬᠡᠯ᠂ ᠬᠥᠳᠡᠯᠮᠦᠷᠢ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠲᠥᠯᠥᠪᠯᠡᠭᠡᠲᠦ ᠦᠷᠡᠵᠢᠯ᠂ ᠨᠡᠶᠢᠭᠡᠮ ᠤᠨ ᠪᠦᠯᠬᠦᠮ ᠵᠡᠷᠭᠡ ᠨᠡᠶᠢᠭᠡᠮ ᠤᠨ ᠬᠡᠷᠡᠭ ᠶᠠᠪᠤᠳᠠᠯ ᠤᠨ ᠴᠢᠨᠠᠷᠲᠠᠶ ᠠᠵᠢᠯ ᠢ ᠬᠠᠷᠢᠭᠤᠴᠠᠨ᠎ᠠ︔ ᠲᠤᠤᠷᠵᠢᠭᠤᠯᠤᠯᠳᠠ ᠶᠢᠨ ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ᠃    4. ᠬᠤᠲᠠ ᠶᠢᠨ ᠬᠠᠮᠢᠶᠠᠷᠤᠯᠲᠠ ᠶᠢᠨ ᠠᠯᠪᠠᠨ ᠭᠡᠷ ᠤᠨ ᠲᠤᠰᠢᠶᠠᠯ ᠬᠠᠷᠢᠭᠤᠴᠠᠯᠭ᠎ᠠ᠄ ᠬᠠᠷᠢᠶ᠎ᠠ ᠣᠷᠣᠨ ᠤ ᠬᠤᠲᠠ ᠶᠢᠨ ᠲᠦᠷᠢ ᠲᠦᠷᠬᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠰᠠᠭᠤᠭᠠᠯᠢ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠳᠠ᠂ ᠣᠯᠠᠨ ᠨᠡᠶᠢᠲᠡ ᠶᠢᠨ ᠲᠤᠨᠤᠭ ᠲᠦᠬᠦᠭᠡᠷᠦᠮᠵᠢ ᠶᠢᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ︔ ᠵᠡᠭᠡᠯᠢ ᠭᠤᠳᠤᠮᠵᠢ ᠶᠢᠨ ᠵᠣᠬᠢᠶᠠᠨ ᠪᠠᠶᠢᠭᠤᠯᠤᠨ ᠶᠠᠪᠤᠭᠳᠠᠭᠤᠯᠬᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠰᠦᠪ ᠢ ᠬᠢᠨᠠᠨ ᠬᠠᠷᠭᠤᠭᠤᠯᠬᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠡᠷᠭᠡ ᠠᠵᠢᠯ ᠢ ᠬᠠᠷᠢᠭᠤᠴᠠᠨ᠎ᠠ︔ ᠬᠠᠷᠢᠶ᠎ᠠ ᠣᠷᠣᠨ ᠤ ᠪᠠᠨ ᠳᠣᠲᠣᠷᠠᠬᠢ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠬᠠᠪᠰᠤᠷᠤᠨ ᠨᠠᠶᠢᠳᠠᠪᠤᠷᠢᠵᠢᠭᠤᠯᠤᠨ᠎ᠠ︔ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠠᠮᠢᠲᠠᠨ ᠤ ᠬᠢᠵᠢᠭ ᠢ ᠰᠡᠷᠭᠡᠶᠢᠯᠡᠬᠦ ᠬᠢᠬᠡᠳ ᠪᠣᠯᠪᠠᠰᠤᠨ ᠬᠤᠲᠠ ᠪᠠ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠵᠡᠷᠭᠡ ᠬᠠᠮᠢᠶ᠎ᠠ ᠪᠦᠬᠦᠢ ᠠᠵᠢᠯ ᠢ ᠶᠡᠷᠦᠩᠬᠡᠶᠢᠯᠡᠨ ᠵᠣᠬᠢᠴᠠᠭᠤᠯᠤᠨ᠎ᠠ︔ ᠬᠠᠷᠢᠶ᠎ᠠ ᠣᠷᠣᠨ ᠤ ᠪᠠᠨ ᠳᠣᠲᠣᠷᠠᠬᠢ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠤᠨᠤᠭ ᠲᠦᠬᠦᠭᠡᠷᠦᠮᠵᠢ ᠶᠢᠨ ᠲᠥᠯᠥᠪᠵᠢᠭᠦᠯᠭᠡ ᠪᠣᠯᠤᠨ ᠬᠠᠷᠢᠶ᠎ᠠ ᠣᠷᠣᠨ ᠤ ᠳᠣᠲᠣᠷᠠᠬᠢ ᠪᠠᠷᠢᠯᠭ᠎ᠠ ᠶᠢᠨ ᠲᠥᠷᠥᠯ ᠵᠦᠢᠯ ᠤᠨ ᠠᠵᠢᠯ ᠳᠠᠭᠤᠰᠤᠭᠰᠠᠨ ᠢ ᠰᠢᠯᠭᠠᠨ ᠠᠪᠬᠤ᠂ ᠬᠤᠷᠢᠶᠠᠯᠠᠯ ᠤᠨ ᠲᠥᠯᠥᠪᠵᠢᠭᠦᠯᠭᠡ ᠶᠢ ᠰᠢᠯᠭᠠᠨ ᠠᠪᠬᠤ ᠵᠡᠷᠭᠡ ᠠᠵᠢᠯ ᠢ ᠬᠠᠪᠰᠤᠷᠤᠨ ᠰᠠᠶᠢᠲᠤᠷ ᠬᠢᠨ᠎ᠡ︔ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠳᠠ᠂ ᠣᠷᠴᠢᠨ ᠲᠣᠭᠤᠷᠢᠨ ᠤ ᠬᠠᠮᠠᠭᠠᠯᠠᠯᠲᠠ᠂ ᠬᠠᠭᠤᠴᠢᠨ ᠬᠤᠷᠢᠶᠠᠯᠠᠯ ᠢ ᠴᠡᠭᠴᠡᠯᠡᠨ ᠵᠠᠰᠠᠬᠤ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠬᠠᠮᠢᠶᠠᠷᠤᠯᠲᠠ ᠵᠡᠷᠭᠡ ᠠᠵᠢᠯ ᠢ ᠬᠠᠮᠵᠢᠯᠴᠠᠨ ᠥᠷᠨᠢᠭᠦᠯᠦᠨ᠎ᠡ᠃     5. ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠠᠯᠪᠠᠨ ᠭᠡᠷ ᠤᠨ ᠲᠤᠰᠢᠶᠠᠯ ᠬᠠᠷᠢᠭᠤᠴᠠᠯᠭ᠎ᠠ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ᠂ ᠵᠠᠬᠢᠳᠠᠯ ᠰᠤᠷᠪᠤᠯᠵᠢᠯᠠᠯ ᠲᠣᠭᠲᠠᠭᠤᠨ ᠢ ᠬᠠᠮᠠᠭᠠᠯᠠᠬᠤ ᠪᠠ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠬᠠᠷᠢᠭᠤᠴᠠᠨ᠎ᠠ︔ ᠵᠡᠭᠡᠯᠢ ᠭᠤᠳᠤᠮᠵᠢ ᠶᠢᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ ᠠᠬᠢᠭᠤᠯᠤᠨ᠎ᠠ᠃     ᠬᠠᠷᠢᠭᠤᠴᠠᠯᠭᠠᠲᠠᠨ᠄ ᠯᠢ ᠲᠢᠶᠧ ᠴᠧᠩ     ᠬᠠᠷᠢᠯᠴᠠᠬᠤ ᠠᠷᠭ᠎ᠠ᠄ 0472 — 2529833     ᠠᠯᠪᠠᠯᠠᠬᠤ ᠭᠠᠵᠠᠷ᠄ ᠬᠥᠨᠳᠡᠯᠡᠨ ᠲᠣᠭᠤᠷᠢᠭ ᠤᠨ ᠵᠠᠯᠠᠭᠤᠰ ᠵᠠᠮ ᠤᠨ 16 ᠳ᠋ᠤᠭᠠᠷ ᠨᠤᠮᠧᠷᠲᠦ ︵ᠲᠠᠪᠰᠢᠯᠳᠠ ᠵᠠᠮ ᠪᠣᠯᠤᠨ ᠪᠠᠶᠠᠨ ᠤᠪᠤᠭ᠎ᠠ ᠵᠠᠮ ᠤᠨ ᠠᠭᠤᠯᠵᠠᠷ  ᠬᠡᠰᠡᠭ ᠠᠴᠠ ᠵᠡᠬᠦᠨᠰᠢ 50 ᠮᠧᠲᠷ ᠤᠨ ᠵᠠᠢ ᠳᠠᠬᠢ ᠬᠥᠨᠳᠡᠯᠡᠨ ᠲᠣᠭᠤᠷᠢᠭ ᠤᠨ ᠡᠮᠨᠡᠯᠭᠡ ᠶᠢᠨ ᠬᠤᠷᠢᠶ᠎ᠠ ᠶᠢᠨ ᠬᠤᠷᠢᠶᠠᠨ ᠳᠤ᠃     ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠪᠤᠯᠳᠠᠯ᠎ᠠ ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶  ︵8᠄ 30 —12᠄ 00︔ 14᠄ 30— 17᠄ 30︶     ︵ᠬᠤᠶᠠᠷ︶ ᠠᠵᠢᠯ ᠦᠢᠯᠡᠰ ᠤᠨ ᠨᠢᠬᠡᠴᠢ ᠶᠢᠨ ᠭᠤᠣᠯ ᠲᠤᠰᠢᠶᠠᠯ ᠬᠠᠷᠢᠭᠤᠴᠠᠯᠭ᠎ᠠ     ᠨᠠᠮ ᠤᠨ ᠬᠡᠰᠢᠬᠦᠨ ᠪᠠ ᠣᠯᠠᠨ ᠲᠦᠮᠡᠨ ᠤ ᠦᠶᠯᠡᠴᠢᠯᠡᠭᠡᠨ ᠤ ᠲᠥᠪ ︵ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠲᠥᠪ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠶᠯᠡᠴᠢᠯᠡᠭᠡᠨ ᠤ ᠥᠷᠲᠡᠭᠡ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠭᠠᠵᠠᠷ ᠤᠨ ᠫᠠᠶᠢᠰᠠ ᠶᠢ ᠬᠠᠪᠰᠤᠷᠭᠠᠨ ᠡᠯᠬᠦᠵᠤ ᠪᠤᠢ︶᠄ ᠨᠠᠮ ᠤᠨ ᠭᠡᠰᠢᠭᠦᠨ ᠪᠠ ᠣᠯᠠᠨ ᠲᠦᠮᠡᠨ ᠳᠤ ᠦᠶᠯᠡᠴᠢᠯᠡᠬᠦ ᠲᠥᠷᠥᠯ ᠵᠦᠶᠯ ᠤᠨ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ ᠪᠠ ᠲᠣᠬᠢᠷᠠᠭᠤᠯᠤᠯᠲᠠ ᠶᠢᠨ ᠠᠵᠢᠯ ᠢ ᠬᠠᠷᠢᠭᠤᠴᠠᠵᠤ᠂ ᠨᠠᠮ ᠤᠨ ᠭᠡᠰᠢᠭᠦᠨ ᠪᠠ ᠣᠯᠠᠨ ᠲᠦᠮᠡᠨ ᠳᠤ ᠶᠡᠷᠦᠩᠬᠡᠶᠢᠯᠡᠭᠰᠡᠨ ᠴᠢᠨᠠᠷᠲᠠᠶ ᠦᠶᠯᠡᠴᠢᠯᠡᠭᠡᠨ ᠤ ᠲᠤᠯᠭᠠᠭᠤᠷᠢᠯᠠᠯ ᠲᠠᠪᠴᠠᠩ ᠬᠠᠩᠭᠠᠨ᠎ᠠ︔ ᠬᠠᠷᠢᠶ᠎ᠠ ᠣᠷᠣᠨ ᠤ ᠨᠠᠮ ᠤᠨ ᠭᠡᠰᠢᠭᠦᠨ ᠲᠠᠢ ᠬᠠᠷᠢᠯᠴᠠᠬᠤ ᠪᠠ ᠦᠶᠯᠡᠴᠢᠯᠡᠬᠦ ᠶᠢ ᠬᠠᠷᠢᠭᠤᠴᠠᠨ᠎ᠠ︔ ᠨᠠᠮ ᠤᠨ ᠬᠡᠰᠢᠬᠦᠨ ᠪᠠ ᠣᠯᠠᠨ ᠲᠦᠮᠡᠨ ᠤ ᠦᠢᠯᠡᠴᠢᠯᠡᠭᠡᠨ ᠤ ᠡᠯ᠎ᠡ ᠲᠥᠷᠥᠯ ᠤᠨ ᠠᠵᠢᠯᠯᠠᠭᠠᠨ ᠤ ᠲᠠᠯᠠᠪᠤᠷ ᠭᠠᠵᠠᠷ ᠤᠨ ᠴᠢᠳᠠᠮᠵᠢ ᠶᠢᠨ ᠲᠥᠯᠥᠪᠵᠢᠭᠦᠯᠪᠡ᠂ ᠬᠠᠮᠢᠶᠠᠷᠤᠯᠲᠠ ᠪᠠ ᠬᠠᠮᠠᠭᠠᠯᠠᠯᠲᠠ ᠶᠢ ᠬᠠᠷᠢᠭᠤᠴᠠᠨ᠎ᠠ︔ ᠶᠡᠷᠦᠩᠬᠡᠶᠢᠯᠡᠭᠰᠡᠨ ᠬᠢᠨᠠᠨ ᠵᠥᠪᠰᠢᠶᠡᠷᠡᠬᠦ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ︔ ᠴᠡᠷᠢᠭ ᠤᠨ ᠠᠯᠪᠠ ᠠᠴᠠ ᠬᠠᠯᠠᠬᠳᠠᠬᠰᠠᠳ ᠤᠨ ᠠᠵᠢᠯ ᠣᠯᠵᠤ ᠦᠢᠯᠡᠰ ᠪᠤᠰᠬᠠᠬᠤ ᠶᠢ ᠲᠡᠳᠬᠦᠨ ᠳᠡᠮᠵᠢᠬᠦ᠂ ᠬᠠᠷᠠᠭᠠᠯᠵᠠᠨ ᠲᠡᠳᠬᠦᠬᠦ᠂ ᠰᠤᠷᠪᠤᠯᠵᠢᠯᠠᠨ ᠲᠣᠬᠤᠨᠢᠭᠤᠯᠬᠤ᠂ ᠵᠠᠬᠢᠳᠠᠯ ᠰᠤᠷᠪᠤᠯᠵᠢᠯᠠᠯ ᠶᠢ ᠬᠦᠯᠢᠶᠡᠨ ᠠᠪᠬᠤ᠂ ᠡᠷᠬᠡ ᠠᠰᠢᠭ ᠢ ᠨᠢ ᠪᠠᠲᠤᠯᠠᠬᠤ ᠵᠡᠷᠭᠡ ᠬᠡᠷᠡᠭ ᠶᠠᠪᠤᠳᠠᠯ ᠤᠨ ᠴᠢᠨᠠᠷᠲᠠᠢ ᠠᠵᠢᠯ ᠢ ᠡᠭᠦᠷᠭᠡᠯᠡᠨ᠎ᠡ︔ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠵᠡᠷᠭᠡ ᠠᠵᠢᠯ ᠢ ᠬᠠᠷᠢᠭᠤᠴᠠᠨ᠎ᠠ︔ ᠵᠡᠭᠡᠯᠢ ᠭᠤᠳᠤᠮᠵᠢ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠪᠣᠯᠤᠨ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯ ᠢ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠪᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃    ᠬᠠᠷᠢᠭᠤᠴᠠᠯᠭᠠᠲᠠᠨ᠄ ᠯᠢᠦ ᠡᠾᠦ᠋ᠢ ᠮᠢᠨ    ᠬᠠᠷᠢᠯᠴᠠᠬᠤ ᠤᠳᠠᠰᠤ᠄ 0472 — 2621651    ᠠᠯᠪᠠᠯᠠᠬᠤ ᠭᠠᠵᠠᠷ᠄ ᠬᠥᠨᠳᠡᠯᠡᠨ ᠲᠣᠭᠤᠷᠢᠭ ᠤᠨ ᠲᠠᠪᠰᠢᠺᠯᠳᠠ ᠵᠠᠮ ᠵᠡᠭᠡᠯᠢ ᠭᠤᠳᠤᠮᠵᠢ ᠶᠢᠨ ᠪᠤᠯᠤᠳ 32  ᠳ᠋ᠤᠭᠠᠷ ᠵᠡᠭᠡᠯᠢ ᠭᠤᠳᠤᠮᠵᠢ ︵ᠤᠯᠠᠭᠠᠨ ᠵᠠᠮ ᠪᠣᠯᠤᠨ ᠪᠠᠶᠠᠨ ᠤᠪᠤᠭ᠎ᠠ ᠵᠠᠮ ᠤᠨ ᠠᠭᠤᠯᠵᠠᠷ ᠭᠡᠰᠡᠭ ᠠᠴᠠ ᠪᠠᠷᠠᠭᠤᠨ ᠡᠮᠦᠨᠡᠰᠢ ᠪᠠᠨ 120 ᠮᠧᠲᠷ ᠤᠨ ᠵᠠᠢ ᠳᠤ ᠪᠠᠶᠢᠷᠢᠯᠠᠵᠤ ᠪᠤᠢ︶    ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠪᠤᠯᠳᠠᠯ᠎ᠠ ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶  ︵8᠄ 30 — 12᠄ 00︔ 14᠄ 30 — 17᠄ 30︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号