ᠵ᠊ᠠᠰᠠᠭ ᠤᠨ ᠤᠷᠳᠤᠨ ᠤ ᠠᠵᠢᠯ ᠤᠨ ᠢᠯᠡᠳᠬᠡᠯ | — 2025 ᠣᠨ ᠤ 1 ᠰᠠᠷ᠎ᠠ ᠶᠢᠨ 15 ᠤ ᠡᠳᠦᠷ ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠳᠡᠭᠡᠷ᠎ᠡ | ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠢᠦᠢ ᠵᠠᠨ | ᠵᠢᠶᠠᠩ | ᠲᠥᠯᠥᠭᠡᠯᠡᠭᠴᠢᠳ ᠡ᠄ | ᠣᠳᠣ ᠪᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ | ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2024 ᠣᠨ ᠤ ᠠᠵᠢᠯ ᠤᠨ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠳᠤ᠂ ᠲᠣᠭᠤᠷᠢᠭ ᠳᠠᠶᠠᠭᠠᠷ ᠢᠶᠠᠨ ᠪᠦᠯᠬᠦᠮᠳᠡᠨ ᠨᠢᠭᠡᠳᠴᠦ᠂ ᠡᠭᠦᠷᠭᠡ | ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠲᠤᠰᠢᠶᠠᠭᠰᠠᠨ ︽ᠬᠤᠶᠠᠷ ᠶᠡᠭᠡ ᠶᠠᠪᠤᠳᠠᠯ︾ ᠢ ᠬᠦᠴᠦᠯᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ︽ | ᠵᠢᠷᠭᠤᠭᠠᠨ ᠢᠨᠵᠧᠨᠧᠷᠢᠩ︾ ᠪᠣᠯᠤᠨ ᠪᠤᠭᠤᠲᠤ ᠬᠤᠳᠠ ᠶᠢᠨ ︽ᠲᠤᠯᠤᠭᠠᠨ ᠶᠡᠭᠡ ᠠᠵᠢᠯᠯᠠᠭ᠎ᠠ︾ ᠶᠢ ᠪᠦᠬᠦ | ᠬᠦᠴᠦ ᠪᠠᠷ ᠢᠶᠠᠨ ᠨᠠᠶᠢᠳᠠᠪᠤᠷᠢᠵᠢᠭᠤᠯᠵᠤ᠂ ᠮᠠᠨ ᠤ ᠲᠣᠭᠤᠷᠢᠭ ᠤᠨ ᠡᠯ᠎ᠡ ᠵᠦᠢᠯ ᠤᠨ ᠠᠵᠢᠯ ᠦᠢᠯᠡᠰ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠵᠤ᠂ ᠦᠷᠭᠦᠯᠵᠢᠯᠡᠨ ᠪᠦᠬᠦ ᠬᠤᠳᠠ ᠳᠤ ︽ᠭᠤᠣᠯ ᠡᠭᠦᠷᠭᠡ ᠶᠢ ᠡᠭᠦᠷᠭᠡᠯᠡᠵᠦ᠂ | ᠦᠯᠢᠭᠡᠷ ᠳᠠᠭᠤᠷᠢᠶᠠᠯ ᠪᠣᠯᠪᠠ︾᠃ ᠨᠢᠭᠡ ᠵᠢᠯ ᠤᠨ ᠲᠤᠷᠰᠢ ᠭᠤᠣᠯᠳᠠᠭᠤ ᠳᠣᠣᠷᠠᠬᠢ ᠠᠵᠢᠯ ᠤᠳ ᠢ ᠬᠢᠪᠡ᠃ | ︵ᠨᠢᠭᠡ︶ ᠬᠠᠷᠠᠯᠲᠠ ᠪᠠᠨ ᠲᠣᠭᠲᠠᠭᠠᠵᠤ᠂ ᠳᠠᠷᠤᠯᠲᠠ ᠶᠢ ᠲᠤᠯᠵᠤ ᠡᠷᠡᠯᠬᠡᠭᠯᠡᠨ ᠤᠷᠤᠭᠰᠢᠯᠠᠵᠤ᠂ ᠬᠦᠴᠢᠷ ᠢ | ᠲᠤᠭᠤᠯᠤᠨ ᠪᠡᠷᠬᠡ ᠶᠢ ᠳᠠᠪᠠᠭ᠋ᠤ ᠳᠤᠮᠳᠠ ᠠᠵᠤ ᠠᠬᠤᠢ ᠶᠢᠨ ᠡᠷᠬᠢᠯᠳᠡ ᠶᠢᠨ ᠲᠣᠭᠲᠠᠭᠤᠨ ᠤ ᠳᠤᠮᠳᠠ | ᠰᠠᠶᠢᠵᠢᠷᠠᠬᠤ ᠶᠢ ᠠᠬᠢᠭᠤᠯᠪᠠ᠃ ᠬᠡᠷᠡᠭᠴᠡᠭᠡ ᠬᠦᠷᠦᠯᠴᠡᠬᠦ ᠥᠬᠡᠶ᠂ ᠠᠵᠤ ᠦᠶᠯᠡᠳᠪᠦᠷᠢ ᠶᠢᠨ ᠬᠦᠭᠵᠢᠯᠳᠠ ᠶᠢᠨ | ᠳᠠᠷᠤᠯᠲᠠ ᠲᠠᠢ᠂ ᠡᠳ᠋ ᠤᠨ ᠵᠠᠰᠠᠭ ᠤᠨ ᠣᠷᠣᠯᠭ᠎ᠠ ᠶᠢᠨ ᠬᠠᠰᠤᠭᠳᠠᠯ᠂ ᠵᠢᠱᠢᠯᠲᠡ ᠪᠠᠭᠤᠷᠠᠶ ᠵᠡᠷᠭᠡ ᠣᠯᠠᠨ ᠳᠠᠪᠬᠤᠷ | ᠠᠰᠢᠭ ᠥᠬᠡᠶ ᠬᠦᠴᠦᠨ ᠵᠦᠶᠯ ᠳᠠᠪᠬᠤᠴᠠᠬᠰᠠᠨ ᠪᠠᠶᠢᠳᠠᠯ ᠤᠨ ᠡᠮᠦᠨ᠎ᠡ᠂ ᠪᠢᠳᠡ ᠠᠷᠠᠯᠵᠢᠶᠠᠴᠢᠨ ᠤᠷᠢᠵᠤ ᠪᠠᠯᠠ | ᠮᠦᠩᠬᠦ ᠣᠷᠣᠭᠤᠯᠤᠨ ᠠᠪᠴᠢᠷᠠᠬᠰᠠᠨ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠳᠬᠤᠵᠤ᠂ | ᠪᠠᠯᠠ ᠣᠷᠣᠭᠤᠯᠤᠯᠲᠠ ᠶᠢᠨ ᠨᠡᠮᠡᠭᠳᠡᠯ ᠬᠡᠷᠡᠭᠯᠡᠭᠡ ᠶᠢᠨ ᠨᠡᠮᠡᠭᠳᠡᠯ ᠢ ᠴᠢᠩᠭ᠎ᠠ ᠠᠳᠬᠤᠵᠤ᠂ ᠠᠵᠤ ᠦᠶᠯᠡᠳᠪᠦᠷᠢ ᠶᠢᠨ | ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠤᠨ᠂ ᠨᠡᠮᠡᠭᠳᠡᠯ ᠤᠨ ᠬᠠᠮ ᠲᠥᠷᠥ ᠶᠢᠨ ᠪᠣᠳᠣᠯᠭ᠎ᠠ ᠶᠢ ᠰᠠᠶᠢᠲᠤᠷ | ᠬᠡᠷᠡᠭᠯᠡᠵᠦ᠂ ᠪᠠᠷᠤᠭ 1300 ᠳ᠋ᠦᠩᠰᠢᠭᠤᠷ ᠲᠥᠭᠦᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ | ᠦᠶᠯᠡᠳᠪᠦᠷᠢ ᠶᠢᠨ ᠦᠶᠯᠡᠳᠬᠦᠨ ᠤ ᠥᠷᠲᠡᠭ᠂ 380 ᠳ᠋ᠦᠩᠰᠢᠭᠤᠷ ᠲᠥᠭᠦᠷᠢᠭ ᠤᠨ ᠨᠡᠶᠢᠭᠡᠮ ᠤᠨ ᠬᠡᠷᠡᠭᠯᠡᠭᠡᠨ ᠤ | ᠵᠦᠶᠯ ᠢ ᠵᠢᠵᠢᠭᠯᠡᠨ ᠪᠤᠷᠤᠯᠠᠭᠤᠯᠬᠤ᠂ 260 ᠳ᠋ᠦᠩᠰᠢᠭᠤᠷ ᠲᠥᠭᠦᠷᠢᠭ ᠤᠨ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠶᠢ ᠪᠡᠶᠡᠯᠡᠭᠦᠯᠵᠦ᠂ 7 ᠲᠦᠮᠡ ᠭᠠᠷᠤᠶ ᠡᠷᠦᠬᠡ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ | ᠬᠦᠴᠦᠲᠡᠶ ᠲᠤᠯᠭᠠᠭᠤᠷᠢᠯᠠᠯ ᠳᠤᠤᠷ᠎ᠠ᠂ ᠡᠯ᠎ᠡ ᠵᠦᠶᠯ ᠤᠨ ᠠᠵᠤ ᠠᠬᠤᠢ ᠶᠢᠨ ᠭᠦᠶᠴᠡᠳᠬᠡᠯ ᠲᠤᠭ᠎ᠠ ᠶᠢ | ᠵᠢᠱᠢᠯᠲᠡ ᠠᠴᠠ ᠰᠠᠶᠢᠨ ᠪᠣᠯᠭᠠᠵᠤ᠂ ᠠᠵᠤ ᠠᠬᠤᠢ ᠶᠢᠨ ᠡᠷᠬᠢᠯᠳᠡ ᠶᠢᠨ ᠲᠣᠭᠲᠠᠭᠤᠨ ᠪᠥᠭᠡᠳ ᠲᠦᠷᠭᠡᠨ | ᠬᠥᠭᠵᠢᠯᠲᠡ ᠶᠢ ᠪᠡᠶᠡᠯᠡᠭᠦᠯᠪᠡ᠃ ᠵᠢᠱᠢᠯᠲᠡ ᠪᠠᠷ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠪᠠ | ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ | ᠴᠥᠮ 8% ᠠᠴᠠ ᠳᠡᠭᠡᠭᠰᠢ ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 20% ᠠᠴᠠ ᠳᠡᠭᠡᠭᠰᠢ ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ | ᠪᠤᠷᠤᠯᠠᠭᠤᠯᠤᠬᠰᠠᠨ ᠶᠡᠷᠦᠩᠬᠡᠶ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 5% ᠣᠷᠴᠢᠮ ᠨᠡᠮᠡᠭᠳᠡᠵᠦ᠂ ᠡᠩ ᠤᠨ | ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 34.3 ᠳ᠋ᠦᠩᠰᠢᠭᠤᠷ ᠲᠥᠭᠦᠷᠢᠭ᠂ ᠡᠩ ᠤᠨ ᠣᠯᠠᠨ ᠨᠡᠶᠢᠲᠡ ᠶᠢᠨ | ᠲᠥᠰᠦᠪ ᠤᠨ ᠵᠠᠷᠤᠯᠭ᠎ᠠ 55.8 ᠳ᠋ᠦᠩᠰᠢᠭᠤᠷ ᠲᠥᠭᠦᠷᠢᠭ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ | ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 5% ᠣᠷᠴᠢᠮ ᠨᠡᠮᠡᠭᠳᠡᠪᠡ᠃ ᠠᠵᠤ ᠠᠬᠤᠶ ᠶᠢᠨ ᠶᠡᠷᠦᠩᠬᠡᠶ | ᠬᠡᠮᠵᠢᠶ᠎ᠡ ᠶᠢᠨ ᠪᠥᠬᠦ ᠬᠤᠲᠠ ᠳᠤ ᠦᠵᠡᠭᠦᠯᠦᠭᠰᠡᠨ ᠬᠤᠪᠢ ᠨᠡᠮᠡᠷᠢ ᠲᠡᠷᠢᠭᠦᠨ ᠪᠠᠶᠢᠷᠢ ᠶᠢ ᠪᠠᠲᠤᠯᠠᠵᠤ᠂ ᠪᠥᠬᠦ | ᠤᠯᠤᠰ ᠤᠨ ᠵᠠᠭᠤᠨ ᠬᠦᠴᠦᠷᠬᠡᠭ ᠰᠢᠶᠠᠨ ᠬᠤᠲᠠ ᠲᠣᠭᠤᠷᠢᠭ ᠤᠨ ᠨᠡᠷᠡᠰ ᠤᠨ ᠵᠢᠭᠰᠠᠭᠠᠯᠲᠠ 10 ᠨᠡᠷᠡᠰ | ᠡᠮᠦᠨᠡᠰᠢᠯᠡᠵᠤ᠂ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠳᠤᠮᠳᠠᠳᠤ ᠤᠯᠤᠰ ᠤᠨ ᠪᠠᠷᠠᠭᠤᠨ ᠣᠷᠣᠨ ᠤ ᠵᠠᠭᠤᠨ | ᠬᠦᠴᠦᠷᠬᠡᠭ ᠲᠤᠭᠤᠷᠢᠭ ᠤᠨ ᠬᠤᠷᠢᠳᠤᠭᠠᠷ ᠲᠤ ᠣᠷᠣᠵᠤ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ | ᠬᠥᠭᠵᠢᠯᠲᠡ ᠶᠢᠨ ᠬᠤᠰᠢᠭᠤᠴᠢ ᠪᠣᠯᠬᠤ ᠪᠠᠷ ᠪᠥᠬᠦ ᠲᠠᠯ᠎ᠠ ᠪᠠᠷ ᠴᠢᠷᠮᠠᠶᠢᠭᠰᠠᠨ ᠬᠢᠷᠢ ᠲᠡᠩᠴᠡᠭᠰᠡᠨ ᠰᠢᠯᠭᠠᠯᠲᠠ ᠶᠢᠨ | ᠬᠠᠭᠤᠳᠠᠰᠤ ᠶᠢ ᠲᠤᠰᠢᠶᠠᠪᠠ᠃ | ︵ᠬᠤᠶᠠᠷ︶ ᠤᠳᠤᠷᠢᠳᠤᠮᠵᠢ ᠶᠢ ᠪᠠᠲᠤ ᠪᠤᠢ ᠪᠣᠯᠭᠠᠵᠤ᠂ ᠠᠵᠤ ᠠᠬᠤᠶᠢᠯᠠᠯ ᠢ ᠬᠠᠪᠰᠤᠷᠬᠤ ᠶᠢ ᠲᠡᠷᠢᠭᠦᠨ ᠳᠤ | ᠲᠠᠯᠪᠢᠵᠤ᠂ ᠨᠡᠮᠡᠭᠳᠡᠯ ᠢ ᠶᠡᠬᠡᠪᠡᠷ ᠠᠳᠬᠤᠬᠤ ᠳᠤᠮᠳᠠ ᠲᠡᠷᠢᠭᠦᠨ ᠤ ᠬᠥᠭᠵᠢᠯᠲᠡ ᠶᠢᠨ ᠪᠠᠶᠢᠷᠢ ᠶᠢᠨ ᠡᠨᠧᠷᠬᠢ ᠶᠢ | ᠬᠤᠷᠠᠮᠳᠤᠭᠤᠯᠪᠠ᠃ ᠦᠶᠯᠡᠴᠢᠯᠡᠭᠡ ᠪᠠᠲᠤᠯᠠᠭ᠎ᠠ ᠪᠠᠲᠤ ᠴᠢᠩᠭ᠎ᠠ ᠬᠦᠴᠦᠨ ᠲᠠᠢ ᠪᠠᠶᠢᠵᠤ᠂ ᠪᠥᠬᠦ ᠵᠢᠯ ᠳᠤ ᠠᠵᠤ | ᠠᠬᠤᠶᠢᠯᠠᠯ ᠳᠤ ᠣᠷᠴᠢᠨ ᠲᠣᠭᠤᠷᠢᠨ ᠳᠤ ᠦᠵᠡᠬᠦᠯᠬᠦ ᠨᠦᠯᠦᠬᠡ ᠶᠢᠨ ᠦᠨᠡᠯᠡᠯᠲᠡ᠂ ᠭᠠᠵᠠᠷ ᠰᠢᠷᠦᠢ ᠬᠡᠷᠡᠭᠯᠡᠬᠦ ᠵᠡᠷᠭᠡ | ᠭᠠᠷᠳᠠᠮ ᠢ 400 ᠭᠠᠷᠤᠶ ᠵᠦᠶᠯ ᠭᠦᠶᠴᠡᠳᠬᠡᠵᠦ᠂ 1000 ᠮᠥ ᠭᠠᠵᠠᠷ ᠰᠢᠷᠣᠶ ᠶᠢᠨ ᠬᠠᠩᠭᠠᠯᠭ᠎ᠠ ᠶᠢ | ᠪᠡᠶᠡᠯᠡᠭᠦᠯᠵᠦ᠂ 1500 ᠲᠦᠮᠡᠨ ᠪᠣᠰᠤᠭ᠎ᠠ ᠳᠥᠷᠪᠡᠯᠵᠢᠨ ᠮᠧᠲᠷ ᠤᠨ ᠠᠵᠤ ᠦᠶᠯᠡᠳᠪᠦᠷᠢ ᠳᠤ ᠤᠰᠤ ᠬᠠᠩᠭᠠᠬᠤ | ᠴᠢᠳᠠᠪᠤᠷᠢ᠂ ᠵᠠᠭᠤᠨ ᠲᠦᠮᠡᠨ ᠬᠢᠯᠦᠸᠠᠲ ᠤᠨ ᠴᠠᠬᠢᠯᠭᠠᠨ ᠬᠠᠩᠭᠠᠬᠤ ᠴᠢᠳᠠᠪᠤᠷᠢ ᠶᠢ ᠰᠢᠨ᠎ᠡ ᠪᠠᠷ ᠨᠡᠮᠡᠭᠳᠡᠭᠦᠯᠵᠦ᠂ | ᠪᠦᠲᠦᠮᠵᠢᠲᠡᠶ ᠪᠠᠯᠠ ᠣᠷᠣᠭᠤᠯᠤᠯᠲᠠ ᠶᠢ ᠦᠷᠭᠦᠯᠵᠢᠯᠡᠨ ᠥᠷᠭᠡᠳᠬᠡᠬᠦ ᠳᠤ ᠬᠦᠴᠦᠨ ᠨᠡᠮᠡᠷᠢᠯᠡᠪᠡ᠃ ᠴᠢᠬᠤᠯᠠ ᠶᠡᠭᠡ | ᠲᠥᠷᠥᠯ ᠵᠦᠢᠯ 434 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠤᠯᠤᠰ ᠠᠴᠠ | ᠳᠣᠲᠣᠭᠠᠳᠤ ︵ᠣᠷᠣᠨ ᠤ ᠭᠠᠳᠠᠨᠠᠬᠢ︶ ᠶᠢᠨ 175 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠣᠷᠣᠭᠤᠯᠤᠨ | ᠠᠪᠴᠢᠷᠠᠵᠤ᠂ ᠪᠦᠬᠦ ᠬᠤᠲᠠ ᠳᠤ ᠲᠦᠷᠦᠬᠦᠯᠡᠪᠡ᠃ ᠠᠵᠤ ᠦᠶᠯᠡᠰ ᠤᠨ ᠲᠥᠷᠥᠯ ᠵᠦᠶᠯ ᠤᠨ ᠬᠡᠮᠵᠢᠶ᠎ᠡ ᠪᠠ ᠶᠠᠰᠤ | ᠴᠢᠨᠠᠷ ᠵᠡᠷᠭᠡ ᠪᠠᠷ ᠳᠡᠭᠡᠭᠰᠢᠯᠡᠵᠦ᠂ ᠪᠥᠬᠦ ᠵᠢᠯ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠶᠯᠡᠰ ᠤᠨ | 46 ᠲᠥᠷᠥᠯ ᠵᠦᠶᠯ ᠢ ᠰᠢᠨ᠎ᠡ ᠪᠠᠷ ᠠᠵᠢᠯ ᠡᠬᠢᠯᠡᠭᠦᠯᠪᠡ᠃ ᠬᠡᠪᠴᠢᠶᠡᠵᠢᠯ ᠠᠴᠠ ᠳᠡᠭᠡᠭᠰᠢᠬᠢ ᠠᠵᠤ | ᠦᠶᠯᠡᠳᠪᠦᠷᠢ ᠶᠢᠨ ᠠᠵᠤ ᠠᠬᠤᠶᠢᠯᠠᠯ ᠢ 26 ᠰᠢᠨ᠎ᠡ ᠪᠠᠷ ᠨᠡᠮᠡᠭᠳᠡᠭᠦᠯᠵᠦ᠂ ᠶᠡᠷᠦᠩᠬᠡᠶ ᠬᠡᠮᠵᠢᠶ᠎ᠡ ᠨᠢ 100 ᠶᠢ | ᠳᠠᠪᠠᠪᠠ᠃ ᠵᠠᠬ᠎ᠠ ᠳᠡᠯᠭᠡᠭᠦᠷ ᠤᠨ ᠭᠤᠤᠯ ᠴᠣᠭᠴᠠ 9900 ᠭᠠᠷᠤᠶ ᠡᠷᠦᠬᠡ ᠰᠢᠨ᠎ᠡ ᠪᠠᠷ ᠨᠡᠮᠡᠭᠳᠡᠵᠦ᠂ ᠨᠢᠭᠡ | ᠪᠦᠯᠦᠭ ᠦᠶᠯᠡᠳᠬᠦᠨ ᠤ ᠥᠷᠲᠡᠭ᠂ ᠭᠠᠶᠢᠯᠢ᠂ ᠠᠵᠢᠯ ᠣᠯᠭᠤᠯᠲᠠ ᠶᠢᠨ ᠰᠢᠨ᠎ᠡ ᠨᠡᠮᠡᠭᠳᠡᠯ ᠤᠨ ᠴᠡᠭ ᠢ | ᠪᠤᠶᠢᠵᠢᠭᠤᠯᠪᠠ᠃ ᠬᠡᠷᠡᠭᠯᠡᠭᠡᠨ ᠤ ᠵᠠᠬ᠎ᠠ ᠳᠡᠯᠭᠡᠭᠦᠷ ᠲᠤ ᠰᠢᠨ᠎ᠡ ᠠᠭᠤᠷ ᠠᠮᠢᠰᠬᠤᠯ ᠢᠯᠡᠷᠡᠵᠦ᠂ ᠬᠡᠷᠡᠭᠯᠡᠭᠡ ᠶᠢ | ᠠᠬᠢᠭᠤᠯᠬᠤ ᠡᠯ᠎ᠡ ᠲᠥᠷᠥᠯ ᠤᠨ ᠠᠵᠢᠯᠯᠠᠭ᠎ᠠ ᠶᠢ ᠪᠠᠶᠢᠩᠭᠤ ᠥᠷᠨᠢᠭᠦᠯᠵᠦ᠂ ᠤᠯᠤᠰ ᠤᠨ ᠡᠨᠧᠷᠭᠢ ᠶᠢᠨ ᠢ ᠪᠠᠶ᠂ | ᠮᠤᠤ ᠶᠧ ᠲᠢᠶᠠᠨ ᠳ᠋ᠢ᠂ ᠵᠢᠶᠠ ᠵᠢᠶᠠ ᠶᠤᠸᠠᠢ ᠵᠡᠷᠭᠡ ᠲᠣᠮᠣ ᠬᠡᠯᠪᠡᠷᠢ ᠶᠢᠨ ᠬᠤᠳᠠᠯᠳᠤᠭᠠᠨ ᠤ ᠬᠠᠮ ᠳᠡᠯᠭᠡᠭᠦᠷ | ᠵᠢᠩᠬᠢᠨᠢ ᠪᠠᠷ ᠡᠵᠡᠩᠨᠡᠯᠲᠡ ᠪᠠᠨ ᠡᠬᠢᠯᠡᠭᠦᠯᠵᠦ᠂ 4 ᠲᠦᠷᠦᠯ ᠲᠡᠮᠳᠡᠭ ᠤᠨ ᠠᠩᠬᠠᠨ ᠤ ᠳᠡᠯᠭᠡᠭᠦᠷ ᠢ ᠤᠷᠤᠭᠤᠯᠤᠨ | ᠠᠪᠴᠢᠷᠠᠵᠤ ᠨᠤᠳᠤᠬᠰᠢᠭᠤᠯᠤᠨ᠂ ᠸᠧᠶ ᠠᠶ᠂ ᠢᠦᠶ ᠬᠠᠶ ᠯᠧᠦ ᠵᠡᠷᠭᠡ ᠢᠳᠡᠭᠡᠨ ᠤᠮᠳᠠᠭᠠᠨ ᠤ ᠲᠦᠷᠦᠯ ᠲᠡᠮᠳᠡᠭᠲᠦ | ᠳᠡᠯᠭᠡᠭᠦᠷ ᠢ ᠣᠷᠣᠭᠤᠯᠤᠨ ᠠᠪᠴᠢᠷᠠᠵᠤ ᠠᠰᠢᠬᠯᠠᠯᠳᠠ ᠳᠤ ᠣᠷᠣᠭᠤᠯᠤᠨ᠂ 16 ︽ᠨᠢᠭᠡ ᠮᠥᠴᠡ ᠶᠢᠨ ᠠᠷᠠᠳ ᠲᠤ | ᠲᠥᠬᠦᠮ ᠦᠵᠡᠭᠦᠯᠬᠦ ᠠᠮᠢᠳᠤᠷᠠᠯ ᠤᠨ ᠲᠣᠭᠤᠷᠢᠭ︾ ᠢ ᠪᠠᠶᠢᠭᠤᠯᠵᠤ᠂ 2024 ᠣᠨ ᠤ ᠰᠢᠶᠠᠨ ᠤ ᠬᠡᠪᠴᠢᠶᠡᠨ ᠤ | ᠬᠤᠳᠠᠯᠳᠤᠭᠠᠨ ᠤ ᠰᠢᠰᠲ᠋ᠧᠮ ᠤᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠢᠶᠠᠷ ᠦᠨᠡᠯᠡᠭᠳᠡᠪᠡ᠃ ᠠᠵᠤ | ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠶᠳᠪᠦᠷᠢᠯᠡᠵᠦ ᠦᠭᠬᠦ ᠲᠠᠯ᠎ᠠ ᠪᠠᠷ ᠣᠨᠢᠨ ᠳᠡᠭᠡᠷ᠎ᠡ ᠨᠢ ᠬᠦᠴᠦᠯᠡᠵᠦ᠂ | ᠮᠠᠨ ᠤ ᠲᠤᠭᠤᠷᠢᠭ ᠲᠤ ᠰᠠᠭᠤᠭ᠎ᠠ ᠮᠥᠩᠭᠦᠨ ᠭᠦᠶᠯᠭᠡᠭᠡᠨ ᠤ ᠪᠠᠶᠢᠭᠤᠯᠤᠮᠵᠢ ᠠᠴᠠ ᠡᠯ᠎ᠡ ᠲᠥᠷᠥᠯ ᠤᠨ ᠠᠵᠤ | ᠠᠬᠤᠶᠢᠯᠠᠯ ᠳᠤ ᠵᠠᠭᠤᠨ ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠵᠤ᠂ ︽ᠪᠢ ᠠᠵᠤ ᠠᠬᠤᠶᠢᠯᠠᠯ ᠳᠤ | ᠵᠠᠬᠢᠶᠠᠯᠠᠭ᠎ᠠ ᠡᠷᠢᠵᠦ ᠦᠭᠬᠦᠭᠰᠡᠨ︾ ᠬᠡᠮᠵᠢᠶ᠎ᠡ 10 ᠳ᠋ᠦᠩᠰᠢᠭᠤᠷ ᠲᠥᠭᠦᠷᠢᠭ ᠢ ᠲᠠᠪᠠᠵᠤ᠂ ᠨᠢᠭᠡ ᠪᠦᠯᠦᠭ ᠠᠵᠤ | ᠦᠶᠯᠡᠳᠪᠦᠷᠢ ᠶᠢᠨ ᠭᠠᠵᠠᠷ ᠰᠢᠷᠣᠶ ᠶᠢᠨ ᠦᠯᠡᠳᠡᠭᠳᠡᠯ ᠠᠰᠠᠭᠤᠳᠠᠯ ᠢ ᠰᠢᠶᠳᠪᠦᠷᠢᠯᠡᠵᠦ᠂ ᠦᠶᠯᠡᠰ ᠪᠤᠰᠬᠠᠵᠤ ᠪᠠᠯᠠ | ᠣᠷᠣᠭᠤᠯᠬᠤ ᠬᠠᠯᠠᠭᠤᠨ ᠬᠥᠷᠥᠰᠥ ᠶᠢ ᠤᠯᠠᠮ ᠨᠢᠭᠡ ᠠᠯᠬᠤᠮ ᠨᠡᠮᠡᠭᠳᠡᠬᠦᠯᠦᠨ ᠰᠢᠯᠢᠳᠡᠭᠵᠢᠭᠦᠯᠵᠤ᠂ ᠠᠵᠤ | ᠠᠬᠤᠶᠢᠯᠠᠯ ᠢ ᠰᠠᠨᠠᠭ᠎ᠠ ᠠᠮᠤᠷ ᠬᠠᠨᠤᠮᠵᠢᠲᠠᠶ ᠪᠠᠶᠢᠯᠭᠠᠬᠤ ᠪᠠᠷ ᠴᠢᠷᠮᠠᠶᠢᠪᠠ᠃ | ︵ᠭᠤᠷᠪᠠ︶ ᠬᠡᠯᠬᠢᠶ᠎ᠡ ᠶᠢ ᠴᠢᠩᠭᠠᠳᠬᠠᠨ ᠬᠡᠯᠬᠢᠶ᠎ᠡ ᠶᠢ ᠨᠥᠬᠦᠪᠥᠷᠢᠯᠡᠵᠦ᠂ ᠬᠠᠭᠤᠴᠢᠨ ᠢ ᠪᠤᠶᠢᠵᠢᠭᠤᠯᠤᠨ | ᠰᠢᠨ᠎ᠡ ᠶᠢ ᠡᠭᠦᠳᠴᠦ᠂ ᠬᠥᠳᠡᠯᠭᠡᠬᠦ ᠡᠨᠧᠷᠭᠢ ᠶᠢᠨ ᠰᠣᠯᠢᠭᠳᠠᠯ ᠳᠤᠮᠳᠠ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ | ᠬᠥᠭᠵᠢᠯᠲᠡ ᠶᠢᠨ ᠰᠠᠭᠤᠷᠢ ᠶᠢ ᠪᠠᠲᠤ ᠴᠣᠭᠴᠠᠯᠠᠪᠠ᠃ ᠲᠣᠭᠠᠴᠢᠯᠠᠭᠰᠠᠨ ᠮᠡᠷᠭᠡᠵᠢᠯ ᠤᠨ ᠥᠭᠡᠷᠡᠴᠢᠯᠡᠯᠲᠡ ᠶᠢᠨ 25 | ᠲᠥᠷᠥᠯ ᠵᠦᠢᠯ ᠢ ᠪᠡᠶᠡᠯᠡᠭᠦᠯᠵᠦ᠂ ᠪᠣᠬᠢᠷᠲᠤᠯ ᠦᠭᠡᠢ ᠦᠢᠯᠡᠳᠪᠦᠷᠢ ᠶᠢ 7 ᠪᠠᠶᠢᠭᠤᠯᠵᠤ᠂ ︽ᠴᠠᠬᠢᠭᠤᠷ ᠢᠶᠠᠷ | ᠰᠠᠭᠤᠷᠢ ᠪᠤᠯᠭᠠᠬᠰᠠᠨ ᠮᠠᠲ᠋ᠧᠷᠢᠶᠠᠯ ᠵᠢᠴᠢ ᠭᠡᠷᠡᠯ ᠴᠡᠨᠡᠭ ᠤᠨ ᠪᠦᠷᠢᠨ ᠢᠵᠢ ︾᠂ ︽ᠴᠤᠯ ᠴᠡᠪᠡᠷ ᠬᠤᠪᠣᠷ | ᠰᠢᠷᠣᠢ ᠶᠢᠨ ᠲᠦᠭᠦᠬᠡᠢ ᠮᠠᠲ᠋ᠧᠷᠢᠶᠠᠯ ᠵᠢᠴᠢ ᠨᠠᠷᠢᠯᠢᠭ ᠪᠣᠯᠪᠠᠰᠤᠷᠠᠭᠤᠯᠬᠤ︾ ᠥᠪᠡᠷᠲᠡᠭᠡᠨ ᠵᠠᠰᠠᠬᠤ ᠣᠷᠣᠨ ᠤ ᠳᠤᠮᠳᠠ | ᠪᠠᠭ᠎ᠠ ᠠᠵᠤ ᠠᠬᠤᠶᠢᠯᠠᠯ ᠤᠨ ᠣᠨᠴᠠᠯᠢᠭᠲᠤ ᠬᠤᠶᠠᠷ ᠠᠵᠤ ᠦᠢᠯᠡᠰ ᠤᠨ ᠪᠦᠯᠦᠭᠵᠢᠯ ᠢᠶᠠᠷ ᠦᠨᠡᠯᠡᠭᠳᠡᠪᠡ᠃ ᠪᠣᠯᠣᠳ | ᠲᠡᠮᠦᠷ ᠤᠨ ᠠᠵᠤ ᠦᠶᠯᠡᠰ ᠢ ᠡᠴᠦᠰ ᠤᠨ ᠬᠡᠯᠬᠢᠶ᠎ᠡ ᠵᠦᠭ ᠤᠷᠲᠤᠳᠬᠠᠵᠤ᠂ ᠬᠡᠯᠬᠢᠶ᠎ᠡ ᠶᠢ ᠤᠷᠲᠤᠳᠬᠠᠭᠰᠠᠨ 18 | ᠲᠥᠷᠥᠯ ᠵᠦᠶᠯ ᠢ ᠬᠡᠷᠡᠭᠵᠢᠭᠦᠯᠵᠦ᠂ ᠬᠠᠨ ᠾᠧ ᠬᠡᠷᠡᠯ ᠴᠡᠨᠡᠭ ᠤᠨ PC ᠪᠣᠯᠣᠳ ᠮᠤᠨᠠᠨᠴᠢᠷ ᠵᠡᠷᠭᠡ ᠨᠠᠷᠢᠯᠢᠭ | ᠡᠳ᠋ᠰᠢᠭᠦᠯᠬᠦ 6 ᠲᠥᠷᠥᠯ ᠵᠦᠶᠯ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠵᠤ᠂ ᠳᠡᠭᠡᠳᠦ ᠲᠠᠰ ᠤᠨ | ᠲᠠᠮᠵᠢᠭᠤᠯᠬᠤ ᠬᠤᠭᠤᠯᠠᠶ ᠳᠤ ᠬᠡᠷᠡᠭᠯᠡᠬᠦ ᠪᠣᠯᠣᠳ ᠵᠡᠷᠭᠡ ᠳᠡᠭᠡᠳᠦ ᠴᠢᠳᠠᠪᠬᠢᠲᠤ ᠪᠣᠯᠣᠳ ᠮᠠᠲ᠋ᠧᠷᠢᠶᠠᠯ ᠤᠨ ᠶᠠᠰᠤ | ᠴᠢᠨᠠᠷ ᠲᠠᠰᠤᠷᠠᠯᠲᠠ ᠥᠬᠡᠶ ᠳᠡᠭᠡᠭᠰᠢᠯᠡᠪᠡ᠃ ᠲᠠᠯᠠᠰᠲᠤ ᠴᠠᠬᠢᠭᠤᠷ ᠤᠨ ᠠᠵᠤ ᠦᠢᠯᠡᠰ ︽ᠬᠦᠴᠦᠷᠬᠡᠭ︾ ᠲᠡᠶᠢᠰᠢ | ᠬᠥᠭᠵᠢᠵᠦ᠂ ᠲᠦᠩ ᠸᠧᠢ ᠶᠢᠨ 20 ᠲᠦᠮᠡᠨ ᠲᠣᠨ ᠤ ᠴᠤᠯ ᠴᠡᠪᠡᠷ ᠲᠠᠯᠠᠰᠲᠤ ᠴᠠᠬᠢᠭᠤᠷ ᠵᠡᠷᠭᠡ 7 ᠲᠥᠷᠥᠯ ᠵᠦᠢᠯ | ᠪᠠᠷᠢᠯᠭ᠎ᠠ ᠳᠠᠭᠤᠰᠴᠤ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠭᠡᠷᠡᠯ ᠴᠡᠨᠡᠭ ᠤᠨ ᠪᠣᠯᠣᠳ ᠲᠡᠮᠦᠷ ᠤᠨ | ᠬᠠᠪᠢᠰᠦ ᠬᠦᠷᠢᠶ᠎ᠡ ᠶᠢᠨ ᠲᠥᠷᠥᠯ ᠵᠦᠢᠯ ︵ᠨᠢᠭᠡᠳᠦᠭᠡᠷ ᠬᠤᠭᠤᠴᠠᠭ᠎ᠠ︶ ᠤᠳᠠᠯ ᠦᠭᠡᠢ ᠠᠰᠢᠭᠯᠠᠯᠲᠠ ᠳᠤ ᠣᠷᠣᠵᠤ᠂ | ᠣᠯᠠᠨ ᠲᠠᠯᠠᠰᠲᠤ ᠴᠠᠬᠢᠭᠤᠷ ᠤᠨ ᠦᠢᠯᠡᠳᠪᠦᠷᠢᠯᠡᠯ ᠤᠨ ᠴᠢᠳᠠᠪᠤᠷᠢ ᠪᠦᠬᠦ ᠤᠯᠤᠰ ᠤᠨ ᠰᠢᠶᠠᠨ ᠤ ᠬᠡᠪᠴᠢᠶᠡᠨ ᠤ | ᠭᠠᠵᠠᠷ ᠤᠷᠤᠨ ᠳᠤ ᠲᠦᠷᠦᠬᠦᠯᠡᠵᠤ᠂ ᠲᠠᠯᠠᠰᠲᠤ ᠴᠠᠬᠢᠭᠤᠷ ᠤᠨ ᠠᠵᠤ ᠦᠢᠯᠡᠰ ᠤᠨ ᠦᠢᠯᠡᠳᠬᠦᠨ ᠤ ᠥᠷᠲᠡᠭ ᠪᠦᠬᠦ | ᠬᠤᠲᠠ ᠶᠢᠨ ᠭᠤᠷᠪᠠᠨ ᠤ ᠨᠢᠭᠡ ᠶᠢ ᠡᠵᠡᠯᠡᠪᠡ᠃ ᠬᠤᠪᠣᠷ ᠰᠢᠷᠣᠶ ᠶᠢᠨ ᠠᠵᠤ ᠦᠶᠯᠡᠰ ︽ᠲᠣᠮᠣ︾ ᠲᠡᠶᠢᠰᠢ | ᠠᠬᠢᠵᠤ᠂ ᠪᠥᠬᠦ ᠪᠥᠮᠪᠥᠷᠴᠡᠭ ᠤᠨ ᠬᠡᠪᠴᠢᠶ᠎ᠡ ᠪᠠᠷ ᠬᠠᠮᠤᠭ ᠤᠨ ᠶᠡᠭᠡ ᠬᠠᠮᠤᠭ ᠤᠨ ᠲᠡᠷᠢᠭᠦᠨ ᠤ ᠬᠤᠪᠣᠷ ᠰᠢᠷᠣᠶ ᠶᠢ | ᠬᠠᠶᠢᠯᠤᠭᠤᠯᠤᠨ ᠰᠠᠯᠭᠠᠬᠤ ᠲᠥᠷᠥᠯ ᠵᠦᠶᠯ ︵ᠨᠢᠭᠡᠳᠦᠭᠡᠷ ᠬᠤᠭᠤᠴᠠᠭ᠎ᠠ︶ ᠢ ᠪᠠᠶᠢᠭᠤᠯᠤᠨ ᠳᠠᠭᠤᠰᠬᠠᠵᠤ | ᠠᠰᠢᠭᠯᠠᠯᠲᠠ ᠳᠤ ᠣᠷᠣᠭᠤᠯᠤᠨ᠂ ᠰᠢ ᠵᠢᠶᠦ᠋ᠨ ᠬᠤᠪᠣᠷ ᠰᠢᠷᠣᠶ ᠶᠢᠨ ᠲᠡᠮᠦᠷᠯᠢᠭ᠂ ᠶᠢᠨ ᠮᠧᠩ ᠬᠤᠪᠣᠷ ᠰᠢᠷᠣᠶ ᠶᠢᠨ | ᠨᠠᠷᠢᠯᠢᠭ ᠬᠦᠳᠡᠷ ᠢ ᠰᠠᠯᠭᠠᠬᠤ᠂ ᠱᠢ ᠪᠦᠸᠧ ᠵᠢᠭᠤᠳᠠᠭᠤᠯᠤᠨ ᠴᠤᠬᠯᠠᠭᠤᠯᠵᠤ ᠦᠢᠯᠡᠳᠬᠦ ᠵᠡᠷᠭᠡ ᠲᠥᠷᠥᠯ ᠵᠦᠶᠯ ᠢ | ᠠᠰᠢᠭᠯᠠᠯᠲᠠ ᠳᠤ ᠣᠷᠣᠭᠤᠯᠵᠤ᠂ ᠬᠤᠪᠣᠷ ᠰᠢᠷᠣᠶ ᠶᠢᠨ ᠲᠡᠮᠦᠷᠯᠢᠭ ᠤᠨ ᠦᠶᠯᠡᠳᠪᠦᠷᠢᠯᠡᠬᠦ ᠴᠢᠳᠠᠪᠤᠷᠢ ᠶᠢᠨ ᠪᠥᠬᠦ | ᠬᠤᠲᠠ ᠳᠤ ᠡᠵᠡᠯᠡᠬᠦ ᠬᠤᠪᠢ ᠶᠢᠨ ᠵᠢᠩ ᠨᠢ 20% ᠶᠢ ᠳᠠᠪᠠᠵᠤ᠂ ᠬᠤᠪᠣᠷ ᠰᠢᠷᠣᠶ ᠶᠢ ᠬᠠᠶᠢᠯᠤᠭᠤᠯᠤᠨ ᠰᠠᠯᠭᠠᠬᠤ | ᠦᠶᠯᠡᠳᠪᠦᠷᠢᠯᠡᠬᠦ ᠴᠢᠳᠠᠪᠤᠷᠢ ᠪᠥᠬᠦ ᠬᠤᠲᠠ ᠶᠢᠨ 70% ᠶᠢ ᠡᠵᠡᠯᠡᠪᠡ᠃ ᠰᠠᠯᠬᠢᠨ ᠬᠦᠴᠦᠨ ᠤ ᠴᠠᠬᠢᠯᠭᠠᠨ ᠤ | ᠲᠣᠨᠣᠭᠯᠠᠯ ᠤᠨ ᠠᠵᠤ ᠦᠢᠯᠡᠰ ︽ᠰᠠᠶᠢᠨ︾ ᠲᠡᠶᠢᠰᠢ ᠬᠦᠭᠵᠢᠵᠤ᠂ ᠳ᠋ᠦᠩ ᠹᠠᠩ ᠹᠦ᠋ ᠴᠧᠨ ᠰᠠᠯᠬᠢᠨ ᠬᠦᠴᠦᠨ ᠤ | ᠴᠠᠬᠢᠯᠭᠠᠨ ᠤ ᠰᠡᠷᠬᠢᠷᠠᠭᠤᠯ ᠤᠨ ᠲᠦᠷᠦᠯ ᠵᠦᠢᠯ ᠬᠠᠮᠤᠭ ᠤᠨ ᠶᠡᠭᠡ ᠦᠢᠯᠡᠳᠪᠦᠷᠢᠯᠡᠯ ᠤᠨ ᠬᠡᠮᠵᠢᠶ᠎ᠡ ᠪᠠᠷ | ᠦᠢᠯᠡᠳᠪᠦᠷᠢᠯᠡᠵᠤ᠂ ᠪᠤᠭᠤᠲᠤ ᠶᠢᠨ ᠪᠤᠯᠤᠳ ᠲᠡᠮᠦᠷ ᠤᠨ ᠰᠠᠯᠬᠢᠨ ᠬᠦᠴᠦᠨ ᠤ ᠴᠠᠬᠢᠯᠭᠠᠨ ᠭᠠᠷᠭᠠᠬᠤ ᠮᠠᠰᠢᠨ ᠢ | ᠦᠢᠯᠡᠳᠪᠦᠷᠢᠯᠡᠵᠤ ᠲᠠᠭᠤᠰᠬᠠᠨ ᠤᠭᠰᠠᠷᠠᠵᠤ᠂ ᠥᠪᠥᠷ ᠮᠣᠩᠭᠤᠯ ᠤᠨ ᠪᠣᠬᠢᠷᠲᠤᠯ ᠦᠭᠡᠢ ᠴᠠᠬᠢᠯᠭᠠᠨ ᠳᠤ ︽ | ᠪᠤᠭᠤᠲᠤ ᠶᠢᠨ ᠪᠤᠯᠤᠳ ᠲᠡᠮᠦᠷ ᠤᠨ ᠳᠣᠲᠣᠭᠠᠳᠤ ᠴᠥᠮ᠎ᠡ︾ ᠶᠢᠨ ᠬᠦᠴᠦᠨ ᠢ ᠨᠡᠮᠡᠷᠢᠯᠡᠪᠡ᠃ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠤ ᠲᠦᠷᠦᠯ ᠵᠦᠢᠯ ᠢ ᠵᠠᠯᠭᠠᠭᠤᠯᠤᠨ ᠨᠠᠶᠢᠳᠠᠪᠤᠷᠢᠵᠢᠭᠤᠯᠵᠤ᠂ ᠬᠠᠭᠠᠰ | ᠳᠠᠮᠵᠢᠭᠤᠯᠤᠭᠴᠢ᠂ ᠰᠢᠨ᠎ᠡ ᠮᠠᠲ᠋ᠧᠷᠢᠶᠠᠯ᠂ ᠪᠤᠳᠤᠯᠳᠠ ᠶᠢᠨ ᠬᠦᠴᠦᠨ ᠵᠡᠷᠭᠡ ᠠᠵᠤ ᠦᠢᠯᠡᠰ ᠢ ᠪᠠᠶᠢᠷᠢᠰᠢᠭᠤᠯᠵᠤ᠂ | ᠪᠸᠢ ᠯᠠᠨ ᠰᠢᠨ ᠶᠡᠭᠡ ᠴᠢᠳᠠᠮᠵᠢᠲᠤ ᠭᠤᠤᠯ ᠢᠯᠳᠠᠰᠦ ᠶᠢ ᠪᠢᠲᠡᠭᠦᠮᠵᠢᠯᠡᠨ ᠤᠭᠰᠠᠷᠠᠵᠤ ᠲᠤᠷᠰᠢᠬᠤ᠂ ᠯᠢᠩ ᠲᠦᠸᠧ | ᠬᠡᠳᠦ ᠲᠠᠯᠠᠰᠲᠤ ᠪᠠᠯ ᠴᠢᠯᠠᠭᠤᠨ ᠠᠯᠺᠧᠨ ᠤ ᠪᠦᠷᠬᠦᠭᠦᠯ ᠢᠯᠴᠢ ᠳᠠᠮᠵᠢᠭᠤᠯᠬᠤ ᠮᠠᠲ᠋ᠧᠷᠢᠶᠠᠯ᠂ ᠷᠦᠢ ᠶᠢᠩ ᠬᠡᠳᠦ | ᠤᠶᠤᠨᠲᠤ ᠪᠤᠳᠤᠯᠳᠠ ᠶᠢᠨ ᠬᠦᠴᠦᠨ ᠤ ᠲᠥᠪ᠂ ᠸᠧᠢ ᠲᠦ᠋ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠲᠣᠨᠣᠭᠯᠠᠯ | ᠦᠢᠯᠡᠳᠬᠦ ᠵᠡᠷᠭᠡ ᠲᠦᠷᠦᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠰᠢᠨ᠎ᠡ ᠠᠵᠤ ᠦᠢᠯᠡᠰ ᠤᠨ | ᠦᠢᠯᠡᠳᠬᠦᠨ ᠤ ᠦᠷᠲᠡᠭ ᠤᠨ ᠡᠵᠡᠯᠡᠬᠦ ᠬᠠᠷᠢᠴᠠᠯ ᠢ 36% ᠠᠴᠠ ᠳᠡᠭᠡᠭᠰᠢ ᠪᠤᠯᠭᠠᠪᠠ᠃ | ︵ᠳᠥᠷᠪᠡ︶ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠵᠤ᠂ ᠥᠭᠡᠷᠡᠴᠢᠯᠡᠯᠲᠡ ᠶᠢᠨ ᠪᠣᠭᠤᠮᠲᠠ | ᠰᠢᠪᠲᠤᠯᠵᠤ᠂ ᠵᠣᠷᠢᠭᠲᠠᠢ ᠬᠢᠵᠦ ᠵᠣᠷᠢᠭᠲᠠᠢ ᠲᠤᠷᠰᠢᠬᠤ ᠳᠤᠮᠳᠠ ᠬᠥᠭᠵᠢᠯᠲᠡ ᠶᠢᠨ ᠬᠥᠳᠡᠯᠭᠡᠬᠦ ᠬᠦᠴᠦᠨ ᠢ | ᠲᠠᠰᠤᠷᠠᠯᠲᠠ ᠦᠭᠡᠢ ᠬᠥᠭᠵᠢᠬᠡᠪᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ︽ᠭᠤᠷᠪᠠᠨ | ᠵᠦᠶᠯ ᠤᠨ ᠭᠤᠤᠯᠳᠠᠯᠭ᠎ᠠ ᠲᠠᠢ ᠠᠵᠢᠯ︾ ᠢ ᠭᠦᠨᠵᠡᠭᠡᠶᠢᠷᠡᠭᠦᠯᠵᠦ᠂ 109 ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠢ ᠬᠥᠮᠥᠷᠭᠡ ᠳᠤ ᠣᠷᠣᠭᠤᠯᠵᠤ᠂ ᠠᠳᠠᠯᠢ | ᠬᠤᠭᠤᠴᠠᠭᠠᠨ ᠤ ᠬᠢ ᠠᠴᠠ 88% ᠪᠠᠷ ᠨᠡᠮᠡᠭᠳᠡᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠲᠤᠭ᠎ᠠ | ᠭᠤᠷᠪᠠᠨ ᠵᠢᠯ ᠳᠤ ᠳᠠᠬᠢᠨ ᠢᠶᠠᠷ ᠨᠡᠮᠡᠭᠳᠡᠬᠦ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ 2 | ᠲᠤᠰᠬᠠᠶ ᠮᠡᠷᠭᠡᠵᠢᠯ ᠤᠨ ᠰᠢᠯᠵᠢᠯᠲᠡ ᠶᠢᠨ ᠦᠶᠯᠡᠴᠢᠯᠡᠭᠡᠨ ᠤ ᠪᠠᠶᠢᠭᠤᠯᠤᠮᠵᠢ ᠶᠢ ᠰᠢᠨ᠎ᠡ ᠪᠠᠷ ᠨᠡᠮᠡᠭᠳᠡᠭᠦᠯᠵᠦ᠂ ᠪᠥᠬᠦ | ᠨᠡᠶᠢᠭᠡᠮ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠬᠦᠴᠦᠯᠡᠴᠡ ᠨᠢ ᠥᠪᠡᠷᠲᠡᠭᠡᠨ ᠵᠠᠰᠠᠬᠤ ᠣᠷᠣᠨ᠂ ᠪᠥᠬᠦ | ᠬᠤᠲᠠ ᠶᠢᠨ ᠳᠤᠮᠳᠠᠴᠢ ᠬᠢᠷᠢ ᠲᠦᠪᠰᠢᠨ ᠠᠴᠠ ᠳᠠᠪᠠᠪᠠ᠃ ᠲᠤᠭᠤᠷᠢᠭ ᠤᠨ ᠬᠠᠷᠢᠶ᠎ᠠ ᠪᠥᠬᠦᠶ ᠤᠯᠤᠰ ᠤᠨ | ᠥᠮᠴᠢᠯᠡᠯᠲᠦ ᠠᠵᠤ ᠠᠬᠤᠶᠢᠯᠠᠯ ᠢ ᠳᠠᠬᠢᠨ ᠵᠣᠬᠢᠶᠠᠨ ᠪᠠᠶᠢᠭᠤᠯᠬᠤ ᠶᠢ ᠪᠡᠶᠡᠯᠡᠭᠦᠯᠵᠦ᠂ AA ᠲᠠᠰ ᠤᠨ ᠤᠯᠤᠰ ᠤᠨ | ᠥᠮᠴᠢᠯᠡᠯᠲᠦ ᠺᠣᠮᠫᠠᠨᠢ ᠥᠬᠡᠶ ᠪᠠᠶᠢᠭᠰᠠᠨ ᠲᠡᠦᠬᠡ ᠶᠢ ᠡᠴᠦᠰᠯᠡᠬᠦᠯᠪᠡ᠃ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠪᠠᠭᠰᠢ ᠶᠢᠨ ᠲᠤᠬᠠᠢ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠨ ᠬᠡᠷᠡᠭᠯᠡᠬᠦ︾ | ᠥᠭᠡᠷᠡᠴᠢᠯᠡᠯᠲᠡ ᠶᠢ ᠪᠦᠬᠦ ᠲᠠᠯ᠎ᠠ ᠪᠠᠷ ᠡᠬᠢᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠪᠦᠯᠦᠭ ᠤᠨ | ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ | ᠥᠭᠡᠷᠡᠴᠢᠯᠡᠯᠲᠡ ᠶᠢ ᠠᠮᠵᠢᠯᠲᠠ ᠲᠠᠢ ᠪᠡᠶᠡᠯᠡᠭᠦᠯᠪᠡ᠃ ᠪᠦᠯᠬᠦᠮᠳᠡᠯ 11 ᠳ᠋ᠤᠭᠡᠷ ᠨᠡᠶᠢᠭᠡᠮ ᠲᠣᠭᠤᠷᠢᠭ ᠨᠢ ᠤᠯᠤᠰ ᠤᠨ | ᠲᠠᠰ ᠤᠨ ᠪᠦᠷᠢᠨ ᠪᠦᠲᠦᠨ ᠨᠡᠶᠢᠭᠡᠮ ᠲᠣᠭᠤᠷᠢᠭ ᠤᠨ ᠲᠤᠷᠰᠢᠯᠲᠠ ᠶᠢᠨ ᠴᠡᠭ ᠪᠣᠯᠵᠣ᠂ ᠨᠥᠬᠦᠷᠯᠡᠯ 19 ᠳ᠋ᠤᠭᠡᠷ | ᠬᠤᠷᠢᠶᠠᠯᠠᠯ ᠥᠪᠡᠷᠲᠡᠭᠡᠨ ᠵᠠᠰᠠᠬᠤ ᠣᠷᠣᠨ ᠤ ᠲᠠᠰ ᠤᠨ ᠬᠤᠲᠠ ᠶᠢ ᠰᠢᠨᠡᠳᠬᠡᠭᠰᠡᠨ ᠨᠡᠶᠢᠲᠡᠯᠢᠭ ᠵᠢᠱᠢᠶ᠎ᠡ ᠪᠠᠷ | ᠰᠣᠩᠭᠤᠭᠳᠠᠪᠠ᠃ ᠬᠠᠳᠠᠭᠠᠯᠠᠭᠳᠠᠵᠤ ᠪᠠᠶᠢᠭ᠎ᠠ ᠡᠬᠢ ᠪᠠᠶᠠᠯᠢᠭ ᠲᠤᠮᠳᠠ ᠠᠴᠠ ᠨᠡᠮᠡᠭᠳᠡᠯ ᠢ ᠪᠡᠶᠡᠯᠡᠬᠦᠯᠬᠦ ᠶᠢ | ᠪᠠᠷᠢᠮᠳᠠᠯᠠᠵᠤ᠂ ᠦᠢᠯᠡᠳᠪᠦᠷᠢᠯᠡᠯ ᠢᠶᠠᠨ ᠵᠣᠭᠰᠣᠭᠠᠵᠤ᠂ ᠪᠦᠳᠦᠬᠡᠨ ᠪᠠᠶᠢᠭᠤᠯᠤᠯᠳ ᠪᠠᠨ ᠵᠤᠬᠰᠤᠭᠠᠬᠰᠠᠨ 10 | ᠲᠦᠷᠦᠯ ᠵᠦᠢᠯ ᠢ ᠡᠬᠢᠯᠡᠬᠦᠯᠵᠤ᠂ ᠬᠦᠷᠢᠶᠡᠯᠡᠩ ᠲᠣᠭᠤᠷᠢᠭ ᠤᠨ 2000 ᠭᠠᠷᠤᠢ ᠮᠦ ᠭᠠᠵᠠᠷ ᠰᠢᠷᠣᠢ ᠶᠢ ᠰᠤᠯᠠᠯᠠᠨ | ᠭᠠᠷᠭᠠᠪᠠ᠃ | ︵ᠲᠠᠪᠤ︶ ᠬᠤᠲᠠ ᠬᠥᠳᠡᠭᠡ ᠶᠢ ᠨᠢᠭᠡᠳᠦᠯᠲᠡᠢ ᠲᠥᠯᠥᠪᠵᠢᠭᠦᠯᠵᠦ᠂ ᠨᠢᠭᠡ ᠴᠣᠭᠴᠠᠵᠢᠭᠤᠯᠤᠨ | ᠬᠥᠭᠵᠢᠭᠦᠯᠵᠦ᠂ ᠳᠣᠲᠣᠭᠠᠳᠤ ᠭᠠᠳᠠᠭᠠᠳᠤ ᠶᠢ ᠵᠡᠷᠭᠡᠪᠡᠷ ᠵᠠᠰᠠᠬᠤ ᠳᠤᠮᠳᠠ ᠠᠮᠢ ᠠᠬᠤᠢ ᠶᠢᠨ ᠤᠷᠤᠰᠢᠨ ᠰᠠᠭᠤᠬᠤ ᠳᠤ | ᠲᠣᠬᠢᠷᠠᠮᠵᠢᠲᠠᠢ ᠤᠶᠠᠨ ᠬᠠᠳᠠᠨ ᠴᠢᠨᠠᠷᠲᠠᠢ ᠬᠤᠲᠠ ᠶᠢᠨ ᠲᠣᠭᠤᠷᠢᠭ ᠢ ᠪᠠᠶᠢᠭᠤᠯᠪᠠ᠃ ᠭᠤᠷᠪᠠ ᠨᠠᠢᠮᠠ ᠵᠠᠮ ᠵᠡᠷᠭᠡ 7 | ᠵᠤᠷᠪᠤᠰ ᠭᠠᠵᠠᠷ ᠳᠣᠣᠷᠠᠬᠢ ᠬᠤᠭᠤᠯᠠᠢ ᠤᠨ ᠲᠣᠣᠷ᠂ 27 ᠬᠤᠷᠢᠶᠠᠯᠠᠯ ᠤᠨ 84 ᠺᠢᠯᠦᠮᠧᠲᠷ ᠤᠨ ︽ᠳᠥᠷᠪᠡᠨ | ᠲᠥᠷᠥᠯ ᠤᠨ︾ ᠬᠤᠭᠤᠯᠠᠢ ᠶᠢᠨ ᠲᠣᠣᠷ ᠢ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ 64 ᠭᠠᠵᠠᠷ ᠲᠠᠬᠢ 66 | ᠲᠦᠮᠡᠨ ᠲᠡᠭᠰᠢ ᠳᠥᠷᠪᠡᠯᠵᠢᠨ ᠮᠧᠲᠷ ᠤᠨ ᠬᠠᠭᠤᠴᠢᠨ ᠬᠤᠷᠢᠶᠠᠯᠠᠯ ᠢ ᠥᠭᠡᠷᠡᠴᠢᠯᠡᠨ ᠵᠠᠰᠠᠵᠤ᠂ ︽ ᠲᠤᠯᠠᠭᠠᠯᠠᠭ᠎ᠠ | ᠶᠢᠨ ᠢᠨᠵᠧᠨᠧᠷᠢᠩ︾ ᠢ ᠪᠦᠬᠦᠨ ᠢ ᠪᠠᠷᠢᠯᠭ᠎ᠠ ᠳᠠᠭᠤᠰᠬᠠᠵᠤ᠂ ᠣᠯᠠᠨ ᠲᠦᠮᠡᠨ ᠤ ᠣᠯᠠᠨ ᠵᠢᠯ ᠬᠦᠰᠡᠨ ᠬᠦᠯᠢᠶᠡᠵᠦ | ᠪᠠᠶᠢᠬᠰᠠᠨ ᠤᠳᠠᠨ ᠰᠡᠬᠦᠳᠡᠷᠲᠦ ᠡᠮᠦᠨ᠎ᠡ ᠵᠠᠮ ᠤᠨ ᠬᠠᠭᠤᠴᠢᠨ ᠪᠠᠶᠢᠰᠢᠩ ᠭᠡᠷ ᠤᠨ ᠲᠣᠭᠤᠷᠢᠭ ᠤᠨ | ᠥᠭᠡᠷᠡᠴᠢᠯᠡᠯᠲᠡ ᠶᠢ ᠡᠬᠢᠯᠡᠭᠦᠯᠵᠦ᠂ 7 ᠭᠠᠵᠠᠷ ᠲᠠᠬᠢ ᠬᠠᠭᠤᠴᠢᠨ ᠪᠠᠶᠢᠰᠢᠩ ᠭᠡᠷ ᠤᠨ ᠥᠭᠡᠷᠡᠴᠢᠯᠡᠯᠲᠡ ᠶᠢ 10 | ᠰᠠᠷ᠎ᠠ ᠶᠢᠨ ᠳᠣᠲᠣᠷ᠎ᠠ ︽ᠤᠷᠤᠨ ᠰᠠᠭᠤᠴᠠ ᠶᠢ ᠲᠤᠰᠢᠶᠠᠬᠰᠠᠨ ᠲᠠᠷᠤᠢ ᠤᠷᠤᠨ ᠰᠠᠭᠤᠴᠠ ᠶᠢᠨ ᠦᠮᠴᠢᠯᠡᠯ ᠤᠨ | ᠡᠷᠬᠡ ᠶᠢᠨ ᠦᠨᠡᠮᠯᠡᠯ ᠢ ᠤᠯᠭᠤᠬᠤ︾ ᠶᠢ ᠪᠡᠶᠡᠯᠡᠭᠦᠯᠪᠡ᠃ 2.9 ᠲᠦᠮᠡ ᠭᠠᠷᠤᠢ ᠭᠠᠵᠠᠷ ᠲᠠᠬᠢ ᠬᠤᠲᠠ ᠶᠢᠨ ︽ | ᠵᠢᠷᠭᠤᠭᠠᠨ ᠡᠷᠦᠢ ᠬᠤᠷᠤᠢ ᠦᠬᠡᠢ ᠪᠠᠶᠢᠳᠠᠯ︾ ᠢ ᠴᠡᠪᠡᠷᠯᠡᠵᠦ᠂ ᠲᠦᠷᠢᠮ ᠲᠤᠬᠳᠠᠭᠠᠯ ᠠᠴᠠ ᠵᠥᠷᠢᠴᠡᠨ ᠪᠦᠳᠦᠬᠡᠨ | ᠪᠠᠶᠢᠭᠤᠯᠤᠭᠰᠠᠨ 4 ᠲᠦᠮᠡᠨ ᠲᠡᠭᠰᠢ ᠳᠥᠷᠪᠡᠯᠵᠢᠨ ᠮᠧᠲᠷ ᠪᠠᠷᠢᠯᠭ᠎ᠠ ᠶᠢ ᠬᠠᠤᠯᠢ ᠶᠣᠰᠣᠭᠠᠷ ᠨᠤᠷᠠᠭᠠᠪᠠ᠃ 307 | ᠬᠤᠷᠢᠶᠠᠯᠠᠯ ᠳᠤ ᠴᠠᠬᠢᠯᠭᠠᠨ ᠴᠡᠨᠡᠭᠯᠡᠬᠦ ᠲᠡᠷᠭᠡᠨ ᠰᠠᠷᠠᠪᠴᠢ ᠤᠭᠰᠠᠷᠠᠵᠤ᠂ ᠰᠠᠭᠤᠭᠠᠯᠢ ᠠᠷᠠᠳ ᠤᠨ ᠴᠠᠬᠢᠯᠭᠠᠨ | ᠬᠥᠳᠡᠯᠭᠡᠭᠦᠷᠲᠦ ᠲᠡᠷᠭᠡ ᠶᠢᠨ ᠴᠠᠬᠢᠯᠭᠠᠨ ᠴᠡᠨᠡᠭᠯᠡᠬᠦ ᠬᠦᠴᠢᠷ ᠠᠰᠠᠭᠤᠳᠠᠯ ᠢ ᠰᠢᠶᠳᠪᠦᠷᠢᠯᠡᠪᠡ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠠᠬᠢᠭᠤᠯᠵᠤ᠂ ᠵᠢᠶᠠᠨ ᠬᠤᠸᠠ ᠵᠢᠭᠦᠷᠲᠡᠨ ᠤ ᠦᠢᠯᠡᠰ᠂ ᠮᠧᠩ ᠶᠤᠸᠠᠨ | ᠮᠢᠬᠠᠨ ᠤ ᠬᠤᠨᠢᠨ ᠤ ᠡᠭᠦᠯᠳᠡᠷ ᠤᠨ ᠦᠢᠯᠡᠰ ᠨᠢ ᠲᠣᠰ ᠲᠣᠰ ᠤᠯᠤᠰ ᠶᠢᠨ ᠲᠡᠰ ᠤᠨ᠂ ᠥᠪᠡᠷᠲᠡᠭᠡᠨ ᠵᠠᠰᠠᠬᠤ | ᠣᠷᠣᠨ ᠤ ᠲᠡᠰ ᠤᠨ ᠲᠠᠭᠠᠭᠤᠯᠤᠬᠴᠢ ᠠᠵᠤ ᠠᠬᠤᠶᠢᠯᠠᠯ ᠢᠶᠠᠷ ᠦᠨᠡᠯᠡᠭᠳᠡᠵᠤ᠂ 6 ᠬᠤᠷᠰᠢᠶ᠎ᠠ ᠣᠳᠣ ᠦᠶ᠎ᠡ ᠶᠢᠨ | ᠲᠠᠷᠢᠶᠠᠯᠠᠩ ᠮᠠᠯ ᠠᠵᠤ ᠠᠬᠤᠢ ᠶᠢᠨ ᠠᠮᠢ ᠠᠬᠤᠢ ᠶᠢᠨ ᠬᠦᠷᠢᠶᠡᠯᠡᠩ ᠳᠤ ᠤᠷᠤᠵᠤ ᠨᠤᠲᠤᠭᠰᠢᠵᠤ᠂ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠪᠣᠯᠪᠠᠰᠤᠷᠠᠭᠤᠯᠬᠤ ᠨᠣᠷᠮ᠎ᠠ 80% ᠳᠤ ᠬᠦᠷᠴᠦ᠂ | ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠢ ᠪᠦᠬᠦᠨ ᠢ ᠪᠦᠷᠬᠦᠭᠦᠯᠪᠡ᠃ | ᠪᠣᠬᠢᠷᠲᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠭᠦᠨᠵᠡᠭᠡᠶ ᠰᠠᠶᠢᠲᠤᠷ ᠬᠢᠵᠦ᠂ ᠠᠵᠤ | ᠦᠶᠯᠡᠳᠪᠦᠷᠢ ᠶᠢᠨ ᠠᠭᠠᠷ ᠮᠠᠨᠳᠠᠯ ᠢ ᠵᠠᠰᠠᠬᠤ 5 ᠲᠥᠷᠥᠯ ᠵᠦᠶᠯ᠂ ᠠᠵᠤ ᠦᠶᠯᠡᠳᠪᠦᠷᠢ ᠶᠢᠨ ᠤᠰᠤᠨ ᠤ | ᠪᠣᠬᠢᠷᠲᠤᠯ ᠢ ᠵᠠᠰᠠᠬᠤ 3 ᠲᠥᠷᠥᠯ ᠵᠦᠶᠯ ᠢ ᠪᠡᠶᠡᠯᠡᠭᠦᠯᠵᠦ᠂ ᠠᠭᠠᠷ ᠴᠡᠪᠡᠷ ᠲᠤᠩᠭᠠᠯᠠᠭ ᠡᠳᠦᠷ ᠤᠨ ᠲᠤᠭ᠎ᠠ ᠠᠳᠠᠯᠢ | ᠬᠤᠭᠤᠴᠠᠭᠠᠨ ᠤ ᠬᠢ ᠠᠴᠠ 17 ᠡᠳᠦᠷ ᠨᠡᠮᠡᠭᠳᠡᠵᠦ᠂ ᠭᠠᠵᠠᠷ ᠤᠨ ᠭᠠᠳᠠᠷᠭᠤ ᠶᠢᠨ ᠤᠰᠤᠨ ᠤ ᠣᠭᠲᠣᠯᠤᠭᠠᠰᠤ ᠶᠢᠨ | ᠤᠰᠤᠨ ᠤ ᠴᠢᠨᠠᠷ ᠨᠢ ᠴᠥᠮ ᠪᠠᠷᠢᠮᠵᠢᠶ᠎ᠠ ᠳᠤ ᠬᠥᠷᠪᠡ᠃ ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ ᠤᠨ | ᠨᠣᠭᠤᠭᠠᠷᠠᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠲᠥᠷᠥᠯ ᠵᠦᠢᠯ ᠢ | ᠬᠡᠷᠡᠭᠵᠢᠭᠦᠯᠵᠦ᠂ 9000 ᠮᠦ ᠣᠢ ᠰᠢᠭᠤᠢ ᠶᠢ ᠬᠠᠮᠠᠭᠠᠯᠠᠨ ᠪᠤᠶᠢᠵᠢᠭᠤᠯᠬᠤ ᠶᠢ ᠪᠡᠶᠡᠯᠡᠭᠦᠯᠪᠠ᠃ ᠪᠤᠭᠤᠲᠤ ᠶᠢᠨ | ᠪᠤᠯᠤᠳ ᠲᠡᠮᠦᠷ ᠤᠨ ᠪᠦᠷᠢᠨ ᠬᠠᠳᠠᠭᠠᠵᠤ ᠬᠦᠷᠦᠬᠡᠵᠤ ᠶᠡᠷᠦᠩᠬᠡᠶᠢᠯᠡᠨ ᠠᠰᠢᠭᠯᠠᠬᠤ ᠵᠡᠷᠭᠡ 4 ᠡᠨᠧᠷᠭᠢ ᠠᠷᠪᠢᠯᠠᠬᠤ | ᠥᠭᠡᠷᠡᠴᠢᠯᠡᠯᠲᠡ ᠶᠢᠨ ᠲᠦᠷᠦᠯ ᠵᠦᠢᠯ ᠢ ᠠᠰᠢᠭᠯᠠᠯᠲᠠ ᠳᠤ ᠣᠷᠣᠭᠤᠯᠵᠤ᠂ ᠪᠤᠭᠤᠲᠤ ᠶᠢᠨ ᠪᠤᠯᠤᠳ ᠲᠡᠮᠦᠷ ᠤᠨ ︵ | ᠪᠦᠯᠦᠭᠯᠡᠯ︶ ᠺᠣᠮᠫᠠᠨᠢ᠂ ᠬᠥᠨᠳᠡᠯᠡᠨ ᠤ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤᠰ ᠲᠤᠰ | ᠤᠯᠤᠰ ᠤᠨ ᠲᠡᠰ ᠤᠨ ᠡᠷᠬᠢᠯᠳᠡᠲᠦ ᠠᠵᠤ ᠠᠬᠤᠢ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠢ ᠪᠠ | ᠪᠣᠬᠢᠷᠲᠤᠯ ᠦᠭᠡᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢᠶᠠᠷ ᠦᠨᠡᠯᠡᠭᠳᠡᠪᠡ᠃ | ︵ᠵᠢᠷᠭᠤᠭ᠎ᠠ︶ ᠠᠷᠠᠳ ᠤᠯᠠᠨ ᠤ ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠴᠦ᠂ ᠠᠷᠠᠳ ᠤᠨ | ᠲᠥᠯᠥᠭᠡ ᠪᠣᠳᠠᠲᠠᠢ ᠠᠵᠢᠯᠯᠠᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠪᠠᠲᠤᠯᠠᠬᠤ ᠳᠤᠮᠳᠠ ᠣᠯᠠᠨ | ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠪᠠ᠃ ᠠᠷᠠᠳ ᠤᠨ | ᠠᠮᠢᠳᠤᠷᠠᠯ ᠤᠨ ᠵᠠᠷᠤᠯᠭ᠎ᠠ 47 ᠳ᠋ᠦᠩᠰᠢᠭᠤᠷ ᠲᠥᠭᠦᠷᠢᠭ ᠲᠤ ᠬᠦᠷᠴᠦ᠂ ᠡᠩ ᠤᠨ ᠣᠯᠠᠨ ᠨᠡᠶᠢᠲᠡ ᠶᠢᠨ | ᠲᠥᠰᠦᠪ ᠤᠨ ᠵᠠᠷᠤᠯᠭ᠎ᠠ ᠶᠢᠨ 84.3% ᠶᠢ ᠡᠵᠡᠯᠡᠵᠦ᠂ ᠠᠷᠠᠳ ᠤᠨ ᠠᠮᠢᠳᠤᠷᠠᠯ ᠤᠨ 26 ᠪᠣᠳᠠᠲᠤ ᠶᠠᠪᠤᠳᠠᠯ ᠤᠨ | ᠲᠥᠷᠥᠯ ᠵᠦᠶᠯ ᠢ ᠲᠣᠭᠲᠠᠭᠰᠠᠨ ᠬᠤᠭᠤᠴᠠᠭᠠᠨ ᠳᠤ ᠬᠢᠵᠤ ᠪᠡᠶᠡᠯᠡᠬᠦᠯᠪᠡ᠃ ᠠᠵᠤ ᠠᠬᠤᠶᠢᠯᠠᠯ ᠤᠨ 4800 | ᠬᠥᠮᠦᠨ ᠢ ᠪᠠᠴᠢᠮ ᠬᠡᠷᠡᠭᠰᠡᠬᠦ ᠬᠡᠷᠡᠭᠴᠡᠭᠡ ᠶᠢ ᠰᠢᠢᠳᠪᠦᠷᠢᠯᠡᠵᠦ᠂ ᠬᠤᠲᠠ ᠪᠠᠯᠭᠠᠰᠤᠨ ᠤ 9800 ᠬᠥᠮᠦᠨ ᠳᠤ | ᠰᠢᠨ᠎ᠡ ᠪᠠᠷ ᠠᠵᠢᠯ ᠣᠯᠭᠤᠪᠠ᠃ ᠰᠤᠷᠭᠠᠨ ᠬᠥᠮᠦᠵᠢᠯ ᠤᠨ ᠥᠨᠳᠦᠷᠯᠢᠭ ᠢ ᠪᠥᠲᠥᠭᠡᠨ ᠪᠠᠶᠢᠭᠤᠯᠤᠭᠰᠠᠨ ᠦᠷ᠎ᠡ | ᠪᠦᠲᠦᠭᠡᠯ ᠦᠯᠡᠮᠵᠢ ᠪᠠᠶᠢᠵᠤ᠂ ᠰᠢᠨ᠎ᠡ ᠴᠠᠭ ᠦᠶ᠎ᠡ ᠬᠡᠦᠬᠡᠳ ᠤᠨ ᠴᠡᠴᠡᠷᠯᠢᠭ᠂ ᠪᠤᠯᠤᠳ ᠲᠡᠮᠦᠷ ᠵᠠᠮ | ᠭᠤᠷᠪᠠᠳᠤᠭᠠᠷ ᠪᠠᠭ᠎ᠠ ᠰᠤᠷᠭᠠᠭᠤᠯᠢ ᠶᠢᠨ ᠡᠮᠦᠨ᠎ᠡ ᠲᠣᠭᠤᠷᠢᠭ᠂ ᠪᠤᠭᠤᠲᠤ ᠶᠢᠨ ᠭᠤᠴᠢᠨ ᠲᠠᠪᠤᠳᠤᠭᠠᠷ ᠲᠤᠮᠳᠠᠳᠤ | ᠰᠤᠷᠭᠠᠭᠤᠯᠢ ᠶᠢᠨ ᠸᠧᠨ ᠵᠢᠩ ᠬᠤᠪᠢᠶᠠᠷᠢ ᠰᠤᠷᠭᠠᠭᠤᠯᠢ᠂ ᠪᠤᠭᠤᠲᠤ ᠬᠤᠲᠠ ᠶᠢᠨ ᠵᠠᠯᠠᠭᠤᠴᠤᠳ ᠪᠠᠭᠠᠴᠤᠳ ᠤᠨ | ᠬᠥᠳᠡᠯᠭᠡᠭᠡᠨ ᠤ ᠲᠥᠪ ᠠᠰᠢᠭᠯᠠᠯᠲᠠ ᠳᠤ ᠣᠷᠣᠵᠤ᠂ ᠰᠤᠷᠤᠬᠴᠢ ᠶᠢᠨ ᠤᠷᠤ ᠶᠢ ᠰᠢᠨ᠎ᠡ ᠪᠠᠷ 4000 ᠭᠠᠷᠤᠶ | ᠨᠡᠮᠡᠭᠳᠡᠭᠦᠯᠪᠡ᠃ ᠥᠨᠳᠥᠷ ᠳᠤᠮᠳᠠᠳᠤ ᠳᠤ ᠰᠢᠯᠭᠠᠭᠤᠯᠬᠤ ᠪᠠ ᠤᠯᠤᠰ ᠤᠨ ᠨᠢᠭᠡᠳᠦᠯᠲᠡᠶ ᠰᠢᠯᠭᠠᠯᠲᠠ ᠶᠢᠨ ᠭᠤᠤᠯ | ᠭᠦᠶᠴᠡᠳᠬᠡᠯ ᠲᠤᠭ᠎ᠠ ᠦᠷᠭᠦᠯᠵᠢᠯᠡᠨ ᠪᠥᠬᠦ ᠬᠤᠲᠠ ᠳᠤ ᠲᠦᠷᠦᠬᠦᠯᠡᠵᠤ᠂ 16 ᠰᠣᠷᠣᠭᠴᠢ ᠴᠢᠩᠬᠤᠸᠠ ᠶᠡᠭᠡ | ᠰᠤᠷᠭᠠᠭᠤᠯᠢ ᠪᠤᠶᠤ ᠪᠡᠬᠡᠵᠢᠩ ᠶᠡᠭᠡ ᠰᠤᠷᠭᠠᠭᠤᠯᠢ ᠳᠤ ᠰᠢᠯᠭᠠᠨ ᠣᠷᠣᠵᠤ᠂ ᠪᠥᠬᠦ ᠬᠤᠲᠠ ᠶᠢᠨ ᠭᠤᠷᠪᠠᠨ ᠤ ᠬᠤᠶᠠᠷ | ᠬᠤᠪᠢ ᠶᠢ ᠡᠵᠡᠯᠡᠨ᠂ ᠪᠥᠬᠦ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ | ᠥᠭᠡᠷᠡᠴᠢᠯᠡᠯᠲᠡ ᠶᠢᠨ ᠲᠤᠷᠰᠢᠯᠲᠠ ᠶᠢᠨ ᠲᠤᠭᠤᠷᠢᠭ ᠵᠡᠷᠭᠡ 4 ᠵᠦᠶᠯ ᠤᠨ ᠤᠯᠤᠰ ᠤᠨ ᠲᠠᠰ ᠤᠨ ᠢᠷᠠᠭᠤ ᠠᠯᠳᠠᠷ ᠢ | ᠭᠥᠷᠳᠡᠪᠡ᠃ ᠡᠮᠨᠡᠯᠬᠡ ᠶᠢᠨ ᠥᠨᠳᠦᠷᠯᠢᠭ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ | ᠦᠷ᠎ᠡ ᠠᠰᠢᠭ ᠢ ᠨᠡᠮᠡᠭᠳᠡᠭᠦᠯᠵᠦ᠂ ᠪᠤᠭᠤᠳᠤ ᠶᠢᠨ ᠠᠨᠠᠭᠠᠬᠤ ᠤᠬᠠᠭᠠᠨ ᠤ ᠲᠡᠬᠡᠳᠦ ᠰᠤᠷᠭᠠᠭᠤᠯᠢ ᠶᠢᠨ ᠨᠢᠭᠡᠳᠦᠭᠡᠷ | ᠬᠠᠷᠢᠶᠠᠲᠤ ᠡᠮᠨᠡᠯᠬᠡ ᠶᠢᠨ ᠬᠤᠷᠢᠶ᠎ᠠ ᠶᠢᠨ ᠬᠤᠶᠢᠲᠤ ᠡᠮᠨᠡᠯᠬᠡ ᠶᠢᠨ ᠬᠤᠷᠢᠶ᠎ᠠ ᠶᠢᠨ ᠲᠣᠭᠤᠷᠢᠭ ᠢ ᠠᠰᠢᠭᠯᠠᠯᠲᠠ ᠳᠤ | ᠣᠷᠣᠭᠤᠯᠤᠨ᠂ ᠬᠠᠷᠢᠶ᠎ᠠ ᠤᠷᠤᠨ ᠤ ᠲᠤᠳᠤᠷᠠᠬᠢ ᠭᠤᠷᠪᠠᠨ ᠬᠥᠬᠡ ᠲᠠᠰ ᠤᠨ ᠡᠮᠨᠡᠯᠭᠡ ᠶᠢᠨ ᠬᠤᠷᠢᠶ᠎ᠠ ᠳᠤ ᠲᠦᠰᠢᠭᠯᠡᠨ | ᠤᠯᠤᠰ ᠤᠨ ᠡᠮᠴᠢᠯᠡᠭᠡᠨ ᠤ 4 ᠭᠤᠤᠯᠳᠠᠯᠭ᠎ᠠ ᠲᠠᠢ ᠲᠤᠰᠬᠠᠶ ᠰᠠᠯᠠᠭ᠎ᠠ᠂ ᠥᠪᠡᠷᠲᠡᠭᠡᠨ ᠵᠠᠰᠠᠬᠤ ᠣᠷᠣᠨ ᠤ 7 | ᠭᠤᠤᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ ᠶᠢ ᠬᠥᠭᠵᠢᠭᠦᠯᠪᠠ᠃ ᠰᠣᠶᠣᠯ ᠤᠨ ᠥᠨᠳᠦᠷᠯᠢᠭ ᠤᠨ ᠪᠥᠲᠥᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠢ ᠵᠢᠩᠬᠢᠨᠢ ᠪᠠᠷ | ᠠᠵᠢᠯᠯᠠᠭᠤᠯᠵᠤ᠂ ᠪᠤᠭᠤᠳᠤ ᠬᠤᠲᠠ ᠶᠢᠨ ᠶᠤᠸᠠᠢ ᠯᠢ ᠹᠠᠩ ︽ᠨᠤᠮ ᠤᠨ ᠬᠡᠰᠢᠭᠲᠦ ᠤᠮᠠᠷᠠᠲᠤ ᠬᠢᠯᠢ︾ ᠶᠢ | ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠰᠣᠶᠣᠯ ᠤᠨ ᠠᠵᠤ ᠦᠶᠯᠡᠰ ᠤᠨ ᠲᠥᠷᠥᠯ ᠵᠦᠶᠯ ᠤᠨ | ᠨᠡᠷᠡᠰ ᠲᠤ ᠣᠷᠣᠭᠤᠯᠵᠤ᠂ ᠬᠡᠪᠴᠢᠶᠡᠵᠢᠯ ᠠᠴᠠ ᠳᠡᠭᠡᠭᠰᠢᠬᠢ ᠰᠣᠶᠣᠯ ᠤᠨ ᠠᠵᠤ ᠠᠬᠤᠶᠢᠯᠠᠯ ᠤᠨ ᠲᠤᠭ᠎ᠠ ᠪᠥᠬᠦ | ᠬᠤᠲᠠ ᠳᠤ ᠲᠦᠷᠦᠬᠦᠯᠡᠵᠤ᠂ 2024 ᠣᠨ ᠤ ᠪᠥᠬᠦ ᠤᠯᠤᠰ ᠤᠨ ︽ᠨᠤᠮ ᠤᠨ ᠬᠡᠰᠢᠭᠲᠦ ᠬᠤᠲᠠ︾ ᠶᠢᠨ | ᠢᠷᠠᠭᠤ ᠠᠯᠳᠠᠷ ᠢ ᠭᠥᠷᠳᠡᠪᠡ᠃ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ︽ᠤᠶᠤᠨᠲᠤ ᠨᠠᠰᠤᠵᠢᠯ ᠤᠨ | ᠠᠰᠠᠷᠠᠮᠵᠢ ᠶᠢᠨ ᠬᠤᠭᠤᠯᠠᠨ ᠲᠢᠩᠬᠢᠮ︾ ᠠᠰᠢᠭᠯᠠᠯᠲᠠ ᠳᠤ ᠣᠷᠣᠵᠤ᠂ 10 ︽ᠰᠢᠭᠢᠳᠬᠡᠯ ᠮᠠᠶ᠋ᠢᠭ︾ ᠤᠨ | ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢ ᠵᠠᠬ᠎ᠠ ᠳᠡᠯᠭᠡᠭᠦᠷᠴᠢᠯᠡᠨ ᠡᠵᠡᠩᠨᠡᠭᠦᠯᠪᠡ᠃ ᠥᠪᠡᠷᠲᠡᠭᠡᠨ ᠵᠠᠰᠠᠬᠤ | ᠣᠷᠣᠨ ᠤ ᠠᠩᠬᠠᠳᠠᠭᠴᠢ ᠬᠡᠦᠬᠡᠳ ᠢ ᠡᠷᠡᠭᠦᠯᠵᠢᠭᠦᠯᠬᠦ ᠬᠤᠯᠪᠣᠭᠠᠲᠤ ᠴᠣᠭᠴᠠ ᠶᠢ ᠪᠠᠶᠢᠭᠤᠯᠵᠤ᠂ ᠬᠦᠴᠢᠷᠳᠡᠯ ᠳᠤ | ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠥᠪᠡᠷᠲᠡᠭᠡᠨ ᠵᠠᠰᠠᠬᠤ ᠣᠷᠣᠨ ᠤ | ᠲᠤᠷᠰᠢᠯᠲᠠ ᠶᠢᠨ ᠴᠡᠭ ᠤᠨ ᠲᠤᠭᠤᠷᠢᠭ ᠢᠶᠠᠷ ᠵᠦᠪᠰᠢᠶᠡᠷᠡᠭᠳᠡᠵᠤ᠂ ᠨᠡᠶᠢᠭᠡᠮ ᠲᠣᠭᠤᠷᠢᠭ ᠤᠨ ᠬᠡᠦᠬᠡᠳ | ᠰᠠᠭᠠᠲᠠᠭᠤᠯᠬᠤ ᠦᠶᠯᠡᠴᠢᠯᠡᠭᠡᠨ ᠤ ᠲᠤᠷᠰᠢᠯᠲᠠ ᠶᠢᠨ ᠴᠡᠭ ᠤᠨ ᠲᠤᠭᠤᠷᠢᠭ ᠢᠶᠠᠷ ᠵᠥᠪᠰᠢᠶᠡᠷᠡᠭᠳᠡᠪᠡ᠃ | ︵ᠲᠤᠯᠤᠭ᠎ᠠ︶ ᠠᠶᠤᠯ ᠲᠦᠭᠰᠢᠭᠦᠷᠢ ᠶᠢ ᠰᠡᠷᠭᠡᠶᠢᠯᠡᠵᠦ᠂ ᠬᠤᠷᠢᠭ᠎ᠠ ᠱᠤᠭᠤᠮ ᠢ ᠪᠠᠲᠤ ᠰᠠᠬᠢᠵᠤ᠂ | ᠶᠡᠷᠦᠩᠬᠡᠶᠢᠯᠡᠨ ᠵᠠᠰᠠᠬᠤ ᠳᠤᠮᠳᠠ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠪᠠ᠃ | ︽ᠬᠦᠴᠢᠷ ᠪᠤᠯᠪᠠᠴᠤ ᠵᠥᠪ ᠣᠨᠣᠪᠴᠢᠲᠠᠶ ᠬᠡᠵᠤ ᠦᠵᠡᠭᠰᠠᠨ︾ ᠶᠠᠪᠤᠳᠠᠯ ᠳᠤ ᠰᠢᠪᠲᠤᠯᠤᠯᠲᠠ ᠭᠠᠷᠭᠠᠵᠤ᠂ ᠣᠯᠠᠨ | ᠵᠢᠯ ᠦᠷᠭᠦᠯᠵᠢᠯᠡᠭᠰᠡᠨ ᠮᠢᠯᠠᠨ ᠤ ᠬᠠᠪᠤᠷ ᠲᠥᠷᠥᠯ ᠵᠦᠶᠯ ᠪᠠᠷᠢᠯᠭ᠎ᠠ ᠳᠠᠭᠤᠰᠴᠤ ᠬᠡᠷ ᠪᠠᠶᠢᠰᠢᠩ ᠢ ᠬᠤᠳᠠᠯᠳᠤᠨ | ᠠᠪᠤᠬᠰᠠᠨ ᠡᠷᠦᠬᠡ ᠶᠢᠨ ᠭᠠᠷ ᠲᠤ ᠲᠤᠰᠢᠶᠠᠵᠤ᠂ 4500 ᠡᠷᠦᠬᠡ ᠶᠢᠨ ᠤᠷᠤᠨ ᠰᠠᠭᠤᠴᠠ ᠶᠢᠨ ᠦᠮᠴᠢᠯᠡᠬᠦ ᠡᠷᠬᠡ | ᠶᠢᠨ ︽ᠦᠨᠡᠮᠯᠡᠯ ᠢ ᠭᠦᠶᠴᠡᠳᠬᠡᠬᠦ ᠳᠤ ᠬᠦᠴᠢᠷ︾ ᠠᠰᠠᠭᠤᠳᠠᠯ ᠢ ᠰᠢᠶᠳᠪᠦᠷᠢᠯᠡᠵᠦ᠂ ᠭᠠᠯ ᠤᠨᠲᠠᠷᠠᠭᠠᠬᠤ ᠲᠤᠬᠠᠢ | 600 ᠭᠠᠷᠤᠶ ᠦᠯᠡᠳᠡᠭᠳᠡᠯ ᠲᠥᠷᠥᠯ ᠵᠦᠶᠯ ᠢ ᠴᠡᠭᠴᠡᠯᠡᠨ ᠵᠠᠰᠠᠪᠠ᠃ ᠰᠢᠨ᠎ᠡ ᠴᠠᠭ ᠦᠶ᠎ᠡ ᠶᠢᠨ ︽ | ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠲᠤᠭᠤᠷᠢᠭ ᠤᠨ ᠲᠠᠰ ᠤᠨ ᠨᠡᠶᠢᠭᠡᠮ ᠤᠨ ᠠᠮᠤᠷ | ᠲᠦᠪᠰᠢᠨ ᠢ ᠶᠡᠷᠦᠩᠬᠡᠶᠢᠯᠡᠨ ᠵᠠᠰᠠᠬᠤ ᠲᠥᠪ ᠢ ᠪᠣᠳᠠᠲᠤ ᠴᠣᠭᠴᠠᠵᠢᠭᠤᠯᠤᠨ ᠠᠵᠢᠯᠯᠠᠭᠤᠯᠵᠤ᠂ ᠵᠠᠬᠢᠳᠠᠯ | ᠰᠤᠷᠪᠤᠯᠵᠢᠯᠠᠯ ᠤᠨ ᠵᠦᠶᠯᠡᠰ ᠢ ᠰᠢᠶᠳᠪᠦᠷᠢᠯᠡᠬᠦ ᠠᠵᠢᠯ ᠣᠶᠢᠷ᠎ᠠ ᠶᠢᠨ ᠵᠢᠯ ᠤᠨ ᠬᠠᠮᠤᠭ ᠤᠨ ᠰᠠᠶᠢᠨ ᠠᠮᠵᠢᠯᠲᠠ | ᠪᠦᠳᠦᠮᠵᠢ ᠤᠯᠪᠠ᠃ ᠵᠠᠰᠠᠭ ᠤᠨ ᠣᠷᠳᠣᠨ ᠤ ᠳᠠᠯᠳᠠ ᠴᠢᠨᠠᠷᠲᠠᠢ ᠥᠷᠢ ᠥᠭᠴᠡᠭᠡ ᠶᠢ ᠠᠷᠢᠯᠭᠠᠬᠤ ᠠᠵᠢᠯ ᠢ | ᠯᠠᠪᠳᠠᠭᠤᠨ ᠪᠠᠲᠤᠲᠠᠢ ᠠᠬᠢᠭᠤᠯᠵᠤ᠂ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠶᠤᠯ | ᠲᠦᠭᠰᠢᠭᠦᠷᠢ ᠶᠢ ᠡᠵᠡᠮᠳᠡᠵᠦ ᠪᠤᠯᠬᠤ ᠶᠢ ᠪᠡᠶᠡᠯᠡᠬᠦᠯᠪᠡ᠃ ᠴᠠᠯᠢᠩ ᠢ ᠥᠷᠢᠲᠦᠬᠦ ᠶᠢ ᠦᠨᠳᠦᠰᠦᠨ ᠠᠴᠠ ᠨᠢ ᠵᠠᠰᠠᠬᠤ | ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ 3.7 ᠲᠦᠮᠡᠨ ᠬᠥᠳᠡᠯᠮᠦᠷᠢᠴᠢᠨ ᠤ 6.6 | ᠳ᠋ᠦᠩᠰᠢᠭᠤᠷ ᠲᠥᠭᠦᠷᠢᠭ ᠤᠨ ᠴᠠᠯᠢᠩ ᠢ ᠨᠡᠬᠡᠮᠵᠢᠯᠡᠨ ᠠᠪᠴᠤ ᠦᠭᠴᠡᠢ᠃ ᠠᠶᠤᠯᠭᠦᠢ ᠦᠢᠯᠡᠳᠪᠦᠷᠢᠯᠡᠯ ᠤᠨ | ᠠᠰᠠᠭᠤᠳᠠᠯ ᠢ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ | ᠯᠠᠪᠳᠠᠭᠤᠨ ᠪᠠᠲᠤᠲᠠᠢ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠠᠳᠡᠯ ᠤᠨ ᠲᠤᠭ᠎ᠠ᠂ ᠠᠳᠡᠭᠰᠡᠨ ᠬᠥᠮᠦᠨ ᠤ | ᠲᠤᠭ᠎ᠠ ᠶᠢ ᠴᠥᠮ 50% ᠪᠠᠷ ᠪᠠᠭᠤᠷᠠᠭᠤᠯᠪᠠ᠃ ᠴᠠᠭᠳᠠᠭᠠᠨ ᠤ ᠶᠠᠪᠤᠳᠠᠯ ᠤᠨ ᠲᠤᠤᠷᠵᠢᠯ ᠵᠡᠭᠡᠯᠢ ᠭᠤᠳᠤᠮᠵᠢ | ᠨᠡᠶᠢᠭᠡᠮ ᠲᠣᠭᠤᠷᠢᠭ ᠢ ᠪᠦᠬᠦᠨ ᠢ ᠪᠦᠷᠬᠦᠬᠦᠯᠬᠦ ᠶᠢ ᠪᠡᠶᠡᠯᠡᠭᠦᠯᠪᠠ᠃ ︽12345︾ ᠵᠠᠰᠠᠭ ᠤᠨ ᠶᠠᠪᠤᠳᠠᠯ ᠤᠨ | ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠬᠠᠯᠠᠮᠰᠢᠯ ᠤᠲᠠᠰᠦ ᠪᠠᠷ ᠠᠷᠠᠳ ᠤᠯᠠᠨ ᠤ ᠲᠤᠰᠬᠠᠬᠰᠠᠨ 15 | ᠲᠦᠮᠡ ᠭᠠᠷᠤᠶ ᠶᠠᠪᠤᠳᠠᠯ ᠢ ᠭᠦᠶᠴᠡᠳᠬᠡᠵᠦ ᠳᠠᠭᠤᠰᠬᠠᠪᠠ᠃ ︽ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ | ᠪᠤᠭᠤᠲᠤ ᠶᠢᠨ ᠪᠤᠯᠤᠳ ᠲᠡᠮᠤᠷ ᠢ ᠪᠠᠶᠢᠭᠤᠯᠤᠬᠰᠠᠨ︾ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ | ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠲᠠᠢ ᠬᠠᠮᠲᠤ ᠦᠢᠯᠡᠳᠪᠦᠷᠢ ᠪᠠᠶᠢᠭᠤᠯᠤᠭᠳᠠᠭᠰᠠᠨ 70 ᠵᠢᠯ ᠤᠨ ᠤᠢ ᠶᠢ | ᠪᠡᠯᠭᠡᠯᠡᠵᠦ᠂ ︽ᠲᠦᠷᠪᠡᠨ ᠣᠷᠳᠣᠨ ᠲᠦᠷᠪᠡᠨ ᠲᠢᠩᠬᠢᠮ ᠨᠢᠭᠡ ᠲᠥᠪ︾ ᠤᠨ ᠬᠤᠪᠢᠰᠬᠠᠯᠲᠤ ᠰᠣᠶᠣᠯ ᠤᠨ | ᠵᠢᠭᠰᠠᠭᠠᠯ ᠤᠨ ᠭᠠᠵᠠᠷ ᠢ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ 34 | ᠲᠦᠷᠦᠯ ᠲᠡᠮᠳᠡᠭ ᠢ ᠴᠣᠭᠴᠠᠯᠠᠵᠤ᠂ ᠲᠤᠭᠤᠷᠢᠭ ᠤᠨ ᠰᠤᠷᠭᠠᠨ ᠬᠥᠮᠦᠵᠢᠯ ᠤᠨ ᠲᠤᠪᠴᠢᠶ᠎ᠠ ᠪᠦᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶᠡᠴᠢ ᠬᠠᠮᠲᠤ ᠪᠠᠷ ᠦᠨᠡᠯᠡᠭᠳᠡᠪᠡ᠃ | ᠲᠥᠯᠥᠭᠡᠯᠡᠭᠴᠢᠳ ᠡ᠂ ᠲᠦᠷᠦ ᠶᠢᠨ ᠪᠤᠳᠤᠯᠭ᠎ᠠ ᠶᠢ ᠰᠠᠶᠢᠳᠤᠷ ᠬᠡᠷᠡᠭᠵᠢᠭᠦᠯᠬᠦ ᠳᠤ ᠤᠷᠢᠳ ᠢᠶᠠᠷ ᠦᠪᠡᠷ ᠤᠨ | ᠤᠪᠤᠷ ᠰᠤᠷᠳᠠᠯ ᠢᠶᠠᠨ ᠲᠥᠪ ᠪᠣᠯᠭᠠᠬᠤ ᠬᠡᠷᠡᠭᠲᠡᠶ᠃ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤᠮᠳᠠ ᠪᠢᠳᠡ | ᠲᠡᠮᠦᠷ ᠢ ᠳᠠᠪᠲᠠᠬᠤ ᠳᠤ ᠥᠪᠡᠷ ᠢᠶᠠᠨ ᠬᠠᠲᠠᠭᠤ ᠪᠠᠶᠢᠬᠤ ᠬᠡᠷᠡᠭᠳᠡᠢ ᠶᠤᠰᠤ ᠶᠢ ᠪᠠᠲᠤ ᠴᠡᠭᠡᠵᠢᠯᠡᠵᠦ᠂ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡ ᠴᠤᠬᠴᠠᠵᠢᠭᠤᠯᠤᠨ ᠠᠬᠢᠭᠤᠯᠵᠤ᠂ ᠬᠡᠯᠪᠡᠷᠢᠴᠢ ᠦᠵᠡᠯ ᠢ | ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠤᠯᠠᠨ ᠲᠦᠮᠡᠨ ᠤ ᠳᠡᠷᠭᠡᠳᠡᠬᠢ | ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠵᠤ᠂ ︽ᠱᠤᠭᠤᠵᠤ ᠳᠡᠭᠡᠭᠰᠢᠯᠡᠭᠦᠯᠬᠦ | ᠲᠡᠮᠡᠴᠡᠬᠦ︾ ᠲᠤᠰᠬᠠᠢ ᠰᠡᠳᠦᠪᠲᠦ ᠠᠵᠢᠯᠯᠠᠭ᠎ᠠ ᠵᠡᠷᠭᠡ ᠭᠤᠣᠯᠳᠠᠯᠭ᠎ᠠ ᠲᠠᠢ ᠠᠵᠢᠯ ᠢ ᠥᠷᠨᠢᠭᠦᠯᠵᠦ᠂ ᠡᠯ᠎ᠡ | ᠲᠦᠷᠦᠯ ᠤᠨ ᠠᠰᠠᠭᠤᠳᠠᠯ ᠢ 400 ᠭᠠᠷᠤᠢ ᠪᠠᠶᠢᠴᠠᠭᠠᠨ ᠰᠢᠢᠳᠪᠦᠷᠢᠯᠡᠪᠡ᠃ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢᠳ ᠶᠢᠨ 164 ᠬᠤᠪᠢ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ | ᠬᠡᠰᠢᠬᠦᠳ ᠤᠨ 136 ᠬᠤᠪᠢ ᠰᠠᠨᠠᠯ ᠳᠤᠷᠠᠳᠤᠯᠭ᠎ᠠ ᠶᠢ ᠰᠢᠢᠳᠪᠦᠷᠢᠯᠡᠭᠰᠡᠨ ᠦᠷ᠎ᠡ ᠳ᠋ᠦᠩ ᠵᠦᠪᠰᠢᠶᠡᠷᠡᠭᠳᠡᠪᠡ᠃ | ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯᠬᠦᠢ ᠦᠶᠯᠡᠳᠪᠦᠷᠢᠯᠡᠯ ᠤᠨ ᠰᠢᠯᠭᠠᠨ ᠪᠠᠶᠢᠴᠠᠭᠠᠬᠤ ᠲᠣᠭᠤᠷᠢᠨ | ᠪᠠᠶᠢᠴᠠᠭᠠᠯᠲᠠ᠂ ᠥᠪᠡᠷᠲᠡᠭᠡᠨ ᠵᠠᠰᠠᠬᠤ ᠣᠷᠣᠨ ᠤ ᠠᠶᠤᠯᠬᠦᠢ ᠦᠶᠯᠡᠳᠪᠦᠷᠢᠯᠡᠯ ᠤᠨ ᠲᠤᠰᠬᠠᠶ ᠲᠣᠭᠤᠷᠢᠨ | ᠪᠠᠶᠢᠴᠠᠭᠠᠯᠲᠠ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠲᠤᠰᠬᠠᠶ ᠬᠢᠨᠠᠨ ᠪᠠᠶᠢᠴᠠᠭᠠᠯᠲᠠ᠂ ᠬᠤᠶᠠᠳᠤᠭᠠᠷ ᠡᠭᠡᠯᠵᠢ ᠶᠢᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠵᠡᠷᠭᠡ ᠳᠤ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠣᠨ ᠤ ᠡᠭᠦᠷᠭᠡ ᠶᠢ ᠪᠦᠬᠦᠨ ᠢ ᠪᠡᠶᠡᠯᠡᠬᠦᠯᠪᠡ ᠃ ᠳᠡᠭᠡᠳᠦ ᠱᠠᠲᠤᠨ ᠤ ᠪᠠᠯᠠ | ᠮᠥᠩᠭᠦ ᠶᠢ ᠨᠡᠶᠢᠲᠡ 47.8 ᠳ᠋ᠦᠩᠰᠢᠭᠤᠷ ᠲᠥᠭᠦᠷᠢᠭ ᠲᠡᠮᠡᠴᠡᠨ ᠣᠯᠵᠤ᠂ ᠬᠢᠵᠠᠭᠠᠷᠲᠠᠶ ᠡᠳ᠋ ᠤᠨ ᠬᠦᠴᠦᠨ ᠢᠶᠠᠨ | ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠳᠡᠭᠡᠷ᠎ᠡ ᠲᠥᠪᠯᠡᠷᠡᠭᠦᠯᠵᠦ᠂ ᠡᠯ᠎ᠡ | ᠵᠦᠶᠯ ᠤᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠪᠠ᠃ | ᠲᠥᠯᠥᠭᠡᠯᠡᠭᠴᠢᠳ ᠡ᠂ ᠤᠴᠢᠷ ᠶᠠᠪᠤᠳᠠᠯ ᠢ ᠥᠩᠭᠡᠷᠡᠭᠡᠬᠦ ᠦᠭᠡᠢ ᠪᠣᠯ ᠬᠡᠳᠦᠢ ᠬᠦᠴᠢᠷ ᠬᠡᠳᠡᠭ ᠢ ᠮᠡᠳᠡᠬᠦ | ᠦᠭᠡᠢ᠃ ᠥᠩᠭᠡᠷᠡᠭᠰᠡᠨ ᠨᠢᠭᠡ ᠵᠢᠯ ᠢᠶᠠᠨ ᠡᠷᠭᠢᠴᠡᠭᠦᠯᠪᠡᠯ᠂ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠭᠠᠳᠠᠭᠠᠳᠤ | ᠣᠷᠴᠢᠨ ᠲᠣᠭᠤᠷᠢᠨ ᠪᠠ ᠤᠯᠠᠨ ᠳᠠᠪᠬᠤᠷ ᠬᠦᠴᠢᠷ ᠪᠡᠷᠬᠡᠰᠢᠶᠡᠯ ᠤᠨ ᠡᠮᠦᠨ᠎ᠡ᠂ ᠪᠦᠬᠦ ᠲᠤᠭᠤᠷᠢᠭ ᠳᠠᠶᠠᠭᠠᠷ ᠲᠣᠭᠲᠠᠯ | ᠬᠦᠴᠦᠨ ᠢᠶᠠᠨ ᠪᠠᠲᠤᠯᠠᠵᠤ᠂ ᠰᠢᠷᠭᠠᠭᠤ ᠠᠵᠢᠯᠯᠠᠨ ᠪᠣᠳᠠᠲᠠᠢ ᠠᠵᠢᠯᠯᠠᠵᠤ᠂ ᠡᠷᠡᠮᠡᠬᠡᠶᠢᠯᠡᠨ ᠲᠡᠮᠡᠴᠡᠵᠦ᠂ ᠰᠢᠨ᠎ᠡ ᠶᠢ | ᠡᠭᠦᠳᠬᠦ ᠰᠡᠳᠬᠢᠮᠵᠢ᠂ ᠠᠳᠠᠯᠢᠳᠬᠠᠬᠤ ᠰᠤᠷᠤᠯᠴᠠᠬᠤ ᠭᠦᠢᠴᠡᠬᠦ ᠳᠠᠪᠠᠭ᠋ᠤ ᠭᠠᠷᠬᠤ ᠪᠠᠷ ᠬᠥᠭᠵᠢᠯᠲᠡ ᠶᠢᠨ | ᠳᠠᠪᠠᠭᠤᠯᠢᠭ ᠢ ᠪᠤᠢ ᠪᠤᠯᠭᠠᠬᠤ ᠶᠢ ᠪᠠᠷᠢᠮᠲᠠᠯᠠᠵᠤ᠂ ᠬᠠᠳᠠᠭᠠᠯᠠᠭᠳᠠᠴᠠ ᠶᠢ ᠠᠭᠤᠳᠠᠯᠬᠤ᠂ ᠨᠡᠮᠡᠭᠳᠡᠯ ᠢ ᠠᠳᠬᠤᠬᠤ ᠪᠠᠷ | ᠠᠵᠤ ᠠᠬᠤᠢ ᠶᠢ ᠬᠦᠴᠦᠯᠠᠨ ᠬᠦᠭᠵᠢᠬᠦᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠣᠷᠴᠢᠨ | ᠨᠦᠬᠦᠴᠡᠯ ᠢ ᠰᠢᠯᠢᠳᠡᠭᠵᠢᠭᠦᠯᠬᠦ ᠪᠠᠷ ᠳᠠᠮᠵᠢᠨ ᠠᠮᠢᠵᠢᠷᠠᠯ ᠤᠨ ᠬᠦᠴᠦᠨ ᠬᠥᠳᠡᠯᠭᠡᠬᠦ ᠬᠦᠴᠦᠨ ᠢ ᠨᠡᠮᠡᠭᠳᠡᠭᠦᠯᠵᠦ᠂ | ᠮᠠᠰᠢ ᠤᠯᠠᠨ ᠰᠠᠨᠠᠭᠠᠨ ᠳᠤ ᠦᠭᠡᠢ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠠᠯᠤᠰ ᠬᠡᠳᠦ ᠳᠤ ᠬᠤᠯᠪᠣᠭᠳᠠᠬᠤ | ᠵᠠᠷᠢᠮ ᠪᠣᠳᠠᠲᠤ ᠶᠠᠪᠤᠳᠠᠯ ᠴᠢᠬᠤᠯᠠ ᠶᠠᠪᠤᠳᠠᠯ ᠢ ᠬᠢᠵᠤ ᠪᠦᠲᠦᠭᠡᠵᠡᠢ᠃ ᠡᠳᠡᠭᠡᠷ ᠠᠮᠵᠢᠯᠲᠠ ᠶᠢ ᠣᠯᠤᠭᠰᠠᠨ ᠨᠢ | ᠨᠠᠮ ᠤᠨ ᠲᠥᠪ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠰᠢᠢᠳᠪᠦᠷᠢᠲᠦ | ᠪᠤᠳᠤᠯᠭ᠎ᠠ ᠶᠢ ᠡᠷᠡᠰ ᠨᠠᠶᠢᠳᠠᠪᠤᠷᠢᠵᠢᠭᠤᠯᠤᠭᠰᠠᠨ ᠤ ᠦᠷ᠎ᠡ ᠳ᠋ᠦᠩ ᠮᠦᠨ᠂ ᠥᠪᠡᠷᠲᠡᠭᠡᠨ ᠵᠠᠰᠠᠬᠤ ᠣᠷᠣᠨ᠂ ᠪᠤᠭᠤᠲᠤ | ᠬᠤᠳᠠ ᠪᠣᠯᠤᠨ ᠲᠤᠭᠤᠷᠢᠭ ᠤᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠤᠭᠰᠠᠨ ᠤ ᠦᠷ᠎ᠡ ᠳ᠋ᠦᠩ ᠮᠦᠨ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠲᠠᠯᠪᠢᠵᠤ ᠳᠡᠮᠵᠢᠯᠭᠡ ᠦᠵᠡᠬᠦᠯᠦᠭᠰᠡᠨ ᠪᠠ | ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠦᠴᠦᠲᠡᠢ ᠳᠡᠮᠵᠢᠯᠭᠡ ᠦᠵᠡᠭᠦᠯᠦᠭᠰᠡᠨ ᠤ ᠦᠷ᠎ᠡ ᠳ᠋ᠦᠩ ᠮᠦᠨ᠂ | ᠠᠮᠵᠢᠯᠲᠠ ᠪᠦᠲᠦᠮᠵᠢ ᠨᠢ ᠥᠩᠭᠡᠷᠡᠭᠰᠡᠨ ᠤ ᠬᠤᠭᠤᠴᠠᠭ᠎ᠠ ᠪᠦᠷᠢ ᠶᠢᠨ ᠲᠤᠭᠤᠷᠢᠭ ᠤᠨ ᠨᠠᠮ ᠤᠨ ᠬᠤᠷᠢᠶ᠎ᠠ᠂ | ᠲᠤᠭᠤᠷᠢᠭ ᠤᠨ ᠵᠠᠰᠠᠭ ᠤᠨ ᠣᠷᠳᠣᠨ ᠤ ᠦᠷᠭᠦᠯᠵᠢᠯᠡᠨ ᠲᠡᠮᠡᠴᠡᠭᠰᠡᠨ ᠤ ᠦᠷ᠎ᠡ ᠳ᠋ᠦᠩ ᠮᠦᠨ᠂ ᠪᠦᠬᠦ ᠲᠤᠭᠤᠷᠢᠭ | ᠤᠨ 80 ᠲᠦᠮᠡ ᠰᠢᠬᠠᠮ ᠠᠷᠠᠳ ᠲᠦᠮᠡᠨ ᠤ ᠬᠠᠮᠲᠤ ᠶᠢᠨ ᠬᠦᠰᠡᠯ ᠵᠣᠷᠢᠭ ᠢ ᠢᠯᠡᠷᠡᠬᠦᠯᠵᠤ ᠪᠠᠶᠢᠬᠤ ᠶᠢ ᠪᠢᠳᠡ | ᠭᠦᠨᠵᠡᠭᠡᠢ ᠣᠶᠢᠯᠠᠭᠠᠪᠠ︕ ᠠᠳᠡ ᠪᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ | ᠬᠥᠨᠳᠡᠯᠡᠨ ᠢᠶᠠᠨ ᠬᠠᠶᠢᠷᠠᠯᠠᠬᠤ᠂ ᠬᠥᠨᠳᠡᠯᠡᠨ ᠢᠶᠠᠨ ᠪᠦᠲᠦᠭᠡᠨ ᠪᠠᠶᠢᠭᠤᠯᠬᠤ᠂ ᠬᠥᠨᠳᠡᠯᠡᠨ ᠢᠶᠠᠨ ᠬᠥᠭᠵᠢᠭᠦᠯᠬᠦ ᠶᠢᠨ | ᠲᠦᠯᠦᠬᠡ ᠲᠡᠮᠡᠴᠡᠭᠰᠡᠨ ᠪᠦᠬᠦ ᠣᠷᠣᠯᠴᠠᠭᠴᠢ᠂ ᠳᠡᠮᠵᠢᠭᠴᠢ᠂ ᠬᠤᠪᠢ ᠨᠡᠮᠡᠷᠢ ᠦᠵᠡᠭᠦᠯᠦᠭᠴᠢ ᠳᠤ ᠴᠢᠩ | ᠰᠡᠳᠬᠢᠯ ᠤᠨ ᠲᠠᠯᠠᠷᠬᠠᠯ ᠪᠣᠯᠤᠨ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠲᠥᠯᠥᠭᠡᠯᠡᠭᠴᠢᠳ ᠡ᠂ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢᠨ ᠡᠮᠦᠨ᠎ᠡ᠂ | ᠡᠯ᠎ᠡ ᠭᠠᠵᠠᠷ ᠤᠷᠤᠨ ᠦᠷᠢᠰᠦᠯᠳᠦᠨ ᠬᠥᠭᠵᠢᠵᠦ ᠪᠠᠶᠢᠭ᠎ᠠ ᠪᠠᠶᠢᠳᠠᠯ ᠤᠨ ᠡᠮᠦᠨ᠎ᠡ᠂ ᠪᠤᠰᠤᠳ ᠲᠠᠢ ᠠᠳᠠᠯᠢᠳᠬᠠᠬᠤ | ᠭᠡᠰᠡᠨ ᠦᠬᠡᠢ ᠦᠪᠡᠷ ᠤᠨ ᠦᠩᠬᠡᠷᠡᠭᠰᠡᠨ ᠲᠠᠢ ᠪᠠᠨ ᠠᠳᠠᠯᠢᠳᠬᠠᠬᠤ ᠭᠡᠰᠡᠨ ᠦᠭᠡᠢ᠂ ᠮᠠᠨ ᠤ ᠬᠥᠭᠵᠢᠯᠲᠡ ᠳᠤ | ᠮᠥᠨ ᠯᠡ ᠵᠠᠷᠢᠮ ᠳᠤᠲᠠᠭᠤᠳᠠᠯ ᠪᠠ ᠠᠰᠠᠭᠤᠳᠠᠯ ᠣᠷᠣᠰᠢᠵᠤ ᠪᠠᠶᠢᠨ᠎ᠠ᠂ ᠡᠨᠡ ᠨᠢ ᠭᠤᠣᠯᠳᠠᠭᠤ᠄ ᠠᠵᠤ ᠠᠬᠤᠢ ᠶᠢ | ᠲᠣᠭᠲᠠᠭᠤᠨ ᠪᠠᠶᠢᠯᠭᠠᠬᠤ ᠶᠢᠨ ᠵᠡᠷᠭᠡ ᠪᠠᠷ ᠲᠦᠷᠭᠡᠨ ᠬᠥᠭᠵᠢᠭᠦᠯᠬᠦ ᠰᠠᠭᠤᠷᠢ ᠪᠠᠰᠠ ᠪᠠᠲᠤ ᠪᠠᠬᠢ ᠪᠢᠰᠢ᠂ ᠠᠵᠤ | ᠠᠬᠤᠶᠢᠯᠠᠯ ᠤᠨ ᠪᠡᠯᠡ ᠣᠷᠣᠭᠤᠯᠤᠯᠲᠠ ᠶᠢᠨ ᠢᠲᠡᠭᠡᠯ ᠳᠤᠲᠠᠮᠠᠭ᠂ ᠭᠤᠣᠯ ᠪᠣᠯᠬᠤ ᠠᠵᠤ ᠦᠢᠯᠡᠳᠪᠦᠷᠢ ᠶᠢᠨ | ᠦᠢᠯᠡᠳᠬᠦᠨ ᠤ ᠦᠨ᠎ᠡ ᠬᠠᠩᠰᠢ ᠳᠣᠣᠷ᠎ᠠ ᠪᠠᠶᠢᠳᠠᠯ ᠲᠠᠢ ᠪᠠᠶᠢᠬᠤ᠂ ᠬᠡᠰᠡᠭ ᠳᠤᠮᠳᠠ ᠵᠢᠵᠢᠭ ᠪᠢᠴᠢᠯ ᠠᠵᠤ | ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠬᠦᠴᠢᠷᠳᠡᠯ ᠲᠠᠢ ᠪᠠᠶᠢᠬᠤ ᠳᠡᠭᠡᠷ᠎ᠡ ᠢᠯᠡᠷᠡᠵᠦ ᠪᠠᠶᠢᠨ᠎ᠠ︔ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠬᠥᠲᠥᠯᠥᠨ ᠳᠠᠭᠠᠭᠤᠯᠬᠤ ᠦᠢᠯᠡᠳᠦᠯ ᠴᠢᠩᠭ᠎ᠠ ᠪᠢᠰᠢ᠂ | ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠠᠪᠤᠳᠠᠯ ᠳᠠᠪᠠᠭ᠎ᠠ ᠳᠠᠪᠠᠭ᠋ᠤ ᠱᠠᠲᠤᠨ ᠳᠤ ᠣᠷᠣᠰᠢᠵᠤ᠂ ᠠᠵᠤ | ᠦᠢᠯᠡᠰ ᠤᠨ ︽ᠤᠤᠯ ᠤᠨ ᠦᠢᠯᠡᠳᠬᠦᠨ᠂ ᠡᠬᠢᠨ ᠤ ᠬᠡᠯᠬᠢᠶ᠎ᠡ︾ ᠪᠠᠷ ᠭᠤᠣᠯ ᠪᠣᠯᠭᠠᠭᠰᠠᠨ ᠪᠠᠶᠢᠳᠠᠯ ᠢ ᠬᠠᠷᠠᠬᠠᠨ | ᠰᠢᠪᠲᠤᠯᠵᠤ ᠳᠡᠶᠢᠯᠦᠭᠡᠳᠦᠶ᠂ ᠨᠢᠭᠡᠴᠢ GDP ᠳᠠᠬᠢ ᠡᠨᠧᠷᠭᠢ ᠶᠢᠨ ᠬᠤᠷᠣᠭᠳᠠᠭᠤᠯᠤᠯ ᠬᠡᠳᠦ ᠥᠨᠳᠥᠷ ᠪᠠᠶᠢᠨ᠎ᠠ︔ | ᠰᠢᠨ᠎ᠡ ᠠᠵᠤ ᠦᠶᠯᠡᠰ ᠤᠨ ᠬᠥᠭᠵᠢᠯᠲᠡ ᠬᠦᠷᠦᠯᠴᠡᠬᠦ ᠥᠬᠡᠶ᠂ ᠦᠶᠯᠡᠳᠪᠦᠷᠢᠯᠡᠯ ᠤᠨ ᠴᠢᠨᠠᠷᠲᠠᠶ ᠦᠶᠯᠡᠴᠢᠯᠡᠭᠡᠨ ᠤ | ᠦᠶᠯᠡᠰ ᠬᠠᠷᠢᠴᠠᠩᠭᠤᠶ ᠬᠤᠴᠣᠷᠤᠩᠭᠤᠶ᠂ ᠠᠵᠤ ᠦᠶᠯᠡᠰ ᠤᠨ ᠭᠤᠤᠯᠯᠠᠬᠤ ᠥᠷᠢᠰᠦᠯᠳᠦᠬᠦ ᠬᠦᠴᠦᠨ ᠢ ᠤᠯᠠᠮ ᠨᠢᠭᠡ | ᠠᠯᠬᠤᠮ ᠴᠢᠩᠭᠠᠷᠠᠭᠤᠯᠬᠤ ᠴᠢᠬᠤᠯᠠᠲᠠᠶ ᠪᠠᠶᠢᠨ᠎ᠠ︔ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠳᠤ | ᠳᠤᠲᠠᠭᠤᠳᠠᠯ ᠣᠷᠣᠰᠢᠵᠤ᠂ ᠡᠯᠧᠮᠧᠨ᠋ᠲ ᠤᠨ ᠪᠠᠲᠤᠯᠠᠭ᠎ᠠ ᠲᠦᠩᠬᠡᠬᠡᠳ ᠬᠦᠷᠴᠦ ᠪᠠᠶᠢᠨ᠎ᠠ︔ ᠡᠳ᠋ ᠤᠨ ᠵᠠᠰᠠᠭ ᠤᠨ | ᠣᠷᠣᠯᠭ᠎ᠠ ᠵᠠᠷᠤᠯᠭ᠎ᠠ ᠶᠢᠨ ᠵᠥᠷᠢᠴᠡᠯ ᠲᠤᠪᠤᠶᠢᠮ᠎ᠠ ᠪᠠᠶᠢᠵᠤ᠂ ᠬᠤᠳᠠ ᠶᠢᠨ ᠰᠢᠨᠡᠴᠢᠯᠡᠯᠲᠡ᠂ ᠠᠮᠢ ᠠᠬᠤᠢ ᠣᠷᠴᠢᠨ | ᠲᠤᠭᠤᠷᠢᠨ ᠤ ᠬᠠᠮᠠᠭᠠᠯᠠᠯᠲᠠ ᠵᠡᠷᠭᠡ ᠲᠠᠯ᠎ᠠ ᠪᠠᠷ ᠬᠢ ᠲᠡᠦᠬᠡᠨ ᠥᠷᠢ ᠰᠢᠷᠢ ᠨᠡᠯᠢᠶᠡᠳ ᠤᠯᠠᠨ ᠪᠠᠶᠢᠨ᠎ᠠ︔ ᠠᠵᠢᠯ | ᠣᠯᠭᠤᠯᠲᠠ ᠨᠡᠶᠢᠭᠡᠮ ᠤᠨ ᠪᠠᠲᠤᠯᠠᠭ᠎ᠠ᠂ ᠰᠤᠷᠭᠠᠨ ᠬᠥᠮᠦᠵᠢᠯ ᠰᠣᠶᠣᠯ ᠪᠡᠶ᠎ᠡ ᠶᠢᠨ ᠲᠠᠮᠢᠷ᠂ ᠡᠮ ᠡᠮᠨᠡᠯᠭᠡ ᠡᠷᠡᠭᠦᠯ | ᠬᠠᠮᠠᠭᠠᠯᠠᠯ᠂ ᠨᠠᠰᠤᠲᠠᠨ ᠢ ᠠᠰᠠᠷᠠᠬᠤ ᠨᠠᠶᠢᠳᠠᠨ ᠬᠥᠮᠦᠵᠢᠭᠦᠯᠬᠦ ᠵᠡᠷᠭᠡ ᠠᠷᠠᠳ ᠤᠨ ᠠᠮᠢᠳᠤᠷᠠᠯ ᠤᠨ ᠦᠢᠯᠡᠰ ᠠᠷᠠᠳ | ᠤᠯᠠᠨ ᠤ ᠬᠦᠰᠡᠯ ᠬᠡᠷᠡᠭᠴᠡᠭᠡ ᠠᠴᠠ ᠪᠠᠰᠠ ᠨᠡᠯᠢᠶᠡᠳ ᠵᠦᠷᠢᠶ᠎ᠡ ᠲᠠᠢ ᠪᠠᠶᠢᠨ᠎ᠠ᠃ ᠪᠢᠳᠠ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠳᠤ ᠰᠠᠭᠤᠷᠢᠯᠠᠵᠤ᠂ ᠲᠤᠰ ᠤᠳᠠᠭ᠎ᠠ ᠶᠢᠨ ᠶᠡᠭᠡ ᠬᠤᠷᠠᠯ ᠤᠨ ᠲᠥᠯᠥᠭᠡᠯᠡᠭᠴᠢ᠂ | ᠭᠡᠰᠢᠭᠦᠨ ᠤ ᠳᠤᠷᠠᠳᠤᠭᠰᠠᠨ ᠰᠠᠨᠠᠯ ᠰᠠᠨᠠᠭᠤᠯᠭ᠎ᠠ ᠲᠠᠢ ᠬᠠᠮᠲᠤ ᠪᠠᠷ ᠡᠷᠲᠡᠬᠡᠨ ᠰᠤᠳᠤᠯᠤᠨ ᠰᠢᠢᠳᠪᠦᠷᠢᠯᠡᠨ᠎ᠡ᠃ | ᠬᠤᠶᠠᠷ᠂ ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠱᠠᠭᠠᠷᠳᠠᠯᠭ᠎ᠠ | ᠴᠠᠭ ᠤᠨ ᠪᠠᠶᠢᠳᠠᠯ ᠪᠠ ᠡᠭᠦᠷᠭᠡ ᠶᠢ ᠶᠡᠷᠦᠩᠬᠡᠶᠢᠯᠡᠨ ᠵᠠᠳᠠᠯᠵᠤ᠂ ᠡᠨᠡ ᠵᠢᠯ ᠤᠨ ᠵᠠᠰᠠᠭ ᠤᠨ ᠣᠷᠳᠣᠨ ᠤ | ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ | ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠦᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ | ᠬᠤᠷᠠᠯ ᠤᠨ ᠵᠣᠷᠢᠭ ᠰᠠᠨᠠᠭ᠎ᠠ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ | ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ | ᠫᠢᠩ ᠤᠨ ᠪᠤᠭᠤᠲᠤ ᠳᠤ ᠵᠢᠭᠠᠪᠤᠷᠢᠯᠠᠬᠰᠠᠨ ︽ᠨᠢᠭᠡ ᠰᠢᠨ᠎ᠡ ᠶᠢ ᠡᠭᠦᠳᠬᠦ᠂ ᠭᠤᠷᠪᠠ ᠶᠢ ᠪᠡᠶᠡᠯᠡᠭᠦᠯᠬᠦ︾ ᠴᠢᠬᠤᠯᠠ | ᠵᠢᠭᠠᠪᠤᠷᠢ ᠶᠢ ᠦᠨᠡᠨᠴᠢ ᠰᠢᠳᠤᠷᠭᠤ ᠪᠠᠷ ᠦᠢᠯᠡᠳᠦᠯᠬᠡᠵᠢᠬᠦᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠤᠯᠭᠠᠨ᠂ ᠪᠦᠬᠦ ᠤᠯᠤᠰ ᠪᠦᠬᠦ ᠣᠷᠣᠨ ᠤ | ᠲᠡᠷᠢᠭᠦᠨ ᠳᠤ ᠣᠷᠣᠬᠤ ᠪᠠᠷ ᠲᠡᠮᠡᠴᠡᠬᠦ ᠠᠤᠭ᠎ᠠ ᠰᠠᠨᠠᠭ᠎ᠠ ᠡᠷᠡᠯᠬᠡᠭ ᠵᠣᠷᠢᠭ ᠢ ᠴᠢᠨᠠᠭᠰᠢᠳᠠ ᠪᠠᠲᠤ ᠪᠤᠢ ᠪᠣᠯᠭᠠᠬᠤ | ᠬᠡᠷᠡᠭᠲᠡᠢ᠂ ︽ᠲᠦᠮᠡᠨ ᠬᠡᠷᠡᠭ ᠨᠢᠬᠡ ᠪᠦᠷᠢ ᠳᠤ ᠰᠢᠢᠳᠪᠦᠷᠢᠯᠡᠬᠦ ᠠᠷᠭ᠎ᠠ ᠪᠠᠶᠢᠬᠤ︾ ᠰᠡᠳᠬᠢᠬᠦᠢ ᠪᠠᠷ ᠠᠵᠤ ᠠᠬᠤᠢ | ᠨᠡᠶᠢᠭᠡᠮ ᠤᠨ ᠬᠥᠭᠵᠢᠯᠲᠡ ᠶᠢ ᠬᠦᠯᠢᠶᠡᠰᠦᠯᠡᠵᠤ ᠪᠠᠶᠢᠭ᠎ᠠ ᠲᠦᠭᠵᠢᠷᠡᠯ ᠴᠡᠭ ᠪᠣᠯᠤᠨ ᠬᠦᠴᠢᠷ ᠠᠰᠠᠭᠤᠳᠠᠯ ᠢ | ᠬᠦᠴᠦᠯᠡᠨ ᠰᠢᠢᠳᠪᠦᠷᠢᠯᠡᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ | ᠬᠤᠷᠢᠶᠠᠬᠤ ᠵᠢᠯ ᠳᠤ ︽ᠬᠤᠶᠠᠷ ᠢ ᠳᠠᠬᠢᠨ ᠢᠶᠠᠷ ᠨᠡᠮᠡᠭᠳᠡᠬᠦᠯᠬᠦ︾᠂ ︽ᠬᠤᠶᠠᠷ ᠢ ᠡᠭᠦᠳᠬᠦ︾ ᠶᠢ ᠴᠢᠷᠮᠠᠶᠢᠨ | ᠪᠡᠶᠡᠯᠡᠭᠦᠯᠦᠨ᠎ᠡ᠂ ᠰᠤᠷᠭᠠᠨ ᠬᠥᠮᠦᠵᠢᠯ᠂ ᠡᠮᠨᠡᠯᠬᠡ᠂ ᠰᠣᠶᠣᠯ ᠤᠨ ︽ᠭᠤᠷᠪᠠᠨ ᠥᠨᠳᠦᠷᠯᠢᠭ︾ ᠤᠨ ᠪᠠᠶᠢᠭᠤᠯᠤᠯᠲᠠ | ᠨᠡᠩ ᠤᠯᠠᠨ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠤᠯᠵᠤ᠂ ᠪᠥᠬᠦ ᠤᠯᠤᠰ ᠤᠨ ᠮᠢᠩᠭᠠᠨ | ᠳ᠋ᠦᠩᠰᠢᠭᠤᠷ ᠲᠠᠰ ᠤᠨ ᠰᠢᠶᠠᠨ ᠬᠤᠲᠠ ᠲᠣᠭᠤᠷᠢᠭ ᠤᠨ ᠵᠠᠭᠤᠨ ᠬᠦᠴᠦᠷᠬᠡᠭ ᠤᠨ ᠡᠩᠨᠡᠭᠡ ᠳᠤ ᠤᠷᠤᠬᠤ ᠪᠠᠷ | ᠬᠦᠴᠦᠯᠡᠨ ᠴᠢᠷᠮᠠᠶᠢᠨ᠎ᠠ᠃ | ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ ᠪᠣᠯ᠄ ᠭᠠᠵᠠᠷ ᠣᠷᠣᠨ ᠤ | ᠦᠶᠯᠡᠳᠪᠦᠷᠢᠯᠡᠯ ᠤᠨ ᠶᠡᠷᠦᠩᠬᠡᠶ ᠥᠷᠲᠡᠭ ᠢ 8% ᠣᠷᠴᠢᠮ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ | ᠦᠶᠯᠡᠳᠪᠦᠷᠢ ᠶᠢᠨ ᠨᠡᠮᠡᠭᠳᠡᠯ ᠥᠷᠲᠡᠭ ᠢ 14% ᠠᠴᠠ ᠳᠡᠭᠡᠭᠰᠢ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠶᠢ 18% ᠠᠴᠠ ᠳᠡᠭᠡᠭᠰᠢ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠶᠯ ᠢ ᠵᠢᠵᠢᠭᠯᠡᠨ | ᠪᠤᠷᠤᠯᠠᠭᠤᠯᠬᠤ ᠶᠡᠷᠦᠩᠬᠡᠶ ᠬᠡᠮᠵᠢᠶ᠎ᠡ ᠶᠢ 5% ᠠᠴᠠ ᠳᠡᠭᠡᠭᠰᠢ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ | ᠲᠥᠰᠦᠪ ᠤᠨ ᠣᠷᠣᠯᠭ᠎ᠠ ᠶᠢ 5% ᠠᠴᠠ ᠳᠡᠭᠡᠭᠰᠢ ᠨᠡᠮᠡᠭᠳᠡᠭᠦᠯᠵᠦ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ | ᠣᠷᠣᠯᠭ᠎ᠠ ᠶᠢᠨ ᠨᠡᠮᠡᠭᠳᠡᠯ ᠢ ᠠᠵᠤ ᠠᠬᠤᠶ ᠶᠢᠨ ᠨᠡᠮᠡᠭᠳᠡᠯ ᠤᠨ ᠬᠤᠷᠳᠤᠴᠠ ᠯᠤᠭ᠎ᠠ ᠦᠨᠳᠦᠰᠦᠨ ᠳᠡᠭᠡᠨ ᠠᠳᠠᠯᠢ | ᠪᠠᠶᠢᠯᠭᠠᠨ᠎ᠠ᠃ ᠳᠡᠭᠡᠷ᠎ᠡ ᠳᠤᠷᠠᠳᠤᠭᠰᠠᠨ ᠬᠠᠷᠠᠯᠲᠠ ᠶᠢ ᠲᠣᠭᠲᠠᠭᠠᠬᠤ ᠳᠤ᠂ ᠭᠠᠳᠠᠭᠠᠳᠤ ᠣᠷᠴᠢᠨ ᠨᠥᠬᠦᠴᠡᠯ᠂ | ᠰᠠᠭᠤᠷᠢ ᠨᠥᠬᠦᠴᠡᠯ᠂ ᠲᠠᠯᠳᠠ ᠬᠦᠴᠦᠨ ᠪᠠ ᠰᠡᠯᠭᠦᠬᠦ ᠬᠦᠴᠦᠨ ᠢ ᠭᠦᠢᠴᠡᠳ ᠪᠣᠳᠣᠯᠬᠢᠯᠠᠵᠤ᠂ ᠲᠣᠭᠲᠠᠭᠤᠨ | ᠪᠠᠶᠢᠯᠭᠠᠬᠤ ᠶᠢᠨ ᠵᠡᠷᠭᠡ ᠪᠠᠷ ᠠᠬᠢᠯᠲᠠ ᠲᠠᠢ ᠪᠠᠶᠢᠯᠭᠠᠬᠤ ᠪᠠᠷ ᠴᠢᠷᠮᠠᠶᠢᠬᠤ ᠂ ᠠᠬᠢᠯᠲᠠ ᠲᠠᠢ ᠪᠠᠶᠢᠬᠤ ᠪᠠᠷ | ᠲᠣᠭᠲᠠᠭᠤᠨ ᠪᠠᠶᠢᠯᠭᠠᠬᠤ ᠶᠢ ᠠᠬᠢᠭᠤᠯᠬᠤ ᠱᠠᠭᠠᠷᠳᠠᠯᠭ᠎ᠠ ᠶᠢ ᠲᠤᠭᠤᠰᠢᠯᠠᠭᠤᠯᠵᠤ᠂ ᠲᠥᠪ ᠶᠣᠰᠣ ᠶᠢ ᠪᠠᠷᠢᠮᠲᠠᠯᠠᠨ | ᠰᠢᠨ᠎ᠡ ᠶᠢ ᠡᠭᠦᠳᠬᠦ᠂ ᠤᠷᠢᠳ ᠢᠶᠠᠷ ᠪᠠᠶᠢᠭᠤᠯᠵᠤ ᠲᠠᠷᠠᠭ᠎ᠠ ᠨᠢ ᠡᠪᠳᠡᠬᠦ ᠡᠷᠡᠰ ᠵᠣᠷᠢᠭ ᠢ ᠢᠯᠡᠷᠡᠭᠦᠯᠦᠭᠰᠡᠨ ᠪᠠᠶᠢᠨ᠎ᠠ᠂ | ᠪᠢᠳᠡ ᠳᠠᠪᠠᠭᠤᠯᠢᠭ ᠢᠶᠠᠨ ᠪᠠᠳᠠᠷᠠᠭᠤᠯᠵᠤ᠂ ᠤᠷᠢᠳ ᠢᠶᠠᠷ ᠵᠠᠪᠳᠤᠨ ᠴᠢᠷᠮᠠᠶᠢᠵᠤ ᠥᠨᠳᠥᠷ ᠪᠠᠷᠢᠮᠵᠢᠶ᠎ᠠ ᠲᠤᠬᠳᠠᠭᠠᠵᠤ᠂ | ᠳᠠᠷᠤᠯᠲᠠ ᠶᠢ ᠨᠡᠮᠡᠭᠳᠡᠭᠦᠯᠦᠨ ᠡᠷᠡᠯᠬᠡᠭᠯᠡᠨ ᠲᠡᠮᠡᠴᠡᠳᠡᠭ ᠯᠡ ᠶᠤᠮ ᠪᠣᠯ ᠪᠦᠷᠢᠮᠦᠰᠦᠨ ᠪᠡᠶᠡᠯᠡᠭᠦᠯᠵᠦ ᠴᠢᠳᠠᠬᠤ ᠶᠤᠮ᠃ | ᠲᠤᠯᠭᠠᠭᠤᠷᠢᠯᠠᠬᠤ ᠨᠥᠬᠦᠴᠡᠯ ᠨᠢ ᠳᠥᠷᠪᠡᠨ ᠲᠠᠯ᠎ᠠ ᠠᠴᠠ ᠢᠷᠡᠯᠲᠡ ᠲᠠᠢ᠃ | ᠨᠢᠭᠡ ᠳᠤ᠂ ᠨᠠᠩ ᠢᠳᠡᠪᠬᠢᠲᠡᠶ ᠦᠶᠯᠡᠳᠦᠯ ᠦᠵᠡᠭᠦᠯᠬᠦ ᠬᠤᠷᠸ᠎ᠠ ᠲᠥᠷᠥ ᠶᠢᠨ ᠪᠣᠳᠣᠯᠭ᠎ᠠ ᠠᠴᠠ | ᠢᠷᠡᠯᠲᠡ ᠲᠠᠢ᠃ ᠲᠥᠪ ᠠᠴᠠ ᠡᠨᠡ ᠵᠢᠯ ᠤᠨ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢ ᠨᠠᠩ ᠢᠳᠡᠪᠬᠢᠲᠡᠶ | ᠪᠣᠯᠭᠠᠵᠤ᠂ ᠵᠣᠭᠤᠰᠣᠨ ᠤ ᠲᠥᠷᠥ ᠶᠢᠨ ᠪᠣᠳᠣᠯᠭ᠎ᠠ ᠶᠢ ᠵᠣᠬᠢᠰᠲᠠᠶ ᠠᠭᠤᠵᠢᠭᠤ ᠲᠠᠯᠪᠢᠵᠤ᠂ ᠣᠷᠳᠣ ᠬᠤᠭᠤᠴᠠᠭᠠᠨ ᠤ | ᠤᠯᠤᠰ ᠤᠨ ᠵᠢᠭᠡᠯᠡᠯᠭᠡ ᠶᠢ ᠲᠠᠷᠬᠠᠭᠠᠬᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠢᠭᠡᠯᠡᠯᠭᠡ ᠶᠢᠨ | ᠲᠡᠮᠳᠡᠭᠲᠦ ᠶᠢ ᠳᠣᠭᠢᠷᠠᠭᠤᠯᠬᠤ ᠵᠡᠷᠭᠡ ᠠᠰᠢᠭᠲᠠᠶ ᠲᠥᠷᠥ ᠶᠢᠨ ᠪᠣᠳᠣᠯᠭ᠎ᠠ ᠶᠢ ᠳᠤᠷᠠᠳᠤᠨ ᠭᠠᠷᠭᠠᠵᠤ᠂ ᠡᠯ᠎ᠡ | ᠲᠥᠷᠥᠯ ᠤᠨ ᠲᠥᠷᠥ ᠶᠢᠨ ᠪᠣᠳᠣᠯᠭ᠎ᠠ ᠪᠠ ᠥᠭᠡᠷᠡᠴᠢᠯᠡᠯᠲᠡ ᠨᠡᠭᠡᠭᠡᠯᠲᠡ ᠶᠢᠨ ᠠᠷᠭ᠎ᠠ ᠬᠡᠮᠵᠢᠶ᠎ᠡ ᠶᠢᠨ ᠵᠣᠬᠢᠴᠠᠯᠳᠤᠨ | ᠬᠠᠮᠵᠢᠯᠴᠠᠬᠤ ᠶᠢ ᠴᠢᠩᠭᠠᠳᠬᠠᠨ᠂ ᠲᠥᠷᠥ ᠶᠢᠨ ᠪᠣᠳᠣᠯᠭ᠎ᠠ ᠶᠢᠨ ᠦᠶᠯᠡᠳᠦᠯ ᠴᠢᠳᠠᠪᠤᠷᠢ ᠶᠢ ᠶᠡᠬᠡᠰᠬᠡᠪᠡ᠂ ᠡᠲᠡᠭᠡᠷ ᠨᠢ | ᠴᠥᠮ ᠪᠢᠳᠡᠨ ᠤ ᠨᠠᠩ ᠣᠯᠠᠨ ᠡᠬᠢ ᠪᠠᠶᠠᠯᠢᠭ ᠢ ᠰᠤᠯᠠᠯᠠᠨ ᠭᠠᠷᠭᠠᠵᠤ ᠬᠥᠭᠵᠢᠯᠲᠡ ᠶᠢ ᠠᠬᠢᠭᠤᠯᠬᠤ᠂ ᠠᠷᠠᠳ ᠤᠨ | ᠠᠮᠢᠳᠤᠷᠠᠯ ᠢ ᠰᠠᠶᠢᠵᠢᠷᠠᠭᠤᠯᠬᠤ ᠳᠤ ᠠᠰᠢᠭᠲᠠᠶ ᠶᠤᠮ᠃ ᠶᠡᠷᠦᠩᠬᠡᠢ ᠱᠦᠵᠢ ᠰᠢ ᠶᠢᠨ ᠫᠢᠩ ᠤᠨ ᠵᠢᠭᠠᠪᠤᠷᠢᠯᠠᠬᠰᠠᠨ ︽ | ᠬᠤᠪᠣᠷ ᠰᠢᠷᠣᠢ ᠶᠢᠨ ᠬᠤᠶᠠᠷ ᠰᠠᠭᠤᠷᠢᠨ︾ ᠢ ᠪᠦᠳᠦᠭᠡᠨ ᠪᠠᠶᠢᠭᠤᠯᠬᠤ ᠴᠢᠬᠤᠯᠠ ᠵᠢᠭᠠᠪᠤᠷᠢ ᠨᠢ ᠮᠠᠨ ᠤ ᠲᠤᠭᠤᠷᠢᠭ | ᠤᠨ ᠬᠤᠪᠣᠷ ᠰᠢᠷᠣᠢ ᠶᠢᠨ ᠠᠵᠤ ᠦᠢᠯᠡᠰ ᠤᠨ ᠬᠥᠭᠵᠢᠯᠲᠡ ᠳᠤ ᠪᠦᠬᠦ ᠲᠠᠯ᠎ᠠ ᠶᠢᠨ ᠴᠢᠨᠠᠷᠲᠠᠢ᠂ ᠦᠨᠳᠦᠰᠦᠨ | ᠴᠢᠨᠠᠷᠲᠠᠢ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠠᠵᠢᠯᠯᠠᠭᠠᠨ ᠤ ᠵᠦᠭᠯᠡᠭᠦᠷ ᠬᠠᠩᠭᠠᠪᠠ︔ ᠬᠠᠲᠤᠨ ᠭᠤᠤᠯ ᠤᠨ | ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠵᠡᠷᠭᠡ ᠴᠢᠬᠤᠯᠠ ᠶᠡᠭᠡ | ᠤᠯᠤᠰ ᠤᠨ ᠪᠠᠶᠢᠯᠳᠤᠬᠤ ᠪᠣᠳᠣᠯᠭ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠨᠡᠶᠢᠳᠠᠯᠡᠭᠰᠡᠨ ᠠᠯᠢ ᠤᠯᠠᠨ | ᠨᠡᠮᠡᠭᠳᠡᠯ ᠤᠨ ᠲᠥᠷᠥ ᠶᠢᠨ ᠪᠣᠳᠣᠯᠭ᠎ᠠ᠂ ᠥᠪᠡᠷᠲᠡᠭᠡᠨ ᠵᠠᠰᠠᠬᠤ ᠣᠷᠣᠨ ᠤ ᠰᠢᠨ᠎ᠡ ᠬᠡᠯᠪᠡᠷᠢ ᠶᠢᠨ ᠡᠨᠧᠷᠭᠢ | ᠨᠦᠬᠡᠴᠡᠯᠡᠬᠦ ᠠᠵᠤ ᠦᠶᠯᠡᠰ ᠤᠨ ᠬᠥᠭᠵᠢᠯᠲᠡ ᠵᠡᠷᠭᠡ ᠠᠷᠭ᠎ᠠ ᠬᠡᠮᠵᠢᠶ᠎ᠡ ᠨᠢ ᠮᠠᠨ ᠤ ᠡᠨᠡ ᠬᠦ ᠠᠵᠤ ᠦᠶᠯᠡᠳᠪᠦᠷᠢ ᠶᠢᠨ | ᠬᠠᠭᠤᠴᠢᠨ ᠬᠤᠲᠠ ᠶᠢᠨ ᠲᠣᠭᠤᠷᠢᠭ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠳᠤ ᠠᠰᠢᠭᠲᠠᠶ ᠠᠵᠠ | ᠲᠣᠬᠢᠶᠠᠯ ᠢ ᠬᠠᠩᠭᠠᠵᠤ᠂ ᠴᠥᠮ ᠮᠠᠨ ᠤ ᠬᠥᠭᠵᠢᠯᠲᠡ ᠶᠢᠨ ᠬᠥᠳᠡᠯᠭᠡᠬᠦ ᠡᠨᠧᠷᠭᠢ ᠪᠠ ᠨᠡᠮᠡᠭᠳᠡᠯ ᠤᠨ ᠬᠡᠮᠵᠢᠶ᠎ᠡ ᠶᠢ | ᠡᠭᠦᠳᠴᠦ ᠴᠢᠳᠠᠬᠤ ᠨᠦᠬᠦᠴᠡᠯ ᠪᠣᠯᠬᠤ ᠶᠤᠮ᠃ | ᠬᠤᠶᠠᠷ ᠲᠤ᠂ ᠮᠠᠨ ᠤ ᠲᠤᠭᠤᠷᠢᠭ ᠤᠨ ᠨᠡᠯᠢᠶᠡᠳ ᠶᠡᠭᠡ ᠠᠵᠤ ᠠᠬᠤᠶ ᠶᠢᠨ ᠶᠡᠷᠦᠩᠬᠡᠶ ᠬᠡᠮᠵᠢᠶ᠎ᠡ ᠪᠣᠯᠤᠨ | ᠨᠢᠬᠡᠨᠳᠡ ᠪᠦᠷᠢᠯᠳᠦᠭᠰᠡᠨ ᠠᠵᠤ ᠦᠶᠯᠡᠰ ᠤᠨ ᠰᠠᠭᠤᠷᠢ ᠠᠴᠠ ᠢᠷᠡᠯᠲᠡ ᠲᠠᠢ ᠶᠤᠮ᠃ ᠮᠠᠨ ᠤ ᠲᠤᠭᠤᠷᠢᠭ ᠤᠨ ᠠᠵᠤ | ᠠᠬᠤᠶ ᠶᠢᠨ ᠴᠣᠭᠴᠠ ᠪᠥᠬᠦ ᠬᠤᠲᠠ ᠶᠢᠨ ᠭᠤᠷᠪᠠᠨ ᠤ ᠨᠢᠭᠡ ᠣᠷᠴᠢᠮ ᠢ ᠡᠵᠡᠯᠡᠵᠦ᠂ ᠭᠠᠵᠠᠷ ᠣᠷᠣᠨ ᠤ | ᠦᠶᠯᠡᠳᠪᠦᠷᠢᠯᠡᠯ ᠤᠨ ᠶᠡᠷᠦᠩᠬᠡᠶ ᠥᠷᠲᠡᠭ 2022 ᠣᠨ ᠠᠴᠠ ᠡᠬᠢᠯᠡᠨ ᠭᠤᠷᠪᠠᠨ ᠵᠢᠯ ᠲᠠᠷᠠᠭᠠᠯᠠᠨ ᠵᠢᠯ | ᠳᠤᠮᠳᠠᠴᠢ ᠶᠢᠨ ᠨᠡᠮᠡᠭᠳᠡᠯ ᠤᠨ ᠬᠤᠷᠳᠤᠴᠠ 8.5% ᠣᠷᠴᠢᠮ ᠪᠠᠶᠢᠵᠤ᠂ ᠶᠡᠷᠦᠩᠬᠡᠶ ᠬᠡᠮᠵᠢᠶ᠎ᠡ ᠨᠢ 1500 | ᠳ᠋ᠦᠩᠰᠢᠭᠤᠷ ᠲᠥᠭᠦᠷᠢᠭ ᠲᠤ ᠣᠶᠢᠷᠠᠳᠤᠵᠤ᠂ ᠵᠢᠯ ᠤᠨ ᠨᠡᠮᠡᠭᠳᠡᠯ ᠤᠨ ᠬᠡᠮᠵᠢᠶ᠎ᠡ ᠨᠢ ᠵᠠᠭᠤᠨ ᠳ᠋ᠦᠩᠰᠢᠭᠤᠷ | ᠲᠥᠭᠦᠷᠢᠭ ᠢ ᠳᠠᠪᠠᠪᠠ᠃ ᠪᠣᠯᠣᠳ ᠲᠡᠮᠦᠷ᠂ ᠲᠠᠯᠠᠰᠲᠤ ᠴᠠᠬᠢᠭᠤᠷ ᠤᠨ ᠬᠡᠷᠡᠯ ᠴᠡᠨᠡᠭ ᠬᠤᠶᠠᠷ ᠶᠡᠭᠡ ᠭᠤᠤᠯᠯᠠᠬᠤ | ᠠᠵᠤ ᠦᠶᠯᠡᠰ ᠨᠢ ᠠᠳᠠᠯᠢ ᠠᠵᠢᠯ ᠲᠥᠷᠥᠯ ᠤᠨ ᠬᠢᠨ ᠤ ᠲᠤᠳᠤᠷ᠎ᠠ ᠢᠯᠡᠷᠬᠡᠢ ᠳᠠᠪᠠᠭᠤᠯᠢᠭ ᠲᠠᠢ ᠪᠠᠶᠢᠵᠤ᠂ | ᠣᠶᠢᠷ᠎ᠠ ᠶᠢᠨ ᠵᠢᠯ ᠳᠤ ᠬᠡᠷᠡᠭᠵᠢᠭᠦᠯᠦᠭᠰᠡᠨ ᠨᠢᠭᠡ ᠪᠦᠯᠦᠭ ᠴᠢᠬᠤᠯᠠ ᠶᠡᠭᠡ ᠲᠥᠷᠥᠯ ᠵᠦᠶᠯ ᠨᠢ ᠠᠰᠢᠭᠯᠠᠯᠲᠠ ᠳᠤ | ᠣᠷᠣᠵᠤ ᠦᠷ᠎ᠡ ᠪᠦᠲᠦᠮᠵᠢ ᠣᠯᠵᠤ᠂ ᠪᠢᠳᠡᠨ ᠤ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠦᠷᠭᠦᠯᠵᠢᠯᠡᠨ | ᠠᠬᠢᠭᠤᠯᠬᠤ ᠳᠤ ᠰᠠᠭᠤᠷᠢ ᠶᠢ ᠲᠠᠯᠪᠢᠵᠤ ᠥᠭᠴᠡᠶ᠃ | ᠭᠤᠷᠪᠠ ᠳᠤ᠂ ᠮᠠᠨ ᠤ ᠲᠤᠭᠤᠷᠢᠭ ᠤᠨ ᠲᠣᠭᠲᠠᠭᠤᠨ ᠢᠶᠠᠷ ᠳᠡᠭᠡᠭᠰᠢᠯᠡᠭᠰᠡᠨ ᠶᠡᠷᠦᠩᠬᠡᠶᠢᠯᠡᠭᠰᠡᠨ ᠳᠠᠭᠠᠭᠠᠯᠳᠠ ᠶᠢᠨ | ᠴᠢᠳᠠᠪᠤᠷᠢ ᠠᠴᠠ ᠢᠷᠡᠯᠲᠡ ᠲᠠᠢ ᠶᠤᠮ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ | ᠪᠠᠶᠢᠷᠢᠰᠢᠯ ᠲᠣᠳᠣᠷᠬᠠᠢ᠂ ᠲᠠᠪᠤᠨ ᠶᠡᠭᠡ ᠠᠵᠤ ᠦᠢᠯᠡᠰ ᠤᠨ ᠬᠡᠰᠡᠭ ᠢ ᠪᠦᠷᠢᠯᠳᠦᠬᠦᠯᠵᠦ᠂ ᠦᠢᠯᠡᠳᠬᠦᠨ ᠤ | ᠦᠷᠳᠡᠭ ᠨᠢ 800 ᠳ᠋ᠦᠩᠰᠢᠭᠤᠷ ᠰᠢᠬᠠᠮ ᠲᠥᠭᠦᠷᠢᠭ ᠲᠤ ᠬᠦᠷᠴᠦ᠂ ᠤᠳᠤ ᠪᠠᠶᠢᠭ᠎ᠠ ᠪᠤᠬᠢᠷᠳᠤᠯ ᠦᠬᠡᠢ | ᠴᠠᠬᠢᠯᠭᠠᠨ᠂ ᠴᠠᠬᠢᠯᠭᠠᠨ ᠤ ᠦᠨ᠎ᠡ ᠵᠡᠷᠭᠡ ᠡᠯᠧᠮᠧᠨ᠋ᠲ ᠤᠨ ᠳᠠᠪᠠᠭᠤᠯᠢᠭ ᠤᠨ ᠰᠠᠭᠤᠷᠢᠨ ᠳᠡᠭᠡᠷ᠎ᠡ᠂ ᠪᠠᠷᠠᠭᠠᠨ ᠤ | ᠭᠦᠢᠯᠭᠡᠭᠡ᠂ ᠢᠯᠴᠢ ᠬᠠᠩᠭᠠᠬᠤ ᠠᠭᠤᠷ ᠤᠨ ᠬᠦᠳᠡᠯᠬᠡᠬᠦ ᠬᠦᠴᠦᠨ᠂ ᠣᠨᠴᠠ ᠲᠦᠷᠦᠯ ᠤᠨ ᠬᠡᠢ ᠪᠡᠶᠡᠲᠦ ᠵᠡᠷᠭᠡ ᠶᠢᠨ | ᠲᠤᠭᠤᠷᠢᠨ ᠳᠤ ᠪᠦᠬᠦ ᠡᠯᠧᠮᠧᠨ᠋ᠲ ᠤᠨ ᠥᠪᠡᠷ ᠤᠨ ᠦᠷᠳᠡᠭ ᠳᠣᠣᠷ᠎ᠠ ᠲᠠᠭᠠᠯᠠᠮᠵᠢᠳᠠᠢ ᠭᠠᠵᠠᠷ ᠢ ᠪᠠᠶᠢᠭᠤᠯᠵᠤ | ᠪᠠᠶᠢᠨ᠎ᠠ᠃ ᠪᠦᠬᠦ ᠬᠤᠳᠠ ᠶᠢᠨ ᠭᠤᠷᠪᠠᠨ ᠤ ᠨᠢᠭᠡ ᠰᠢᠬᠠᠮ ᠢ ᠡᠵᠡᠯᠡᠬᠦ ᠬᠥᠮᠦᠨ ᠠᠮᠠ ᠶᠢᠨ ᠬᠡᠪᠴᠢᠶ᠎ᠡ ᠨᠢ ᠮᠠᠨ ᠤ | ᠲᠤᠭᠤᠷᠢᠭ ᠲᠤ ᠠᠵᠤ ᠠᠬᠤᠢ ᠶᠢᠨ ᠨᠡᠮᠡᠭᠳᠡᠯ ᠤᠨ ᠠᠰᠢᠬᠳᠠᠢ ᠨᠦᠬᠦᠴᠡᠯ ᠪᠣᠯᠤᠨ ᠬᠡᠷᠡᠭᠯᠡᠭᠡᠨ ᠤ ᠨᠡᠮᠡᠭᠳᠡᠯ ᠤᠨ ᠲᠠᠯᠳᠠ | ᠬᠦᠴᠦᠨ ᠬᠠᠩᠭᠠᠵᠤ᠂ ᠰᠤᠷᠭᠠᠨ ᠬᠥᠮᠦᠵᠢᠯ᠂ ᠡᠮ ᠡᠮᠨᠡᠯᠭᠡ ᠶᠢᠨ ᠨᠥᠬᠦᠴᠡᠯ ᠨᠢ ᠴᠢᠳᠠᠪᠤᠷᠢᠲᠠᠨ ᠢ ᠴᠤᠭᠯᠠᠭᠤᠯᠬᠤ ᠳᠤ | ᠪᠠᠲᠤ ᠴᠢᠩᠭ᠎ᠠ ᠪᠠᠲᠤᠯᠠᠭ᠎ᠠ ᠬᠠᠩᠭᠠᠪᠠ᠂ ᠡᠳᠡᠭᠡᠷ ᠨᠢ ᠴᠥᠮ ᠮᠠᠨ ᠤ ᠲᠤᠭᠤᠷᠢᠭ ᠤᠨ ᠬᠥᠭᠵᠢᠯᠲᠡ ᠶᠢᠨ ᠳᠠᠪᠠᠭᠤᠯᠢᠭ | ᠪᠣᠯᠤᠨ ᠢᠳᠡ ᠬᠦᠴᠦᠨ ᠪᠣᠯᠤᠨ᠎ᠠ᠃ | ᠳᠥᠷᠪᠡ ᠳᠤ᠂ ᠲᠤᠭᠤᠷᠢᠭ ᠳᠠᠶᠠᠭᠠᠷ ᠢᠶᠠᠨ ᠨᠢᠭᠡ ᠰᠡᠳᠬᠢᠯ ᠨᠢᠭᠡ ᠴᠢᠭᠯᠡᠯ ᠲᠠᠢ ᠲᠡᠶᠢᠰᠢ ᠬᠦᠴᠦᠯᠡᠭᠰᠡᠨ᠂ | ᠠᠵᠢᠯ ᠬᠢᠵᠦ ᠦᠶᠯᠡᠰ ᠪᠤᠰᠬᠠᠬᠤ ᠰᠠᠶᠢᠨ ᠰᠠᠶᠢᠬᠠᠨ ᠠᠭᠤᠷ ᠠᠮᠢᠰᠬᠤᠯ ᠠᠴᠠ ᠢᠷᠡᠯᠲᠡ ᠲᠠᠢ᠃ ᠪᠢᠳᠡ | ᠦᠢᠯᠡᠳᠦᠯᠭᠡ ᠶᠢᠨ ᠳᠤᠮᠳᠠ ᠨᠢᠭᠡ ᠪᠦᠯᠦᠭ ᠵᠣᠷᠢᠭᠲᠠᠢ ᠪᠠᠷ ᠠᠵᠢᠯ ᠶᠠᠪᠤᠳᠠᠯ ᠬᠢᠬᠦ᠂ ᠠᠵᠢᠯ ᠶᠠᠪᠤᠳᠠᠯ ᠬᠢᠵᠦ | ᠴᠢᠳᠠᠬᠤ᠂ ᠠᠵᠢᠯ ᠶᠠᠪᠤᠳᠠᠯ ᠬᠢᠵᠦ ᠲᠡᠶᠢᠯᠬᠦ ᠺᠠᠳ᠋ᠷ ᠤᠨ ᠡᠩᠨᠡᠭᠡ ᠶᠢ ᠳᠠᠪᠲᠠᠨ ᠪᠣᠯᠪᠠᠰᠤᠷᠠᠭᠤᠯᠵᠤ᠂ ᠪᠢᠳᠡᠨ ᠳᠤ | 670 ᠭᠠᠷᠤᠢ ᠠᠷᠠᠳ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠵᠢᠴᠢ ᠪᠦᠬᠦ | ᠲᠤᠭᠤᠷᠢᠭ ᠤᠨ ᠠᠷᠠᠳ ᠲᠦᠮᠡᠨ ᠤ ᠬᠦᠴᠦᠲᠡᠢ ᠳᠡᠮᠵᠢᠯᠭᠡ ᠪᠠᠶᠢᠨ᠎ᠠ᠂ ᠪᠢᠳᠡ ᠨᠢᠭᠡ ᠢᠵᠢ ᠪᠣᠯᠪᠠᠰᠤᠷᠠᠩᠭᠤᠢ ᠪᠥᠭᠡᠳ | ᠲᠤᠰᠠᠲᠠᠢ ᠲᠣᠭᠲᠠᠴᠠ ᠠᠷᠭ᠎ᠠ ᠬᠢᠳᠡᠯ ᠢ ᠪᠦᠷᠢᠯᠳᠦᠭᠦᠯᠵᠡᠢ᠂ ᠪᠢᠳᠡ ᠡᠳᠡᠭᠡᠷ ᠳᠠᠪᠠᠭᠤᠯᠢᠭ ᠪᠠ ᠵᠠᠩᠭᠢᠯᠠᠭ᠎ᠠ ᠶᠢ ᠪᠠᠲᠤ | ᠡᠵᠡᠮᠳᠡᠵᠦ᠂ ︽ᠬᠥᠮᠦᠨ ᠨᠢᠭᠡ ᠬᠤᠪᠢ ᠶᠢᠨ ᠬᠦᠴᠦᠨ ᠭᠠᠷᠭᠠᠪᠠᠯ ᠪᠢ ᠠᠷᠪᠠᠨ ᠬᠤᠪᠢ ᠪᠠᠷ ᠴᠢᠷᠮᠠᠶᠢᠨ︾ ᠬᠢᠬᠦ | ᠲᠡᠮᠡᠴᠡᠯ ᠤᠨ ᠵᠣᠷᠢᠭ ᠰᠠᠨᠠᠭ᠎ᠠ ᠶᠢ ᠤᠯᠠᠮ ᠴᠢᠨᠠᠭᠰᠢᠳᠠ ᠪᠠᠳᠠᠷᠠᠭᠤᠯᠵᠤ᠂ ︽ᠯᠠᠪᠳᠠᠢ ᠰᠢᠢᠳᠪᠦᠷᠢᠯᠡᠬᠦ ᠠᠷᠭ᠎ᠠ ᠪᠠᠶᠢᠬᠤ | ᠰᠡᠳᠬᠢᠬᠦᠢ︾ ᠪᠠᠷ ᠤᠷᠤᠭᠰᠢᠯᠠᠯᠲᠠ ᠶᠢᠨ ᠵᠠᠮ ᠳᠡᠭᠡᠷᠡᠬᠢ ᠬᠦᠴᠢᠷᠳᠡᠯ ᠪᠠ ᠥᠷᠢᠰᠥᠯᠳᠦᠭᠡᠨ ᠢ ᠰᠢᠢᠳᠪᠦᠷᠢᠯᠡᠳᠡᠭ ᠯᠡ | ᠶᠤᠮ ᠪᠣᠯ ᠯᠠᠪᠲᠠᠢ ᠰᠢᠨ᠎ᠡ ᠢᠯᠠᠯᠲᠠ ᠶᠢ ᠲᠠᠰᠤᠷᠠᠯᠲᠠ ᠦᠭᠡᠢ ᠤᠯᠬᠤ ᠶᠤᠮ᠃ | ᠭᠤᠷᠪᠠ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠭᠤᠣᠯ ᠡᠭᠦᠷᠭᠡ | ᠲᠤᠭᠤᠷᠢᠭ ᠤᠨ ᠨᠠᠮ ᠤᠨ ᠬᠤᠷᠢᠶᠠᠨ ᠤ ᠠᠷᠪᠠᠨ ᠬᠤᠶᠠᠳᠤᠭᠠᠷ ᠬᠤᠭᠤᠴᠠᠭᠠᠨ ᠤ ᠨᠠᠢᠮᠠᠳᠤᠭᠠᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠯᠤᠭᠠᠨ ᠲᠠᠯ᠎ᠠ ᠶᠢᠨ ᠠᠵᠢᠯ ᠢ | ᠭᠤᠤᠯᠳᠠᠯᠭ᠎ᠠ ᠲᠠᠢ ᠰᠠᠶᠢᠲᠤᠷ ᠬᠢᠨ᠎ᠠ᠃ | ︵ᠨᠢᠭᠡ︶ ᠳᠣᠲᠣᠭᠠᠳᠤ ᠬᠡᠷᠡᠭᠴᠡᠭᠡ ᠶᠢ ᠥᠷᠭᠡᠳᠬᠡᠨ ᠲᠣᠭᠲᠠᠭᠤᠨ ᠢᠶᠠᠷ ᠨᠡᠮᠡᠭᠳᠡᠭᠦᠯᠵᠦ᠂ ᠠᠵᠤ ᠠᠬᠤᠶ ᠶᠢᠨ | ᠲᠣᠭᠲᠠᠭᠤᠨ ᠪᠠᠶᠢᠬᠤ ᠶᠢᠨ ᠵᠡᠷᠭᠡ ᠪᠠᠷ ᠲᠦᠷᠭᠡᠨ ᠢᠶᠠᠷ ᠠᠬᠢᠬᠤ ᠶᠢ ᠠᠬᠢᠭᠤᠯᠬᠤ ᠲᠠᠯ᠎ᠠ ᠪᠠᠷ ᠪᠣᠳᠠᠲᠠᠶ ᠠᠵᠢᠯᠯᠠᠨ | ᠲᠡᠷᠢᠭᠦᠨ ᠳᠤ ᠨᠢ ᠣᠷᠣᠬᠤ ᠪᠠᠷ ᠴᠢᠷᠮᠠᠶᠢᠨ᠎ᠠ | ᠨᠢᠭᠡ ᠳᠤ᠂ ᠲᠥᠷᠥᠯ ᠵᠦᠶᠯ ᠢ ᠨᠡᠮᠡᠭᠳᠡᠬᠦᠯᠬᠦ ᠶᠢ ᠪᠣᠳᠠᠲᠠᠶ ᠠᠳᠬᠤᠵᠤ ᠪᠦᠲᠦᠮᠵᠢᠲᠡᠶ ᠪᠠᠯᠠ | ᠣᠷᠣᠭᠤᠯᠤᠯᠲᠠ ᠶᠢ ᠥᠷᠭᠡᠳᠬᠡᠨ᠎ᠡ᠃ ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ ᠲᠦᠯᠦᠪᠯᠡᠬᠦ ᠠᠵᠢᠯᠯᠠᠭ᠎ᠠ ᠶᠢ | ᠭᠦᠨᠵᠡᠭᠡᠢ ᠥᠷᠨᠢᠭᠦᠯᠵᠦ᠂ ᠪᠡᠯᠡ ᠣᠷᠣᠭᠤᠯᠤᠯᠲᠠ ᠨᠢ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ | ᠲᠥᠷᠥᠯ ᠵᠦᠢᠯ ᠢ ᠵᠠᠭᠤ ᠭᠠᠷᠤᠢ ᠬᠡᠷᠡᠭᠵᠢᠭᠦᠯᠵᠦ᠂ ᠵᠢᠯ ᠤᠨ ᠳᠣᠲᠣᠷ᠎ᠠ 450 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠦᠨ᠂ ᠡᠭᠦᠨ ᠳᠤ ᠠᠵᠤ ᠦᠢᠯᠡᠰ ᠤᠨ ᠲᠥᠷᠥᠯ ᠤᠨ ᠲᠥᠷᠥᠯ ᠵᠦᠢᠯ ᠤᠨ ᠡᠵᠡᠯᠡᠬᠦ | ᠬᠠᠷᠢᠴᠠᠯ 70% ᠶᠢ ᠡᠵᠡᠯᠡᠨ᠂ ᠵᠢᠯ ᠤᠨ ᠳᠣᠲᠣᠷ᠎ᠠ 45 ᠲᠥᠷᠥᠯ ᠵᠦᠢᠯ ᠢ ᠪᠠᠶᠢᠭᠤᠯᠵᠤ ᠳᠠᠭᠤᠰᠬᠠᠬᠤ ᠶᠢ | ᠪᠠᠲᠤᠯᠠᠨ᠎ᠠ᠃ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ︽ᠪᠥᠬᠦ ᠦᠶᠡᠯᠡᠯ ᠤᠨ ᠬᠤᠭᠤᠴᠠᠭ᠎ᠠ᠂ ᠪᠥᠬᠦ | ᠬᠦᠴᠦᠨ ᠵᠦᠶᠯ︾ ᠤᠨ ᠦᠶᠯᠡᠴᠢᠯᠡᠭᠡ ᠶᠢᠨ ᠳᠠᠭᠠᠭᠠᠴᠢᠯᠠᠨ ᠬᠠᠷᠢᠯᠴᠠᠬᠤ ᠲᠣᠭᠲᠠᠴᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠡᠮᠦᠨᠡᠬᠢ ᠬᠤᠭᠤᠴᠠᠭᠠᠨ ᠤ ᠭᠠᠷᠳᠠᠮ ᠭᠦᠶᠴᠡᠳᠬᠡᠬᠦ ᠶᠢ ᠲᠦᠷᠭᠡᠳᠬᠡᠨ᠂ ᠲᠥᠷᠥᠯ ᠵᠦᠶᠯ ᠤᠨ | ᠬᠦᠴᠦᠨ ᠵᠦᠶᠯ ᠤᠨ ᠪᠠᠲᠤᠯᠠᠭ᠎ᠠ ᠶᠢᠨ ᠠᠰᠠᠭᠤᠳᠠᠯ ᠢ ᠲᠥᠪᠯᠡᠷᠡᠭᠦᠯᠦᠨ ᠰᠢᠶᠳᠪᠦᠷᠢᠯᠡᠵᠦ᠂ ᠨᠠᠭᠠᠳᠤ ᠵᠠᠬ᠎ᠠ ᠳᠠᠭᠠᠨ | 20 ᠪᠡᠯᠭᠡ ᠲᠡᠮᠳᠡᠭ ᠤᠨ ᠴᠢᠨᠠᠷᠲᠠᠶ ︽ᠭᠤᠷᠪᠠᠨ ᠪᠠᠶᠢᠭ᠎ᠠ ᠲᠦᠷᠦᠯ ᠵᠦᠢᠯ︾ ᠢ ᠨᠠᠶᠢᠳᠠᠪᠤᠷᠢᠵᠢᠭᠤᠯᠤᠨ | ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ | ᠠᠬᠤᠶᠢᠯᠠᠯ ᠢ 25 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ︽ᠬᠤᠶᠠᠷ ᠰᠢᠨ᠎ᠡ︾᠂ ︽ᠬᠤᠶᠠᠷ ᠴᠢᠬᠤᠯᠠ︾ | ᠵᠡᠷᠭᠡ ᠬᠦᠷᠢᠶ᠎ᠡ ᠴᠠᠷᠠᠭ᠎ᠠ ᠳᠠᠬᠢ ᠪᠡᠯᠡ ᠣᠷᠣᠭᠤᠯᠤᠯᠲᠠ ᠶᠢᠨ ᠬᠠᠨᠳᠤᠰᠢ ᠳᠤ ᠠᠩᠬᠠᠷᠤᠯ ᠢᠶᠠᠨ ᠲᠥᠪᠯᠡᠷᠡᠭᠦᠯᠵᠦ᠂ ︽ | ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠴᠤᠩᠬᠤᠪᠴᠢ ᠶᠢᠨ | ᠬᠤᠭᠤᠴᠠᠭ᠎ᠠ ᠶᠢ ᠠᠳᠬᠤᠵᠤ᠂ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠵᠢᠴᠢ | ᠪᠠᠯᠠ ᠮᠥᠩᠭᠦ ᠶᠢᠨ ᠳᠡᠮᠵᠢᠯᠭᠡ ᠶᠢ ᠪᠥᠬᠦ ᠬᠦᠴᠦᠨ ᠢᠶᠠᠷ ᠢᠶᠠᠨ ᠲᠡᠮᠡᠴᠡᠨ ᠣᠯᠵᠤ᠂ ᠡᠮᠦᠨᠡᠬᠢ ᠬᠤᠭᠤᠴᠠᠭᠠᠨ ᠤ | ᠠᠵᠢᠯ ᠢ ᠭᠦᠨᠵᠡᠭᠡᠶ ᠤᠬᠠᠭᠠᠯᠠᠨ ᠲᠦᠯᠦᠪᠯᠡᠵᠤ ᠨᠠᠷᠢᠯᠢᠭ ᠠᠳᠬᠤᠨ᠂ ᠲᠥᠷᠥᠯ ᠵᠦᠶᠯ ᠤᠨ ᠬᠥᠮᠥᠷᠭᠡ ᠶᠢ | ᠬᠥᠳᠡᠯᠦᠩᠭᠦᠶ ᠪᠠᠷ ᠰᠢᠨᠡᠳᠬᠡᠨ ᠨᠥᠬᠦᠪᠥᠷᠢᠯᠡᠵᠦ᠂ ᠨᠠᠩ ᠣᠯᠠᠨ ᠲᠥᠷᠥᠯ ᠵᠦᠶᠯ ᠢ ᠤᠯᠤᠰ᠂ ᠥᠪᠡᠷᠲᠡᠭᠡᠨ ᠵᠠᠰᠠᠬᠤ | ᠣᠷᠣᠨ ᠤ ︽ᠶᠡᠭᠡ ᠲᠠᠯ᠎ᠠ︾ ᠳᠤ ᠣᠷᠣᠭᠤᠯᠵᠤ᠂ ᠵᠢᠯ ᠤᠨ ᠳᠣᠲᠣᠷ᠎ᠠ ᠪᠠᠯᠠ ᠮᠥᠩᠭᠦ ᠶᠢ 20% ᠠᠴᠠ ᠳᠡᠭᠡᠭᠰᠢ | ᠨᠡᠮᠡᠭᠳᠡᠭᠦᠯᠬᠦ ᠪᠠᠷ ᠴᠢᠷᠮᠠᠶᠢᠨ᠎ᠠ᠃ | ᠬᠤᠶᠠᠷ ᠲᠤ᠂ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠷᠠᠬᠤ ᠡᠷᠴᠢᠮ ᠢᠶᠠᠨ | ᠴᠢᠩᠭᠠᠷᠠᠭᠤᠯᠵᠤ ᠬᠥᠭᠵᠢᠯᠲᠡ ᠶᠢᠨ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠪᠦᠬᠦ ᠬᠤᠲᠠ ᠶᠢᠨ ︽3 + 5 + N︾ | ᠭᠤᠣᠯᠳᠠᠯᠭ᠎ᠠ ᠲᠠᠢ ᠠᠵᠤ ᠦᠢᠯᠡᠰ ᠤᠨ ᠪᠦᠯᠦᠭᠵᠢᠯ ᠳᠤ ᠠᠩᠬᠠᠷᠤᠯ ᠢᠶᠠᠨ ᠲᠥᠪᠯᠡᠷᠡᠭᠦᠯᠵᠤ᠂ ᠮᠠᠨ ᠤ | ᠲᠤᠭᠤᠷᠢᠭ ᠤᠨ ︽ᠬᠤᠶᠠᠷ ᠦᠨᠳᠦᠷᠯᠢᠭ ᠭᠤᠷᠪᠠᠨ ᠣᠷᠣᠨ ᠨᠢᠭᠡ ᠲᠥᠪ︾ ᠤᠨ ᠠᠵᠤ ᠦᠶᠯᠡᠰ ᠤᠨ | ᠪᠠᠶᠢᠷᠢᠰᠢᠭᠤᠯᠤᠯᠲᠠ᠂ ᠪᠣᠯᠣᠳ ᠲᠡᠮᠦᠷ᠂ ᠬᠤᠪᠣᠷ ᠰᠢᠷᠣᠶ᠂ ᠡᠨᠧᠷᠭᠢ ᠬᠠᠳᠠᠭᠠᠯᠠᠬᠤ ᠤᠰᠤᠲᠥ᠋ᠷᠥᠭᠴᠢ ᠡᠨᠧᠷᠭᠢ᠂ | ᠰᠢᠨ᠎ᠡ ᠡᠨᠧᠷᠭᠢ᠂ ᠤᠶᠢᠷ᠎ᠠ ᠤᠬᠳᠠᠷᠭᠤᠢ ᠶᠢᠨ ᠠᠵᠤ ᠠᠬᠤᠶ᠂ ᠦᠶᠯᠡᠴᠢᠯᠡᠭᠡᠨ ᠤ ᠦᠶᠯᠡᠰ ᠵᠡᠷᠭᠡ ᠭᠤᠤᠯᠳᠠᠯᠭ᠎ᠠ ᠲᠠᠢ | ᠬᠦᠷᠢᠶ᠎ᠡ ᠴᠠᠷᠠᠭ᠎ᠠ ᠶᠢᠨ ᠲᠤᠭᠤᠷᠢᠨ ᠳᠤ ᠤᠨᠢᠨ ᠲᠡᠬᠡᠷ᠎ᠡ ᠨᠢ ᠠᠷᠠᠯᠵᠢᠶᠠᠴᠢᠨ ᠤᠷᠢᠬᠤ ᠶᠢ ᠥᠷᠨᠢᠭᠦᠯᠦᠨ᠎ᠡ᠂ | ᠲᠠᠭᠠᠭᠤᠯᠤᠬᠴᠢ ᠠᠵᠤ ᠠᠬᠤᠶᠢᠯᠠᠯ ᠪᠠ ᠠᠵᠤ ᠦᠶᠯᠡᠰ ᠤᠨ ᠠᠮᠢ ᠠᠬᠤᠶ ᠶᠢ ᠤᠨᠢᠯᠠᠵᠤ ᠪᠠᠶᠢᠭᠤᠯᠤᠨ᠂ ᠠᠵᠤ | ᠦᠶᠯᠡᠰ ᠤᠨ ᠬᠡᠯᠬᠢᠶ᠎ᠡ ᠪᠠᠷ ᠠᠷᠠᠯᠵᠢᠶᠠᠴᠢᠨ ᠤᠷᠢᠵᠤ᠂ ᠳᠤᠲᠠᠭᠤᠳᠠᠯ ᠢ ᠨᠥᠬᠦᠪᠥᠷᠢᠯᠡᠨ ᠠᠷᠠᠯᠵᠢᠶᠠᠴᠢᠨ ᠤᠷᠢᠵᠤ᠂ | ᠬᠥᠷᠥᠩᠭᠡ ᠪᠠᠷ ᠠᠷᠠᠯᠵᠢᠶᠠᠴᠢᠨ ᠤᠷᠢᠬᠤ ᠵᠡᠷᠭᠡ ᠵᠠᠭᠪᠤᠷ ᠢ ᠭᠦᠶᠴᠡᠳ ᠰᠠᠶᠢᠲᠤᠷ ᠬᠡᠷᠡᠭᠯᠡᠵᠦ᠂ ᠵᠢᠯ ᠤᠨ ᠳᠣᠲᠣᠷ᠎ᠠ | ᠨᠠᠭᠠᠳᠤ ᠵᠠᠬ᠎ᠠ ᠲᠠᠭᠠᠨ ︽ᠪᠡᠯᠡ ᠣᠷᠣᠭᠤᠯᠤᠯᠲᠠ ᠨᠢ ᠶᠡᠭᠡ᠂ ᠲᠠᠶᠢᠴᠢᠯᠠᠬᠤ ᠬᠦᠴᠦᠨ ᠢᠶᠠᠷ ᠴᠢᠩᠭ᠎ᠠ 10 ᠲᠣᠮᠣ | ᠲᠥᠷᠥᠯ ᠵᠦᠶᠯ ᠪᠠ ︽ᠭᠠᠵᠠᠷ ᠰᠢᠷᠣᠶ ᠶᠢ ᠪᠠᠭ᠎ᠠ ᠬᠡᠷᠡᠭᠯᠡᠬᠦ᠂ ᠵᠠᠬ᠎ᠠ ᠳᠡᠯᠭᠡᠭᠦᠷ ᠤᠨ ᠢᠷᠡᠬᠡᠳᠦᠢ ᠰᠠᠶᠢᠨ᠂ | ᠦᠢᠯᠡᠳᠬᠦᠨ ᠤ ᠥᠷᠲᠡᠭ ᠨᠢ ᠥᠨᠳᠥᠷ︾ 30 ᠲᠦᠷᠦᠯ ᠵᠦᠢᠯ ᠢ ᠤᠷᠤᠭᠤᠯᠤᠨ ᠠᠪᠴᠢᠷᠠᠵᠤ᠂ ᠰᠢᠨ᠎ᠡ ᠪᠠᠷ | ᠣᠷᠣᠭᠤᠯᠤᠭᠰᠠᠨ ᠲᠥᠷᠥᠯ ᠵᠦᠢᠯ ᠤᠨ ᠪᠠᠷᠢᠯᠭ᠎ᠠ ᠡᠬᠢᠯᠡᠭᠦᠯᠬᠦ ᠨᠣᠷᠮ᠎ᠠ ᠶᠢ 60% ᠠᠴᠠ ᠳᠡᠭᠡᠭᠰᠢ ᠳᠤ ᠬᠦᠷᠬᠡᠵᠤ᠂ | ᠪᠤᠳᠠᠳᠠᠢ ᠳᠤ ᠨᠠᠶᠢᠳᠠᠪᠤᠷᠢᠵᠢᠭᠤᠯᠬᠤ ᠪᠡᠯᠡ ᠮᠥᠩᠭᠦᠨ ᠤ ᠶᠡᠷᠦᠩᠬᠡᠶ ᠬᠡᠮᠵᠢᠶ᠎ᠡ ᠶᠢ 200 ᠳ᠋ᠦᠩᠰᠢᠭᠤᠷ ᠲᠥᠭᠦᠷᠢᠭ ᠢ | ᠳᠠᠪᠠᠭᠤᠯᠵᠤ᠂ 20% ᠠᠴᠠ ᠳᠡᠭᠡᠭᠰᠢ ᠨᠡᠮᠡᠭᠳᠡᠭᠦᠯᠦᠨ᠎ᠡ᠃ ᠲᠠᠭᠠᠭᠤᠯᠤᠬᠴᠢ ᠠᠵᠤ ᠠᠬᠤᠶᠢᠯᠠᠯ ᠪᠠ ᠲᠥᠪ ᠠᠴᠠ | ᠬᠠᠮᠢᠶᠠᠷᠴᠦ ᠪᠠᠶᠢᠭ᠎ᠠ ᠤᠯᠤᠰ ᠤᠨ ᠦᠮᠴᠢᠯᠡᠯ ᠤᠨ ᠠᠵᠤ ᠠᠬᠤᠶᠢᠯᠠᠯ ᠤᠨ ᠲᠤᠭᠤᠷᠢᠨ ᠳᠤ᠂ ᠠᠵᠤ ᠠᠬᠤᠶᠢᠯᠠᠯ ᠪᠠ | ᠣᠷᠣᠨ ᠨᠤᠲᠤᠭ ᠤᠨ ᠠᠭᠤᠰᠤᠯᠴᠠᠯ᠂ ᠡᠯᠧᠮᠧᠨ᠋ᠲ ᠢ ᠬᠠᠮᠲᠤᠪᠠᠷ ᠡᠳ᠋ᠯᠡᠬᠦ᠂ ᠬᠠᠮᠵᠢᠯᠴᠠᠵᠤ ᠬᠠᠮᠳᠤᠷᠠᠯᠴᠠᠬᠤ | ᠳᠤᠮᠳᠠ ᠰᠢᠨ᠎ᠡ ᠲᠥᠷᠥᠯ ᠵᠦᠢᠯ ᠢ ᠪᠤᠶᠢᠵᠢᠭᠤᠯᠵᠤ᠂ ᠵᠢᠯ ᠤᠨ ᠳᠣᠲᠣᠷ᠎ᠠ ᠠᠵᠤ ᠠᠬᠤᠶᠢᠯᠠᠯ ᠲᠠᠢ ᠬᠤᠯᠪᠤᠬᠳᠠᠬᠰᠠᠨ | ᠵᠢᠴᠢ ᠢᠵᠢ ᠪᠦᠷᠢᠳᠦᠬᠦᠯᠦᠭᠰᠡᠨ 30 ᠲᠥᠷᠥᠯ ᠵᠦᠢᠯ ᠢ ᠣᠷᠣᠭᠤᠯᠤᠨ ᠠᠪᠴᠢᠷᠠᠵᠤ᠂ ᠰᠠᠶᠢᠨ ᠰᠠᠶᠢᠬᠠᠨ ᠠᠵᠤ | ᠦᠢᠯᠡᠰ ᠤᠨ ᠠᠮᠢ ᠠᠬᠤᠢ ᠶᠢ ᠪᠦᠬᠦ ᠲᠠᠯ᠎ᠠ ᠪᠠᠷ ᠴᠣᠭᠴᠠᠯᠠᠨ᠎ᠠ᠃ | ᠭᠤᠷᠪᠠ ᠳᠤ᠂ ᠬᠡᠷᠡᠭᠯᠡᠭᠡᠨ ᠤ ᠳᠠᠯᠳᠠ ᠴᠢᠳᠠᠪᠤᠷᠢ ᠶᠢ ᠬᠥᠭᠵᠢᠭᠡᠵᠦ ᠳᠣᠲᠣᠭᠠᠳᠤ ᠬᠡᠷᠡᠭᠴᠡᠭᠡ ᠶᠢᠨ ᠳᠠᠯᠳᠠ | ᠬᠦᠴᠦᠨ ᠢ ᠪᠠᠳᠠᠷᠠᠭᠤᠯᠤᠨ᠎ᠠ᠃ ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭ᠎ᠠ ᠶᠢ ᠰᠠᠶᠢᠲᠤᠷ ᠬᠦᠯᠢᠶᠡᠨ ᠠᠪᠴᠤ | ᠰᠠᠶᠢᠲᠤᠷ ᠨᠠᠶᠢᠳᠠᠪᠤᠷᠢᠵᠢᠭᠤᠯᠤᠨ᠂ ︽ᠬᠤᠶᠠᠷ ᠰᠢᠨᠡᠳᠬᠡᠬᠦ︾ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠬᠦ ᠲᠥᠷᠦ ᠶᠢᠨ | ᠪᠣᠳᠣᠯᠭ᠎ᠠ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠡᠯᠧᠺᠲᠷᠣᠨ | ᠦᠢᠯᠡᠳᠬᠦᠨ᠂ ᠭᠡᠷ ᠤᠨ ᠤᠶᠤᠨᠲᠤ ᠡᠳ᠋ᠯᠡᠯ ᠬᠡᠷᠡᠭᠰᠡᠯ ᠤᠨ ᠬᠡᠷᠡᠭᠯᠡᠭᠡ ᠶᠢ ᠳᠡᠭᠡᠭᠰᠢᠯᠡᠭᠦᠯᠦᠨ᠂ ᠬᠡᠷᠡᠭᠯᠡᠭᠡ ᠶᠢ | ᠠᠬᠢᠭᠤᠯᠬᠤ ᠠᠵᠢᠯᠯᠠᠭ᠎ᠠ ᠶᠢ ᠵᠠᠭᠤ ᠭᠠᠷᠤᠢ ᠲᠠᠯᠠᠪᠠᠢ ᠥᠷᠨᠢᠭᠦᠯᠵᠦ᠂ ᠬᠡᠷᠡᠭᠯᠡᠭᠡ ᠶᠢ 12 ᠳ᠋ᠦᠩᠰᠢᠭᠤᠷ | ᠲᠥᠭᠦᠷᠢᠭ ᠠᠴᠠ ᠳᠡᠭᠡᠭᠰᠢ ᠳᠠᠶᠢᠴᠢᠯᠠᠨᠡ᠃ ᠪᠤᠭᠤᠳᠤ ᠶᠢᠨ ᠪᠦᠷᠢᠨ ᠪᠠᠷᠠᠭᠠᠳᠤ ᠲᠤᠮᠤ ᠠᠰᠠᠷ᠂ ᠡᠤ ᠶᠤᠸᠠᠢ᠂ | ᠤᠯᠤᠰ ᠤᠨ ᠡᠨᠧᠷᠬᠢ ᠵᠡᠷᠬᠡ ᠭᠤᠷᠪᠠᠨ ᠶᠡᠭᠡ ᠬᠤᠳᠠᠯᠳᠤᠭᠠᠨ ᠤ ᠲᠣᠭᠤᠷᠢᠭ ᠤᠨ ᠡᠵᠡᠩᠨᠡᠯᠲᠡ ᠶᠢᠨ ᠦᠵᠡᠭᠳᠡᠯ | ᠪᠠᠶᠢᠳᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠤᠨ ᠳᠡᠭᠡᠭᠰᠢᠯᠡᠭᠦᠯᠵᠦ᠂ ᠨᠢᠭᠡ ᠪᠦᠯᠦᠭ ᠶᠡᠷᠦᠩᠬᠡᠶ ᠬᠡᠯᠲᠡᠰ ᠤᠨ | ᠠᠵᠤ ᠠᠬᠤᠶ᠂ ᠲᠦᠷᠦᠯ ᠲᠡᠮᠳᠡᠭᠲᠦ ᠶᠢᠨ ᠠᠩᠬᠠᠨ ᠤ ᠳᠡᠯᠭᠡᠭᠦᠷ ᠢ ᠣᠷᠣᠭᠤᠯᠤᠨ ᠠᠪᠴᠢᠷᠠᠵᠤ ᠨᠤᠳᠤᠬᠰᠢᠭᠤᠯᠤᠨᠠ᠃ | ︽ᠰᠣᠶᠣᠯ ᠵᠢᠭᠤᠯᠴᠢᠯᠠᠯ + ᠬᠡᠷᠡᠭᠯᠡᠭᠡ︾ ᠶᠢ ᠪᠣᠳᠠᠲᠠᠢ ᠠᠳᠬᠤᠵᠤ᠂ ᠪᠦᠬᠦ ᠬᠤᠲᠠ ᠶᠢᠨ ᠬᠠᠳᠤᠨ ᠭᠤᠣᠯ ᠤᠨ | ᠰᠣᠶᠣᠯ ᠵᠢᠭᠤᠯᠴᠢᠯᠠᠯ ᠤᠨ ᠪᠦᠰᠡ᠂ ᠬᠤᠲᠠ ᠶᠢᠨ ᠲᠡᠭᠦᠷᠭᠡ ᠶᠢᠨ ᠵᠤᠭ᠎ᠠ ᠰᠡᠯᠡᠭᠦᠴᠡᠯ ᠤᠨ ᠲᠣᠭᠤᠷᠢᠭ᠂ ᠪᠣᠯᠣᠳ | ᠲᠡᠮᠦᠷ ᠴᠡᠷᠢᠭ ᠤᠨ ᠠᠵᠤ ᠦᠶᠯᠡᠳᠪᠦᠷᠢ ᠶᠢᠨ ᠦᠵᠡᠰᠬᠦᠯᠡᠩ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ | ᠰᠠᠨᠠᠭᠠᠴᠢᠯᠠᠭ᠎ᠠ ᠠᠴᠠ ᠪᠠᠨ ᠵᠠᠯᠭᠠᠨ ᠠᠪᠴᠤ ᠦᠷᠬᠦᠯᠵᠢᠯᠡᠬᠦᠯᠦᠨ᠎ᠡ᠃ ᠪᠤᠭᠤᠲᠤ ᠶᠢᠨ ᠪᠣᠯᠣᠳ ᠲᠡᠮᠦᠷ ᠤᠨ ᠠᠵᠤ | ᠦᠶᠯᠡᠳᠪᠦᠷᠢ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠢ 4A ᠲᠠᠰ ᠤᠨ ᠦᠵᠡᠮᠵᠢ ᠶᠢᠨ ᠤᠷᠤᠨ ᠢᠶᠠᠷ | ᠭᠤᠶᠤᠴᠢᠯᠠᠨ ᠮᠡᠳᠡᠭᠦᠯᠬᠦ ᠶᠢ ᠳᠡᠮᠵᠢᠨ᠎ᠡ᠃ ᠺᠦᠨᠯᠦ᠋ᠨ ᠴᠠᠨᠠᠯᠠᠯᠳᠠ ᠶᠢᠨ ᠲᠠᠯᠠᠪᠤᠷ ᠤᠨ ᠲᠥᠷᠥᠯ ᠵᠦᠶᠯ ᠢ ᠪᠠᠶᠢᠭᠤᠯᠵᠤ | ᠲᠠᠭᠤᠰᠬᠠᠨ᠎ᠠ᠃ ᠪᠤᠷᠬᠠᠨᠲᠤ ᠬᠥᠳᠡᠭᠡ ᠲᠣᠰᠬᠤᠨ ᠤ ᠰᠣᠶᠣᠯ ᠵᠢᠭᠤᠯᠴᠢᠯᠠᠯ᠂ ᠨᠤᠭᠤ ᠭᠠᠵᠠᠷ ᠤᠨ ᠠᠮᠢ ᠠᠬᠤᠢ ᠶᠢᠨ | ᠵᠤᠭ᠎ᠠ ᠰᠡᠯᠡᠭᠦᠴᠡᠯ ᠵᠡᠷᠭᠡ ᠡᠬᠢ ᠪᠠᠶᠠᠯᠢᠭ ᠤᠨ ᠲᠣᠭᠤᠷᠢᠨ ᠳᠤ ᠵᠢᠭᠤᠯᠴᠢᠯᠠᠯ ᠤᠨ ᠰᠣᠳᠣᠨ ᠵᠠᠮ ᠱᠤᠭᠤᠮ ᠢ | ᠪᠠᠶᠢᠭᠤᠯᠵᠤ᠂ ᠨᠢᠭᠡ ᠪᠦᠯᠦᠭ ᠬᠥᠨᠳᠡᠯᠡᠨ ᠲᠣᠭᠤᠷᠢᠭ ᠤᠨ ᠣᠨᠴᠠᠯᠢᠭ ᠪᠦᠬᠦᠢ ︽ᠠᠵᠤ ᠦᠢᠯᠡᠳᠪᠦᠷᠢ ᠶᠢᠨ ᠰᠣᠶᠣᠯ | ᠵᠢᠭᠤᠯᠴᠢᠯᠠᠯ︾᠂ ︽ᠬᠥᠳᠡᠭᠡ ᠲᠣᠰᠬᠤᠨ ᠤ ᠰᠣᠶᠣᠯ ᠵᠢᠭᠤᠯᠴᠢᠯᠠᠯ︾ ᠤᠨ ᠬᠢᠯᠡᠰ ᠴᠡᠭ ᠢ ᠲᠦᠷᠬᠡᠳᠭᠡᠨ | ᠪᠦᠷᠢᠯᠳᠦᠭᠦᠯᠵᠦ᠂ ᠬᠤᠳᠠ ᠶᠢᠨ ᠠᠷᠠᠳ ᠢ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠢᠭᠤᠯᠴᠢᠯᠠᠵᠤ ᠰᠡᠯᠡᠭᠦᠴᠡᠬᠦ | ᠭᠠᠵᠠᠷ ᠲᠠᠢ ᠪᠣᠯᠭᠠᠵᠤ᠂ ᠵᠢᠭᠤᠯᠴᠢᠯᠠᠬᠰᠠᠳ ᠢ ᠬᠥᠨᠳᠡᠯᠡᠨ ᠲᠣᠭᠤᠷᠢᠭ ᠲᠤ ᠢᠷᠡᠵᠥ ᠲᠣᠭᠤᠷᠢᠵᠤ ᠨᠠᠭᠠᠳᠬᠤ | ᠭᠠᠵᠠᠷ ᠲᠠᠢ ᠪᠣᠯᠭᠠᠨ᠎ᠠ᠃ | ︵ᠬᠤᠶᠠᠷ︶ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠰᠣᠯᠢᠭᠳᠠᠯ ᠢ ᠲᠦᠷᠭᠡᠳᠬᠡᠵᠦ᠂ | ᠬᠥᠭᠵᠢᠯᠲᠡ ᠶᠢᠨ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠬᠤ ᠲᠠᠯ᠎ᠠ ᠪᠠᠷ ᠦᠨᠡᠨ ᠪᠣᠳᠠᠲᠠᠢ ᠠᠵᠢᠯᠯᠠᠵᠤ | ᠲᠡᠷᠢᠭᠦᠨ ᠳᠤ ᠨᠢ ᠣᠷᠣᠬᠤ ᠪᠠᠷ ᠴᠢᠷᠮᠠᠶᠢᠨ᠎ᠠ | ᠨᠢᠭᠡ ᠳᠤ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠡᠰ ᠳᠡᠪᠰᠢᠭᠦᠯᠬᠦ ᠢᠨᠵᠧᠨᠧᠷᠢᠩ ᠢ | ᠬᠡᠷᠡᠭᠵᠢᠭᠦᠯᠦᠨ᠎ᠡ᠃ ᠮᠢᠩᠭᠠᠨ ᠳ᠋ᠦᠩᠰᠢᠭᠤᠷ ᠲᠠᠰ ᠤᠨ ᠪᠣᠯᠣᠳ ᠲᠡᠮᠦᠷ ᠤᠨ ᠠᠵᠤ ᠦᠶᠯᠡᠰ ᠤᠨ ᠪᠦᠯᠦᠭᠵᠢᠯ ᠤᠨ | ᠲᠠᠰ ᠢ ᠳᠡᠭᠡᠭᠰᠢᠯᠡᠭᠦᠯᠦᠨ᠎ᠡ᠃ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠳᠤ ᠦᠶᠯᠡᠴᠢᠯᠡᠬᠦ ᠶᠢ ᠢᠮᠠᠭᠲᠠ ᠲᠣᠮᠣ | ᠶᠠᠪᠤᠳᠠᠯ ᠴᠢᠬᠤᠯᠠ ᠶᠠᠪᠤᠳᠠᠯ ᠪᠣᠯᠭᠠᠵᠤ᠂ ᠸᠠᠩ ᠪᠢᠶᠠᠨ ᠦᠨᠳᠦᠷ ᠰᠣᠷᠢᠨᠵᠢᠨ ᠮᠡᠳᠡᠷᠡᠮᠵᠢ ᠲᠠᠢ ᠴᠠᠬᠢᠭᠤᠷᠲᠤ ᠪᠣᠯᠣᠳ | ᠵᠢᠴᠢ ᠣᠨᠴᠠ ᠲᠥᠷᠥᠯ ᠤᠨ ᠬᠦᠴᠦᠳᠡᠯ ᠥᠭᠡᠷᠡᠴᠢᠯᠡᠭᠴᠢ ᠶᠢᠨ ᠠᠵᠤ ᠦᠶᠯᠡᠰ ᠤᠨ ᠬᠦᠷᠢᠶᠡᠯᠡᠩ᠂ ᠬᠠᠩ ᠱᠦᠸᠧ | ᠪᠣᠯᠣᠳ ᠬᠤᠭᠤᠯᠠᠶ ᠶᠢᠨ ᠠᠵᠤ ᠦᠶᠯᠡᠰ ᠤᠨ ᠬᠦᠷᠢᠶᠡᠯᠡᠩ ᠵᠡᠷᠭᠡ 14 ᠲᠥᠷᠥᠯ ᠵᠦᠶᠯ ᠢ ᠬᠠᠮᠵᠢᠯᠴᠠᠨ | ᠲᠥᠯᠥᠪᠵᠢᠭᠦᠯᠦᠨ ᠬᠡᠷᠡᠭᠵᠢᠭᠦᠯᠵᠦ᠂ ᠡᠴᠦᠰ ᠤᠨ ᠬᠡᠯᠬᠢᠶ᠎ᠡ ᠶᠢᠨ ᠦᠶᠯᠡᠳᠬᠦ ᠦᠶᠯᠡᠰ ᠤᠨ ᠵᠣᠬᠢᠴᠠᠯᠳᠤᠨ | ᠬᠠᠮᠵᠢᠯᠴᠠᠬᠤ ᠶᠢ ᠴᠢᠩᠭᠠᠳᠬᠠᠨ᠂ ᠬᠠᠪᠲᠠᠰᠤ ᠪᠣᠯᠪᠠᠰᠤᠷᠠᠭᠤᠯᠬᠤ᠂ ᠲᠤᠨᠤᠬᠯᠠᠯ ᠦᠶᠯᠡᠳᠬᠦ ᠵᠡᠷᠭᠡ ᠨᠢᠭᠡ ᠪᠦᠯᠦᠭ | ᠠᠵᠤ ᠦᠶᠯᠡᠰ ᠤᠨ ᠲᠥᠷᠥᠯ ᠵᠦᠶᠯ ᠢ ᠣᠷᠣᠭᠤᠯᠤᠨ ᠠᠪᠴᠢᠷᠠᠵᠤ᠂ ᠪᠣᠯᠣᠳ ᠮᠠᠲ᠋ᠧᠷᠢᠶᠠᠯ ᠤᠨ ᠦᠶᠯᠡᠳᠬᠦᠨ ᠤ | ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠬᠤᠪᠣᠷ ᠰᠢᠷᠣᠶ ᠶᠢᠨ ᠪᠣᠯᠣᠳ᠂ ᠰᠠᠯᠬᠢᠨ ᠬᠦᠴᠦᠨ ᠤ | ᠴᠠᠬᠢᠯᠭᠠᠨ ᠤ ᠪᠣᠯᠣᠳ᠂ ᠴᠠᠬᠢᠭᠤᠷᠲᠤ ᠪᠣᠯᠣᠳ ᠵᠡᠷᠭᠡ ᠳᠡᠭᠡᠳᠦ ᠴᠢᠳᠠᠪᠬᠢᠲᠤ ᠪᠣᠯᠣᠳ ᠮᠠᠲ᠋ᠧᠷᠢᠶᠠᠯ ᠤᠨ ᠶᠠᠰᠤ | ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠣᠯᠣᠳ ᠲᠡᠮᠦᠷ ᠤᠨ ᠠᠵᠤ ᠦᠶᠯᠡᠰ ᠤᠨ ᠲᠠᠰ ᠳᠡᠪᠰᠢᠵᠦ | ᠬᠥᠭᠵᠢᠬᠦ ᠰᠢᠨ᠎ᠡ ᠥᠨᠳᠦᠷᠯᠢᠭ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃ ᠵᠠᠭᠤᠨ ᠳ᠋ᠦᠩᠰᠢᠭᠤᠷ ᠲᠠᠰ ᠤᠨ | ᠬᠤᠪᠣᠷ ᠰᠢᠷᠣᠶ ᠶᠢᠨ ᠠᠵᠤ ᠦᠶᠯᠡᠰ ᠤᠨ ᠬᠡᠪᠴᠢᠶ᠎ᠡ ᠶᠢ ᠳᠡᠭᠡᠭᠰᠢᠯᠡᠭᠦᠯᠦᠨ᠎ᠡ᠃ ᠤᠮᠠᠷᠠᠲᠤ ᠶᠢᠨ ᠬᠤᠪᠣᠷ ᠰᠢᠷᠣᠢ ᠶᠢᠨ | ᠪᠣᠬᠢᠷᠲᠤᠯ ᠦᠭᠡᠢ ᠲᠡᠮᠦᠷᠯᠢᠭ ᠬᠠᠶᠢᠯᠤᠭᠤᠯᠵᠤ ᠳᠡᠰ ᠳᠡᠪᠰᠢᠭᠦᠯᠬᠦ ᠥᠭᠡᠷᠡᠴᠢᠯᠡᠯᠲᠡ ᠶᠢᠨ ᠬᠤᠶᠠᠳᠤᠭᠠᠷ ᠬᠤᠭᠤᠴᠠᠭ᠎ᠠ᠂ | ᠰᠢᠶᠠᠮᠧᠨ ᠤ ᠸᠣᠯᠹᠷᠠᠮ ᠤᠨ ᠦᠢᠯᠡᠰ ᠤᠨ ᠬᠤᠪᠣᠷ ᠰᠢᠷᠣᠢ ᠶᠢᠨ ᠰᠠᠯᠭᠠᠬᠤ ᠣᠶᠤᠨᠴᠢᠯᠠᠭᠰᠠᠨ ᠦᠢᠯᠡᠳᠪᠦᠷᠢᠯᠡᠯ ᠤᠨ | ᠱᠤᠭᠤᠮ ᠵᠡᠷᠭᠡ 5 ᠲᠥᠷᠦᠯ ᠵᠦᠢᠯ ᠢ ᠬᠡᠷᠡᠭᠵᠢᠭᠦᠯᠵᠦ᠂ ᠬᠤᠪᠣᠷ ᠰᠢᠷᠣᠢ ᠶᠢᠨ ᠢᠰᠦᠯᠳᠦᠮᠡᠯ ᠡᠳ᠋ ᠢ ᠨᠠᠷᠢᠯᠢᠭ | ᠡᠳ᠋ᠰᠢᠭᠦᠯᠬᠦ᠂ ᠬᠤᠪᠣᠷ ᠰᠢᠷᠣᠢ ᠶᠢ ᠡᠬᠢ ᠪᠠᠶᠠᠯᠢᠭᠵᠢᠭᠤᠯᠤᠨ ᠠᠰᠢᠭᠯᠠᠬᠤ᠂ ᠬᠤᠪᠣᠷ ᠰᠢᠷᠣᠢ ᠶᠢᠨ ᠬᠡᠷᠡᠭᠯᠡᠭᠡᠨ ᠤ | ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠤᠷᠢᠨ ᠣᠷᠣᠭᠤᠯᠵᠤ᠂ 10 ᠲᠦᠮᠡᠨ ᠲᠣᠨ ᠤ ᠬᠤᠪᠣᠷ ᠰᠢᠷᠣᠢ ᠶᠢᠨ | ᠲᠡᠮᠦᠷᠯᠢᠭ ᠬᠠᠶᠢᠯᠤᠭᠤᠯᠵᠤ ᠰᠠᠯᠭᠠᠬᠤ ᠦᠢᠯᠡᠳᠪᠦᠷᠢᠯᠡᠯ ᠤᠨ ᠴᠢᠳᠠᠪᠤᠷᠢ ᠶᠢ ᠪᠦᠷᠢᠯᠳᠦᠭᠦᠯᠵᠦ᠂ ︽ᠬᠤᠪᠣᠷ | ᠰᠢᠷᠣᠢ ᠶᠢᠨ ᠬᠤᠶᠠᠷ ᠰᠠᠭᠤᠷᠢᠨ︾ ᠤ ᠠᠴᠢᠶᠠᠯᠠᠪᠤᠷᠢ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ | ᠬᠥᠨᠳᠡᠯᠡᠨ ᠲᠣᠭᠤᠷᠢᠭ ᠤᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠨᠡᠮᠡᠭᠳᠡᠯ ᠤᠨ ᠲᠦᠢᠯ ᠪᠣᠯᠬᠤ ᠶᠢ | ᠲᠦᠷᠭᠡᠳᠬᠡᠨ᠎ᠡ᠃ | ᠬᠤᠶᠠᠷ ᠲᠤ᠂ ᠰᠢᠨ᠎ᠡ ᠠᠵᠤ ᠦᠶᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ ᠪᠠᠭᠲᠠᠭᠠᠮᠵᠢ ᠶᠢ ᠥᠷᠭᠡᠳᠬᠡᠬᠦ | ᠢᠨᠵᠧᠨᠧᠷᠢᠩ ᠢ ᠬᠡᠷᠡᠭᠵᠢᠭᠦᠯᠦᠨ᠎ᠡ᠃ ᠲᠠᠪᠤᠨ ᠵᠠᠭᠤᠨ ᠳ᠋ᠦᠩᠰᠢᠭᠤᠷ ᠲᠡᠰ ᠤᠨ ᠲᠠᠯᠠᠰᠲᠤ ᠴᠠᠬᠢᠭᠤᠷ ᠤᠨ ᠠᠵᠤ | ᠦᠢᠯᠡᠰ ᠤᠨ ᠬᠡᠪᠴᠢᠶ᠎ᠡ ᠶᠢ ᠪᠠᠬᠢᠵᠢᠭᠦᠯᠦᠨ᠎ᠡ᠃ 6 ᠠᠵᠤ ᠦᠶᠯᠡᠰ ᠤᠨ ᠲᠥᠷᠥᠯ ᠵᠦᠶᠯ ᠢ ᠬᠡᠷᠡᠭᠵᠢᠭᠦᠯᠵᠦ᠂ ᠬᠤᠶ | ᠰᠢᠨ ᠡᠨᠧᠷᠭᠢ ᠶᠢᠨ 10GW ᠤᠨ ᠬᠡᠷᠡᠯ ᠴᠡᠨᠡᠭ ᠤᠨ ᠲᠣᠨᠣᠭᠯᠠᠯ ᠤᠨ ᠪᠣᠯᠣᠳ ᠬᠠᠪᠢᠰᠦ ᠶᠢᠨ ᠲᠥᠷᠥᠯ ᠵᠦᠶᠯ ︵ | ᠬᠤᠶᠠᠳᠤᠭᠠᠷ ᠬᠤᠭᠤᠴᠠᠭ᠎ᠠ︶ ᠤᠨ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠬᠤ ᠶᠢ ᠠᠬᠢᠭᠤᠯᠵᠤ᠂ ᠮᠥᠩᠭᠦᠨ | ᠡᠭᠡᠳᠡᠩ ᠤᠨ ᠠᠷᠤ ᠬᠠᠪᠲᠠᠰᠤ᠂ ᠬᠡᠷᠡᠯ ᠴᠡᠨᠡᠭ ᠤᠨ ᠰᠢᠯ᠂ ᠰᠥᠷᠭᠡᠤ ᠬᠤᠪᠢᠷᠠᠭᠠᠬᠴᠢ ᠵᠡᠷᠭᠡ ᠢᠵᠢ ᠪᠥᠷᠢᠳᠦᠭᠦᠯᠬᠦ | ᠠᠵᠤ ᠦᠶᠯᠡᠰ ᠤᠨ ᠲᠥᠷᠥᠯ ᠵᠦᠶᠯ ᠢ ᠵᠤᠯᠭᠠᠭᠤᠯᠤᠨ ᠤᠷᠤᠭᠤᠯᠤᠨ ᠠᠪᠴᠢᠷᠠᠵᠤ᠂ ᠦᠢᠯᠡᠳᠪᠦᠷᠢᠯᠡᠯ ᠢ | ᠲᠣᠭᠲᠠᠪᠤᠷᠢᠵᠢᠭᠤᠯᠤᠨ ᠴᠢᠨᠠᠷ ᠢ ᠳᠡᠭᠡᠭᠰᠢᠯᠡᠭᠦᠯᠬᠦ ᠳᠤᠮᠳᠠ ᠪᠥᠬᠦ ᠤᠯᠤᠰ ᠲᠤ ᠲᠦᠷᠦᠬᠦᠯᠡᠬᠦ ᠳᠠᠪᠠᠭᠤᠯᠢᠭ ᠢ | ᠪᠠᠬᠢᠵᠢᠭᠦᠯᠵᠦ᠂ ᠲᠠᠯᠠᠰᠲᠤ ᠴᠠᠬᠢᠭᠤᠷ ᠤᠨ ᠠᠵᠤ ᠦᠶᠯᠡᠰ ᠤᠨ ᠦᠶᠯᠡᠳᠬᠦᠨ ᠤ ᠥᠷᠲᠡᠭ ᠪᠥᠬᠦ ᠬᠤᠲᠠ ᠶᠢᠨ 40% | ᠠᠴᠠ ᠲᠡᠭᠡᠭᠰᠢ ᠶᠢ ᠡᠵᠡᠯᠡᠬᠦ ᠶᠢ ᠪᠡᠶᠡᠯᠡᠬᠦᠯᠵᠤ᠂ ᠳᠡᠯᠡᠬᠡᠶ ᠶᠢᠨ ᠪᠣᠬᠢᠷᠲᠤᠯ ᠥᠬᠡᠶ ᠴᠠᠬᠢᠭᠤᠷ ᠤᠨ ᠬᠤᠳᠠ ᠶᠢᠨ | ᠭᠤᠤᠯᠯᠠᠬᠴᠢ ᠣᠷᠣᠨ ᠤ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠳᠡᠭᠡᠭᠰᠢᠯᠡᠭᠦᠯᠬᠦ ᠶᠢ ᠠᠬᠢᠭᠤᠯᠤᠨ᠎ᠠ᠃ ᠡᠨᠧᠷᠭᠢ ᠬᠠᠳᠠᠭᠠᠯᠠᠬᠤ ᠤᠰᠤᠲᠥ᠋ᠷᠥᠭᠴᠢᠲᠦ ᠡᠨᠧᠷᠭᠢ ᠶᠢᠨ ᠠᠵᠤ ᠦᠢᠯᠡᠰ ᠢ | ᠶᠡᠬᠡᠪᠡᠷ ᠬᠥᠭᠵᠢᠭᠦᠯᠵᠦ᠂ ᠰᠢᠨ ᠰᠢᠨ ᠸᠠᠨᠠᠳᠢ ᠲᠢᠲ᠋ᠠᠨ 2GWh ᠤᠨ ᠪᠦᠷᠢᠨ ᠸᠠᠨᠠᠳᠢ ᠰᠢᠩᠭᠡᠨ ᠤᠷᠤᠰᠬᠠᠯ ᠤᠨ | ᠳ᠋ᠢᠶᠠᠨ ᡂᠢ ᠵᠡᠷᠭᠡ 7 ᠲᠥᠷᠥᠯ ᠵᠦᠢᠯ ᠢ ᠬᠡᠷᠡᠭᠵᠢᠭᠦᠯᠵᠦ᠂ ᠦᠢᠯᠡᠳᠬᠦᠨ ᠤ ᠥᠷᠲᠡᠭ ᠢ 50 ᠳ᠋ᠦᠩᠰᠢᠭᠤᠷ | ᠲᠥᠭᠦᠷᠢᠭ ᠣᠷᠴᠢᠮ ᠳᠤ ᠬᠦᠷᠬᠡᠬᠦ ᠪᠠᠷ ᠴᠢᠷᠮᠠᠶᠢᠨ᠎ᠠ᠃ ᠰᠠᠯᠬᠢᠨ ᠬᠦᠴᠦᠨ ᠤ ᠴᠠᠬᠢᠯᠭᠠᠨ ᠤ ᠲᠣᠨᠣᠭᠯᠠᠯ ᠦᠢᠯᠡᠳᠬᠦ | ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠯᠦᠩ ᠮᠠ ᠶᠢᠨ 30 ᠲᠦᠮᠡᠨ ᠲᠣᠨ ᠤ ᠨᠠᠷᠢᠯᠢᠭ | ᠴᠢᠳᠬᠤᠬᠤ ᠲᠥᠷᠦᠯ ᠵᠦᠢᠯ ᠢ ᠬᠡᠷᠡᠭᠵᠢᠭᠦᠯᠵᠦ᠂ ᠳ᠋ᠦᠩ ᠹᠠᠩ ᠴᠠᠬᠢᠯᠭᠠᠨ ᠲᠣᠨᠣᠭᠯᠠᠯ ᠦᠢᠯᠡᠳᠬᠦ ᠲᠥᠷᠦᠯ | ᠵᠦᠢᠯ ᠤᠨ ᠠᠰᠢᠭᠯᠠᠯᠲᠠ ᠳᠤ ᠣᠷᠣᠬᠤ ᠶᠢ ᠠᠬᠢᠭᠤᠯᠵᠤ᠂ ᠰᠠᠯᠬᠢᠨ ᠬᠦᠴᠦᠨ ᠤ ᠴᠠᠬᠢᠯᠭᠠᠨ ᠤ ᠲᠣᠨᠣᠭᠯᠠᠯ ᠦᠢᠯᠡᠳᠬᠦ | ᠰᠠᠭᠤᠷᠢᠨ ᠢ ᠪᠠᠶᠢᠭᠤᠯᠤᠨ᠎ᠠ᠃ ᠬᠤᠵᠸᠦ ᠶᠢᠨ ᠵᠦᠩ ᠰᠢᠨ᠂ ᠱᠠᠩᠬᠠᠢ ᠶᠢᠨ ᠵᠧᠩ ᠱᠢ ᠵᠡᠷᠭᠡ 7 ᠬᠠᠭᠠᠰ | ᠳᠠᠮᠵᠢᠭᠤᠯᠤᠭᠴᠢ ᠶᠢᠨ ᠠᠵᠤ ᠦᠢᠯᠡᠰ ᠤᠨ ᠲᠦᠷᠦᠯ ᠵᠦᠢᠯ ᠢ ᠬᠡᠷᠡᠭᠵᠢᠭᠦᠯᠵᠦ᠂ ᠸᠧᠢ ᠡᠯ ᠤᠨ ᠬᠠᠭᠠᠰ | ᠳᠠᠮᠵᠢᠭᠤᠯᠤᠭᠴᠢ ᠶᠢᠨ ᠬᠤᠷᠠᠮᠠᠯ ᠴᠠᠬᠢᠯᠭᠠᠨ ᠬᠡᠯᠬᠢᠶ᠎ᠡ ᠶᠢᠨ ᠭᠤᠤᠯ ᠢᠯᠳᠡᠰᠦ ᠶᠢ ᠬᠠᠮᠤᠭ ᠤᠨ ᠶᠡᠭᠡ | ᠦᠢᠯᠡᠳᠪᠦᠷᠢᠯᠡᠯ ᠤᠨ ᠬᠡᠪᠴᠢᠶ᠎ᠡ ᠪᠠᠷ ᠦᠢᠯᠡᠳᠪᠦᠷᠢᠯᠡᠬᠦ ᠶᠢ ᠠᠬᠢᠭᠤᠯᠤᠨ᠎ᠠ᠃ ᠷᠦᠢ ᠶᠢᠩ ᠬᠡᠲᠦ ᠤᠶᠤᠨᠲᠤ | ᠪᠤᠳᠤᠯᠳᠠ ᠶᠢᠨ ᠬᠦᠴᠦᠨ ᠤ ᠲᠥᠪ ᠤᠨ ᠠᠵᠢᠯᠯᠠᠭᠠᠨ ᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ | ᠨᠡᠭᠦᠷᠡᠰᠦᠲᠥ᠋ᠷᠥᠭᠴᠢ ᠪᠠᠷ ᠰᠠᠭᠤᠷᠢ ᠪᠤᠯᠭᠠᠬᠰᠠᠨ᠂ ᠴᠠᠬᠢᠭᠤᠷ ᠨᠡᠭᠦᠷᠡᠰᠦᠲᠥ᠋ᠷᠥᠭᠴᠢ ᠶᠢᠨ ᠰᠥᠭᠡᠷᠭᠦ ᠲᠦᠢᠯ ᠵᠡᠷᠭᠡ | ᠰᠢᠨ᠎ᠡ ᠮᠠᠲ᠋ᠧᠷᠢᠶᠠᠯ ᠤᠨ ᠲᠥᠷᠥᠯ ᠵᠦᠶᠯ᠂ ᠢ ᠨᠦᠩ ᠵᠢᠯᠣᠭᠤᠴᠢ ᠥᠬᠡᠶ ᠨᠢᠰᠬᠡᠯ ᠵᠡᠷᠭᠡ ᠤᠶᠢᠷ᠎ᠠ ᠤᠬᠳᠠᠷᠭᠤᠢ ᠶᠢᠨ | ᠠᠵᠤ ᠠᠬᠤᠶ ᠶᠢᠨ ᠲᠥᠷᠥᠯ ᠵᠦᠶᠯ ᠢ ᠵᠤᠯᠭᠠᠭᠠᠤᠯᠤᠨ ᠣᠷᠣᠭᠤᠯᠤᠨ ᠠᠪᠴᠢᠷᠠᠵᠤ᠂ ᠨᠠᠩ ᠣᠯᠠᠨ ᠠᠵᠤ ᠦᠶᠯᠡᠰ ᠤᠨ | ᠬᠥᠭᠵᠢᠯᠲᠡ ᠶᠢᠨ ᠰᠢᠨ᠎ᠡ ᠨᠡᠮᠡᠭᠳᠡᠯ ᠤᠨ ᠴᠡᠭ ᠢ ᠪᠣᠶ ᠪᠣᠯᠭᠠᠨ᠎ᠠ᠃ | ᠭᠤᠷᠪᠠ ᠳᠤ᠂ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠰᠢᠯᠢᠳᠡᠭᠵᠢᠭᠦᠯᠦᠨ | ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠪᠠ ᠲᠡᠷᠢᠭᠦᠨ ᠤ | ᠦᠢᠯᠡᠳᠬᠦ ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠤᠨ᠎ᠠ᠃ ᠪᠠᠷᠠᠭᠠᠨ ᠤ ᠬᠦᠢᠯᠬᠡᠬᠡ ᠶᠢᠨ ᠥᠪᠡᠷ ᠤᠨ | ᠥᠷᠲᠡᠭ ᠢ ᠪᠠᠭᠤᠷᠠᠭᠤᠯᠬᠤ ᠲᠤᠰᠬᠠᠶ ᠠᠵᠢᠯᠯᠠᠭ᠎ᠠ ᠶᠢ ᠬᠡᠷᠡᠭᠵᠢᠭᠦᠯᠵᠦ᠂ ᠭᠤᠸᠠᠩ ᠱᠧᠩ ᠬᠠᠩᠭᠠᠯᠭ᠎ᠠ ᠶᠢᠨ ᠬᠡᠯᠬᠢᠶ᠎ᠡ᠂ | ᠪᠠᠷᠠᠭᠤᠨ ᠬᠤᠶᠢᠲᠤ ᠶᠢᠨ ᠠᠭᠤᠷᠬᠠᠶ ᠶᠢᠨ ᠦᠢᠯᠡᠳᠬᠦᠨ ᠤ ᠠᠷᠠᠯᠵᠢᠶᠠᠨ ᠤ ᠲᠥᠪ ᠤᠨ ᠳᠣᠲᠣᠭᠠᠳᠤ ᠬᠠᠭᠤᠷᠠᠶ ᠶᠢᠨ | ᠭᠠᠷᠠᠮ ᠵᠡᠷᠭᠡ 5 ᠲᠥᠷᠥᠯ ᠵᠦᠶᠯ ᠤᠨ ᠪᠠᠷᠢᠯᠭ᠎ᠠ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠠᠬᠢᠭᠤᠯᠵᠤ᠂ ᠰᠢᠨ | ᠭᠠᠩ ᠶᠤᠸᠠᠨ ᠱᠦᠨ ᠣᠯᠠᠨ ᠨᠡᠶᠢᠲᠡ ᠶᠢᠨ ᠬᠥᠮᠥᠷᠭᠡ ᠶᠢᠨ ᠣᠶᠤᠨᠴᠢ ᠲᠠᠪᠴᠠᠩ ᠢ 3 ᠰᠠᠷ᠎ᠠ ᠶᠢᠨ ᠡᠴᠦᠰ ᠢᠶᠠᠷ | ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠦᠨᠡᠨ ᠬᠦ ᠪᠠᠲᠤᠯᠠᠨ᠎ᠠ᠃ ᠵᠦᠩ ᠶᠤᠸᠠᠨ ᠳᠠᠯᠠᠢ ᠶᠢᠨ | ᠲᠡᠭᠡᠭᠡᠪᠦᠷᠢ ᠶᠢᠨ ᠣᠯᠠᠨ ᠬᠡᠯᠪᠡᠷᠢ ᠶᠢᠨ ᠬᠤᠯᠪᠣᠭᠠᠯᠠᠨ ᠲᠡᠭᠡᠭᠡᠪᠦᠷᠢᠯᠡᠬᠦ ᠪᠠᠷᠠᠭᠠᠨ ᠤ ᠬᠦᠢᠯᠬᠡᠬᠡ ᠶᠢᠨ ᠵᠠᠩᠭᠢᠯᠠᠭ᠎ᠠ ᠶᠢᠨ | ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠪᠣᠭᠤᠮᠲᠠ ᠵᠢᠴᠢ ᠡᠬᠡ ᠬᠠᠭᠤᠷᠠᠢ ᠪᠠ ᠳᠠᠯᠠᠢ ᠶᠢᠨ | ᠪᠠᠷᠠᠭᠠᠨ ᠤ ᠬᠦᠢᠯᠬᠡᠬᠡ ᠶᠢᠨ ᠨᠡᠪᠲᠡᠷᠡᠬᠦ ᠵᠠᠮ ᠢ ᠤᠯᠠᠮ ᠨᠢᠭᠡ ᠠᠯᠬᠤᠮ ᠰᠠᠭᠠᠳ ᠦᠭᠡᠢ ᠨᠡᠪᠲᠡᠷᠡᠭᠦᠯᠵᠦ᠂ | ᠬᠤᠭᠤᠰᠣᠨ ᠲᠡᠷᠬᠡ ᠠᠶᠠᠯᠠᠬᠤ ᠪᠠ ᠨᠢᠭᠡᠯᠡ ᠬᠡᠪ ᠤᠨ ᠪᠤᠯᠬᠤ ᠠᠰᠠᠭᠤᠳᠠᠯ ᠢ ᠰᠢᠢᠳᠪᠦᠷᠢᠯᠡᠨ᠂ ᠪᠣᠯᠣᠳ ᠲᠡᠮᠦᠷ᠂ | ᠲᠠᠯᠠᠰᠲᠤ ᠴᠠᠬᠢᠭᠤᠷ᠂ ᠬᠤᠪᠣᠷ ᠰᠢᠷᠣᠢ ᠵᠡᠷᠭᠡ ᠪᠦᠬᠡᠮ ᠲᠠᠸᠠᠷ ᠤᠨ ᠦᠢᠯᠡᠳᠬᠦᠨ ᠤ ᠠᠷᠠᠯᠵᠢᠶᠠᠨ ᠤ ᠬᠡᠪᠴᠢᠶ᠎ᠡ ᠶᠢ | ᠥᠷᠭᠡᠳᠬᠡᠵᠦ᠂ ᠨᠢᠭᠡ ᠪᠦᠯᠦᠭ ᠪᠠᠷᠠᠭᠠᠨ ᠤ ᠭᠦᠢᠯᠭᠡᠬᠡ ᠶᠢᠨ ᠳᠠᠭᠠᠭᠤᠯᠤᠭᠴᠢ ᠠᠵᠤ ᠠᠬᠤᠶᠢᠯᠠᠯ ᠢ ᠪᠤᠶᠢᠵᠢᠭᠤᠯᠤᠨ᠎ᠠ᠃ | ᠤᠯᠤᠰ ᠤᠨ ᠬᠤᠪᠣᠷ ᠰᠢᠷᠣᠢ ᠶᠢᠨ ᠴᠢᠳᠠᠪᠬᠢᠲᠤ ᠮᠠᠲ᠋ᠧᠷᠢᠶᠠᠯ᠂ ᠭᠡᠷᠡᠯ ᠴᠡᠨᠡᠭ ᠤᠨ ᠲᠠᠯᠠᠰᠲᠤ ᠴᠠᠬᠢᠭᠤᠷ ᠤᠨ | ᠮᠠᠲ᠋ᠧᠷᠢᠶᠠᠯ ᠤᠨ ᠠᠵᠤ ᠦᠢᠯᠡᠰ ᠤᠨ ᠰᠢᠯᠭᠠᠨ ᠲᠤᠷᠰᠢᠬᠤ ᠲᠥᠪ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ | ᠠᠵᠤ ᠦᠶᠯᠡᠳᠪᠦᠷᠢ ᠶᠢᠨ ᠵᠢᠷᠤᠭ ᠲᠥᠯᠥᠪᠯᠡᠭᠡ ᠪᠠ ᠠᠵᠢᠯᠯᠠᠭᠤᠯᠵᠤ ᠬᠠᠮᠠᠭᠠᠯᠠᠬᠤ ᠦᠢᠯᠡᠴᠢᠯᠡᠭᠡᠨ ᠤ ᠦᠢᠯᠡᠰ ᠢ | ᠬᠥᠭᠵᠢᠭᠦᠯᠵᠦ᠂ ᠵᠢᠯ ᠤᠨ ᠳᠣᠲᠣᠷ᠎ᠠ ᠠᠵᠤ ᠦᠶᠯᠡᠳᠪᠦᠷᠢ ᠶᠢᠨ ᠵᠢᠷᠤᠭ ᠲᠥᠯᠥᠪᠯᠡᠭᠡ ᠶᠢᠨ 2 ᠠᠵᠤ ᠠᠬᠤᠶᠢᠯᠠᠯ᠂ | ᠰᠢᠨ᠎ᠡ ᠡᠨᠧᠷᠭᠢ ᠶᠢᠨ 3 ᠠᠵᠤ ᠠᠬᠤᠶᠢᠯᠠᠯ ᠢ ᠰᠢᠨ᠎ᠡ ᠪᠠᠷ ᠣᠷᠣᠭᠤᠯᠤᠨ ᠠᠪᠴᠢᠷᠠᠨ᠎ᠠ᠃ ᠮᠥᠩᠭᠦᠨ ᠭᠦᠶᠯᠭᠡᠭᠡᠨ ᠤ | ᠦᠶᠯᠡᠰ ᠤᠨ ᠠᠮᠢ ᠠᠬᠤᠶ ᠶᠢ ᠲᠡᠭᠦᠯᠳᠡᠷᠵᠢᠭᠦᠯᠵᠦ᠂ 3 ᠮᠥᠩᠭᠦᠨ ᠭᠦᠶᠯᠭᠡᠭᠡᠨ ᠤ ᠠᠵᠤ ᠠᠬᠤᠶᠢᠯᠠᠯ ᠢ ᠣᠷᠣᠭᠤᠯᠤᠨ | ᠠᠪᠴᠢᠷᠠᠵᠤ᠂ ᠵᠠᠰᠠᠭ ᠤᠨ ᠣᠷᠳᠣᠨ ᠤ ᠡᠬᠢ ᠪᠠᠶᠠᠯᠢᠭ ᠢ ᠨᠢᠭᠡᠳᠦᠯᠲᠡᠶ ᠲᠦᠯᠦᠪᠵᠢᠬᠦᠯᠦᠨ ᠮᠥᠩᠭᠦᠨ ᠭᠦᠶᠯᠭᠡᠭᠡᠨ ᠤ | ᠦᠶᠯᠡᠳᠬᠦᠨ ᠤ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠭᠠᠵᠠᠷ ᠣᠷᠣᠨ ᠤ ᠬᠥᠭᠵᠢᠯᠲᠡ ᠳᠤ ᠬᠦᠴᠦᠨ | ᠨᠡᠮᠡᠷᠢᠯᠡᠨ᠎ᠡ᠃ | ᠲᠦᠷᠪᠡ ᠳᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠡᠷᠢᠭᠦᠨ ᠤ ᠬᠢ ᠪᠤᠯᠵᠤ ᠡᠮᠦᠨ᠎ᠡ ᠨᠢ | ᠬᠤᠰᠢᠭᠤᠷᠠᠬᠤ ᠢᠨᠵᠧᠨᠧᠷᠢᠩ ᠢ ᠬᠡᠷᠡᠭᠵᠢᠭᠦᠯᠦᠨ᠎ᠡ᠃ ᠬᠦᠷᠢᠶᠡᠯᠡᠩ ᠲᠣᠭᠤᠷᠢᠭ ᠤᠨ ᠳᠠᠭᠠᠭᠠᠴᠠ ᠶᠢ ᠪᠦᠬᠦ ᠲᠠᠯ᠎ᠠ ᠪᠠᠷ | ᠳᠡᠭᠡᠭᠰᠢᠯᠡᠭᠦᠯᠵᠦ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ 23 ᠲᠥᠷᠦᠯ ᠵᠦᠢᠯ ᠢ | ᠬᠡᠷᠡᠭᠵᠢᠭᠦᠯᠵᠦ᠂ ᠰᠢᠩ ᠬᠤᠸᠠ ᠵᠡᠭᠡᠯᠢ ᠶᠢᠨ ᠡᠮᠦᠨ᠎ᠡ ᠬᠡᠰᠡᠭ ᠵᠡᠷᠭᠡ 5.4 ᠺᠢᠯᠦᠮᠧᠲᠷ ᠤᠨ ᠬᠤᠭᠤᠯᠠᠢ ᠶᠢᠨ | ᠲᠣᠣᠷ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ 1500 ᠲᠦᠮᠡᠨ ᠪᠣᠰᠤᠭ᠎ᠠ ᠳᠥᠷᠪᠡᠯᠵᠢᠨ ᠮᠧᠲᠷ ᠤᠨ | ᠳᠠᠬᠢᠠ ᠡᠬᠦᠰᠴᠦ ᠪᠤᠯᠬᠤ ᠤᠰᠤ ᠬᠠᠩᠭᠠᠬᠤ ᠴᠢᠳᠠᠪᠤᠷᠢ ᠶᠢ ᠰᠢᠨ᠎ᠡ ᠪᠠᠷ ᠨᠡᠮᠡᠭᠳᠡᠭᠦᠯᠵᠦ᠂ 2000 ᠮᠦ ᠭᠠᠵᠠᠷ | ᠰᠢᠷᠣᠢ ᠶᠢᠨ ᠬᠠᠩᠭᠠᠯᠭ᠎ᠠ ᠶᠢ ᠪᠡᠶᠡᠯᠡᠭᠦᠯᠵᠦ᠂ ᠣᠨᠴᠠ ᠡᠭᠦᠷᠭᠡ ᠭᠦᠢᠴᠡᠳᠬᠡᠬᠦ ᠭᠠᠯ ᠢ ᠰᠡᠷᠬᠡᠶᠢᠯᠡᠵᠤ ᠭᠠᠯ | ᠤᠨᠲᠠᠷᠠᠭᠠᠬᠤ ᠥᠷᠲᠡᠭᠡ ᠶᠢ ᠪᠠᠶᠢᠭᠤᠯᠤᠨ ᠠᠵᠢᠯᠯᠠᠭᠤᠯᠵᠤ᠂ ᠬᠢᠮᠢ ᠶᠢᠨ ᠠᠵᠤ ᠦᠶᠯᠡᠳᠪᠦᠷᠢ ᠶᠢᠨ ᠬᠦᠷᠢᠶᠡᠯᠡᠩ | ᠲᠣᠭᠤᠷᠢᠭ ᠢ ᠬᠢᠨᠠᠨ ᠲᠣᠭᠲᠠᠭᠠᠬᠤ ᠠᠵᠢᠯ ᠢ ᠪᠡᠶᠡᠯᠡᠭᠦᠯᠦᠨ᠎ᠡ᠃ ︽ᠬᠠᠮᠢᠶᠠᠷᠤᠯᠲᠠ ᠶᠢᠨ ᠵᠥᠪᠯᠡᠯ + ᠺᠣᠮᠫᠠᠨᠢ︾ ᠶᠢᠨ | ᠡᠵᠡᠩᠨᠡᠯᠲᠡ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠤᠯᠤᠰ ᠤᠨ ᠥᠮᠴᠢᠯᠡᠯᠲᠦ ᠺᠣᠮᠫᠠᠨᠢ ᠶᠢᠨ ᠵᠠᠬ᠎ᠠ | ᠳᠡᠯᠭᠡᠭᠦᠷᠴᠢᠯᠡᠭᠰᠡᠨ ᠠᠷᠭ᠎ᠠ ᠮᠠᠶ᠋ᠢᠭ ᠢᠶᠠᠷ ᠬᠦᠷᠢᠶᠡᠯᠡᠩ ᠲᠣᠭᠤᠷᠢᠭ ᠤᠨ ᠰᠢᠲᠠᠮᠠᠬᠠᠶ ᠬᠡᠶ᠂ ᠢᠯᠴᠢ ᠬᠠᠩᠭᠠᠬᠤ᠂ | ᠬᠠᠲᠠᠭᠤ ᠪᠡᠶᠡᠲᠦ ᠬᠠᠶᠠᠭᠳᠠᠮᠠᠯ ᠡᠳ᠋ ᠢ ᠰᠢᠶᠳᠪᠦᠷᠢᠯᠡᠬᠦ᠂ ᠲᠡᠷᠭᠡᠨ ᠵᠣᠭᠰᠣᠭᠠᠯ᠂ ᠰᠢᠨ᠎ᠡ ᠡᠨᠧᠷᠭᠢ ᠪᠠᠷ ᠴᠠᠬᠢᠯᠭᠠᠨ | ᠴᠡᠨᠡᠭᠯᠡᠬᠦ ᠵᠡᠷᠭᠡ ᠣᠨᠴᠠ ᠵᠥᠪᠰᠢᠶᠡᠷᠡᠭᠰᠡᠨ ᠡᠵᠡᠩᠨᠡᠯᠲᠡ ᠳᠤ ᠣᠷᠣᠯᠴᠠᠬᠤ ᠶᠢ ᠳᠡᠮᠵᠢᠵᠦ᠂ ᠭᠠᠵᠠᠷ ᠰᠢᠷᠣᠶ᠂ | ᠦᠶᠯᠡᠳᠪᠦᠷᠢ ᠶᠢᠨ ᠬᠡᠷ ᠪᠠᠶᠢᠰᠢᠩ᠂ ᠪᠠᠯᠠ ᠮᠥᠩᠭᠦ ᠵᠡᠷᠭᠡ ᠰᠲ᠋ᠣᠺ ᠤᠨ ᠡᠷᠬᠡ ᠪᠠᠷ ᠪᠠᠯᠠ ᠣᠷᠣᠭᠤᠯᠬᠤ ᠦᠷ᠎ᠡ | ᠠᠰᠢᠭ ᠢ ᠳᠡᠭᠡᠭᠰᠢᠯᠡᠭᠦᠯᠦᠨ᠎ᠡ᠃ ᠬᠦᠷᠢᠶᠡᠯᠡᠩ ᠲᠣᠭᠤᠷᠢᠭ ᠲᠤ ᠨᠤᠳᠤᠭᠰᠢᠬᠰᠠᠨ ᠠᠵᠤ ᠠᠬᠤᠶᠢᠯᠠᠯ ᠤᠨ ᠶᠠᠰᠤ ᠴᠢᠨᠠᠷ | ᠦᠷ᠎ᠡ ᠠᠰᠢᠭ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠰᠢᠨ᠎ᠡ ᠪᠠᠷ ᠣᠷᠣᠭᠤᠯᠤᠭᠰᠠᠨ ᠲᠥᠷᠥᠯ ᠵᠦᠢᠯ ᠤᠨ ᠮᠦ | ᠪᠦᠷᠢ ᠶᠢᠨ ᠳᠤᠮᠳᠠᠴᠢ ᠪᠡᠯᠡ ᠣᠷᠣᠭᠤᠯᠤᠯᠲᠠ ᠶᠢᠨ ᠬᠦᠴᠦᠯᠡᠴᠡ ᠶᠢ 400 ᠲᠦᠮᠡᠨ ᠲᠥᠭᠦᠷᠢᠭ ᠣᠷᠴᠢᠮ ᠳᠤ | ᠬᠦᠷᠬᠡᠵᠤ᠂ ᠮᠦ ᠪᠦᠷᠢ ᠶᠢᠨ ᠳᠤᠮᠳᠠᠴᠢ ᠦᠢᠯᠡᠳᠬᠦᠨ ᠤ ᠥᠷᠲᠡᠭ ᠢ 400 ᠲᠦᠮᠡᠨ ᠲᠥᠭᠦᠷᠢᠭ ᠠᠴᠠ ᠳᠡᠭᠡᠭᠰᠢ ᠳᠤ | ᠬᠦᠷᠬᠡᠵᠤ᠂ ᠬᠦᠷᠢᠶᠡᠯᠡᠩ ᠲᠣᠭᠤᠷᠢᠭ ᠤᠨ ᠦᠢᠯᠡᠳᠬᠦᠨ ᠤ ᠥᠷᠲᠡᠭ ᠢ ᠮᠢᠩᠭᠠᠨ ᠳ᠋ᠦᠩᠰᠢᠭᠤᠷ ᠢ ᠳᠠᠪᠠᠭᠤᠯᠬᠤ ᠶᠢ | ᠠᠬᠢᠭᠤᠯᠤᠨ᠎ᠠ᠃ | ︵ᠭᠤᠷᠪᠠ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠭᠦᠨᠵᠡᠭᠡᠶᠢᠷᠡᠭᠦᠯᠵᠦ᠂ | ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠴᠢᠩᠭᠠᠳᠬᠠᠬᠤ ᠲᠠᠯ᠎ᠠ ᠪᠠᠷ ᠪᠣᠳᠠᠲᠠᠢ ᠠᠵᠢᠯᠯᠠᠵᠤ | ᠲᠡᠷᠢᠭᠦᠨ ᠳᠤ ᠨᠢ ᠣᠷᠣᠬᠤ ᠪᠠᠷ ᠴᠢᠷᠮᠠᠶᠢᠨ᠎ᠠ᠃ | ᠨᠢᠭᠡ ᠳᠤ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠤᠳᠤᠯᠭ᠎ᠠ ᠶᠢ | ᠭᠦᠨᠵᠡᠭᠡᠢ ᠨᠠᠶᠢᠳᠠᠪᠤᠷᠢᠵᠢᠭᠤᠯᠤᠨ᠎ᠠ᠃ ᠰᠢᠨ᠎ᠡ ᠶᠢ ᠡᠭᠦᠳᠬᠦ ᠭᠤᠣᠯ ᠴᠣᠭᠴᠠ ᠶᠢ ᠪᠣᠶᠢᠵᠢᠭᠤᠯᠤᠨ | ᠬᠦᠴᠦᠷᠬᠡᠭᠵᠢᠭᠦᠯᠵᠦ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠰᠡᠯᠡᠯᠳᠡ ᠰᠢᠪᠳᠤᠯᠬᠤ︾ | ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠬᠤᠲᠠ ᠶᠢᠨ ᠨᠠᠮ ᠤᠨ ᠬᠤᠷᠢᠶᠠᠨ ᠤ ᠨᠢᠭᠡᠳᠦᠭᠡᠷ ᠲᠣᠭᠠᠲᠤ ᠪᠢᠴᠢᠭ | ᠮᠠᠲ᠋ᠧᠷᠢᠶᠠᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠠᠶᠢᠴᠢᠯᠠᠬᠴᠢ ᠠᠵᠤ ᠠᠬᠤᠶᠢᠯᠠᠯ᠂ ᠭᠠᠪᠰᠢᠭᠠᠶᠢᠯᠠᠬᠴᠢ | ᠠᠵᠤ ᠠᠬᠤᠶᠢᠯᠠᠯ 3᠂ ᠥᠪᠡᠷᠲᠡᠭᠡᠨ ᠵᠠᠰᠠᠬᠤ ᠣᠷᠣᠨ ᠤ ᠲᠡᠰ ᠤᠨ ︽ᠲᠤᠰᠬᠠᠶᠢᠵᠢᠬᠰᠠᠨ ᠨᠠᠷᠢᠯᠢᠬᠵᠢᠬᠰᠠᠨ | ᠤᠨᠴᠠᠯᠢᠬᠵᠢᠬᠰᠠᠨ ᠰᠢᠨ᠎ᠡ︾᠂ ︽ᠵᠢᠵᠢᠭ ᠠᠪᠤᠷᠭᠤ︾ ᠠᠵᠤ ᠠᠬᠤᠶᠢᠯᠠᠯ 20᠂ ᠲᠡᠬᠡᠳᠦ ᠰᠢᠨ᠎ᠡ ᠮᠡᠷᠭᠡᠵᠢᠯ ᠤᠨ | ᠠᠵᠤ ᠠᠬᠤᠶᠢᠯᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠢ | 180 ᠠᠴᠠ ᠲᠡᠭᠡᠭᠰᠢ ᠶᠢ ᠪᠤᠶᠢᠵᠢᠭᠤᠯᠤᠨ ᠬᠢᠨᠠᠨ ᠲᠤᠬᠳᠠᠭᠠᠨ᠎ᠠ᠃ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ | ᠬᠠᠮᠵᠢᠯᠴᠠᠨ ᠰᠢᠨ᠎ᠡ ᠶᠢ ᠡᠭᠦᠳᠬᠦ ᠶᠢ ᠳᠡᠮᠵᠢᠵᠦ᠂ ᠰᠢᠨ᠎ᠡ ᠪᠠᠷ ᠨᠡᠮᠡᠭᠳᠡᠭᠰᠡᠨ ᠬᠡᠪᠴᠢᠶᠡᠵᠢᠯ ᠠᠴᠠ ᠳᠡᠭᠡᠭᠰᠢᠬᠢ ᠠᠵᠤ | ᠦᠶᠯᠡᠳᠪᠦᠷᠢ ᠶᠢᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠠᠵᠢᠯᠯᠠᠭ᠎ᠠ ᠶᠢ ᠪᠦᠷᠬᠦᠬᠦᠯᠬᠦ ᠨᠣᠷᠮ᠎ᠠ ᠶᠢ | 60% ᠠᠴᠠ ᠳᠡᠭᠡᠭᠰᠢ ᠳᠤ ᠬᠦᠷᠭᠡᠵᠤ᠂ ᠨᠡᠶᠢᠭᠡᠮ ᠳᠠᠶᠠᠭᠠᠷ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢᠨ | ᠡᠷᠴᠢᠮ ᠢ 2.9% ᠳᠤ ᠬᠦᠷᠬᠡᠨ᠎ᠡ᠃ ᠰᠢᠨ᠎ᠡ ᠶᠢ ᠡᠭᠦᠳᠬᠦ ᠲᠠᠪᠴᠠᠩ ᠢ ᠰᠢᠯᠢᠳᠡᠭᠵᠢᠭᠦᠯᠦᠨ ᠪᠤᠶᠢᠵᠢᠭᠤᠯᠵᠤ᠂ | ᠲᠠᠭᠠᠭᠤᠯᠤᠬᠴᠢ ᠠᠵᠤ ᠠᠬᠤᠶᠢᠯᠠᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ 3 ᠰᠤᠳᠤᠯᠤᠨ ᠨᠡᠭᠡᠭᠡᠬᠦ ᠲᠥᠪ | ᠪᠠᠶᠢᠭᠤᠯᠬᠤ ᠶᠢ ᠬᠥᠲᠥᠯᠦᠨ ᠵᠢᠯᠣᠭᠤᠳᠴᠤ ᠳᠡᠮᠵᠢᠨ᠂ ᠮᠧᠶ ᠺᠧ ᠶᠢᠨ ᠥᠪᠡᠷᠲᠡᠭᠡᠨ ᠵᠠᠰᠠᠬᠤ ᠣᠷᠣᠨ ᠤ ᠨᠡᠷᠡᠨ | ᠡᠨᠧᠷᠭᠢ ᠶᠢᠨ ᠲᠠᠰ ᠤᠨ ᠴᠠᠬᠢᠭᠤᠷᠲᠦ ᠮᠠᠲ᠋ᠧᠷᠢᠶᠠᠯ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠪᠠᠶᠢᠭᠤᠯᠬᠤ ᠶᠢ | ᠳᠡᠮᠵᠢᠵᠦ᠂ ᠡᠨᠡ ᠵᠢᠯ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨ᠎ᠡ ᠶᠢ ᠡᠭᠦᠳᠬᠦ 5 | ᠲᠠᠪᠴᠠᠩ ᠢ ᠰᠢᠨ᠎ᠡ ᠪᠠᠷ ᠨᠡᠮᠡᠭᠳᠡᠭᠦᠯᠦᠨ᠎ᠡ᠃ ᠠᠵᠤ ᠦᠶᠯᠡᠰ ᠪᠠ ᠰᠢᠨ᠎ᠡ ᠶᠢ ᠡᠭᠦᠳᠬᠦ ᠶᠢᠨ ᠠᠭᠤᠰᠤᠯᠴᠠᠯ ᠢ | ᠠᠬᠢᠭᠤᠯᠵᠤ᠂ ᠲᠠᠭᠠᠭᠤᠯᠤᠬᠴᠢ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ ᠤᠨ ᠬᠢᠨ ᠤ | ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠲᠦᠷᠦᠭᠦᠯᠡᠨ ᠵᠣᠬᠢᠶᠠᠨ ᠪᠠᠶᠢᠭᠤᠯᠬᠤ ᠶᠢ ᠵᠣᠷᠢᠭᠵᠢᠭᠤᠯᠵᠤ᠂ | ᠤᠮᠠᠷᠠᠲᠤ ᠶᠢᠨ ᠴᠢ ᠴᠤᠸᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠯᠡᠩ᠂ ᠰᠢ | ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠤᠯᠤᠰ ᠤᠨ ᠮᠡᠷᠭᠡᠵᠢᠯ ᠤᠨ ᠦᠷ᠎ᠡ ᠪᠦᠳᠦᠬᠡᠯ ᠢ | ᠤᠨᠳᠤᠤᠰᠢᠭᠤᠯᠬᠤ ᠲᠥᠪ ᠤᠨ ᠦᠶᠯᠡᠳᠦᠯ ᠢ ᠭᠦᠶᠴᠡᠳ ᠪᠠᠳᠠᠷᠠᠭᠤᠯᠵᠤ᠂ 5 ᠦᠢᠯᠡᠳᠪᠦᠷᠢᠯᠡᠬᠦ ᠠᠴᠠ ᠡᠮᠦᠨᠡᠬᠢ | ᠲᠤᠷᠰᠢᠯᠲᠠ ᠶᠢᠨ ᠭᠠᠵᠠᠷ᠂ ᠪᠠᠭ᠎ᠠ ᠬᠡᠪᠴᠢᠶᠠᠨ ᠤ ᠲᠤᠷᠰᠢᠯᠲᠠ ᠶᠢᠨ ᠰᠠᠭᠤᠷᠢᠨ ᠤ ᠡᠬᠢ ᠪᠠᠶᠠᠯᠢᠭ ᠢ ᠣᠷᠣᠭᠤᠯᠤᠨ | ᠠᠪᠴᠢᠷᠠᠵᠤ᠂ 4 ᠵᠦᠶᠯ ᠤᠨ ᠵᠠᠩᠭᠢᠯᠠᠭ᠎ᠠ ᠶᠢᠨ ᠮᠡᠷᠭᠡᠵᠢᠯ ᠢ ᠬᠠᠮᠲᠤᠷᠠᠨ ᠪᠣᠭᠤᠮᠲᠠ ᠰᠢᠪᠲᠤᠯᠬᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠨᠳᠤᠤᠰᠢᠭᠤᠯᠬᠤ 8 ᠲᠥᠷᠥᠯ ᠵᠦᠶᠯ ᠢ ᠬᠡᠷᠡᠭᠵᠢᠭᠦᠯᠵᠦ᠂ | ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ | ᠪᠦᠲᠦᠭᠡᠯ ᠢ ᠤᠨᠳᠤᠤᠰᠢᠭᠤᠯᠬᠤ ᠦᠢᠯᠡᠳᠪᠦᠷᠢᠯᠡᠬᠦ ᠠᠴᠠ ᠡᠮᠦᠨᠡᠬᠢ ᠲᠤᠷᠰᠢᠯᠲᠠ ᠶᠢᠨ ᠦᠶᠯᠡᠴᠢᠯᠡᠭᠡᠨ ᠤ ᠲᠠᠪᠴᠠᠩ ᠢ | ᠪᠠᠶᠢᠭᠤᠯᠤᠨ᠎ᠠ᠃ ︽ᠶᠡᠭᠡ ᠳᠡᠭᠡᠳᠦ ᠰᠤᠷᠭᠠᠭᠤᠯᠢ ᠶᠢᠨ ᠴᠢᠳᠠᠪᠤᠷᠢᠲᠠᠨ ᠢ ᠠᠵᠤ ᠠᠬᠤᠶᠢᠯᠠᠯ ᠬᠡᠷᠡᠭᠯᠡᠬᠦ᠂ ᠠᠵᠤ | ᠠᠬᠤᠶᠢᠯᠠᠯ ᠤᠨ ᠴᠢᠳᠠᠪᠤᠷᠢᠲᠠᠨ ᠢ ᠶᠡᠭᠡ ᠳᠡᠭᠡᠳᠦ ᠰᠤᠷᠭᠠᠭᠤᠯᠢ ᠬᠡᠷᠡᠭᠯᠡᠬᠦ︾ ᠲᠣᠭᠲᠠᠴᠠ ᠶᠢ ᠨᠠᠶᠢᠳᠠᠪᠤᠷᠢᠵᠢᠭᠤᠯᠵᠤ᠂ | ᠳᠡᠭᠡᠳᠦ ᠲᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ 6 ᠪᠦᠯᠬᠦᠮ ᠨᠡᠶᠢᠲᠡ᠂ ᠳᠡᠭᠡᠳᠦ | ᠲᠡᠰ ᠤᠨ ᠤᠷ᠎ᠠ ᠮᠡᠷᠭᠡᠵᠢᠯ ᠤᠨ ᠴᠢᠳᠠᠪᠤᠷᠢᠲᠠᠨ ᠪᠠ ᠪᠠᠴᠢᠮ ᠱᠠᠭᠠᠷᠳᠠᠭᠳᠠᠵᠤ ᠪᠠᠶᠢᠭ᠎ᠠ ᠴᠢᠳᠠᠪᠤᠷᠢᠲᠠᠨ ᠢ 3000 | ᠣᠷᠴᠢᠮ ᠣᠷᠣᠭᠤᠯᠤᠨ ᠠᠪᠴᠢᠷᠠᠵᠤ᠂ ᠡᠯ᠎ᠡ ᠲᠥᠷᠥᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠳᠡᠶᠢᠯᠬᠦ᠂ | ᠦᠯᠡᠳᠡᠭᠡᠵᠦ ᠳᠡᠶᠢᠯᠬᠦ᠂ ᠰᠠᠶᠢᠲᠤᠷ ᠬᠡᠷᠡᠭᠯᠡᠵᠦ ᠳᠡᠶᠢᠯᠬᠦ ᠶᠢ ᠪᠡᠶᠡᠯᠡᠬᠦᠯᠦᠨ᠎ᠡ᠃ | ᠬᠤᠶᠠᠷ ᠲᠤ᠂ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢᠨ ᠠᠯᠬᠤᠮ ᠢ ᠲᠦᠷᠭᠡᠳᠬᠡᠨ᠎ᠡ᠃ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ | ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ︽ᠬᠤᠶᠠᠷ ᠢ ᠴᠡᠭᠴᠡᠯᠡᠵᠦ ᠬᠤᠶᠠᠷ ᠢ ᠳᠡᠭᠡᠭᠰᠢᠯᠡᠭᠦᠯᠬᠦ︾ ᠠᠵᠢᠯ ᠤᠨ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠡᠬᠢ | ᠪᠠᠶᠠᠯᠢᠭ ᠢ ᠢᠯᠭᠠᠷᠠᠭᠤᠯᠤᠨ ᠪᠠᠶᠢᠴᠠᠭᠠᠵᠤ ᠠᠮᠢᠳᠤᠯᠢᠭᠵᠢᠭᠤᠯᠤᠨ᠂ ᠭᠠᠵᠠᠷ ᠰᠢᠷᠣᠶ ᠶᠢᠨ ᠬᠥᠷᠥᠩᠭᠡ ᠶᠢ ᠨᠡᠭᠡᠭᠡᠨ | ᠬᠥᠭᠵᠢᠭᠦᠯᠬᠦ᠂ ᠬᠠᠶᠢᠷ ᠴᠢᠯᠠᠭᠤ ᠮᠠᠯᠳᠠᠬᠰᠠᠨ ᠨᠦᠬᠡ ᠶᠢ ᠵᠠᠰᠠᠬᠤ᠂ ᠲᠦᠬᠦᠭᠡᠷᠦᠮᠵᠢᠳᠤ ᠲᠠᠷᠢᠶᠠᠯᠠᠩ᠂ ᠠᠵᠤ | ᠦᠶᠯᠡᠰ ᠤᠨ ᠪᠠᠯᠠ ᠣᠷᠣᠭᠤᠯᠤᠯᠲᠠ᠂ ᠰᠤᠯᠠ ᠲᠠᠯᠪᠢᠬᠳᠠᠵᠤ ᠪᠠᠶᠢᠭ᠎ᠠ ᠡᠳ᠋ ᠬᠥᠷᠥᠩᠭᠡ ᠶᠢ ᠠᠰᠢᠭᠯᠠᠬᠤ ᠵᠡᠷᠭᠡ | ᠲᠠᠯ᠎ᠠ ᠶᠢᠨ ᠲᠣᠭᠤᠷᠢᠨ ᠳᠤ ᠲᠤᠬᠠᠶᠢᠯᠠᠭᠰᠠᠨ ᠠᠵᠢᠯ ᠢᠶᠠᠨ ᠥᠷᠭᠡᠳᠬᠡᠵᠦ᠂ ᠠᠵᠢᠯ ᠤᠨ ᠠᠮᠵᠢᠯᠲᠠ ᠪᠦᠲᠦᠮᠵᠢ ᠪᠠᠷ | ᠤᠳᠤᠷᠢᠳᠤᠮᠵᠢ ᠪᠣᠯᠭᠠᠭᠰᠠᠨ ᠴᠠᠯᠢᠩ ᠬᠥᠯᠥᠰᠥ ᠶᠢᠨ ᠤᠷᠮᠠᠰᠢᠭᠤᠯᠵᠤ ᠬᠢᠵᠠᠭᠠᠷᠯᠠᠬᠤ ᠲᠣᠭᠲᠠᠴᠠ ᠶᠢ ᠪᠦᠷᠢᠨᠰᠢᠭᠦᠯᠵᠦ᠂ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ︽ᠲᠣᠭᠲᠠᠴᠠ ᠶᠢ ᠵᠠᠬ᠎ᠠ ᠳᠡᠯᠭᠡᠭᠦᠷᠴᠢᠯᠡᠬᠦ ᠪᠠᠶᠢᠳᠠᠯ ᠳᠤ | ᠪᠤᠴᠠᠬᠤ᠂ ᠠᠰᠢᠭ ᠣᠯᠵᠠᠪᠤᠷᠢ ᠤᠯᠬᠤ ᠪᠠᠷ ᠣᠷᠣᠰᠢᠨ ᠲᠣᠭᠲᠠᠨᠢᠬᠤ ᠪᠠᠶᠢᠳᠠᠯ ᠳᠤ ᠪᠤᠴᠠᠬᠤ︾ ᠶᠢ ᠪᠡᠶᠡᠯᠡᠭᠦᠯᠵᠦ᠂ | ᠬᠤᠶᠠᠷ ᠰᠢᠨ᠎ᠡ ᠠᠵᠤ ᠠᠬᠤᠶᠢᠯᠠᠯ ᠤᠨ ᠴᠢᠰᠦ ᠪᠦᠳᠦᠬᠡᠵᠤ ᠦᠷ᠎ᠠ ᠠᠰᠢᠭ ᠢᠶᠠᠨ ᠨᠡᠮᠡᠭᠳᠡᠭᠦᠯᠬᠦ ᠶᠢ ᠠᠬᠢᠭᠤᠯᠤᠨ᠎ᠠ᠃ | ᠣᠷᠣᠯᠭ᠎ᠠ ᠪᠠᠨ ᠨᠡᠮᠡᠭᠳᠡᠭᠦᠯᠦᠨ ᠵᠠᠷᠤᠯᠭ᠎ᠠ ᠶᠢ ᠠᠷᠪᠢᠯᠠᠬᠤ ᠶᠢ ᠰᠠᠶᠢᠲᠤᠷ ᠠᠳᠬᠤᠵᠤ᠂ ᠣᠷᠣᠨ ᠨᠤᠲᠤᠭ ᠤᠨ | ᠭᠠᠶᠢᠯᠢ ᠶᠢᠨ ᠥᠭᠡᠷᠡᠴᠢᠯᠡᠯᠲᠡ ᠶᠢ ᠵᠠᠯᠭᠠᠨ ᠠᠪᠴᠤ᠂ ᠪᠠᠷᠠᠭᠠᠨ ᠤ ᠭᠦᠶᠯᠭᠡᠭᠡ ᠶᠢᠨ ᠦᠶᠯᠡᠰ᠂ ᠲᠣᠭᠤᠷᠢᠭ ᠲᠤ | ᠰᠠᠭᠤᠭ᠎ᠠ ᠭᠠᠳᠠᠨ᠎ᠠ ᠭᠠᠵᠠᠷ ᠤᠨ ᠠᠵᠤ ᠠᠬᠤᠶᠢᠯᠠᠯ᠂ ᠶᠡᠷᠦᠩᠬᠡᠶ ᠬᠡᠯᠲᠡᠰ ᠤᠨ ᠠᠵᠤ ᠠᠬᠤᠶ ᠶᠢᠨ ︽ᠲᠤᠭ᠎ᠠ ᠪᠠᠷᠢᠮᠲᠠ | ᠳᠤ ᠪᠤᠴᠠᠬᠤ᠂ ᠭᠠᠶᠢᠯᠢ ᠳᠤ ᠪᠤᠴᠠᠬᠤ︾ ᠶᠢ ᠴᠢᠩᠭᠠᠳᠬᠠᠵᠤ᠂ ᠣᠷᠣᠨ ᠨᠤᠲᠤᠭ ᠤᠨ ᠬᠡᠷᠡᠭᠯᠡᠵᠦ ᠪᠣᠯᠬᠤᠶᠢᠴᠠ | ᠡᠳ᠋ ᠤᠨ ᠬᠦᠴᠦᠨ ᠢ ᠨᠡᠮᠡᠭᠳᠡᠭᠦᠯᠦᠨ᠎ᠡ᠃ ︽ᠭᠤᠷᠪᠠ ᠶᠢ ᠲᠡᠮᠡᠴᠡᠨ ᠣᠯᠬᠤ︾ ᠠᠵᠢᠯ ᠢ ᠪᠣᠳᠠᠲᠠᠶ ᠬᠢᠵᠦ᠂ ᠰᠠᠯᠠᠭ᠎ᠠ | ᠮᠥᠴᠢᠷ ᠨᠢᠬᠡᠴᠢ ᠪᠠᠷ ᠭᠤᠣᠯ ᠴᠣᠭᠴᠠ ᠪᠣᠯᠭᠠᠭᠰᠠᠨ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠦᠨ | ᠲᠡᠭᠦᠯᠳᠡᠷᠵᠢᠭᠦᠯᠵᠦ᠂ ︽ᠢᠯᠡᠭᠦᠦ ᠬᠢᠬᠦ ᠳᠤᠲᠠᠭᠤ ᠬᠢᠬᠦ ᠨᠢ ᠠᠳᠠᠯᠢ ᠪᠠᠶᠢᠬᠤ︾ ᠠᠰᠠᠭᠤᠳᠠᠯ ᠢ ᠵᠥᠪ ᠴᠢᠭᠯᠡᠯ ᠢᠶᠠᠷ | ᠰᠢᠶᠳᠪᠦᠷᠢᠯᠡᠬᠦ ᠬᠡᠷᠡᠭᠲᠡᠶ᠃ ᠤᠯᠤᠰ ᠤᠨ ᠲᠤᠰᠬᠠᠶ ᠵᠦᠶᠯ ᠤᠨ ᠵᠢᠬᠡᠯᠡᠯᠭᠡ ᠶᠢᠨ ᠲᠡᠮᠳᠡᠭᠲᠦ ᠲᠠᠷᠬᠠᠭᠠᠵᠤ ᠰᠤᠯᠠ | ᠲᠠᠯᠪᠢᠬᠳᠠᠵᠤ ᠪᠠᠶᠢᠭ᠎ᠠ ᠭᠠᠵᠠᠷ ᠰᠢᠷᠣᠶ ᠶᠢ ᠬᠤᠷᠢᠶᠠᠨ ᠨᠥᠭᠡᠴᠡᠯᠡᠬᠦ ᠲᠥᠷᠥ ᠶᠢᠨ ᠪᠣᠳᠣᠯᠭ᠎ᠠ ᠪᠠ ᠪᠤᠭᠤᠲᠤ | ᠬᠤᠲᠠ ᠶᠢᠨ ︽ᠬᠡᠷ ᠭᠠᠵᠠᠷ ᠤᠨ ᠬᠥᠷᠥᠩᠭᠡ ᠶᠢᠨ ᠠᠷᠪᠠᠨ ᠵᠤᠷᠪᠤᠰ︾ ᠤᠨ ᠠᠷᠭ᠎ᠠ ᠬᠡᠮᠵᠢᠶ᠎ᠡ ᠶᠢ ᠰᠠᠶᠢᠲᠤᠷ | ᠬᠡᠷᠡᠭᠯᠡᠵᠦ᠂ ᠬᠠᠳᠠᠭᠠᠯᠠᠬᠳᠠᠵᠤ ᠪᠠᠶᠢᠭ᠎ᠠ ᠬᠤᠳᠠᠯᠳᠤᠭ᠎ᠠ ᠪᠠ ᠦᠶᠯᠡᠴᠢᠯᠡᠭᠡᠨ ᠤ ᠦᠢᠯᠡᠰ ᠲᠤ ᠬᠡᠷᠡᠭᠯᠡᠬᠦ ᠭᠠᠵᠠᠷ | ᠰᠢᠷᠣᠶ ᠶᠢ ᠠᠮᠢᠳᠤᠯᠢᠭᠵᠢᠭᠤᠯᠤᠨ ᠠᠰᠢᠭᠯᠠᠬᠤ ᠶᠢ ᠠᠬᠢᠭᠤᠯᠤᠨ᠎ᠠ᠃ ᠡᠮ ᠡᠮᠨᠡᠯᠬᠡ᠂ ᠨᠠᠰᠤᠵᠢᠯ ᠤᠨ ᠠᠰᠠᠷᠠᠮᠵᠢ᠂ | ᠬᠡᠦᠬᠡᠳ ᠰᠠᠭᠠᠲᠠᠭᠤᠯᠬᠤ᠂ ᠰᠤᠷᠭᠠᠨ ᠬᠥᠮᠦᠵᠢᠯ᠂ ᠰᠣᠶᠣᠯ ᠵᠢᠭᠤᠯᠴᠢᠯᠠᠯ ᠵᠡᠷᠭᠡ ᠬᠦᠷᠢᠶ᠎ᠡ ᠴᠠᠷᠠᠭ᠎ᠠ ᠶᠢᠨ | ᠲᠣᠭᠤᠷᠢᠨ ᠳᠤ᠂ ︽ᠠᠯᠪᠠᠨ ᠠᠴᠠ ᠡᠷᠭᠢᠯᠡᠵᠦ ᠠᠷᠠᠳ ᠠᠴᠠ ᠡᠵᠡᠩᠨᠡᠬᠦ︾ ᠬᠥᠭᠵᠢᠯᠲᠡ ᠶᠢᠨ ᠵᠠᠭᠪᠤᠷ ᠢ ᠠᠬᠢᠭᠤᠯᠵᠤ᠂ | ᠠᠯᠪᠠᠨ ᠠᠴᠠ ᠡᠷᠭᠢᠯᠡᠬᠦ ᠰᠡᠳᠬᠢᠬᠦᠶ ᠶᠢ ᠬᠤᠪᠢᠷᠠᠭᠤᠯᠤᠨ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ | ᠬᠥᠭᠵᠢᠭᠡᠨ᠎ᠡ᠃ | ᠭᠤᠷᠪᠠ ᠳᠤ᠂ ᠡᠬᠢ ᠪᠠᠶᠠᠯᠢᠭ ᠢ ᠡᠷᠴᠢᠮᠵᠢᠭᠦᠯᠦᠨ ᠠᠷᠪᠢᠯᠠᠨ ᠭᠠᠮᠨᠠᠵᠤ ᠠᠰᠢᠭᠯᠠᠬᠤ ᠶᠢ ᠠᠬᠢᠭᠤᠯᠤᠨ᠎ᠠ᠃ ᠤᠰᠤ | ᠠᠷᠪᠢᠯᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠠᠵᠤ ᠦᠶᠯᠡᠳᠪᠦᠷᠢ ᠶᠢᠨ ᠤᠰᠤ ᠬᠡᠷᠡᠭᠯᠡᠬᠦ ᠲᠥᠰᠦᠪ ᠤᠨ | ᠬᠠᠮᠢᠶᠠᠷᠤᠯᠲᠠ᠂ ᠤᠰᠤᠨ ᠤ ᠱᠠᠲᠤᠯᠢᠭ ᠦᠨ᠎ᠡ ᠵᠡᠷᠭᠡ ᠰᠢᠷᠢᠰ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ | ᠠᠵᠤ ᠦᠶᠯᠡᠳᠪᠦᠷᠢ ᠶᠢᠨ ᠤᠰᠤ ᠠᠷᠪᠢᠯᠠᠬᠤ᠂ ᠬᠠᠶᠠᠬᠳᠠᠮᠠᠯ ᠤᠰᠤ ᠶᠢ ᠡᠭᠡᠭᠦᠯᠦᠨ ᠬᠡᠷᠡᠭᠯᠡᠬᠦ ᠨᠢᠭᠡ ᠪᠦᠯᠦᠭ ᠲᠥᠷᠥᠯ | ᠵᠦᠶᠯ ᠢ ᠬᠡᠷᠡᠭᠵᠢᠭᠦᠯᠵᠦ᠂ ᠤᠰᠤ ᠠᠷᠪᠢᠯᠠᠬᠤ ᠬᠡᠮᠵᠢᠶ᠎ᠡ ᠪᠠ ᠳᠠᠬᠢᠠ ᠡᠬᠦᠰᠴᠦ ᠪᠤᠯᠬᠤ ᠤᠰᠤ ᠶᠢ ᠲᠣᠬᠢᠷᠠᠭᠤᠯᠬᠤ | ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠢ ᠨᠠᠩ | ᠣᠯᠠᠨ ᠡᠭᠦᠳᠦᠨ ᠪᠠᠶᠢᠭᠤᠯᠬᠤ ᠪᠠᠷ ᠴᠢᠷᠮᠠᠶᠢᠨ᠎ᠠ᠃ ᠡᠷᠬᠢᠯᠳᠡᠲᠦ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠰᠠᠯᠬᠢᠨ | ᠬᠦᠴᠦᠨ ᠢᠶᠠᠷ ᠴᠠᠬᠢᠯᠭᠠᠨ ᠭᠠᠷᠭᠠᠬᠤ ᠭᠡᠷᠡᠯ ᠴᠡᠨᠡᠭ ᠤᠨ ᠲᠤᠨᠤᠬᠯᠠᠯ ᠢ ᠡᠭᠡᠭᠦᠯᠦᠨ ᠬᠤᠷᠢᠶᠠᠨ ᠠᠪᠬᠤ᠂ ᠬᠠᠶᠠᠭᠳᠠᠮᠠᠯ | ᠪᠣᠯᠣᠳ ᠢ ᠡᠭᠡᠭᠦᠯᠦᠨ ᠬᠤᠷᠢᠶᠠᠨ ᠠᠪᠬᠤ᠂ ᠬᠤᠪᠣᠷ ᠰᠢᠷᠣᠶ ᠶᠢᠨ ᠬᠠᠶᠠᠭᠳᠠᠮᠠᠯ ᠮᠠᠲ᠋ᠧᠷᠢᠶᠠᠯ ᠢ ᠡᠭᠡᠭᠦᠯᠦᠨ ᠬᠤᠷᠢᠶᠠᠨ | ᠠᠪᠬᠤ ᠵᠡᠷᠭᠡ ᠨᠢᠭᠡ ᠪᠦᠯᠦᠭ ᠡᠷᠬᠢᠯᠳᠡᠲᠦ ᠠᠵᠤ ᠦᠶᠯᠡᠰ ᠤᠨ ᠲᠥᠷᠥᠯ ᠵᠦᠶᠯ ᠢ ᠬᠡᠷᠡᠭᠵᠢᠭᠦᠯᠦᠨ᠎ᠡ᠃ ᠠᠵᠤ | ᠦᠶᠯᠡᠳᠪᠦᠷᠢ ᠳᠤ ᠬᠡᠷᠡᠭᠯᠡᠬᠦ ᠭᠠᠵᠠᠷ ᠰᠢᠷᠦᠢ ᠶᠢ ᠠᠮᠢᠳᠤᠯᠢᠭᠵᠢᠭᠤᠯᠤᠨ ᠠᠰᠢᠭᠯᠠᠬᠤ ᠶᠢ ᠰᠠᠶᠢᠲᠤᠷ ᠬᠢᠵᠦ᠂ ︽ | ᠤᠷᠢᠳ ᠢᠶᠠᠷ ᠲᠦᠷᠢᠶᠡᠰᠦᠯᠡᠭᠦᠯᠵᠦ ᠳᠠᠷᠠᠭ᠎ᠠ ᠨᠢ ᠡᠵᠡᠩᠨᠡᠯᠲᠡ ᠶᠢᠨ ᠡᠷᠬᠡ ᠶᠢ ᠰᠢᠯᠵᠢᠬᠦᠯᠬᠦ︾᠂ ︽ᠬᠠᠷᠢᠮᠠᠬᠠᠢ ᠪᠠᠷ | ᠡᠵᠡᠩᠨᠡᠯᠲᠡ ᠶᠢᠨ ᠡᠷᠬᠡ ᠶᠢ ᠰᠢᠯᠵᠢᠬᠦᠯᠬᠦ︾ ᠲᠥᠷᠦ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠵᠢᠯ ᠤᠨ ᠳᠣᠲᠣᠷ᠎ᠠ | ᠦᠢᠯᠡᠳᠪᠦᠷᠢᠯᠡᠯ ᠵᠣᠭᠰᠣᠭᠰᠠᠨ ᠪᠠ ᠬᠠᠭᠠᠰ ᠵᠣᠭᠰᠣᠭᠰᠠᠨ ᠠᠵᠤ ᠠᠬᠤᠶᠢᠯᠠᠯ ᠤᠨ 1500 ᠮᠤ᠋ ᠠᠴᠠ ᠳᠡᠭᠡᠭᠰᠢᠬᠢ | ᠭᠠᠵᠠᠷ ᠰᠢᠷᠣᠢ ᠶᠢ ᠠᠮᠢᠳᠤᠯᠢᠬᠵᠢᠭᠤᠯᠤᠨᠠ᠃ ᠨᠡᠶᠢᠭᠡᠮ ᠤᠨ ᠪᠠᠯᠠ ᠣᠷᠣᠭᠤᠯᠤᠯᠲᠠ ᠶᠢᠨ ︽ᠬᠠᠭᠠᠰ ᠳᠤᠲᠠᠭᠤ | ᠤᠷᠬᠢᠬᠰᠠᠨ︾ ᠢᠨᠵᠧᠨᠧᠷᠢᠩ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠣᠶ ᠰᠢᠭᠤᠶ ᠶᠢᠨ | ᠬᠠᠪᠤᠷ᠂ ᠪᠦᠦ ᠴᠢ ᠠᠭᠤᠳᠠᠮ ᠲᠠᠯᠠᠪᠠᠶ᠂ ᠮᠥᠩᠭᠦᠨ ᠬᠦᠢᠯᠬᠡᠬᠡᠨ ᠤᠨ ᠰᠣᠶᠣᠯ ᠤᠨ ᠠᠭᠤᠳᠠᠮ ᠲᠠᠯᠠᠪᠠᠶ ᠵᠡᠷᠭᠡ | ᠦᠯᠡᠳᠡᠭᠳᠡᠯ ᠠᠰᠠᠭᠤᠳᠠᠯ ᠢ ᠰᠢᠶᠳᠪᠦᠷᠢᠯᠡᠬᠦ ᠶᠢ ᠲᠦᠷᠭᠡᠳᠬᠡᠨ ᠠᠬᠢᠭᠤᠯᠵᠤ᠂ ᠦᠵᠡᠬᠦ ᠳᠤ ᠬᠢᠵᠦ ᠳᠡᠶᠢᠯᠬᠦ ᠥᠬᠡᠶ | ᠰᠢᠭ ᠶᠠᠪᠤᠳᠠᠯ ᠢ ᠴᠢᠷᠮᠠᠶᠢᠨ ᠬᠢᠵᠤ ᠰᠠᠶᠢᠲᠤᠷ ᠪᠡᠶᠡᠯᠡᠭᠦᠯᠦᠨ᠎ᠡ᠃ | ︵ᠲᠦᠷᠪᠡ︶ ᠬᠤᠲᠠ ᠬᠥᠳᠡᠭᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠠᠮᠢ ᠠᠬᠤᠢ ᠶᠢᠨ | ᠰᠠᠭᠤᠷᠢᠰᠢᠬᠤ ᠳᠤ ᠲᠣᠬᠢᠷᠠᠮᠵᠢᠲᠠᠢ ᠬᠤᠲᠠ ᠶᠢᠨ ᠲᠣᠭᠤᠷᠢᠭ ᠢ ᠪᠦᠲᠦᠭᠡᠨ ᠪᠠᠶᠢᠭᠤᠯᠬᠤ ᠲᠠᠯ᠎ᠠ ᠪᠠᠷ ᠪᠣᠳᠠᠲᠠᠢ | ᠠᠵᠢᠯᠯᠠᠨ ᠲᠡᠷᠢᠭᠦᠨ ᠳᠤ ᠣᠷᠣᠬᠤ ᠪᠠᠷ ᠴᠢᠷᠮᠠᠶᠢᠨ᠎ᠠ᠃ | ᠨᠢᠭᠡ ᠳᠤ᠂ ᠬᠤᠲᠠ ᠶᠢᠨ ᠦᠢᠯᠡᠳᠦᠯ ᠴᠢᠳᠠᠮᠵᠢ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠬᠤᠲᠠ ᠶᠢᠨ | ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠭᠤᠯᠬᠤᠨ ᠮᠠᠶ᠋ᠢᠭ ᠤᠨ ᠬᠥᠭᠵᠢᠯᠲᠡ ᠶᠢ ᠨᠢᠭᠡᠳᠦᠯᠲᠡᠢ | ᠲᠦᠯᠦᠪᠵᠢᠬᠦᠯᠦᠨ ᠠᠬᠢᠭᠤᠯᠵᠤ᠂ ᠳᠣᠯᠣᠭᠠᠨ ᠶᠡᠭᠡ ᠲᠥᠷᠥᠯ ᠤᠨ 35 ᠵᠦᠢᠯ ᠤᠨ ᠬᠤᠲᠠ ᠶᠢᠨ ᠪᠦᠲᠦᠭᠡᠨ | ᠪᠠᠶᠢᠭᠤᠯᠤᠯᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠢ ᠤᠬᠠᠭᠠᠯᠠᠨ ᠲᠥᠯᠥᠪᠯᠡᠵᠦ᠂ ᠤᠰᠤ ᠬᠠᠩᠭᠠᠬᠤ᠂ ᠢᠯᠴᠢ | ᠬᠠᠩᠭᠠᠬᠤ ᠬᠤᠭᠤᠯᠠᠢ ᠶᠢᠨ ᠬᠠᠭᠤᠴᠢᠷᠠᠬᠰᠠᠨ ᠢ ᠰᠢᠨᠡᠳᠬᠡᠨ ᠥᠭᠡᠷᠡᠴᠢᠯᠡᠬᠦ ᠶᠢ ᠬᠡᠷᠡᠭᠵᠢᠭᠦᠯᠦᠨ᠂ ᠪᠣᠷᠣᠭᠠᠨ ᠤ ᠤᠰᠤ | ᠪᠠ ᠪᠣᠬᠢᠷ ᠤᠰᠤ ᠶᠢ ᠰᠠᠯᠭᠠᠬᠤ ᠶᠡᠷᠦᠩᠬᠡᠶᠢᠯᠡᠭᠰᠡᠨ ᠵᠠᠰᠠᠯᠲᠠ ᠶᠢ ᠪᠦᠬᠦ ᠲᠠᠯ᠎ᠠ ᠪᠠᠷ ᠪᠡᠶᠡᠯᠡᠭᠦᠯᠵᠦ᠂ ᠬᠤᠲᠠ ᠶᠢᠨ | ᠠᠮᠠᠷᠬᠠᠨ ᠤᠰᠤᠲᠤᠬᠤ ᠴᠡᠭ ᠢ ᠬᠥᠳᠡᠯᠦᠩᠭᠦᠢ ᠪᠠᠷ ᠰᠢᠢᠳᠪᠦᠷᠢᠯᠡᠨ᠎ᠡ᠃ 43.7 ᠲᠦᠮᠡᠨ ᠲᠡᠭᠰᠢ ᠳᠥᠷᠪᠡᠯᠵᠢᠨ | ᠮᠧᠲᠷ ᠤᠨ ᠬᠤᠷᠢᠶᠠᠯᠠᠯ ᠢ ᠥᠭᠡᠷᠡᠴᠢᠯᠡᠡ ᠰᠢᠨᠡᠳᠬᠡᠬᠦ ᠶᠢ ᠪᠡᠶᠡᠯᠡᠭᠦᠯᠵᠦ᠂ 2005 ᠣᠨ ᠠᠴᠠ ᠡᠮᠦᠨ᠎ᠡ | ᠪᠠᠶᠢᠭᠤᠯᠤᠬᠰᠠᠨ ᠬᠠᠭᠤᠴᠢᠨ ᠬᠤᠷᠢᠶᠠᠯᠠᠯ ᠤᠨ ᠥᠭᠡᠷᠡᠴᠢᠯᠡᠯᠲᠡ ᠶᠢ ᠪᠦᠬᠦᠨ ᠢ ᠲᠤᠶᠢᠯᠪᠤᠷᠢᠳᠠᠢ ᠪᠡᠶᠡᠯᠡᠭᠦᠯᠦᠨ᠎ᠡ᠃ | ᠬᠤᠲᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠪᠠ ᠠᠷᠠᠴᠢᠯᠠᠨ ᠬᠠᠮᠠᠭᠠᠯᠠᠬᠤ ᠠᠵᠢᠯ ᠢ ᠵᠠᠬ᠎ᠠ ᠳᠡᠯᠭᠡᠭᠦᠷᠴᠢᠯᠡᠨ | ᠥᠷᠨᠢᠭᠦᠯᠵᠦ᠂ ᠬᠦᠨᠳᠡᠯᠡᠨ ᠭᠤᠤᠯ ᠪᠡᠶ᠎ᠡ ᠶᠢᠨ ᠲᠠᠮᠢᠷ ᠤᠨ ᠴᠡᠴᠡᠷᠯᠢᠭ ᠢ ᠥᠭᠡᠷᠡᠴᠢᠯᠡᠨ ᠳᠡᠰ ᠳᠡᠪᠰᠢᠭᠦᠯᠦᠨ᠎ᠡ᠃ ᠬᠡᠷ | ᠭᠠᠵᠠᠷ ᠤᠨ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ | ᠲᠠᠸᠠᠷ ᠤᠨ ᠬᠡᠷ ᠪᠠᠶᠢᠰᠢᠩ ᠤᠨ ᠬᠠᠳᠠᠭᠠᠯᠠᠯᠲᠠ ᠶᠢ ᠰᠢᠢᠳᠪᠦᠷᠢᠯᠡᠨ ᠰᠢᠩᠭᠡᠭᠡᠬᠦ ᠦᠶᠡᠯᠡᠯ ᠤᠨ ᠬᠤᠭᠤᠴᠠᠭ᠎ᠠ ᠶᠢ | ᠪᠣᠭᠤᠨᠢᠰᠬᠠᠵᠤ᠂ ᠵᠢᠯ ᠤᠨ ᠳᠣᠲᠣᠷ᠎ᠠ 3 ᠬᠡᠰᠡᠭ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢ ᠰᠢᠯᠵᠢᠬᠦᠯᠬᠦ ᠶᠢ | ᠪᠡᠶᠡᠯᠡᠭᠦᠯᠵᠦ᠂ ᠯᠦᠩ ᠶᠤᠸᠠᠢ ᠰᠢᠦᠸᠠᠢ ᠹᠦ᠋ ᠵᠡᠷᠭᠡ ᠬᠡᠷ ᠭᠠᠵᠠᠷ ᠤᠨ ᠬᠥᠷᠥᠩᠭᠡ ᠶᠢᠨ ᠨᠡᠭᠡᠭᠡᠡ ᠬᠦᠭᠵᠢᠬᠦᠯᠬᠦ 4 | ᠲᠥᠷᠥᠯ ᠵᠦᠶᠯ ᠢ ᠬᠡᠷᠡᠭᠵᠢᠭᠦᠯᠵᠦ᠂ ᠴᠢᠨᠠᠷ ᠰᠠᠶᠢᠲᠠᠶ ᠰᠠᠶᠢᠨ ᠬᠡᠷ ᠪᠠᠶᠢᠰᠢᠩ᠂ ᠰᠠᠶᠢᠨ ᠬᠤᠷᠢᠶᠠᠯᠠᠯ ᠢ ᠪᠠᠶᠢᠭᠤᠯᠤᠨ᠎ᠠ᠃ | ︽ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ︾ ᠵᠡᠷᠭᠡ ᠲᠤᠬᠳᠠᠴᠠ ᠶᠢ ᠴᠢᠩᠭ᠎ᠠ ᠨᠠᠶᠢᠳᠠᠪᠤᠷᠢᠵᠢᠭᠤᠯᠤᠨ᠂ | ᠬᠤᠲᠠ ᠬᠥᠳᠡᠭᠡ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠪᠠ ᠣᠷᠣᠰᠢᠨ ᠰᠠᠭᠤᠬᠤ ᠣᠷᠴᠢᠨ ᠲᠣᠭᠤᠷᠢᠨ ᠢ | ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠵᠦ᠂ 20 ᠵᠤᠷᠪᠤᠰ ᠪᠤᠶᠢᠲᠠ ᠪᠦᠭᠯᠡᠬᠦᠦ ᠵᠡᠭᠡᠯᠢ ᠭᠤᠳᠤᠮᠵᠢ ᠶᠢ | ᠴᠡᠭᠴᠡᠯᠡᠨ ᠵᠠᠰᠠᠵᠤ᠂ ᠭᠤᠸᠠᠩ ᠼᠠᠢ ᠵᠡᠭᠡᠯᠢ ᠶᠢᠨ ᠠᠷᠠᠳ ᠲᠤ ᠳᠥᠭᠦᠮ ᠦᠵᠡᠭᠦᠯᠬᠦ ᠵᠠᠬ᠎ᠠ ᠳᠡᠯᠭᠡᠭᠦᠷ ᠢ | ᠥᠭᠡᠷᠡᠴᠢᠯᠡᠨ ᠲᠡᠰ ᠳᠡᠪᠰᠢᠭᠦᠯᠵᠦ᠂ 3 ᠭᠠᠵᠠᠷ ᠲᠤ ᠪᠠᠷᠢᠯᠭ᠎ᠠ ᠶᠢᠨ ᠬᠤᠭ ᠨᠣᠪᠰᠢ ᠶᠢ ᠰᠢᠯᠵᠢᠭᠦᠯᠦᠨ | ᠲᠡᠭᠡᠭᠡᠪᠦᠷᠢᠯᠡᠵᠦ ᠰᠢᠢᠳᠪᠦᠷᠢᠯᠡᠬᠦ ᠲᠠᠯᠠᠪᠤᠷ ᠭᠠᠵᠠᠷ ᠢ ᠪᠠᠶᠢᠭᠤᠯᠤᠨ᠂ ᠣᠷᠴᠢᠨ ᠲᠣᠭᠤᠷᠢᠨ ᠤ ︽ᠪᠤᠵᠠᠷ ᠡᠷᠦᠢ | ᠬᠤᠷᠤᠢ ᠦᠬᠡᠢ ᠠᠨᠠᠢ︾ ᠪᠠ ᠬᠠᠮᠢᠶᠠᠷᠤᠯᠳᠠ ᠶᠢᠨ ︽ᠠᠭᠤᠵᠢᠭᠤ ᠰᠤᠯᠠ ᠵᠥᠭᠡᠯᠡᠨ︾ ᠪᠠᠶᠢᠬᠤ ᠠᠰᠠᠭᠤᠳᠠᠯ ᠢ | ᠰᠢᠢᠳᠪᠦᠷᠢᠯᠡᠨ᠎ᠡ᠃ ᠰᠠᠭᠤᠭᠠᠯᠢ ᠠᠷᠠᠳ ᠤᠨ ᠬᠤᠷᠢᠶᠠᠯᠠᠯ ᠤᠨ ᠠᠳᠠᠯ ᠠᠬᠤᠶ ᠶᠢᠨ ᠬᠠᠮᠢᠶᠠᠷᠤᠯᠲᠠ ᠶᠢᠨ ᠲᠤᠰᠬᠠᠶ | ᠴᠡᠭᠴᠡᠯᠡᠨ ᠵᠠᠰᠠᠯᠲᠠ ᠶᠢ ᠥᠷᠨᠢᠭᠦᠯᠵᠦ᠂ ᠤᠯᠤᠰ ᠤᠨ ᠥᠮᠴᠢᠯᠡᠯᠲᠦ ᠠᠳᠠᠯ ᠠᠬᠤᠶ ᠶᠢᠨ ᠬᠠᠮᠢᠶᠠᠷᠤᠯᠳᠠ ᠶᠢᠨ | ᠺᠣᠮᠫᠠᠨᠢ ᠶᠢ ᠪᠠᠶᠢᠭᠤᠯᠤᠨ᠂ ᠠᠳᠠᠯ ᠠᠬᠤᠶ ᠶᠢᠨ ᠬᠠᠮᠢᠶᠠᠷᠤᠯᠳᠠ ᠦᠭᠡᠢ ᠬᠤᠷᠢᠶᠠᠯᠠᠯ ᠤᠨ ᠳᠤᠲᠠᠭᠤᠳᠠᠯ ᠢ | ᠨᠥᠬᠦᠪᠥᠷᠢᠯᠡᠵᠦ᠂ ᠣᠷᠣᠨ ᠰᠠᠭᠤᠴᠠ ᠶᠢᠨ ᠬᠤᠷᠢᠶᠠᠯᠠᠯ ᠤᠨ ᠠᠳᠠᠯ ᠠᠬᠤᠶ ᠶᠢᠨ ᠬᠠᠮᠢᠶᠠᠷᠤᠯᠲᠠ ᠶᠢ ᠪᠦᠷᠢᠨ | ᠪᠥᠷᠬᠦᠭᠦᠯᠬᠦ ᠶᠢ ᠪᠡᠶᠡᠯᠡᠭᠦᠯᠦᠨ᠎ᠡ᠃ | ᠬᠤᠶᠠᠷ ᠲᠤ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ | ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠪᠠ ᠲᠠᠷᠢᠶᠠᠨ ᠭᠠᠵᠠᠷ ᠤᠨ ᠬᠠᠮᠠᠭᠠᠯᠠᠯᠲᠠ ᠶᠢᠨ | ᠤᠯᠠᠭᠠᠨ ᠱᠤᠭᠤᠮ ᠢ ᠴᠢᠩᠭ᠎ᠠ ᠰᠠᠬᠢᠵᠤ᠂ 1900 ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠶᠯ ᠢ ᠢᠳᠡᠪᠬᠢᠲᠡᠶ ᠲᠡᠮᠡᠴᠡᠨ ᠣᠯᠵᠤ᠂ ᠲᠥᠬᠦᠭᠡᠷᠦᠮᠵᠢᠲᠦ ᠲᠠᠷᠢᠶᠠᠯᠠᠩ ᠢ 500 | ᠮᠥ ᠠᠴᠠ ᠳᠡᠭᠡᠭᠰᠢ ᠳᠤ ᠬᠦᠷᠬᠡᠨ᠎ᠡ᠃ ᠡᠮᠦᠨ᠎ᠡ ᠫᠠᠢ ᠬᠤᠶᠢᠲᠤ ᠭᠤᠳᠤᠮᠵᠢ ᠵᠡᠷᠭᠡ 15 ᠲᠣᠰᠬᠤᠨ ᠤ ᠬᠠᠮᠲᠤ ᠶᠢᠨ | ᠠᠵᠤ ᠠᠬᠤᠢ ᠶᠢᠨ ᠲᠦᠷᠦᠯ ᠵᠦᠢᠯ ᠢ ᠬᠡᠷᠡᠭᠵᠢᠭᠦᠯᠵᠦ᠂ ᠵᠢᠯ ᠤᠨ ᠡᠵᠡᠩᠨᠡᠯᠲᠡ ᠶᠢᠨ ᠴᠢᠨᠠᠷᠲᠠᠢ ᠣᠷᠣᠯᠭ᠎ᠠ 100 | ᠲᠦᠮᠡᠨ ᠲᠥᠭᠦᠷᠢᠭ ᠢ ᠳᠠᠪᠠᠭᠰᠠᠨ ᠲᠣᠰᠬᠤᠨ ᠤ ᠬᠠᠮᠲᠤ ᠶᠢ 60% ᠠᠴᠠ ᠳᠡᠭᠡᠭᠰᠢ ᠳᠤ ᠬᠦᠷᠭᠡᠵᠤ᠂ ᠲᠣᠰᠬᠤᠨ ᠤ | ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢᠨ ᠶᠡᠷᠦᠩᠬᠡᠢ ᠬᠡᠮᠵᠢᠶ᠎ᠡ 6400 ᠲᠦᠮᠡᠨ ᠲᠥᠭᠦᠷᠢᠭ ᠠᠴᠠ | ᠳᠡᠭᠡᠭᠰᠢ ᠳᠤ ᠬᠦᠷᠭᠡᠨ᠎ᠡ᠃ ᠲᠠᠷᠢᠶᠠᠯᠠᠩ ᠮᠠᠯ ᠠᠵᠤ ᠠᠬᠤᠶ ᠶᠢᠨ 6 ᠭᠤᠣᠯᠳᠠᠯᠭ᠎ᠠ ᠲᠠᠢ ᠲᠥᠷᠥᠯ ᠵᠦᠢᠯ ᠢ | ᠬᠡᠷᠡᠭᠵᠢᠭᠦᠯᠵᠦ᠂ ᠪᠤᠭᠤᠲᠤ ᠶᠢᠨ ᠬᠤᠳᠠ ᠶᠢᠨ ᠣᠶᠢᠷ᠎ᠠ ᠲᠡᠭᠦᠷᠭᠡ ᠶᠢᠨ ᠲᠠᠷᠢᠶᠠᠴᠢᠨ ᠠᠶᠢᠯ ᠤᠨ ᠪᠣᠬᠢᠷᠲᠤᠯ ᠦᠭᠡᠶ | ᠲᠦᠷᠦᠯ ᠲᠡᠮᠳᠡᠭ ᠤᠨ ᠡᠳ᠋ᠰᠢᠬᠦᠯᠦᠨ ᠪᠤᠯᠪᠠᠰᠤᠷᠠᠭᠤᠯᠬᠤ ᠰᠠᠭᠤᠷᠢᠨ ᠢ ᠪᠦᠲᠦᠭᠡᠨ ᠪᠠᠶᠢᠭᠤᠯᠵᠤ᠂ ︽ᠬᠦᠨᠳᠡᠯᠡᠨ | ᠲᠡᠮᠳᠡᠭᠲᠦ︾ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠯᠡᠰᠴᠢᠯᠡᠯᠲᠡ᠂ ᠲᠦᠷᠦᠯ ᠲᠡᠮᠳᠡᠭᠵᠢᠯᠲᠠ ᠶᠢᠨ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠭᠡᠷ ᠪᠦᠯᠢ ᠶᠢᠨ ᠠᠷᠢᠭᠤᠨ ᠴᠡᠪᠡᠷ ᠵᠣᠷᠯᠣᠩ ᠢ | ᠲᠦᠭᠡᠮᠡᠯᠵᠢᠭᠦᠯᠬᠦ ᠨᠣᠷᠮ᠎ᠠ ᠶᠢ 95% ᠳᠤ ᠬᠦᠷᠭᠡᠵᠤ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ | ᠲᠡᠭᠡᠭᠡᠪᠦᠷᠢᠯᠡᠵᠦ ᠰᠢᠶᠳᠪᠦᠷᠢᠯᠡᠬᠦ ᠰᠢᠰᠲ᠋ᠧᠮ ᠢ ᠪᠦᠷᠢᠨ ᠪᠥᠷᠬᠦᠭᠦᠯᠬᠦ ᠶᠢ ᠪᠡᠶᠡᠯᠡᠭᠦᠯᠦᠨ᠎ᠡ᠃ | ᠭᠤᠷᠪᠠ ᠳᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠤᠨ᠎ᠠ᠃ ᠬᠦᠬᠡ | ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ | ᠠᠵᠤ ᠦᠢᠯᠡᠳᠪᠦᠷᠢ ᠶᠢᠨ ᠭᠠᠳᠠᠭᠰᠢᠯᠠᠭᠤᠯᠤᠯᠲᠠ᠂ ᠪᠠᠷᠢᠯᠭ᠎ᠠ ᠶᠢᠨ ᠠᠵᠢᠯ᠂ ᠴᠤᠬᠯᠠᠭᠤᠯᠤᠨ ᠣᠪᠣᠭᠠᠯᠠᠬᠤ ᠲᠠᠯᠠᠪᠤᠷ | ᠭᠠᠵᠠᠷ ᠤᠨ ᠬᠠᠯᠴᠠᠭᠠᠢ ᠭᠠᠵᠠᠷ᠂ ᠡᠰᠢ ᠰᠦᠷᠡᠯ ᠢ ᠰᠢᠲᠠᠭᠠᠬᠤ ᠵᠡᠷᠭᠡ ᠤᠯᠠᠨ ᠡᠬᠢᠳᠤ ᠪᠣᠬᠢᠷᠲᠤᠯ ᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠠᠳᠬᠤᠵᠤ᠂ 40 ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠪᠣᠬᠢᠷᠲᠤᠯ ᠪᠣᠳᠠᠰ ᠤᠨ ᠣᠨᠴᠠᠭᠠᠢ ᠭᠠᠳᠠᠭᠰᠢᠯᠠᠭᠤᠯᠤᠯᠲᠠ ᠶᠢ ᠬᠢᠵᠠᠭᠠᠷᠯᠠᠬᠤ ᠥᠭᠡᠷᠡᠴᠢᠯᠡᠯᠲᠡ ᠶᠢ | ᠪᠡᠶᠡᠯᠡᠭᠦᠯᠦᠨ᠎ᠡ᠃ ᠭᠤᠤᠯ ᠮᠥᠷᠡᠨ ᠤ ︽ᠳᠥᠷᠪᠡᠨ ᠡᠷᠦᠢ ᠬᠤᠷᠤᠢ ᠦᠭᠡᠢ ᠪᠠᠶᠢᠬᠤ︾ ᠠᠰᠠᠭᠤᠳᠠᠯ ᠢ | ᠪᠠᠶᠢᠩᠭᠤᠵᠢᠭᠤᠯᠤᠨ ᠰᠢᠶᠳᠪᠦᠷᠢᠯᠡᠵᠦ᠂ ᠭᠠᠵᠠᠷ ᠳᠡᠭᠡᠷᠡᠬᠢ ᠤᠰᠤ ᠶᠢ ᠰᠢᠯᠭᠠᠨ ᠬᠢᠨᠠᠬᠤ ᠣᠭᠲᠣᠯᠤᠭᠠᠰᠤ᠂ ᠤᠤᠭᠤᠬᠤ | ᠤᠰᠤᠨ ᠤ ᠤᠰᠤᠨ ᠤ ᠡᠬᠢ ᠶᠢᠨ ᠭᠠᠵᠠᠷ ᠤᠨ ᠤᠰᠤᠨ ᠤ ᠴᠢᠨᠠᠷ ᠢ ᠪᠠᠷᠢᠮᠵᠢᠶ᠎ᠠ ᠳᠤ ᠬᠦᠷᠬᠡᠬᠦ ᠶᠢ ᠦᠨᠡᠨᠬᠦ ᠪᠠᠲᠤᠯᠠᠨ᠎ᠠ | ᠃ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠦᠷᠭᠦᠯᠵᠢᠯᠡᠨ ᠠᠬᠢᠭᠤᠯᠵᠤ᠂ | ᠲᠠᠷᠢᠶᠠᠯᠠᠩ ᠤᠨ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠪᠤᠴᠠᠭᠠᠨ ᠬᠤᠷᠢᠶᠠᠬᠤ ᠨᠣᠷᠮ᠎ᠠ ᠶᠢ | 85% ᠠᠴᠠ ᠳᠡᠭᠡᠭᠰᠢ ᠳᠤ ᠬᠦᠷᠬᠡᠨ᠎ᠡ᠃ ᠬᠤᠶᠠᠳᠤᠭᠠᠷ ᠡᠭᠡᠯᠵᠢ ᠶᠢᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ᠂ 2024 ᠣᠨ ᠤ ᠬᠠᠲᠤᠨ ᠭᠤᠤᠯ ᠤᠨ ᠰᠠᠪᠠ | ᠭᠠᠵᠠᠷ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠰᠬᠠᠶ ᠬᠢᠨᠠᠨ ᠪᠠᠶᠢᠴᠠᠭᠠᠯᠲᠠ ᠠᠴᠠ | ᠬᠠᠷᠢᠭᠤ ᠲᠤᠰᠬᠠᠭᠰᠠᠨ ᠠᠰᠠᠭᠤᠳᠠᠯ ᠤᠨ ᠣᠨ ᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠵᠦ᠂ | ᠭᠤᠷᠪᠠᠳᠤᠭᠠᠷ ᠡᠭᠡᠯᠵᠢ ᠶᠢᠨ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ | ᠪᠠᠶᠢᠴᠠᠭᠠᠯᠲᠠ ᠶᠢ ᠤᠬᠳᠤᠬᠤ ᠪᠡᠯᠡᠳᠬᠡᠯ ᠠᠵᠢᠯ ᠢ ᠰᠠᠶᠢᠲᠤᠷ ᠬᠢᠨ᠎ᠠ᠃ ᠤᠯᠤᠰ ᠤᠨ ᠨᠤᠭᠤ ᠭᠠᠵᠠᠷ ᠤᠨ ᠴᠡᠴᠡᠷᠯᠢᠭ | ᠪᠠ ᠮᠡᠷᠭᠡᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠶᠡᠷᠦᠩᠬᠡᠶ ᠲᠥᠯᠥᠪᠵᠢᠭᠦᠯᠭᠡ ᠳᠤ ᠵᠠᠰᠠᠪᠤᠷᠢ ᠣᠷᠣᠭᠤᠯᠵᠤ᠂ | ᠤᠮᠠᠷᠠᠲᠤ ᠬᠡᠰᠡᠭ ᠤᠨ ᠣᠶ ᠰᠢᠭᠤᠶ ᠡᠪᠡᠰᠦ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠬᠠᠶᠠᠬᠳᠠᠮᠠᠯ | ᠤᠰᠤ ᠶᠢ ᠡᠭᠡᠭᠦᠯᠦᠨ ᠬᠡᠷᠡᠭᠯᠡᠬᠦ ᠲᠥᠷᠥᠯ ᠵᠦᠶᠯ ᠢ ᠬᠡᠷᠡᠭᠵᠢᠭᠦᠯᠵᠦ᠂ 6 ᠰᠠᠷ᠎ᠠ ᠶᠢᠨ ᠡᠴᠦᠰ ᠠᠴᠠ ᠡᠮᠦᠨ᠎ᠡ | ᠪᠥᠲᠥᠭᠡᠨ ᠪᠠᠶᠢᠭᠤᠯᠵᠤ ᠳᠠᠭᠤᠰᠬᠠᠬᠤ ᠶᠢ ᠪᠠᠲᠤᠯᠠᠵᠤ᠂ 10.7 ᠲᠦᠮᠡᠨ ᠮᠥ ᠣᠶᠢᠲᠤ ᠭᠠᠵᠠᠷ᠂ 8.4 ᠲᠦᠮᠡᠨ ᠮᠥ | ᠨᠤᠲᠤᠭ ᠪᠡᠯᠴᠢᠭᠡᠷ ᠤᠨ ᠠᠮᠢ ᠠᠬᠤᠶ ᠶᠢᠨ ᠡᠬᠢ ᠪᠠᠶᠠᠯᠢᠭ ᠢ ᠰᠠᠶᠢᠲᠤᠷ ᠰᠠᠬᠢᠨ ᠬᠠᠮᠠᠭᠠᠯᠠᠨ᠎ᠠ᠃ ᠡᠨᠧᠷᠭᠢ ᠠᠷᠪᠢᠯᠠᠵᠤ | ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠶᠢ ᠪᠠᠭᠠᠰᠬᠠᠬᠤ ᠠᠵᠢᠯ ᠢ ᠭᠦᠨᠵᠡᠭᠡᠶᠢᠷᠡᠭᠦᠯᠦᠨ᠂ ᠠᠵᠤ | ᠦᠶᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ 28 ᠲᠥᠷᠥᠯ ᠵᠦᠶᠯ ᠢ ᠬᠡᠷᠡᠭᠵᠢᠭᠦᠯᠵᠦ᠂ ᠭᠡᠷ ᠤᠨ ᠣᠷᠣᠢ | ᠳᠡᠭᠡᠷᠡᠬᠢ ᠲᠠᠷᠬᠠᠯᠲᠠ ᠶᠢᠨ ᠮᠠᠶ᠋ᠢᠭ ᠤᠨ ᠭᠡᠷᠡᠯ ᠴᠡᠨᠡᠭ ᠢ ᠨᠡᠭᠡᠭᠡᠨ ᠬᠥᠭᠵᠢᠭᠦᠯᠬᠦ 10 ᠲᠥᠷᠥᠯ ᠵᠦᠶᠯ ᠢ | ᠨᠠᠶᠢᠳᠠᠪᠤᠷᠢᠵᠢᠭᠤᠯᠤᠨ᠂ ᠤᠯᠤᠰ ᠤᠨ ᠪᠣᠬᠢᠷᠲᠤᠯ ᠥᠬᠡᠶ ᠬᠦᠷᠢᠶᠡᠯᠡᠩ ᠲᠣᠭᠤᠷᠢᠭ ᠢ ᠪᠠᠶᠢᠭᠤᠯᠤᠭᠰᠠᠨ ᠰᠠᠭᠤᠷᠢᠨ | ᠳᠡᠭᠡᠷ᠎ᠡ᠂ ᠪᠠᠭ᠎ᠠ ᠨᠡᠭᠦᠷᠡᠰᠦᠲᠥ᠋ᠷᠥᠭᠴᠢᠲᠦ ᠬᠦᠷᠢᠶᠡᠯᠡᠩ ᠲᠣᠭᠤᠷᠢᠭ ᠢ ᠴᠢᠷᠮᠠᠶᠢᠨ ᠡᠭᠦᠳᠦᠨ᠎ᠡ᠃ | ︵ᠲᠠᠪᠤ︶ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠦᠷᠭᠦᠯᠵᠢᠯᠡᠨ ᠨᠡᠮᠡᠭᠳᠡᠭᠦᠯᠵᠦ᠂ ᠪᠦᠬᠦ ᠬᠦᠴᠦᠨ ᠢᠶᠠᠷ | ᠢᠶᠠᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ ᠪᠤᠳᠠᠳᠤ ᠶᠠᠪᠤᠳᠠᠯ ᠬᠢᠬᠦ ᠲᠠᠯ᠎ᠠ ᠪᠠᠷ ᠪᠤᠳᠠᠳᠠᠢ ᠠᠵᠢᠯᠯᠠᠵᠤ | ᠲᠡᠷᠢᠭᠦᠨ ᠳᠤ ᠨᠢ ᠣᠷᠣᠬᠤ ᠪᠠᠷ ᠴᠢᠷᠮᠠᠶᠢᠨ᠎ᠠ | ᠨᠢᠭᠡ ᠳᠤ᠂ ᠨᠠᠩ ᠭᠦᠶᠴᠡᠳ ᠨᠠᠩ ᠴᠢᠨᠠᠷ ᠰᠠᠶᠢᠲᠠᠶ ᠠᠵᠢᠯ ᠣᠯᠭᠤᠯᠲᠠ ᠶᠢ ᠠᠬᠢᠭᠤᠯᠤᠨ᠎ᠠ᠃ ᠠᠵᠢᠯ | ᠣᠯᠭᠤᠯᠲᠠ ᠶᠢ ᠲᠣᠭᠲᠠᠪᠤᠷᠢᠵᠢᠭᠤᠯᠬᠤ ᠶᠢ ᠠᠷᠠᠳ ᠤᠨ ᠠᠮᠢᠳᠤᠷᠠᠯ ᠤᠨ ᠦᠨᠳᠦᠰᠦ ᠪᠣᠯᠭᠠᠵᠤ᠂ ︽ᠠᠵᠢᠯ | ᠣᠯᠭᠤᠯᠲᠠ ᠶᠢ ᠠᠬᠢᠭᠤᠯᠬᠤ ᠠᠵᠢᠯᠯᠠᠭ᠎ᠠ︾ ᠶᠢ ᠭᠦᠨᠵᠡᠭᠡᠢ ᠬᠡᠷᠡᠭᠵᠢᠭᠦᠯᠵᠦ᠂ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠵᠡᠷᠭᠡ ᠭᠤᠣᠯᠳᠠᠯᠭ᠎ᠠ ᠲᠠᠢ ᠬᠥᠮᠦᠰ ᠢ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠵᠠᠬ᠎ᠠ | ᠳᠡᠯᠭᠡᠭᠦᠷ ᠤᠨ ᠬᠡᠷᠡᠭᠴᠡᠭᠡ ᠳᠤ ᠵᠣᠬᠢᠴᠠᠭᠤᠯᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠪᠠ ᠠᠵᠢᠯ | ᠣᠯᠭᠤᠯᠲᠠ ᠶᠢ ᠬᠦᠳᠦᠯᠦᠨ ᠵᠢᠯᠣᠭᠤᠳᠬᠤ ᠠᠵᠢᠯ ᠢ ᠰᠠᠶᠢᠲᠤᠷ ᠬᠢᠵᠦ᠂ ᠪᠦᠬᠦ ᠵᠢᠯ ᠳᠤ ᠬᠤᠳᠠ ᠪᠠᠯᠭᠠᠰᠤᠨ ᠤ | 9000 ᠭᠠᠷᠤᠢ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ | ᠠᠯᠳᠠᠯᠲᠠ ᠶᠢᠨ ᠨᠤᠷᠮ᠎ᠠ ᠶᠢ 4% ᠶᠢᠨ ᠳᠣᠲᠣᠷ᠎ᠠ ᠬᠢᠵᠠᠭᠠᠷᠯᠠᠨ᠎ᠠ᠃ ︽ᠵᠠᠬᠢᠶᠠᠯᠠᠭ᠎ᠠ ᠶᠢᠨ ᠮᠠᠶ᠋ᠢᠭ︾ ᠤᠨ | ᠴᠢᠳᠠᠪᠤᠷᠢᠲᠠᠨ ᠢ ᠬᠥᠮᠦᠵᠢᠭᠦᠯᠬᠦ ᠶᠢ ᠥᠷᠨᠢᠭᠦᠯᠵᠦ᠂ ᠬᠥᠮᠦᠨ ᠤ ᠬᠦᠴᠦᠨ ᠤ ᠡᠬᠢ ᠪᠠᠶᠠᠯᠢᠭ ᠤᠨ ᠬᠡᠷᠡᠭᠴᠡᠭᠡ ᠪᠠ | ᠬᠠᠩᠭᠠᠯᠭ᠎ᠠ ᠶᠢ ᠪᠥᠬᠦ ᠲᠠᠯ᠎ᠠ ᠪᠠᠷ ᠬᠤᠯᠪᠣᠵᠤ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠬᠰᠠᠨ ᠠᠵᠢᠯ | ᠠᠯᠳᠠᠬᠰᠠᠳ ᠤᠨ ᠲᠠᠭᠠᠳᠬᠠᠯ ᠤᠨ ᠰᠦᠢᠳᠬᠡᠯ ᠢ ᠪᠤᠴᠠᠭᠠᠬᠤ᠂ ᠠᠵᠢᠯᠴᠢᠨ ᠢ ᠬᠦᠷᠬᠡᠨ ᠠᠵᠤ ᠠᠬᠤᠶᠢᠯᠠᠯ ᠳᠤ | ᠤᠷᠤᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ᠂ ᠠᠵᠤ ᠠᠬᠤᠶᠢᠯᠠᠯ ᠤᠨ ᠲᠣᠰ ᠭᠠᠵᠠᠷ ᠤᠨ ᠴᠢᠳᠠᠪᠤᠷᠢᠲᠠᠨ ᠢ | ᠢᠯᠡᠭᠦᠬᠡᠨ ᠬᠡᠷᠡᠭᠯᠡᠬᠦ ᠶᠢ ᠵᠣᠷᠢᠭᠵᠢᠭᠤᠯᠵᠤ᠂ ᠠᠵᠤ ᠠᠬᠤᠶᠢᠯᠠᠯ ᠤᠨ 3000 ᠠᠴᠠ ᠳᠡᠭᠡᠭᠰᠢ ᠠᠵᠢᠯᠴᠢᠨ ᠬᠡᠷᠡᠭᠯᠡᠬᠦ | ᠬᠡᠷᠡᠭᠴᠡᠭᠡ ᠶᠢ ᠬᠦᠳᠡᠯᠦᠩᠭᠦᠢ ᠪᠠᠷ ᠰᠢᠶᠳᠪᠦᠷᠢᠯᠡᠨ᠎ᠡ᠃ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠤᠨ | ᠬᠥᠭᠵᠢᠯᠲᠡ ᠶᠢᠨ ᠬᠡᠯᠪᠡᠷᠢ ᠶᠢᠨ ᠰᠢᠶᠠᠨ ᠤ ᠬᠡᠪᠴᠢᠶᠡᠨ ᠤ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢ ᠭᠦᠨᠵᠡᠭᠡᠶ | ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ︽ᠪᠥᠬᠦ ᠤᠯᠤᠰ ᠤᠨ ᠤᠶᠤᠲᠠᠳ ᠤᠨ ᠳᠠᠳᠤᠯᠭ᠎ᠠ | ᠬᠢᠵᠤ ᠦᠶᠯᠡᠳᠦᠯᠭᠡ ᠳᠤ ᠤᠷᠤᠯᠴᠠᠬᠤ ᠠᠵᠢᠯ ᠣᠯᠭᠤᠯᠲᠠ ᠶᠢᠨ ᠦᠶᠯᠡᠴᠢᠯᠡᠭᠡᠨ ᠤ ᠰᠠᠭᠤᠷᠢᠨ︾ ᠤ ᠦᠶᠯᠡᠳᠦᠯ ᠢ | ᠭᠦᠶᠴᠡᠳ ᠪᠠᠳᠠᠷᠠᠭᠤᠯᠵᠤ᠂ ᠬᠥᠨᠳᠡᠯᠡᠨ ᠲᠣᠭᠤᠷᠢᠭ ᠤᠨ ᠬᠥᠭᠵᠢᠯᠲᠡ ᠪᠣᠯᠤᠨ ᠵᠠᠯᠠᠭᠤᠴᠤᠳ ᠤᠨ ᠳᠠᠪᠰᠢᠯᠲᠠ ᠶᠢ | ᠬᠤᠤᠰ ᠴᠢᠭᠯᠡᠯ ᠢᠶᠠᠷ ᠤᠷᠤᠭᠰᠢᠯᠠᠭᠤᠯᠵᠤ᠂ ᠬᠠᠮᠲᠤ ᠪᠠᠷ ᠦᠰᠦᠨ ᠪᠤᠶᠢᠵᠢᠭᠤᠯᠵᠤ᠂ ᠵᠠᠯᠠᠭᠤᠴᠤᠳ ᠤᠨ | ᠬᠥᠭᠵᠢᠯᠲᠡ ᠶᠢᠨ ᠬᠡᠯᠪᠡᠷᠢ ᠶᠢᠨ ᠬᠤᠲᠠ ᠶᠢᠨ ᠲᠣᠭᠤᠷᠢᠭ ᠢ ᠦᠷᠭᠦᠯᠵᠢᠯᠡᠨ ᠪᠥᠲᠥᠭᠡᠨ ᠪᠠᠶᠢᠭᠤᠯᠤᠨ᠎ᠠ᠃ | ᠬᠤᠶᠠᠷ ᠲᠤ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠬᠤᠲᠠ | ᠪᠠᠯᠭᠠᠰᠤ ᠶᠢᠨ ᠠᠵᠢᠯᠲᠠᠨ ᠠᠵᠢᠯᠴᠢᠳ ᠤᠨ ᠨᠡᠶᠢᠭᠡᠮ ᠤᠨ ᠳᠠᠭᠠᠳᠬᠠᠯ ᠳᠤ ᠤᠷᠤᠯᠴᠠᠬᠤ ᠬᠡᠪᠴᠢᠶ᠎ᠡ ᠶᠢ ᠥᠷᠭᠡᠳᠬᠡᠬᠦ | ᠲᠤᠰᠬᠠᠶ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠮᠦᠩᠬᠦ ᠣᠯᠭᠤᠮᠵᠢ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ | ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ ᠶᠢ 12.8 | ᠲᠦᠮᠡᠨ ᠬᠥᠮᠦᠨ ᠳᠤ ᠬᠦᠷᠬᠡᠨ᠎ᠡ᠃ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠶᠠᠰᠤ ᠴᠢᠨᠠᠷ ᠢ | ᠳᠡᠭᠡᠭᠰᠢᠯᠡᠭᠦᠯᠬᠦ ᠣᠨ ᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠳᠡᠰ ᠳᠠᠪᠬᠤᠷᠭ᠎ᠠ ᠬᠤᠪᠢᠶᠠᠨ ᠲᠥᠷᠥᠯ | ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠪᠦᠷᠢᠨᠰᠢᠬᠦᠯᠦᠨ᠂ ᠪᠦᠬᠦ ᠬᠤᠲᠠ ᠶᠢᠨ ᠠᠩᠬᠠᠳᠠᠭᠴᠢ | ᠨᠡᠶᠢᠭᠡᠮ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠵᠢᠯᠣᠭᠤᠳᠬᠤ ᠲᠥᠪ ᠢ ᠪᠠᠶᠢᠭᠤᠯᠤᠨ᠎ᠠ᠃ ︽ᠵᠠᠰᠠᠭ ᠤᠨ | ᠣᠷᠳᠣᠨ ᠠᠴᠠ ᠠᠪᠤᠷᠠᠨ ᠲᠤᠰᠠᠯᠠᠬᠤ + ᠨᠢᠭᠦᠯᠡᠰᠦᠩᠭᠦᠶ ᠶᠢᠨ ᠬᠠᠪᠰᠤᠷᠤᠨ ᠲᠡᠳᠬᠦᠬᠦ︾ ᠵᠠᠭᠪᠤᠷ ᠢ ᠪᠦᠷᠢᠨᠰᠢᠬᠦᠯᠦᠨ | ᠲᠡᠭᠦᠯᠳᠡᠷᠵᠢᠭᠦᠯᠵᠦ᠂ ᠬᠦᠴᠢᠷᠳᠡᠯᠲᠡᠶ ᠣᠯᠠᠨ ᠲᠦᠮᠡᠨ᠂ ᠬᠦᠴᠢᠷᠳᠡᠯ ᠳᠤ ᠲᠤᠯᠭᠠᠷᠠᠭᠰᠠᠨ ᠬᠡᠦᠬᠡᠳ᠂ ᠣᠨᠴᠠᠭᠠᠶ | ᠬᠥᠮᠦᠰ ᠵᠡᠷᠭᠡ ᠶᠢᠨ ᠪᠠᠲᠤᠯᠠᠪᠠᠰᠤ ᠵᠣᠬᠢᠬᠤ ᠶᠢ ᠨᠢ ᠪᠦᠬᠦᠨ ᠢ ᠪᠠᠲᠤᠯᠠᠵᠤ᠂ ᠠᠪᠤᠷᠠᠪᠠᠰᠤ ᠵᠣᠬᠢᠬᠤ ᠶᠢ ᠨᠢ ᠪᠦᠬᠦᠨ ᠢ | ᠠᠪᠤᠷᠠᠨ᠎ᠠ᠃ ︽ᠪᠥᠬᠦ ᠨᠠᠰᠤᠨ ᠤ ᠬᠡᠪᠴᠢᠶᠡᠨ ᠳᠤ ᠨᠥᠬᠦᠷᠰᠡᠭ ᠪᠠᠶᠢᠬᠤ︾ ᠤᠨ ᠲᠣᠭᠤᠷᠢᠨ ᠳᠤ ︽ᠦᠳᠡᠬᠦᠰ ᠪᠠ | ᠨᠢᠯᠬ᠎ᠠ︾ ᠶᠢᠨ ᠴᠢᠨᠠᠷ ᠰᠠᠶᠢᠲᠠᠶ ᠦᠶᠯᠡᠴᠢᠯᠡᠭᠡᠨ ᠤ ᠬᠠᠩᠭᠠᠯᠭ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ | ᠪᠤᠭᠤᠲᠤ ᠶᠢᠨ ᠪᠣᠯᠣᠳ ᠲᠡᠮᠦᠷ ᠤᠨ ᠭᠤᠷᠪᠠᠳᠤᠭᠠᠷ ᠡᠮᠨᠡᠯᠭᠡ ᠶᠢᠨ ᠬᠤᠷᠢᠶ᠎ᠠ ᠶᠢᠨ ᠬᠡᠷ ᠲᠤᠨᠢ ᠬᠦᠷᠴᠦ ᠠᠰᠠᠷᠠᠨ | ᠬᠠᠷᠠᠭᠠᠯᠵᠠᠬᠤ ᠲᠥᠷᠥᠯ ᠵᠦᠶᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠥᠬᠦᠷᠯᠡᠯ 19 ᠳ᠋ᠤᠭᠡᠷ ᠨᠡᠶᠢᠬᠡᠮ | ᠲᠤᠭᠤᠷᠢᠭ ᠤᠨ ᠰᠤᠪᠢᠯᠠᠯᠳᠠ ᠶᠢᠨ ᠲᠥᠪ ᠢ ᠰᠡᠷᠬᠦᠬᠡᠨ ᠬᠡᠷᠡᠭᠯᠡᠵᠤ᠂ 5 ᠭᠠᠵᠠᠷ ᠲᠠᠬᠢ ᠵᠢᠱᠢᠶ᠎ᠡ ᠦᠵᠡᠭᠦᠯᠬᠦ | ᠴᠢᠨᠠᠷᠲᠠᠶ ᠨᠠᠰᠤᠵᠢᠯ ᠤᠨ ᠠᠰᠠᠷᠠᠮᠵᠢ ᠶᠢᠨ ᠦᠶᠯᠡᠳᠬᠦᠨ ᠤ ᠦᠶᠯᠡᠴᠢᠯᠡᠭᠡᠨ ᠤ ᠶᠡᠷᠦᠩᠬᠡᠶᠢᠯᠡᠭᠰᠡᠨ ᠴᠣᠭᠴᠠ ᠶᠢ | ᠪᠠᠶᠢᠭᠤᠯᠤᠨ᠎ᠠ᠃ ᠬᠡᠦᠬᠡᠳ ᠲᠤ ᠨᠥᠬᠦᠷᠰᠡᠭ ᠬᠡᠯᠪᠡᠷᠢ ᠶᠢᠨ ᠬᠤᠲᠠ ᠶᠢᠨ ᠲᠣᠭᠤᠷᠢᠭ ᠢ ᠡᠭᠦᠳᠦᠨ ᠪᠠᠶᠢᠭᠤᠯᠬᠤ ᠶᠢ | ᠠᠬᠢᠭᠤᠯᠵᠤ᠂ ᠪᠥᠬᠦ ᠬᠤᠲᠠ ᠶᠢᠨ ᠠᠩᠬᠠᠳᠠᠭᠴᠢ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠦᠬᠡᠳ ᠰᠠᠭᠠᠲᠠᠭᠤᠯᠬᠤ | ᠶᠡᠷᠦᠩᠬᠡᠶᠢᠯᠡᠭᠰᠡᠨ ᠦᠶᠯᠡᠴᠢᠯᠡᠭᠡᠨ ᠤ ᠲᠥᠪ ᠪᠠ ᠲᠤᠭᠤᠷᠢᠭ ᠤᠨ ᠲᠠᠰ ᠤᠨ ᠨᠠᠰᠤᠨ ᠳᠤ ᠥᠯᠥ ᠭᠦᠷᠦᠭᠰᠡᠳ ᠢ | ᠠᠪᠤᠷᠠᠨ ᠲᠤᠰᠠᠯᠠᠵᠤ ᠬᠠᠮᠠᠭᠠᠯᠠᠬᠤ ᠦᠶᠯᠡᠴᠢᠯᠡᠭᠡᠨ ᠤ ᠲᠥᠪ ᠢ ᠪᠠᠶᠢᠭᠤᠯᠤᠨ᠎ᠠ᠃ | ᠭᠤᠷᠪᠠ ᠳᠤ᠂ ᠰᠤᠷᠭᠠᠨ ᠬᠥᠮᠦᠵᠢᠯ ᠤᠨ ᠥᠨᠳᠦᠷᠯᠢᠭ ᠲᠤ ᠰᠠᠭᠤᠷᠢᠯᠠᠵᠤ ᠲᠡᠬᠢᠨ ᠣᠷᠭᠢᠯ ᠳᠤ ᠠᠪᠠᠷᠢᠨ᠎ᠠ᠃ | ᠥᠪᠡᠷᠲᠡᠭᠡᠨ ᠵᠠᠰᠠᠬᠤ ᠣᠷᠣᠨ ᠤ ᠲᠡᠷᠢᠭᠦᠨ ᠵᠡᠷᠬᠡ ᠶᠢᠨ ᠰᠤᠷᠭᠠᠨ ᠬᠥᠮᠦᠵᠢᠯ ᠤᠨ ᠬᠦᠴᠦᠷᠭᠡᠭ ᠲᠤᠭᠤᠷᠢᠭ ᠢᠶᠠᠷ | ᠪᠠᠷᠢᠮᠵᠢᠶᠠᠯᠠᠵᠤ᠂ ᠨᠠᠩ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ | ᠦᠶᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃ ᠪᠤᠭᠤᠳᠤ ᠶᠢᠨ ᠶᠡᠷᠡᠨ ᠳᠣᠯᠣᠳᠤᠭᠠᠷ ᠲᠤᠮᠳᠠᠳᠤ ᠰᠤᠷᠭᠠᠭᠤᠯᠢ ᠶᠢ | ᠥᠭᠡᠷᠡᠴᠢᠯᠡᠵᠦ ᠥᠷᠭᠡᠳᠬᠡᠨ ᠪᠠᠶᠢᠭᠤᠯᠬᠤ᠂ ᠪᠤᠭᠤᠳᠤ ᠶᠢᠨ ᠶᠡᠷᠡᠨ ᠵᠢᠷᠭᠤᠳᠤᠭᠠᠷ ᠳᠤᠮᠳᠠᠳᠤ ᠰᠤᠷᠭᠠᠭᠤᠯᠢ ᠶᠢ | ᠨᠡᠭᠦᠯᠭᠡᠵᠦ ᠪᠦᠲᠦᠭᠡᠨ ᠪᠠᠶᠢᠭᠤᠯᠬᠤ ᠵᠡᠷᠭᠡ ᠲᠥᠷᠥᠯ ᠵᠦᠶᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ | ᠣᠷᠣᠭᠤᠯᠬᠤ ᠶᠢ ᠠᠬᠢᠭᠤᠯᠵᠤ᠂ 2 ᠴᠢᠨᠠᠷ ᠰᠠᠶᠢᠲᠠᠶ ᠰᠤᠷᠭᠠᠨ ᠬᠥᠮᠦᠵᠢᠯ ᠤᠨ ᠪᠦᠯᠦᠭᠯᠡᠯ ᠢ ᠳᠠᠬᠢᠨ ᠵᠣᠬᠢᠶᠠᠨ | ᠪᠠᠶᠢᠭᠤᠯᠵᠤ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠢ ᠪᠦᠷᠬᠦᠬᠦᠯᠬᠦ ᠨᠣᠷᠮ᠎ᠠ ᠶᠢ 70% ᠳᠤ | ᠬᠦᠷᠭᠡᠵᠤ᠂ ᠤᠯᠤᠰ ᠤᠨ ᠲᠡᠰ ᠤᠨ ᠰᠢᠶᠠᠨ ᠤ ᠬᠡᠪᠴᠢᠶᠡᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠢ ᠲᠦᠭᠡᠮᠡᠯᠵᠢᠬᠦᠯᠵᠤ ᠲᠦᠭᠡᠮᠡᠯ ᠠᠰᠢᠭ ᠬᠦᠷᠲᠡᠭᠡᠬᠦ ᠲᠤᠬᠠᠢ ᠡᠭᠦᠳᠦᠨ ᠪᠠᠶᠢᠭᠤᠯᠬᠤ ᠶᠢ ᠰᠢᠯᠭᠠᠨ ᠠᠪᠬᠤ | ᠳᠤ ᠤᠷᠤᠭᠰᠢᠲᠠᠶ ᠬᠢᠷᠢ ᠲᠡᠩᠴᠡᠬᠦ ᠶᠢ ᠠᠬᠢᠭᠤᠯᠵᠤ᠂ ᠤᠯᠤᠰ ᠤᠨ ᠲᠡᠰ ᠤᠨ ᠰᠤᠷᠭᠠᠨ ᠬᠥᠮᠦᠵᠢᠯ ᠤᠨ ᠲᠣᠮᠣ | ᠳ᠋ᠠᠶᠢᠲ᠋ᠠ ᠶᠢᠨ ᠵᠢᠱᠢᠶ᠎ᠡ ᠦᠵᠡᠭᠦᠯᠬᠦ ᠲᠤᠭᠤᠷᠢᠭ ᠢ ᠴᠢᠷᠮᠠᠶᠢᠨ ᠡᠭᠦᠳᠦᠨ᠎ᠡ᠃ ᠰᠤᠷᠤᠭᠴᠢᠳ ᠤᠨ ᠪᠡᠶ᠎ᠡ ᠰᠡᠳᠬᠢᠴᠡ ᠶᠢᠨ | ᠡᠷᠡᠭᠦᠯ ᠮᠡᠨᠳᠦ ᠶᠢᠨ ᠬᠥᠮᠦᠵᠢᠯ ᠢ ᠴᠢᠬᠤᠯᠠᠴᠢᠯᠠᠵᠤ᠂ ᠰᠤᠷᠭᠠᠭᠤᠯᠢ ᠶᠢᠨ ᠬᠦᠷᠢᠶᠡᠨ ᠤ ᠲᠠᠷᠤᠯᠠᠯ ᠳᠣᠷᠣᠮᠵᠢᠯᠠᠯ ᠢ | ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠩᠭᠠᠳᠬᠠᠵᠤ᠂ ︽ᠪᠢᠴᠢᠬᠠᠨ ᠮᠠᠨᠳᠠᠭᠠᠷ︾ ᠂ ︽ᠪᠢᠴᠢᠬᠠᠨ ᠨᠢᠳᠦᠨ | ᠰᠢᠯᠳᠠᠨ︾ ᠤ ᠠᠰᠠᠭᠤᠳᠠᠯ ᠢ ᠰᠢᠶᠳᠪᠦᠷᠢᠯᠡᠨ᠎ᠡ᠃ ᠳᠠᠰᠬᠠᠯ ᠤᠨ ᠬᠤᠪᠢᠰᠬᠠᠯ ᠢ ᠥᠷᠨᠢᠭᠦᠯᠵᠦ᠂ ᠰᠤᠷᠤᠭᠴᠢ ᠶᠢᠨ | ᠳᠠᠷᠤᠭᠠᠰᠦ ᠶᠢ ᠬᠥᠩᠭᠡᠷᠡᠭᠦᠯᠦᠨ᠎ᠡ᠃ ᠪᠠᠭᠰᠢ ᠶᠢᠨ ᠡᠩᠨᠡᠭᠡ ᠶᠢᠨ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ | ᠤᠷᠢᠨ ᠬᠡᠷᠡᠭᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ | ᠪᠠᠶᠢᠭᠤᠯᠤᠯᠲᠠ ᠶᠢ ᠴᠢᠬᠤᠯᠠᠴᠢᠯᠠᠨ᠂ ᠳᠤᠮᠳᠠᠳᠤ ᠪᠠᠭ᠎ᠠ ᠰᠤᠷᠭᠠᠭᠤᠯᠢ ᠶᠢᠨ ᠲᠤᠰᠬᠠᠶ ᠲᠤᠰᠢᠶᠠᠯᠳᠠᠨ ᠪᠠᠭᠰᠢ ᠶᠢᠨ | ᠮᠠᠬᠢᠰᠲ᠋ᠧᠷ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠬᠦᠮᠦᠨ ᠢ 1100 ᠬᠥᠮᠦᠨ ᠳᠤ | ᠬᠦᠷᠭᠡᠵᠤ᠂ ᠨᠠᠷᠠᠲᠤ ᠰᠢᠯᠢᠳᠡᠭ ᠭᠤᠤᠯᠯᠠᠭᠴᠢ ᠪᠠᠭᠰᠢ ᠶᠢᠨ ᠡᠵᠡᠯᠡᠬᠦ ᠬᠠᠷᠢᠴᠠᠯ ᠢ 51% ᠠᠴᠠ ᠳᠡᠭᠡᠭᠰᠢ ᠳᠤ | ᠬᠦᠷᠭᠡᠵᠤ᠂ ︽ᠴᠢᠳᠠᠪᠤᠷᠢᠲᠠᠨ ᠪᠣᠯᠬᠤ ᠬᠥᠨᠳᠡᠯᠡᠨ︾ ᠰᠤᠷᠭᠠᠨ ᠬᠥᠮᠦᠵᠢᠯ ᠤᠨ ᠲᠥᠷᠥᠯ ᠲᠡᠮᠳᠡᠭ ᠢ ᠪᠥᠬᠦ | ᠲᠠᠯ᠎ᠠ ᠪᠠᠷ ᠡᠭᠦᠳᠦᠨ᠎ᠡ᠃ | ᠳᠥᠷᠪᠡ ᠳᠤ᠂ ᠣᠷᠣᠨ ᠪᠦᠰᠡ ᠶᠢᠨ ᠡᠮᠨᠡᠯᠬᠡ ᠶᠢᠨ ᠥᠨᠳᠦᠷᠯᠢᠭ ᠢ ᠬᠦᠴᠦᠯᠡᠨ ᠡᠭᠦᠳᠦᠨ ᠪᠠᠶᠢᠭᠤᠯᠤᠨ᠎ᠠ᠃ | ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ | ᠠᠬᠢᠭᠤᠯᠵᠤ᠂ ᠤᠯᠤᠰ ᠤᠨ ᠲᠠᠰ ᠤᠨ ᠭᠤᠤᠯᠳᠠᠯᠭ᠎ᠠ ᠲᠠᠢ 6 ᠲᠤᠰᠬᠠᠶ ᠰᠠᠯᠠᠭ᠎ᠠ᠂ 2 ᠲᠥᠷᠥᠯ ᠲᠡᠮᠳᠡᠭᠲᠦ 2 | ᠰᠢᠨᠵᠢᠯᠡᠭᠡᠨ ᠤ ᠰᠠᠯᠠᠭ᠎ᠠ᠂ ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠤᠯᠳᠠᠯᠭ᠎ᠠ ᠲᠠᠢ 18 ᠲᠤᠰᠬᠠᠶ | ᠰᠠᠯᠠᠭ᠎ᠠ ᠶᠢ ᠰᠢᠨ᠎ᠡ ᠪᠠᠷ ᠪᠠᠶᠢᠭᠤᠯᠵᠤ᠂ ᠪᠠᠴᠢᠮ ᠲᠦᠭᠰᠢᠭᠦᠷᠢᠲᠡᠶ ᠬᠦᠨᠳᠦ ᠡᠪᠡᠳᠴᠢᠨ ᠢ ᠠᠪᠤᠷᠠᠨ ᠵᠠᠰᠠᠬᠤ ᠬᠢᠷᠢ | ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠰᠠᠭᠤᠷᠢ ᠶᠢ | ᠴᠢᠩᠭᠠᠳᠬᠠᠬᠤ ᠢᠨᠵᠧᠨᠧᠷᠢᠩ ᠢ ᠵᠠᠯᠭᠠᠨ ᠦᠷᠬᠦᠯᠵᠢᠯᠡᠬᠦᠯᠵᠤ᠂ ᠪᠤᠭᠤᠲᠤ ᠶᠢᠨ ᠪᠣᠯᠣᠳ ᠲᠡᠮᠦᠷ ᠤᠨ ᠤᠷᠢᠳᠴᠢᠯᠠᠨ | ᠰᠡᠷᠬᠡᠶᠢᠯᠡᠬᠦ ᠡᠷᠡᠬᠦᠯᠵᠢᠬᠦᠯᠬᠦ ᠲᠥᠪ ᠤᠨ ᠡᠵᠡᠩᠨᠡᠯᠲᠡ ᠶᠢᠨ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠵᠤ᠂ | ᠪᠤᠷᠬᠠᠨᠲᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢ ᠠᠰᠢᠭᠯᠠᠯᠲᠠ ᠳᠤ ᠤᠷᠤᠭᠤᠯᠵᠤ᠂ ᠲᠤᠭᠤᠷᠢᠭ ᠤᠨ | ᠬᠠᠷᠢᠶ᠎ᠠ ᠶᠢᠨ ᠠᠯᠪᠠᠨ ᠠᠴᠠ ᠡᠷᠬᠢᠯᠡᠭᠰᠡᠨ 2 ᠡᠮᠨᠡᠯᠭᠡ ᠶᠢᠨ ᠬᠤᠷᠢᠶ᠎ᠠ ᠶᠢ ᠰᠢᠯᠢᠳᠡᠭᠵᠢᠭᠦᠯᠦᠨ ᠬᠦᠴᠦᠷᠬᠡᠭᠵᠢᠭᠦᠯᠬᠦ ᠶᠢ | ᠳᠠᠮᠵᠢᠵᠤ᠂ ᠲᠣᠭᠤᠷᠢᠭ ᠤᠨ ᠲᠡᠰ ᠤᠨ 4 ᠭᠤᠣᠯᠳᠠᠯᠭ᠎ᠠ ᠲᠠᠢ ᠲᠤᠰᠬᠠᠢ ᠰᠠᠯᠠᠭ᠎ᠠ ᠶᠢ ᠪᠠᠶᠢᠭᠤᠯᠵᠤ᠂ ᠪᠦᠬᠦ | ᠬᠤᠲᠠ ᠳᠤ ᠬᠠᠮᠤᠭ ᠤᠨ ᠲᠦᠷᠦᠬᠦᠨ ᠳᠤ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠪᠦᠬᠦᠨ ᠢᠶᠠᠷ ᠢᠶᠠᠨ ᠤᠯᠤᠰ ᠤᠨ ᠦᠨᠳᠦᠰᠦᠨ ᠪᠠᠷᠢᠮᠵᠢᠶ᠎ᠠ ᠳᠤ ᠬᠦᠷᠬᠦ ᠶᠢ ᠪᠡᠶᠡᠯᠡᠭᠦᠯᠦᠨ᠎ᠡ᠃ | ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ | ᠪᠠᠷᠢᠮᠵᠢᠶ᠎ᠠ ᠳᠤ ᠬᠦᠷᠬᠡᠬᠦ ᠶᠢ ᠠᠬᠢᠭᠤᠯᠵᠤ᠂ ᠡᠷᠡᠭᠦᠯ ᠮᠡᠨᠳᠦ ᠶᠢᠨ ᠡᠰ ᠤᠨ ᠲᠤᠷᠰᠢᠯᠲᠠ ᠶᠢᠨ ᠴᠡᠭ ᠤᠨ 179 | ᠨᠢᠬᠡᠴᠢ ᠶᠢ ᠪᠤᠶᠢᠵᠢᠭᠤᠯᠤᠨ ᠪᠠᠶᠢᠭᠤᠯᠵᠤ᠂ 6 ᠲᠥᠷᠥᠯ ᠤᠨ 202 ᠵᠦᠢᠯ ᠤᠨ ᠬᠢᠲᠠᠳ ᠡᠮ ᠡᠮᠨᠡᠯᠭᠡ ︵ᠮᠣᠩᠭᠤᠯ | ᠡᠮ ᠡᠮᠨᠡᠯᠭᠡ︶ ᠶᠢᠨ ᠲᠣᠬᠢᠷᠠᠬᠤ ᠮᠡᠷᠭᠡᠵᠢᠯ ᠢ ᠳᠡᠯᠭᠡᠷᠡᠭᠦᠯᠦᠨ᠂ ᠤᠯᠤᠰ ᠤᠨ ᠲᠠᠰ ᠤᠨ ᠤᠳᠠᠭᠠᠨ ᠴᠢᠨᠠᠷᠲᠠᠶ | ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠡᠭᠦᠳᠴᠦ᠂ ᠥᠷᠭᠡᠨ | ᠣᠯᠠᠨ ᠡᠪᠡᠳᠴᠢᠲᠡᠨ ᠢ ᠡᠮᠨᠡᠭᠦᠯᠬᠦ ᠳᠤ ᠬᠥᠨᠳᠡᠯᠡᠨ ᠲᠣᠭᠤᠷᠢᠭ ᠲᠤ ᠡᠮᠨᠡᠬᠦᠯᠵᠤ᠂ ᠡᠪᠡᠳᠴᠢᠨ ᠡᠮᠨᠡᠭᠦᠯᠬᠦ ᠳᠤ | ᠪᠤᠭᠤᠲᠤ ᠠᠴᠠ ᠳᠤᠲᠠᠭᠤ ᠭᠠᠷᠬᠤ ᠶᠢ ᠪᠡᠶᠡᠯᠡᠬᠦᠯᠦᠨ᠎ᠡ᠃ | ᠲᠠᠪᠤ ᠳᠤ᠂ ᠭᠢᠯᠠᠰ ᠴᠡᠭ ᠲᠠᠢ ᠨᠥᠯᠥᠭᠡᠯᠡᠬᠦ ᠬᠦᠴᠦᠨ ᠲᠠᠢ ᠰᠣᠶᠣᠯ ᠤᠨ ᠥᠨᠳᠦᠷᠯᠢᠭ ᠢ ᠪᠠᠶᠢᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ︽ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ ᠳᠡᠭᠡᠭᠰᠢᠯᠡᠭᠦᠯᠬᠦ | ᠠᠵᠢᠯᠯᠠᠭ᠎ᠠ︾ ᠶᠢ ᠭᠦᠨᠵᠡᠭᠡᠶ ᠨᠠᠶᠢᠳᠠᠪᠤᠷᠢᠵᠢᠭᠤᠯᠤᠨ᠂ ︽ᠤᠯᠤᠰ ᠤᠨ ᠬᠡᠪ ᠨᠠᠮᠪᠠ ᠪᠦᠬᠦᠢ ᠰᠣᠶᠣᠯ ᠤᠨ ᠨᠠᠶᠢᠷ︾ | ᠵᠡᠷᠭᠡ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠨᠢᠭᠡᠳᠦᠯᠲᠡᠶ ᠲᠦᠯᠦᠪᠵᠢᠭᠦᠯᠦᠨ | ᠲᠣᠬᠢᠷᠠᠭᠤᠯᠵᠤ᠂ ᠪᠤᠭᠤᠲᠦ ᠬᠤᠲᠠ ᠶᠢᠨ ᠶᠤᠸᠠᠢ ᠯᠢ ᠹᠠᠩ᠂ ᠬᠤᠲᠠ ᠲᠣᠭᠤᠷᠢᠭ ᠬᠤᠶᠠᠷ ᠱᠠᠲᠤᠨ ᠤ ᠨᠣᠮ ᠤᠨ | ᠰᠠᠩ ᠵᠡᠷᠭᠡ ︽ᠣᠶᠤᠨ ᠰᠠᠨᠠᠭᠠᠨ ᠤ ᠬᠦᠴᠢᠯᠲᠥ᠋ᠷᠥᠭᠴᠢ ᠶᠢᠨ ᠪᠠᠭᠠᠷ︾ ᠤᠨ ᠦᠶᠯᠡᠳᠦᠯ ᠢ ᠭᠦᠶᠴᠡᠳ | ᠪᠠᠳᠠᠷᠠᠭᠤᠯᠤᠨ᠂ ᠲᠣᠭᠤᠷᠢᠭ ᠲᠤ ᠰᠠᠭᠤᠭ᠎ᠠ ᠰᠣᠶᠣᠯ ᠤᠨ ᠡᠬᠢ ᠪᠠᠶᠠᠯᠢᠭ ᠢ ᠬᠠᠮᠲᠤᠷᠠᠨ ᠰᠠᠶᠢᠲᠤᠷ ᠬᠡᠷᠡᠭᠯᠡᠵᠦ᠂ ︽ | ᠰᠣᠶᠣᠯ +︾ ᠣᠨᠴᠠᠯᠢᠭᠲᠤ ᠭᠤᠤᠯ ᠰᠡᠳᠦᠪᠲᠦ ᠦᠵᠡᠰᠬᠦᠯᠡᠩ ᠢ 30 ᠭᠠᠷᠤᠶ ᠲᠠᠯᠠᠪᠠᠢ ᠥᠷᠨᠢᠭᠦᠯᠦᠨ᠂ ᠣᠯᠠᠨ | ᠨᠡᠶᠢᠲᠡ ᠶᠢᠨ ᠰᠣᠶᠣᠯ ᠤᠨ ᠲᠤᠨᠤᠭ ᠲᠦᠬᠦᠭᠡᠷᠦᠮᠵᠢ ᠶᠢᠨ ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ ᠳᠠᠬᠢ | ᠦᠶᠯᠡᠴᠢᠯᠡᠭᠡ ᠶᠢ ᠵᠢᠯ ᠪᠦᠷᠢ ᠳᠤᠮᠳᠠᠴᠢ ᠪᠠᠷ 300 ᠲᠦᠮᠡᠨ ᠬᠥᠮᠦᠨ ᠤᠳᠠᠭ᠎ᠠ ᠠᠴᠠ ᠳᠡᠭᠡᠭᠰᠢ ᠳᠤ ᠬᠦᠷᠬᠡᠨ᠎ᠡ᠃ | ᠵᠢᠯ ᠤᠨ ᠳᠣᠲᠣᠷ᠎ᠠ ︽ᠨᠢᠭᠡ ᠨᠣᠮ᠂ ᠨᠢᠭᠡ ᠠᠶ᠎ᠠ᠂ ᠨᠢᠭᠡ ᠵᠦᠴᠦᠭᠡ᠂ ᠨᠢᠭᠡ ᠴᠤᠬᠯᠠᠭᠠᠨ︾ ᠵᠡᠷᠬᠡ ︽ᠳᠥᠷᠪᠡᠨ | ᠨᠢᠭᠡ︾ ᠶᠢᠨ ᠰᠣᠶᠣᠯ ᠤᠨ ᠡᠭᠦᠳᠦᠨ ᠪᠠᠶᠢᠭᠤᠯᠤᠯᠲᠠ ᠶᠢ ᠪᠡᠶᠡᠯᠡᠭᠦᠯᠦᠨ᠎ᠡ᠃ ︽ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ ᠪᠤᠭᠤᠲᠤ ᠶᠢᠨ ᠪᠤᠯᠤᠳ ᠲᠡᠮᠤᠷ ᠢ ᠪᠦᠳᠦᠬᠡᠨ ᠪᠠᠶᠢᠭᠤᠯᠤᠬᠰᠠᠨ︾ ᠬᠤᠪᠢᠰᠬᠠᠯ ᠤᠨ ᠦᠵᠡᠭᠦᠯᠭᠡ ᠶᠢᠨ | ᠲᠢᠩᠬᠢᠮ᠂ ᠪᠤᠯᠤᠳ 32 ᠳ᠋ᠤᠭᠠᠷ ᠵᠡᠭᠡᠯᠢ ᠭᠤᠳᠤᠮᠵᠢ ᠶᠢᠨ ᠲᠡᠦᠬᠡ ᠰᠣᠶᠣᠯ ᠤᠨ ᠵᠡᠭᠡᠯᠢ ᠶᠢᠨ ᠲᠣᠭᠤᠷᠢᠭ ᠤᠨ | ᠤᠨᠴᠠᠯᠢᠬᠳᠤ ᠡᠬᠢ ᠪᠠᠶᠠᠯᠢᠭ ᠢ ᠭᠦᠢᠴᠡᠳ ᠰᠠᠶᠢᠲᠤᠷ ᠠᠰᠢᠭᠯᠠᠵᠤ᠂ ᠤᠢ ᠰᠢᠭᠤᠢ ᠶᠢᠨ ᠬᠠᠪᠤᠷ ᠲᠤ ᠲᠦᠰᠢᠭᠯᠡᠨ | ᠪᠤᠭᠤᠲᠤ ᠬᠤᠳᠠ ᠶᠢᠨ ᠤᠷᠠᠯᠢᠭ ᠤᠨ ᠪᠦᠲᠦᠭᠡᠯ ᠢ ᠲᠥᠪᠯᠡᠷᠡᠭᠦᠯᠦᠨ ᠲᠠᠷᠬᠠᠭᠠᠬᠤ ᠭᠠᠵᠠᠷ ᠢ ᠪᠠᠶᠢᠭᠤᠯᠵᠤ᠂ ᠤᠯᠠᠨ ᠤ | ᠬᠦᠷᠢᠶᠡᠯᠡᠯ ᠢ ᠣᠯᠤᠭᠰᠠᠨ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠤᠬᠢᠶᠠᠨ ᠪᠦᠳᠦᠬᠡᠨ᠎ᠡ᠃ ︽ᠪᠦᠬᠦ | ᠠᠷᠠᠳ ᠤᠨ ᠪᠡᠶ᠎ᠡ ᠴᠢᠭᠢᠷᠠᠭᠵᠢᠭᠤᠯᠬᠤ᠂ ᠡᠷᠡᠭᠦᠯ ᠡᠩᠬᠡ ᠳᠤᠮᠳᠠᠳᠤ ᠤᠯᠤᠰ︾ ᠭᠡᠬᠦ ᠰᠢᠷᠢᠰ ᠭᠤᠣᠯ ᠰᠡᠳᠦᠪᠲᠦ | ᠤᠷᠤᠯᠳᠤᠭᠠᠨ ᠢ ᠥᠷᠨᠢᠭᠦᠯᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ 6 ᠵᠢᠯᠣᠭᠤᠳᠬᠤ ᠥᠷᠲᠡᠭᠡ ᠶᠢ ᠳᠡᠰ | ᠳᠡᠪᠰᠢᠭᠦᠯᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠬᠥᠨᠳᠡᠯᠡᠨ ᠲᠣᠭᠤᠷᠢᠭ ᠤᠨ ᠬᠡᠪ ᠰᠤᠷᠲᠠᠯ | ᠪᠣᠯᠭᠠᠨ᠎ᠠ᠃ | ︵ᠵᠢᠷᠭᠤᠭ᠎ᠠ︶ ᠬᠥᠭᠵᠢᠯᠲᠡ ᠶᠢᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ | ᠠᠮᠤᠷ ᠲᠦᠪᠰᠢᠨ ᠲᠣᠭᠲᠠᠭᠤᠨ ᠤ ᠴᠢᠳᠠᠪᠤᠷᠢ ᠶᠢ ᠳᠡᠭᠡᠭᠰᠢᠯᠡᠭᠦᠯᠬᠦ ᠲᠠᠯ᠎ᠠ ᠪᠠᠷ ᠪᠣᠳᠠᠲᠠᠢ ᠠᠵᠢᠯᠯᠠᠵᠤ ᠲᠡᠷᠢᠭᠦᠨ ᠳᠤ | ᠣᠷᠣᠬᠤ ᠪᠠᠷ ᠴᠢᠷᠮᠠᠶᠢᠨ᠎ᠠ | ᠨᠢᠭᠡ ᠳᠤ᠂ ᠮᠥᠨ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠪᠦᠬᠦ ᠲᠠᠯ᠎ᠠ ᠪᠠᠷ ᠨᠡᠮᠡᠭᠳᠡᠭᠦᠯᠦᠨ᠎ᠡ᠃ | ᠠᠶᠤᠯᠬᠦᠢ ᠦᠶᠯᠡᠳᠪᠦᠷᠢᠯᠡᠯ ᠤᠨ ᠠᠰᠠᠭᠤᠳᠠᠯ ᠢ ᠦᠨᠳᠦᠰᠦᠨ ᠠᠴᠠ ᠨᠢ ᠵᠠᠰᠠᠵᠤ ᠪᠣᠭᠤᠮᠲᠠ ᠰᠢᠪᠲᠤᠯᠬᠤ ᠭᠤᠷᠪᠠᠨ | ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ︽ᠠᠶᠤᠯᠬᠦᠢ ᠦᠶᠯᠡᠳᠪᠦᠷᠢᠯᠡᠯ ᠪᠠ ᠪᠠᠶᠢᠭᠠᠯᠢ ᠶᠢᠨ | ᠭᠠᠶ ᠭᠠᠮᠰᠢᠭ ᠤᠨ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ︾ | ᠲᠤᠰᠬᠠᠶ ᠠᠵᠢᠯᠯᠠᠭ᠎ᠠ ᠶᠢ ᠨᠠᠶᠢᠳᠠᠪᠤᠷᠢᠵᠢᠭᠤᠯᠤᠨ᠂ ᠲᠡᠮᠦᠷᠯᠢᠭ ᠬᠠᠶᠢᠯᠤᠭᠤᠯᠬᠤ ᠠᠵᠤ ᠦᠶᠯᠡᠳᠪᠦᠷᠢ ᠠᠷᠠᠯᠵᠢᠶ᠎ᠠ᠂ | ᠬᠤᠲᠠ ᠪᠠᠯᠭᠠᠰᠤ ᠶᠢᠨ ᠰᠢᠲᠠᠮᠠᠬᠠᠶ ᠬᠡᠶ᠂ ᠠᠶᠤᠯᠲᠠᠶ ᠬᠢᠮᠢ ᠶᠢᠨ ᠪᠣᠳᠠᠰ᠂ ᠪᠠᠷᠢᠯᠭ᠎ᠠ ᠪᠠᠷᠢᠬᠤ ᠵᠡᠷᠭᠡ | ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠦᠷᠭᠦᠯᠵᠢᠯᠡᠨ ᠰᠠᠶᠢᠲᠤᠷ | ᠬᠢᠵᠦ᠂ ᠥᠩᠭᠡᠷᠡᠭᠰᠡᠨ ᠤ ᠬᠡᠷᠡᠭ ᠠᠴᠠ ᠬᠦᠨᠵᠡᠬᠡᠢ ᠰᠤᠷᠭᠠᠮᠵᠢ ᠠᠪᠴᠤ᠂ ᠦᠨᠳᠦᠷ ᠲᠡᠭᠡᠷ᠎ᠡ ᠠᠴᠠ ᠶᠠᠭᠤᠮ᠎ᠠ ᠤᠨᠠᠵᠤ | ᠬᠦᠮᠦᠨ ᠬᠠᠷ᠎ᠠ ᠶᠢ ᠰᠢᠷᠬᠠᠳᠤᠭᠤᠯᠬᠤ ᠶᠢ ᠪᠦᠳᠦᠮᠵᠢᠳᠡᠢ ᠰᠡᠷᠬᠡᠶᠢᠯᠡᠵᠤ᠂ ︽ᠭᠤᠷᠪᠠ ᠶᠢ ᠵᠥᠷᠢᠴᠡᠬᠦ︾᠂ ᠣᠨᠴᠠ | ᠲᠥᠷᠥᠯ ᠤᠨ ᠠᠵᠢᠯ ᠬᠢᠬᠦ ᠵᠡᠷᠭᠡ ᠲᠠᠬᠢᠨ ᠲᠠᠪᠳᠠᠨ ᠡᠭᠦᠰᠬᠦ ᠴᠢᠨᠠᠷᠲᠠᠶ ᠠᠳᠠᠯ ᠭᠠᠷᠬᠤ ᠶᠢ ᠪᠦᠲᠦᠮᠵᠢᠲᠡᠶ | ᠰᠡᠷᠭᠡᠶᠢᠯᠡᠵᠦ᠂ ᠣᠨᠴᠠ ᠶᠡᠭᠡ ᠬᠦᠨᠳᠦ ᠠᠳᠠᠯ ᠭᠠᠷᠬᠤ ᠶᠢ ᠡᠷᠡᠰ ᠬᠤᠷᠢᠭᠯᠠᠨ᠎ᠠ᠃ ᠠᠶᠤᠯᠬᠦᠢ ᠦᠶᠯᠡᠳᠪᠦᠷᠢᠯᠡᠯ ᠤᠨ | ᠤᠶᠤᠨᠴᠢᠯᠠᠬᠰᠠᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ︽ᠢᠨᠲ᠋ᠧᠷ ᠰᠦᠯᠵᠢᠶ᠎ᠡ + ᠬᠠᠤᠯᠢ | ᠬᠡᠷᠡᠭᠵᠢᠭᠦᠯᠬᠦ︾ ᠪᠠ ᠮᠡᠳᠡᠭᠡ ᠵᠠᠩᠭᠢᠵᠢᠯᠲᠠ ᠶᠢᠨ ᠰᠢᠰᠲ᠋ᠧᠮ ᠤᠨ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ | ᠲᠣᠭᠲᠠᠴᠠ ᠶᠢ ᠪᠠᠶᠢᠭᠤᠯᠤᠨ᠂ ᠬᠢᠨᠠᠯᠳᠠ ᠬᠠᠮᠢᠶᠠᠷᠤᠯᠳᠠ ᠶᠢᠨ ᠬᠠᠤᠯᠢ ᠬᠡᠷᠡᠭᠵᠢᠭᠦᠯᠦᠯᠳᠡ ᠶᠢᠨ ᠤᠶᠤᠨᠴᠢᠯᠠᠬᠤ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ ᠢᠳᠡᠭᠡᠨ ᠪᠠ ᠡᠮ ᠤᠨ ᠵᠦᠢᠯ ᠤᠨ ᠠᠶᠤᠯ ᠦᠭᠡᠶ ᠶᠢᠨ ᠲᠤᠰᠬᠠᠶ ᠴᠡᠭᠴᠡᠯᠡᠨ | ᠵᠠᠰᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠤᠪᠢ ᠬᠦᠮᠦᠨ ᠳᠤᠷ᠎ᠠ ᠪᠠᠷ ᠢᠶᠠᠨ ᠠᠯᠠᠵᠤ ᠨᠢᠲᠤᠯᠬᠤ᠂ | ᠢᠯᠵᠢᠷᠡᠬᠦ ᠠᠴᠠ ᠰᠡᠷᠭᠡᠶᠢᠯᠡᠬᠦ ᠡᠳ᠋ ᠨᠡᠮᠡᠬᠦ ᠵᠡᠷᠭᠡ ᠭᠤᠣᠯᠳᠠᠯᠭ᠎ᠠ ᠲᠠᠢ ᠠᠰᠠᠭᠤᠳᠠᠯ ᠳᠤ ᠴᠢᠭᠯᠡᠭᠦᠯᠦᠨ᠂ ᠢᠳᠡᠭᠡᠨ ᠪᠠ | ᠡᠮ ᠤᠨ ᠵᠦᠢᠯ ᠢ ᠡᠬᠢ ᠡᠭᠦᠰᠦᠯ ᠠᠴᠠ ᠨᠢ ᠵᠠᠰᠠᠬᠤ ᠶᠢ ᠴᠢᠬᠤᠯᠠᠴᠢᠯᠠᠵᠤ᠂ ᠰᠠᠯᠠᠭ᠎ᠠ ᠮᠥᠴᠢᠷ ᠬᠠᠮᠲᠤᠷᠠᠨ ᠬᠠᠤᠯᠢ | ᠬᠡᠷᠡᠭᠵᠢᠭᠦᠯᠬᠦ ᠶᠢ ᠥᠷᠨᠢᠭᠦᠯᠦᠨ᠂ ᠢᠳᠡᠭᠡᠨ ᠪᠠ ᠡᠮ ᠤᠨ ᠵᠦᠢᠯ ᠤᠨ ᠠᠶᠤᠯ ᠦᠭᠡᠶ ᠶᠢᠨ ᠬᠤᠷᠢᠭ᠎ᠠ ᠱᠤᠭᠤᠮ ᠢ | ᠴᠢᠩᠭ᠎ᠠ ᠰᠠᠬᠢᠨ᠎ᠠ᠃ | ᠬᠤᠶᠠᠷ ᠲᠤ᠂ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ | ᠪᠣᠯᠭᠠᠬᠤ ᠶᠢ ᠪᠠᠷᠢᠮᠲᠠᠯᠠᠵᠤ᠂ ᠡᠯ᠎ᠡ ᠵᠦᠢᠯ ᠤᠨ ᠨᠡᠶᠢᠭᠡᠮ ᠤᠨ ᠵᠠᠰᠠᠯᠲᠠ ᠶᠢᠨ ᠠᠵᠢᠯ ᠳᠤ ᠲᠤᠭᠤᠰᠢᠯᠠᠭᠤᠯᠤᠨ | ᠠᠭᠤᠰᠤᠯᠴᠠᠭᠤᠯᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ | ᠲᠤᠭᠤᠷᠢᠭ ᠢ ᠪᠦᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠤᠨ᠎ᠠ᠃ ︽ᠵᠥᠷᠢᠴᠡᠯ ᠤᠨ ᠲᠦᠭᠰᠢᠭᠦᠷᠢ ᠶᠢ | ᠨᠠᠮᠳᠠᠭᠤᠯᠵᠤ ᠨᠡᠶᠢᠭᠡᠮ ᠤᠨ ᠲᠣᠭᠲᠠᠭᠤᠨ ᠢ ᠬᠠᠮᠠᠭᠠᠯᠠᠬᠤ︾ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠵᠠᠬᠢᠳᠠᠯ | ᠰᠤᠷᠪᠤᠯᠵᠢᠯᠠᠯ ᠤᠨ ᠠᠰᠠᠭᠤᠳᠠᠯ ᠢ ᠡᠬᠢ ᠡᠭᠦᠰᠦᠯ ᠠᠴᠠ ᠨᠢ ᠵᠠᠰᠠᠬᠤ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ | ᠵᠠᠬᠢᠳᠠᠯ ᠰᠤᠷᠪᠤᠯᠵᠢᠯᠠᠯ ᠤᠨ ᠣᠷᠣᠯᠠᠨ ᠭᠦᠶᠴᠡᠳᠬᠡᠬᠦ ᠶᠢ ᠭᠦᠨᠵᠡᠭᠡᠶ ᠪᠥᠭᠡᠳ ᠪᠣᠳᠠᠲᠠᠶ ᠬᠢᠵᠦ᠂ ︽ ᠲᠠᠬᠢᠨ | ᠲᠠᠪᠳᠠᠵᠤ ᠪᠠᠶᠢᠭ᠎ᠠ ᠵᠠᠬᠢᠳᠠᠯ ᠰᠤᠷᠪᠤᠯᠵᠢᠯᠠᠯ ᠢ ᠵᠠᠰᠠᠵᠤ ᠵᠠᠬᠢᠳᠠᠯ ᠰᠤᠷᠪᠤᠯᠵᠢᠯᠠᠯ ᠤᠨ ᠲᠠᠷᠤᠬᠳᠠᠮᠠᠯ ᠬᠡᠷᠡᠭ ᠢ | ᠰᠢᠢᠳᠪᠦᠷᠢᠯᠡᠬᠦ ︾ ᠠᠵᠢᠯ ᠢ ᠪᠠᠶᠢᠩᠭᠤᠵᠢᠭᠤᠯᠤᠨ ᠠᠬᠢᠭᠤᠯᠵᠤ᠂ ᠨᠢᠭᠡ ᠪᠦᠯᠦᠭ ᠵᠠᠬᠢᠳᠠᠯ ᠰᠤᠷᠪᠤᠯᠵᠢᠯᠠᠯ ᠤᠨ | ᠦᠯᠡᠳᠡᠭᠳᠡᠯ ᠠᠰᠠᠭᠤᠳᠠᠯ ᠢ ᠰᠢᠶᠳᠪᠦᠷᠢᠯᠡᠨ᠎ᠡ᠃ ︽ᠠᠮᠤᠭᠤᠯᠠᠩᠲᠦ ᠬᠥᠨᠳᠡᠯᠡᠨ︾ ᠤ ᠪᠠᠶᠢᠭᠤᠯᠤᠯᠲᠠ ᠶᠢ | ᠭᠦᠨᠵᠡᠭᠡᠶᠢᠷᠡᠭᠦᠯᠵᠦ᠂ ᠴᠠᠬᠢᠯᠭᠠᠨ ᠴᠢᠮᠡᠭᠡ ᠬᠤᠯᠪᠤᠭ᠎ᠠ ᠶᠢᠨ ᠮᠡᠬᠡᠯᠡᠯ ᠵᠡᠷᠭᠡ ᠡᠯ᠎ᠡ ᠲᠥᠷᠥᠯ ᠤᠨ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠤᠶᠤᠨᠲᠤ ᠬᠥᠨᠳᠡᠯᠡᠨ ᠲᠠᠪᠴᠠᠩ ᠬᠢᠭᠡᠳ | ᠬᠤᠲᠠ ᠶᠢᠨ ᠲᠡᠰ ᠤᠨ ᠲᠠᠪᠴᠠᠩ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠲᠤᠭ᠎ᠠ ᠪᠠᠷᠢᠮᠲᠠ ᠶᠢᠨ ᠡᠬᠢ | ᠪᠠᠶᠠᠯᠢᠭ ᠢ ᠬᠠᠮᠲᠤᠪᠠᠷ ᠡᠳ᠋ᠯᠡᠬᠦ᠂ ᠬᠦᠷᠢᠶ᠎ᠡ ᠴᠠᠷᠠᠭ᠎ᠠ ᠠᠯᠤᠰᠯᠠᠨ ᠠᠭᠤᠰᠤᠯᠴᠠᠭᠤᠯᠤᠨ ᠬᠡᠷᠡᠭᠯᠡᠬᠦ ᠶᠢ ᠰᠠᠶᠢᠲᠤᠷ ᠬᠢᠨ᠎ᠡ᠃ | | ᠭᠤᠷᠪᠠ ᠳᠤ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠣᠨ ᠤ | ᠥᠷᠢ ᠥᠭᠴᠡᠭᠡ ᠶᠢ ᠠᠷᠢᠯᠭᠠᠬᠤ ᠡᠭᠦᠷᠭᠡ ᠪᠠᠨ ᠡᠷᠡᠰ ᠪᠡᠶᠡᠯᠡᠭᠦᠯᠵᠦ᠂ ᠬᠠᠤᠯᠢ ᠪᠤᠰᠤ ᠪᠠᠷ ᠪᠠᠯᠠ ᠬᠤᠷᠠᠮᠳᠤᠭᠤᠯᠬᠤ | ᠵᠢᠴᠢ ᠡᠯ᠎ᠡ ᠲᠥᠷᠥᠯ ᠤᠨ ᠬᠠᠤᠯᠢ ᠪᠤᠰᠤ ᠮᠥᠩᠭᠦᠨ ᠭᠦᠶᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ | ᠲᠦᠭᠰᠢᠭᠦᠷᠢ ᠶᠡᠬᠡᠲᠡᠶ ᠳᠤᠮᠳᠠ ᠪᠠᠭ᠎ᠠ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ︽ᠥᠨᠳᠥᠷ ᠲᠦᠭᠰᠢᠬᠦᠷᠢ ᠲᠠᠢ | ᠪᠠᠶᠢᠳᠠᠯ ᠠᠴᠠ ᠮᠤᠯᠳᠤᠷᠠᠬᠤ︾ ᠶᠢ ᠠᠬᠢᠭᠤᠯᠤᠨ᠎ᠠ᠃ ᠲᠥᠰᠦᠪ ᠢ ᠴᠢᠩᠭ᠎ᠠ ᠬᠡᠷᠡᠭᠵᠢᠭᠦᠯᠵᠦ᠂ ᠶᠡᠬᠡᠪᠡᠷ ᠠᠷᠪᠢᠯᠠᠨ | ᠭᠠᠮᠨᠠᠵᠤ᠂ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠨ᠎ᠠ᠃ ᠬᠡᠷ ᠭᠠᠵᠠᠷ ᠤᠨ ᠬᠥᠷᠥᠩᠭᠡ ᠶᠢᠨ | ᠠᠶᠤᠯ ᠲᠦᠭᠰᠢᠭᠦᠷᠢ ᠶᠢ ᠢᠳᠡᠪᠬᠢᠲᠡᠶ ᠪᠥᠭᠡᠳ ᠯᠠᠪᠳᠠᠭᠤᠨ ᠢᠶᠠᠷ ᠰᠢᠶᠳᠪᠦᠷᠢᠯᠡᠵᠦ᠂ ︽ᠣᠷᠣᠵᠤ ᠰᠠᠭᠤᠬᠤ ᠳᠤ | ᠬᠦᠴᠢᠷᠲᠡᠶ︾ ︽ᠦᠨᠡᠮᠯᠡᠯ ᠠᠪᠬᠤ ᠳᠤ ᠬᠦᠴᠢᠷᠲᠡᠶ︾ ᠪᠠᠶᠢᠬᠤ ᠪᠠ ᠬᠥᠯᠥᠰᠥᠨ ᠲᠠᠷᠢᠶᠠᠴᠢᠨ ᠤ ᠴᠠᠯᠢᠩ ᠢ | ᠥᠷᠢᠲᠦᠬᠦ ᠠᠰᠠᠭᠤᠳᠠᠯ ᠢ ᠰᠢᠶᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠎ᠠ᠃ ᠦᠵᠡᠯ ᠤᠬᠠᠮᠰᠠᠷ ᠤᠨ ᠬᠡᠯᠪᠡᠷᠢ ᠶᠢᠨ | ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠦᠯᠵᠢᠶᠡᠨ ᠳᠡᠭᠡᠷᠡᠬᠢ ᠪᠠ ᠪᠤᠳᠠᠳᠤ ᠠᠬᠤᠢ ᠶᠢᠨ | ᠤᠯᠠᠨ ᠲᠦᠮᠡᠨ ᠤ ᠠᠵᠢᠯ ᠤᠨ ᠱᠤᠭᠤᠮ ᠢᠶᠠᠷ ᠰᠠᠶᠢᠲᠤᠷ ᠵᠠᠮᠨᠠᠨ᠎ᠠ᠃ | ︵ᠳᠣᠯᠤᠭ᠎ᠠ︶ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠷᠠᠳ | ᠲᠦᠮᠡᠨ ᠳᠤ ᠲᠠᠭᠠᠰᠢᠶᠠᠭᠳᠠᠭᠰᠠᠨ ᠵᠠᠰᠠᠭ ᠤᠨ ᠣᠷᠳᠣᠨ ᠢ ᠪᠠᠶᠢᠭᠤᠯᠬᠤ ᠲᠠᠯ᠎ᠠ ᠪᠠᠷ ᠪᠣᠳᠠᠲᠠᠢ ᠠᠵᠢᠯᠯᠠᠵᠤ | ᠲᠡᠷᠢᠭᠦᠨ ᠳᠤ ᠣᠷᠣᠬᠤ ᠪᠠᠷ ᠴᠢᠷᠮᠠᠶᠢᠨ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠬᠤ ᠶᠢ ᠪᠠᠷᠢᠮᠲᠠᠯᠠᠵᠤ᠂ ᠦᠵᠡᠯ | ᠰᠠᠨᠠᠭᠠᠨ ᠤ ᠲᠠᠯ᠎ᠠ ᠪᠠᠷ ᠪᠠᠷᠢᠮᠵᠢᠶᠠᠯᠠᠨ ᠬᠠᠷᠭᠤᠭᠤᠯᠬᠤ᠂ ᠦᠢᠯᠡ ᠠᠵᠢᠯᠯᠠᠭ᠎ᠠ ᠶᠢᠨ ᠲᠠᠯ᠎ᠠ ᠪᠠᠷ ᠴᠢᠩᠭ᠎ᠠ ᠮᠦᠷᠳᠡᠨ | ᠳᠠᠭᠠᠬᠤ᠂ ᠨᠠᠶᠢᠳᠠᠪᠤᠷᠢᠵᠢᠭᠤᠯᠬᠤ ᠲᠠᠯ᠎ᠠ ᠪᠠᠷ ᠡᠷᠡᠰ ᠰᠢᠭᠤᠷᠬᠠᠢ ᠡᠷᠡᠰ ᠪᠠᠲᠦ ᠪᠠᠶᠢᠬᠤ ᠶᠢ ᠦᠨᠡᠨ ᠬᠦ ᠪᠠᠲᠤᠯᠠᠵᠤ᠂ ︽ | ᠬᠤᠶᠠᠷ ᠢ ᠲᠤᠬᠳᠠᠭᠠᠬᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ | ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ | ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠤᠨ᠎ᠠ᠃ | ᠨᠢᠭᠡ ᠳᠤ᠂ ᠬᠠᠤᠯᠢ ᠶᠢ ᠴᠢᠩᠭ᠎ᠠ ᠵᠢᠷᠤᠮᠯᠠᠨ ᠵᠠᠰᠠᠭ ᠶᠠᠪᠤᠭᠤᠯᠤᠨ᠎ᠠ᠃ ᠬᠠᠤᠯᠢ ᠪᠠᠷ ᠲᠣᠭᠲᠠᠭᠠᠭᠰᠠᠨ ᠡᠷᠬᠡ ᠶᠢᠨ | ᠬᠢᠵᠠᠭᠠᠷ ᠪᠠ ᠬᠠᠤᠯᠢ ᠪᠠᠷ ᠲᠣᠭᠲᠠᠭᠠᠭᠰᠠᠨ ᠲᠡᠰ ᠲᠠᠷᠠᠭᠠᠯᠠᠯ ᠢ ᠴᠢᠩᠭ᠎ᠠ ᠵᠢᠷᠤᠮᠯᠠᠨ ᠡᠷᠬᠡ ᠪᠠᠨ ᠬᠡᠷᠡᠭᠯᠡᠨ | ᠲᠤᠰᠢᠶᠠᠯ ᠢᠶᠠᠨ ᠭᠦᠢᠴᠡᠳᠬᠡᠵᠦ᠂ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠬᠡᠯᠪᠡᠷᠢ ᠶᠢ | ᠬᠡᠷᠡᠭᠯᠡᠨ ᠠᠵᠢᠯ ᠢᠶᠠᠨ ᠠᠬᠢᠭᠤᠯᠬᠤ ᠶᠢ ᠴᠢᠬᠤᠯᠠᠴᠢᠯᠠᠵᠤ᠂ ᠵᠠᠰᠠᠭ ᠵᠠᠬᠢᠷᠭᠠᠨ ᠤ ᠬᠡᠷᠡᠭ ᠤᠨ ᠵᠠᠷᠭᠤ ᠢᠯᠠᠭᠳᠠᠭᠰᠠᠨ | ᠨᠣᠷᠮ᠎ᠠ ᠪᠦᠬᠦ ᠬᠤᠲᠠ ᠶᠢᠨ ᠳᠤᠮᠳᠠᠴᠢ ᠬᠢᠷᠢ ᠲᠦᠪᠰᠢᠨ ᠠᠴᠠ ᠳᠣᠣᠷ᠎ᠠ ᠪᠠᠶᠢᠯᠭᠠᠨ᠎ᠠ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠤᠨ ᠰᠠᠨᠠᠯ ᠳᠤᠷᠠᠳᠤᠯᠭ᠎ᠠ ᠶᠢ ᠴᠢᠨᠠᠷ ᠰᠠᠶᠢᠲᠠᠢ ᠰᠠᠶᠢᠲᠤᠷ ᠬᠦᠢᠴᠡᠳᠬᠡᠵᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠪᠠ ᠤᠯᠤᠰ ᠲᠦᠷᠦ ᠶᠢᠨ | ᠵᠥᠪᠯᠡᠯᠭᠡᠨ ᠤ ᠠᠷᠠᠳᠴᠢᠯᠠᠯ ᠪᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠶᠠᠷᠢᠶ᠎ᠠ | ᠬᠡᠯᠡᠯᠴᠡᠭᠡᠨ ᠤ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠎ᠡ᠃ ᠲᠤᠭ᠎ᠠ ᠪᠦᠷᠢᠳᠬᠡᠯ ᠤᠨ | ᠬᠠᠤᠯᠢ ᠶᠢ ᠴᠢᠩᠭ᠎ᠠ ᠬᠡᠷᠡᠭᠵᠢᠭᠦᠯᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠲᠤᠬᠠᠢ ᠳᠠᠭᠠᠭᠠᠴᠢᠯᠠᠯᠲᠠ | ᠵᠠᠷᠯᠠᠬᠤ ᠳᠠᠭᠠᠭᠠᠴᠢᠯᠠᠯᠲᠠ ᠬᠦᠯᠢᠶᠡᠬᠦ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠬᠢᠨᠠᠨ ᠪᠤᠳᠤᠯᠳᠠ ᠶᠢᠨ | ᠬᠢᠨᠠᠯᠲᠠ ᠲᠠᠯᠪᠢᠬᠤ ᠶᠢᠨ ᠭᠦᠨᠴᠡ ᠪᠠ ᠥᠷᠭᠡᠴᠡ ᠶᠢ ᠥᠷᠭᠡᠳᠬᠡᠵᠦ᠂ ᠡᠷᠬᠡ ᠶᠢ ᠳᠦᠷᠢᠮ ᠤᠨ ᠲᠤᠳᠤᠷ᠎ᠠ | ᠬᠢᠵᠠᠭᠠᠷᠯᠠᠵᠤ᠂ ᠢᠯᠡ ᠪᠠᠷ ᠬᠡᠷᠡᠭᠵᠢᠭᠦᠯᠬᠦ ᠶᠢ ᠪᠠᠶᠡᠯᠡᠬᠦᠯᠦᠨ᠎ᠡ᠃ ᠦᠨᠡᠨᠴᠢ ᠢᠳᠡᠬᠡᠮᠵᠢ ᠶᠢᠨ ᠢᠨᠵᠧᠨᠧᠷᠢᠩ ᠤᠨ | ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠪᠠᠬᠢᠵᠢᠭᠦᠯᠵᠦ᠂ ᠬᠡᠯᠡᠭᠰᠡᠨ ᠳᠡᠭᠡᠨ ᠬᠦᠷᠴᠦ᠂ ᠦᠨᠡᠨᠴᠢ | ᠢᠲᠡᠭᠡᠮᠵᠢᠲᠡᠶ ᠪᠠᠶᠢᠵᠤ᠂ ᠰᠢᠨ᠎ᠡ ᠲᠤᠰᠢᠶᠠᠯᠳᠠᠨ ᠬᠠᠭᠤᠴᠢᠨ ᠲᠠᠩᠰᠠ ᠶᠢ ᠬᠠᠮᠢᠶᠠᠷᠴᠤ᠂ ᠠᠵᠤ ᠠᠬᠤᠶᠢᠯᠠᠯ ᠳᠤ | ᠥᠷᠢᠲᠦᠵᠦ ᠪᠠᠶᠢᠭ᠎ᠠ ᠲᠠᠩᠰᠠᠨ ᠳᠠᠬᠢ ᠵᠣᠭᠤᠰ ᠢ ᠲᠦᠷᠭᠡᠭᠡᠨ ᠳᠥᠯᠥᠨ᠎ᠡ᠃ | ᠬᠤᠶᠠᠷ ᠲᠤ᠂ ᠵᠣᠷᠢᠯᠲᠠ ᠶᠢᠨ ᠤᠬᠠᠮᠰᠠᠷ ᠢ ᠪᠠᠲᠤ ᠪᠤᠢ ᠪᠣᠯᠭᠠᠨ᠎ᠠ᠃ ᠠᠷᠠᠳ ᠤᠨ ᠲᠥᠯᠥᠭᠡ ᠪᠣᠳᠠᠲᠠᠶ ᠶᠢ | ᠡᠷᠬᠢᠮᠯᠡᠬᠦ ᠶᠢ ᠢᠮᠠᠭᠲᠠ ᠲᠤᠭᠤᠰᠢᠯᠠᠭᠤᠯᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠲᠥᠷᠥᠯ ᠵᠦᠶᠯ ᠢ ᠴᠢᠨᠠᠷ ᠰᠠᠶᠢᠲᠠᠶ ᠰᠠᠶᠢᠲᠤᠷ ᠪᠡᠶᠡᠯᠡᠭᠦᠯᠵᠦ᠂ ᠶᠠᠳᠠᠷᠠᠯ ᠵᠦᠳᠡᠷᠡᠯ ᠠᠴᠠ ᠬᠠᠯᠠᠰᠢᠷᠠᠬᠤ ᠥᠬᠡᠶ | ᠪᠠᠶᠢᠵᠤ᠂ ︽12345︾ ᠵᠠᠰᠠᠭ ᠤᠨ ᠶᠠᠪᠤᠳᠠᠯ ᠤᠨ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ | ᠬᠠᠯᠠᠮᠰᠢᠯ ᠤᠳᠠᠰᠤ ᠪᠠᠷ ᠲᠤᠰᠬᠠᠬᠰᠠᠨ ᠤᠴᠢᠷ ᠶᠠᠪᠤᠳᠠᠯ ᠤᠨ ᠠᠵᠢᠯ ᠤᠨ ᠬᠠᠭᠤᠳᠠᠰᠤ ᠶᠢ ᠬᠠᠯᠠᠰᠢᠷᠠᠯ ᠦᠬᠡᠢ | ᠰᠠᠶᠢᠲᠤᠷ ᠰᠢᠢᠳᠪᠦᠷᠢᠯᠡᠵᠤ᠂ ᠣᠯᠠᠨ ᠲᠦᠮᠡᠨ ᠤ ᠳᠡᠷᠭᠡᠳᠡᠬᠢ ᠢᠯᠵᠠᠷᠠᠯ ᠤᠨ ᠠᠰᠠᠭᠤᠳᠠᠯ ᠪᠠ ᠲᠥᠪ ᠪᠤᠰᠤ | ᠰᠤᠷᠲᠠᠯ ᠢ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠷᠠᠳ ᠣᠯᠠᠨ ᠤ ︽ | ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠶᠢᠭ᠎ᠠ︾ ᠠᠰᠠᠭᠤᠳᠠᠯ ᠢ ᠰᠠᠶᠢᠲᠤᠷ ᠰᠢᠶᠳᠪᠦᠷᠢᠯᠡᠨ᠎ᠡ᠃ ︽ | ᠭᠤᠷᠪᠠᠨ ᠪᠠᠶᠢᠭ᠎ᠠ ᠬᠤᠶᠠᠷ ᠢ ᠡᠷᠢᠵᠤ ᠦᠭᠬᠦ︾ ᠠᠵᠢᠯ ᠤᠨ ᠲᠣᠭᠤᠷᠢᠨ ᠳᠤ ᠦᠷᠭᠦᠯᠵᠢᠯᠡᠨ ᠬᠦᠴᠦᠯᠡᠵᠦ᠂ ᠢᠯᠡ | ᠪᠦᠭᠡᠳ ᠰᠢᠭᠤᠷᠬᠠᠢ ᠪᠠᠷ ᠠᠵᠤ ᠠᠬᠤᠶᠢᠯᠠᠯ ᠢ ᠬᠠᠪᠰᠤᠷᠤᠨ ᠵᠠᠬᠢᠶᠠᠯᠠᠭ᠎ᠠ ᠶᠢᠨ ᠬᠠᠭᠤᠳᠠᠰᠤ᠂ ᠪᠡᠯᠡ ᠮᠥᠩᠭᠦ ᠡᠷᠢᠵᠤ | ᠦᠭᠬᠦᠨ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠂ ᠰᠢᠨ᠎ᠡ | ᠠᠵᠤ ᠠᠬᠤᠶᠢᠯᠠᠯ ᠬᠠᠭᠤᠴᠢᠨ ᠠᠵᠤ ᠠᠬᠤᠶᠢᠯᠠᠯ ᠳᠤ ᠲᠥᠪ ᠭᠤᠣᠯᠴᠢ ᠪᠠᠷ ᠬᠠᠨᠳᠤᠵᠤ᠂ ᠠᠷᠭ᠎ᠠ ᠪᠦᠬᠦᠨ ᠢ | ᠰᠦᠪᠡᠭᠴᠢᠯᠡᠵᠦ ᠠᠵᠤ ᠠᠬᠤᠶᠢᠯᠠᠯ ᠤᠨ ᠡᠮᠦᠨ᠎ᠡ ᠠᠴᠠ ᠵᠠᠬ᠎ᠠ ᠳᠡᠯᠭᠡᠭᠦᠷ ᠲᠠᠢ ᠬᠠᠷᠢᠯᠴᠠᠵᠤ᠂ ᠢᠳᠡᠬᠡᠯ ᠢ | ᠨᠡᠮᠡᠭᠳᠡᠬᠦᠯᠵᠤ ᠵᠢᠭᠡᠯᠡᠯᠭᠡ ᠲᠠᠯᠪᠢᠬᠤ ᠶᠢ ᠠᠬᠢᠭᠤᠯᠤᠨ᠎ᠠ᠃ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠪᠠᠷ ᠭᠤᠣᠯᠳᠠᠯᠭ᠎ᠠ | ᠪᠣᠯᠭᠠᠵᠤ᠂ ᠠᠵᠤ ᠠᠬᠤᠶᠢᠯᠠᠯ ᠢ ᠪᠠᠶᠢᠴᠠᠭᠠᠬᠤ ᠶᠢ ᠪᠠᠭᠠᠰᠬᠠᠵᠤ᠂ ᠵᠥᠭᠡᠯᠡᠨ ᠴᠢᠨᠠᠷᠲᠠᠢ ᠬᠠᠤᠯᠢ ᠬᠡᠷᠡᠭᠵᠢᠭᠦᠯᠬᠦ ᠶᠢ | ᠥᠷᠨᠢᠭᠦᠯᠵᠦ᠂ ︽ᠬᠡᠷᠡᠭ ᠶᠠᠪᠤᠳᠠᠯ ᠪᠠᠶᠢᠪᠠᠯ ᠵᠠᠪᠠᠯ ᠰᠢᠢᠳᠪᠦᠷᠢᠯᠡᠵᠦ᠂ ᠬᠡᠷᠡᠭ ᠶᠠᠪᠤᠳᠠᠯ ᠦᠭᠡᠢ ᠪᠣᠯ ᠬᠠᠷᠰᠢᠯᠠᠬᠤ | ᠦᠭᠡᠢ︾ ᠪᠠᠶᠢᠬᠤ ᠶᠢ ᠪᠡᠶᠡᠯᠡᠭᠦᠯᠦᠨ᠎ᠡ᠃ | ᠭᠤᠷᠪᠠ ᠳᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠨ᠎ᠠ᠃ | ᠠᠯᠢᠪᠠ ᠶᠠᠪᠤᠳᠠᠯ ᠳᠤ ︽ᠬᠢᠪᠡᠰᠦ ᠵᠣᠬᠢᠬᠤ ᠡᠰᠡᠬᠦ︾ ᠶᠢᠨ ᠦᠷᠳᠡᠭ ᠤᠨ ᠮᠠᠭᠠᠳᠯᠠᠯᠲᠠ ᠶᠢ ᠢᠯᠡᠭᠦᠬᠡᠨ ᠬᠢᠵᠦ᠂ | ᠤᠴᠢᠷ ᠶᠠᠪᠤᠳᠠᠯ ᠳᠤ ᠬᠦᠴᠢᠷ ᠠᠴᠠ ᠵᠠᠶᠢᠯᠠᠬᠤ ᠦᠭᠡᠢ᠂ ᠠᠭᠤᠯᠠ ᠳᠠᠭᠠᠷᠠᠪᠠᠯ ᠵᠠᠮ ᠨᠡᠭᠡᠭᠡᠵᠦ᠂ ᠤᠰᠤ ᠳᠠᠭᠠᠷᠠᠪᠠᠯ | ᠬᠥᠭᠦᠷᠭᠡ ᠲᠠᠯᠪᠢᠵᠤ᠂ ᠤᠯᠠᠨ ᠲᠠᠯ᠎ᠠ ᠪᠠᠷ ᠲᠡᠷᠢᠭᠦᠨ ᠤ ᠬᠢ ᠪᠠᠷ ᠪᠠᠷᠢᠮᠵᠢᠶᠠᠯᠠᠵᠤ᠂ ᠤᠯᠠᠨ ᠲᠦᠮᠡᠨ ᠠᠴᠠ ᠢᠯᠡᠭᠦᠬᠡᠨ | ᠠᠰᠠᠭᠤᠵᠤ᠂ ᠰᠢᠢᠳᠪᠦᠷᠢᠲᠦ ᠪᠤᠳᠤᠯᠭ᠎ᠠ ᠲᠤᠬᠳᠠᠭᠠᠬᠤ ᠶᠢᠨ ᠰᠢᠨᠵᠢᠯᠡᠬᠦ ᠤᠬᠠᠭᠠᠨᠴᠢ ᠴᠢᠨᠠᠷ ᠢ ᠳᠡᠭᠡᠭᠰᠢᠯᠡᠭᠦᠯᠦᠨ᠎ᠡ᠃ | ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠵᠠᠰᠠᠭ ᠪᠠᠷᠢᠬᠤ ᠶᠢᠨ ᠴᠢᠬᠤᠯᠠ ᠵᠦᠶᠯ ᠪᠣᠯᠭᠠᠵᠤ᠂ ᠤᠴᠢᠷ ᠶᠠᠪᠤᠳᠠᠯ | ᠪᠦᠬᠦᠨ ᠢ ᠵᠠᠪᠠᠯ ᠨᠠᠷᠢᠨ ᠳᠠᠩᠰᠠᠯᠠᠵᠤ᠂ ᠲᠥᠷᠥᠯ ᠵᠦᠶᠯᠵᠢᠭᠦᠯᠵᠦ᠂ ᠬᠡᠮᠵᠢᠶᠡᠵᠢᠭᠦᠯᠦᠨ ᠪᠣᠳᠠᠲᠠᠶᠢᠵᠢᠭᠤᠯᠤᠨ᠎ᠠ︔ | ᠠᠯᠢᠪᠠ ᠬᠡᠷᠡᠭ ᠶᠠᠪᠤᠳᠠᠯ ᠳᠤ ᠡᠷᠬᠡᠪᠰᠢ ᠬᠠᠷᠢᠭᠤᠴᠠᠯᠭ᠎ᠠ ᠶᠢ ᠲᠤᠳᠤᠷᠬᠠᠶᠢᠯᠠᠬᠤ᠂ ᠬᠦᠮᠦᠨ ᠨᠢᠬᠡᠪᠦᠷᠢ ᠬᠦᠷᠳᠡᠯ᠎ᠡ | ᠨᠠᠶᠢᠳᠠᠪᠤᠷᠢᠵᠢᠭᠤᠯᠬᠤ᠂ ᠵᠠᠩᠭᠢᠯᠠᠭ᠎ᠠ ᠶᠢᠨ ᠴᠡᠭ ᠢ ᠴᠢᠬᠤᠯᠠᠴᠢᠯᠠᠬᠤ ᠶᠢ ᠪᠡᠶᠡᠯᠡᠬᠦᠯᠦᠨ᠎ᠡ︔ ᠤᠴᠢᠷ ᠶᠠᠪᠤᠳᠠᠯ ᠪᠦᠬᠦᠨ | ᠡᠷᠬᠡᠪᠰᠢ ︽ᠬᠠᠷᠠᠯᠲᠠ᠂ ᠠᠰᠠᠭᠤᠳᠠᠯ᠂ ᠦᠷ᠎ᠡ ᠳ᠋ᠦᠩ︾ ᠭᠡᠬᠦ ᠭᠤᠷᠪᠠᠨ ᠤᠳᠤᠷᠢᠳᠤᠮᠵᠢ ᠶᠢ ᠪᠠᠷᠢᠮᠲᠠᠯᠠᠵᠤ᠂ | ᠥᠷᠯᠥᠭᠡ ᠦᠳᠡᠰᠢ ᠶᠢ ᠲᠡᠮᠡᠴᠡᠨ᠂ ᠱᠠᠯᠠᠪᠳᠠᠨ ᠲᠦᠷᠭᠡᠨ ᠠᠵᠢᠯᠯᠠᠵᠤ᠂ ᠲᠤᠰ ᠪᠡᠶ᠎ᠡ ᠶᠢᠨ ᠠᠵᠢᠯ ᠤᠨ ᠲᠣᠭᠲᠠᠭᠠᠯᠲᠤ | ᠴᠢᠨᠠᠷ ᠢᠶᠠᠷ ᠪᠠᠶᠢᠳᠠᠯ ᠤᠨ ᠬᠤᠪᠢᠷᠠᠯᠲᠠ ᠶᠢᠨ ᠲᠣᠭᠲᠠᠪᠤᠷᠢ ᠦᠭᠡᠢ ᠴᠢᠨᠠᠷ ᠢ ᠠᠷᠭᠠᠴᠠᠭᠠᠬᠤ ᠪᠠᠷ ᠴᠢᠷᠮᠠᠶᠢᠵᠤ᠂ | ᠪᠠᠷᠢᠯᠭ᠎ᠠ ᠶᠢᠨ ᠵᠢᠷᠤᠭ ᠲᠦᠰᠦᠪ ᠤᠳ ᠢ ᠪᠣᠳᠠᠲᠤ ᠠᠬᠤᠢ ᠪᠣᠯᠭᠠᠨ ᠬᠤᠪᠢᠷᠠᠭᠤᠯᠬᠤ ᠶᠢ ᠲᠦᠷᠭᠡᠳᠬᠡᠨ᠎ᠡ᠃ | ᠳᠥᠷᠪᠡ ᠳᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠢ ᠬᠢᠴᠢᠶᠡᠩᠬᠦᠶᠢᠯᠡᠨ ᠪᠠᠷᠢᠮᠳᠠᠯᠠᠨ᠎ᠠ᠃ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠵᠦ᠂ | ᠵᠠᠰᠠᠭ ᠤᠨ ᠣᠷᠳᠣᠨ ᠤ ᠰᠢᠰᠲ᠋ᠧᠮ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ | ᠬᠥᠭᠵᠢᠬᠦ ᠶᠢ ᠠᠬᠢᠭᠤᠯᠤᠨ᠎ᠠ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ | ᠪᠠᠬᠢᠵᠢᠭᠦᠯᠦᠨ ᠭᠦᠨᠵᠡᠭᠡᠶᠢᠷᠡᠭᠦᠯᠵᠦ᠂ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠬᠠᠮᠲᠤ ᠪᠠᠷ | ᠪᠠᠶᠢᠴᠠᠭᠠᠵᠤ ᠬᠠᠮᠲᠤ ᠪᠠᠷ ᠵᠠᠰᠠᠬᠤ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠤᠨ ᠪᠦᠷᠢᠨᠰᠢᠭᠦᠯᠵᠦ᠂ ᠡᠮ ᠡᠮᠨᠡᠯᠬᠡ᠂ | ᠤᠯᠤᠰ ᠤᠨ ᠦᠮᠴᠢᠯᠡᠯᠲᠦ ᠠᠵᠤ ᠠᠬᠤᠶᠢᠯᠠᠯ᠂ ᠨᠡᠬᠡᠬᠡᠯᠳᠡ ᠶᠢᠨ ᠲᠤᠭᠤᠷᠢᠭ᠂ ᠪᠠᠷᠢᠯᠭ᠎ᠠ ᠶᠢᠨ ᠪᠥᠲᠥᠭᠡᠨ | ᠪᠠᠶᠢᠭᠤᠯᠤᠯᠲᠠ ᠪᠠ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠡᠷᠭᠡ ᠭᠤᠤᠯᠳᠠᠯᠭ᠎ᠠ ᠲᠠᠢ ᠬᠦᠷᠢᠶᠡᠨ ᠳᠤ | ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠶᠢ ᠥᠷᠨᠢᠭᠦᠯᠵᠦ᠂ ᠵᠠᠰᠠᠭ ᠤᠨ ᠣᠷᠳᠣᠨ ᠤ ᠰᠢᠰᠲ᠋ᠧᠮ ᠤᠨ | ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ ᠠᠬᠤᠶ ᠶᠢ ᠪᠣᠶ ᠪᠣᠯᠭᠠᠨ᠎ᠠ᠃ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ | ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠲᠦᠷᠢᠮ | ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠳᠤᠮᠳᠠ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠨ᠎ᠠ᠃ | ᠲᠥᠯᠥᠭᠡᠯᠡᠭᠴᠢᠳ ᠡ︕ ᠡᠨᠡ ᠵᠢᠯ ᠤᠨ ᠬᠠᠷᠠᠯᠲᠠ ᠡᠭᠦᠷᠭᠡ ᠨᠢᠭᠡᠨᠲᠡ ᠲᠣᠳᠣᠷᠬᠠᠢ ᠪᠣᠯᠪᠠ᠂ ᠵᠠᠯᠭᠠᠭᠠᠳ | ᠦᠨᠡᠨᠬᠦ ᠠᠳᠬᠤᠵᠤ ᠪᠣᠳᠠᠲᠠᠢ ᠠᠵᠢᠯᠯᠠᠬᠤ ᠪᠣᠯ ᠵᠠᠩᠭᠢᠯᠠᠭ᠎ᠠ ᠪᠣᠯᠤᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠤᠯ | ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠲᠤᠭᠤᠷᠢᠭ ᠤᠨ | ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠪᠥᠬᠦ ᠲᠤᠭᠤᠷᠢᠭ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠴᠤᠴᠠᠯᠲᠠ ᠥᠬᠡᠶ ᠤᠷᠤᠭᠰᠢᠯᠠᠨ᠂ | ᠡᠷᠡᠯᠬᠡᠭᠯᠡᠨ ᠲᠡᠮᠡᠴᠡᠵᠦ᠂ ᠰᠢᠨ᠎ᠡ ᠴᠠᠭ ᠦᠶ᠎ᠡ ᠶᠢᠨ ᠬᠥᠨᠳᠡᠯᠡᠨ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢᠨ | ᠰᠢᠨ᠎ᠡ ᠬᠠᠭᠤᠳᠠᠰᠤ ᠶᠢ ᠪᠢᠴᠢᠭᠯᠡᠬᠦ ᠶᠢᠨ ᠲᠥᠯᠥᠭᠡ ᠴᠥᠬᠦᠷᠡᠰᠢ ᠥᠬᠡᠶ ᠲᠡᠮᠡᠴᠡᠵᠡᠭᠡᠶ᠎ᠡ︕ | | ᠨᠡᠷ᠎ᠡ ᠦᠭᠡᠰ ᠤᠨ ᠲᠠᠶᠢᠯᠪᠤᠷᠢ | 1. ︽ᠵᠢᠷᠭᠤᠭᠠᠨ ᠢᠨᠵᠧᠨᠧᠷᠢᠩ︾᠄ ᠲᠤᠬᠠᠶᠢᠯᠠᠪᠠᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠭᠦᠳᠡ ᠬᠤᠷᠠᠯ ᠠᠴᠠ ᠳᠤᠷᠠᠳᠤᠭᠰᠠᠨ ᠲᠥᠷᠥ ᠶᠢᠨ | ᠪᠣᠳᠣᠯᠭ᠎ᠠ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠢᠨᠵᠧᠨᠧᠷᠢᠩ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ | ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ᠂ | ᠲᠤᠯᠠᠭᠠᠯᠠᠭ᠎ᠠ ᠶᠢᠨ ᠢᠨᠵᠧᠨᠧᠷᠢᠩ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ᠂ ᠴᠢᠯᠥᠭᠡᠲᠦ ᠠᠷᠠᠯᠵᠢᠶᠠᠨ ᠤ | ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠪᠣᠯᠤᠨ᠎ᠠ᠃ | 2. ︽ᠳᠣᠯᠣᠭᠠᠨ ᠶᠡᠭᠡ ᠠᠵᠢᠯᠯᠠᠭ᠎ᠠ︾᠄ ᠳᠠᠷᠤᠢ ᠬᠤᠲᠠ ᠶᠢᠨ ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ | ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠠᠴᠠ ᠳᠤᠷᠠᠳᠤᠭᠰᠠᠨ ︽ᠬᠤᠪᠣᠷ ᠰᠢᠷᠣᠢ ᠶᠢᠨ ᠬᠤᠶᠠᠷ | ᠰᠠᠭᠤᠷᠢᠨ︾ ᠢ ᠪᠦᠲᠦᠭᠡᠨ ᠪᠠᠶᠢᠭᠤᠯᠬᠤ ᠰᠢᠪᠲᠤᠯᠤᠯᠲᠠ ᠶᠢᠨ ᠠᠵᠢᠯᠯᠠᠭ᠎ᠠ᠂ ᠲᠠᠯᠠᠰᠲᠤ ᠴᠠᠬᠢᠭᠤᠷ ᠤᠨ ᠭᠡᠷᠡᠯ ᠴᠡᠨᠡᠭ | ᠤᠨ ᠠᠵᠤ ᠦᠢᠯᠡᠰ ᠢ ᠳᠡᠭᠡᠭᠰᠢᠯᠡᠭᠦᠯᠬᠦ ᠠᠵᠢᠯᠯᠠᠭ᠎ᠠ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ | ᠮᠠᠨᠳᠤᠭᠰᠠᠨ ᠠᠵᠤ ᠦᠢᠯᠡᠰ ᠢ ᠪᠤᠵᠠᠭᠠᠶᠢᠷᠠᠭᠤᠯᠬᠤ ᠠᠵᠢᠯᠯᠠᠭ᠎ᠠ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠭᠦᠨᠵᠡᠭᠡᠶᠢᠷᠡᠭᠦᠯᠬᠦ ᠠᠵᠢᠯᠯᠠᠭ᠎ᠠ᠂ ᠰᠣᠶᠣᠯ ᠪᠡᠶ᠎ᠡ ᠶᠢᠨ ᠲᠠᠮᠢᠷ | ᠵᠢᠭᠤᠯᠴᠢᠯᠠᠯ ᠤᠨ ᠠᠵᠤ ᠦᠢᠯᠡᠰ ᠤᠨ ᠳᠡᠰ ᠳᠡᠪᠰᠢᠭᠦᠯᠬᠦ ᠠᠵᠢᠯᠯᠠᠭ᠎ᠠ᠂ ᠠᠷᠠᠳ ᠤᠨ ᠠᠮᠢᠳᠤᠷᠠᠯ ᠤᠨ ᠠᠵᠢᠯ | ᠦᠢᠯᠡᠰ ᠤᠨ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ᠂ ᠦᠵᠡᠰᠬᠦᠯᠡᠩᠲᠦ ᠰᠠᠶᠢᠬᠠᠨ ᠪᠤᠭᠤᠲᠤ ᠬᠤᠲᠠ ᠶᠢ ᠪᠦᠳᠦᠬᠡᠨ | ᠪᠠᠶᠢᠭᠤᠯᠬᠤ ᠪᠠᠷᠢᠮᠵᠢᠶ᠎ᠠ ᠶᠢ ᠳᠡᠭᠡᠭᠰᠢᠯᠡᠭᠦᠯᠬᠦ ᠠᠵᠢᠯᠯᠠᠭ᠎ᠠ ᠪᠣᠯᠤᠨ᠎ᠠ᠃ | 3. ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ︽ᠭᠤᠷᠪᠠᠨ ᠵᠦᠶᠯ ᠤᠨ | ᠭᠤᠤᠯᠳᠠᠯᠭ᠎ᠠ ᠲᠠᠢ ᠠᠵᠢᠯ︾᠄ ᠲᠤᠬᠠᠶᠢᠯᠠᠪᠠᠯ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ | ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠶᠢᠨ ᠪᠠᠶᠢᠴᠠᠭᠠᠯᠲᠠ ᠶᠢ ᠥᠷᠨᠢᠭᠦᠯᠬᠦ᠂ ᠠᠵᠤ | ᠠᠬᠤᠶᠢᠯᠠᠯ ᠤᠨ ᠣᠨᠴᠠ ᠲᠣᠮᠢᠯᠠᠭᠳᠠᠭᠰᠠᠳ ᠤᠨ ᠠᠵᠢᠯ ᠤᠨ ᠰᠢᠰᠲ᠋ᠧᠮ ᠢ ᠪᠠᠶᠢᠭᠤᠯᠬᠤ᠂ ᠠᠵᠤ ᠠᠬᠤᠶᠢᠯᠠᠯ ᠢ | ᠬᠥᠲᠥᠯᠦᠨ ᠵᠢᠯᠣᠭᠤᠳᠴᠤ ︽ᠳᠥᠷᠪᠡᠨ ᠨᠢᠭᠡ︾ ᠶᠢᠨ ᠠᠵᠢᠯᠯᠠᠭ᠎ᠠ ᠶᠢ ᠥᠷᠨᠢᠭᠦᠯᠬᠦ ᠶᠢ ᠵᠢᠭᠠᠵᠤ ᠪᠤᠢ᠃ | 4. ︽ᠪᠤᠢ ᠪᠤᠯᠭᠠᠬᠤ ᠳᠡᠭᠡᠭᠰᠢᠯᠡᠭᠦᠯᠬᠦ ᠲᠡᠮᠡᠴᠡᠬᠦ︾ ᠲᠤᠰᠬᠠᠢ ᠰᠡᠳᠦᠪᠲᠦ ᠠᠵᠢᠯᠯᠠᠭ᠎ᠠ᠄ ᠬᠤᠲᠠ ᠶᠢᠨ ᠨᠠᠮ ᠤᠨ | ᠬᠤᠷᠢᠶ᠎ᠠ ᠠᠴᠠ ᠵᠣᠬᠢᠶᠠᠨ ᠪᠠᠶᠢᠭᠤᠯᠵᠤ ᠥᠷᠨᠢᠭᠦᠯᠦᠭᠰᠡᠨ ︽ᠯᠠᠪᠳᠠᠢ ᠰᠢᠢᠳᠪᠦᠷᠢᠯᠡᠬᠦ ᠠᠷᠭ᠎ᠠ ᠪᠠᠶᠢᠬᠤ ᠰᠡᠳᠬᠢᠬᠦᠢ ᠶᠢ | ᠪᠣᠢ ᠪᠣᠯᠭᠠᠵᠤ᠂ ᠠᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠵᠦ᠂ ᠲᠡᠷᠢᠭᠦᠨ ᠵᠡᠷᠭᠡ ᠶᠢᠨ ᠠᠮᠵᠢᠯᠲᠠ ᠪᠦᠲᠦᠮᠵᠢ ᠶᠢ | ᠲᠡᠮᠡᠴᠡᠬᠦ︾ ᠲᠤᠰᠬᠠᠢ ᠰᠡᠳᠦᠪᠲᠦ ᠠᠵᠢᠯᠯᠠᠭ᠎ᠠ ᠶᠢ ᠵᠢᠭᠠᠵᠤ ᠪᠠᠶᠢᠨ᠎ᠠ᠃ | 5. ︽ᠬᠤᠶᠠᠷ ᠢ ᠲᠠᠬᠢᠨ ᠢᠶᠠᠷ ᠨᠡᠮᠡᠭᠳᠡᠬᠦᠯᠬᠦ︾ ᠂ ︽ᠬᠤᠶᠠᠷ ᠢ ᠡᠭᠦᠳᠬᠦ︾ ᠄ ᠬᠡᠳᠡᠭ ᠨᠢ ᠲᠡᠬᠢᠨ ᠨᠢᠬᠡ | ᠵᠢᠯ ᠤᠨ ᠬᠤᠭᠤᠴᠠᠭ᠎ᠠ ᠶᠢ ᠬᠡᠷᠡᠭᠰᠡᠵᠤ ᠪᠠᠶᠢᠭᠠᠳ ᠪᠦᠬᠦ ᠲᠤᠭᠤᠷᠢᠭ ᠪᠤᠯᠤᠨ ᠨᠡᠬᠡᠬᠡᠯᠳᠡ ᠶᠢᠨ ᠲᠤᠭᠤᠷᠢᠭ ᠤᠨ ᠠᠵᠤ | ᠦᠢᠯᠡᠳᠪᠦᠷᠢ ᠶᠢᠨ ᠦᠢᠯᠡᠳᠬᠦᠨ ᠤᠨ ᠦᠷᠳᠡᠭ ᠢ ︽ᠠᠷᠪᠠᠨ ᠲᠦᠷᠪᠡᠳᠦᠬᠡᠷ ᠲᠠᠪᠤᠨ ᠵᠢᠯ︾ ᠤᠨ ᠲᠦᠯᠦᠪᠵᠢᠬᠦᠯᠬᠡ | ᠶᠢᠨ ᠡᠬᠢᠨ ᠤ ᠦᠶ᠎ᠡ ᠪᠠᠷ ᠬᠤᠶᠠᠷ ᠲᠡᠬᠢᠨ ᠪᠠᠷ ᠨᠡᠮᠡᠭᠳᠡᠬᠦᠯᠬᠦ ᠶᠢ ᠪᠡᠶᠡᠯᠡᠬᠦᠯᠵᠤ᠂ ᠰᠡᠬᠦᠯ ᠬᠤᠷᠢᠶᠠᠬᠤ ᠵᠢᠯ ᠲᠠᠪᠤᠨ | ᠵᠢᠯ ᠳᠤ ᠨᠢᠬᠡᠨ ︽ ᠠᠵᠤ ᠦᠢᠯᠡᠳᠪᠦᠷᠢ ᠶᠢᠨ ᠰᠢᠨ᠎ᠠ ᠬᠦᠨᠳᠡᠯᠡᠨ︾ ᠪᠠ ᠮᠢᠩᠭᠠᠨ ᠳ᠋ᠦᠩᠰᠢᠭᠤᠷ ᠲᠡᠰ ᠤᠨ | ᠨᠡᠬᠡᠬᠡᠯᠳᠡ ᠶᠢᠨ ᠲᠤᠭᠤᠷᠢᠭ ᠢ ᠡᠬᠦᠳᠬᠦ ᠬᠠᠷᠠᠯᠳᠠ ᠶᠢ ᠪᠡᠶᠡᠯᠡᠬᠦᠯᠬᠦ ᠶᠢ ᠵᠢᠭᠠᠵᠤ ᠪᠤᠢ᠃ | 6. ︽ᠬᠤᠶᠠᠷ ᠰᠢᠨᠡᠳᠬᠡᠬᠦ︾ ︽ᠬᠤᠶᠠᠷ ᠴᠢᠬᠤᠯᠠ︾᠄ ︽ᠬᠤᠶᠠᠷ ᠰᠢᠨ᠎ᠡ︾ ᠭᠡᠳᠡᠭ ᠨᠢ ᠰᠢᠨ᠎ᠡ ᠨᠢᠭᠡᠨ | ᠡᠭᠡᠯᠵᠢ ᠶᠢᠨ ᠶᠡᠭᠡ ᠬᠡᠪᠴᠢᠶᠡᠨ ᠤ ᠲᠣᠨᠤᠭ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠶᠯ ᠢ | ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠬᠤ ᠶᠢ ᠵᠢᠭᠠᠵᠤ ᠪᠠᠶᠢᠨ᠎ᠠ᠂ ︽ᠬᠤᠶᠠᠷ ᠴᠢᠬᠤᠯᠠ︾ ᠭᠡᠳᠡᠭ ᠨᠢ | ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠ ᠭᠤᠤᠯᠳᠠᠯᠭ᠎ᠠ ᠲᠠᠢ ᠬᠦᠷᠢᠶᠡᠨ ᠤ ᠠᠮᠤᠷ | ᠲᠦᠪᠰᠢᠨ ᠤ ᠴᠢᠳᠠᠪᠤᠷᠢ ᠶᠢᠨ ᠪᠠᠶᠢᠭᠤᠯᠤᠯᠲᠠ ᠶᠢ ᠵᠢᠭᠠᠵᠤ ᠪᠠᠶᠢᠨ᠎ᠠ᠃ | 7. ︽ᠭᠤᠷᠪᠠᠨ ᠪᠠᠶᠢᠭ᠎ᠠ ᠬᠤᠶᠠᠷ ᠢ ᠡᠷᠢᠬᠦ︾᠄ ︽ ᠭᠤᠷᠪᠠᠨ ᠪᠠᠶᠢᠭ᠎ᠠ︾ ᠭᠡᠳᠡᠭ ᠨᠢ ᠶᠠᠭ ᠪᠦᠳᠦᠬᠡᠨ | ᠪᠠᠶᠢᠭᠤᠯᠵᠤ ᠪᠠᠶᠢᠭ᠎ᠠ᠂ ᠦᠢᠯᠡᠳᠪᠦᠷᠢᠯᠡᠵᠦ ᠪᠠᠶᠢᠭ᠎ᠠ᠂ ᠵᠦᠪᠳᠡᠯᠴᠡᠨ ᠶᠠᠷᠢᠯᠴᠠᠵᠤ ᠪᠠᠶᠢᠭ᠎ᠠ ᠲᠥᠷᠥᠯ ᠵᠦᠢᠯ ᠢ ᠵᠢᠭᠠᠵᠤ | ᠪᠠᠶᠢᠨ᠎ᠠ᠂ ︽ᠬᠤᠶᠠᠷ ᠢ ᠡᠷᠢᠬᠦ︾ ᠭᠡᠳᠡᠭ ᠨᠢ ᠠᠵᠤ ᠠᠬᠤᠶᠢᠯᠠᠯ ᠢ ᠬᠠᠪᠰᠤᠷᠤᠨ ᠵᠠᠬᠢᠶᠠᠯᠠᠭ᠎ᠠ ᠡᠷᠢᠬᠦ᠂ ᠪᠡᠯᠡ ᠮᠥᠩᠭᠦ | ᠡᠷᠢᠬᠦ ᠶᠢ ᠵᠢᠭᠠᠵᠤ ᠪᠠᠶᠢᠨ᠎ᠠ᠃ | 8. ︽ᠳᠥᠷᠪᠡᠨ ᠣᠷᠳᠣᠨ ᠳᠥᠷᠪᠡᠨ ᠲᠢᠩᠬᠢᠮ ᠨᠢᠭᠡ ᠲᠥᠪ︾᠄ ︽ᠳᠥᠷᠪᠡᠨ ᠣᠷᠳᠣᠨ︾ ᠭᠡᠳᠡᠭ ᠨᠢ | ᠪᠤᠭᠤᠲᠤ ᠶᠢᠨ ᠮᠦᠽᠧᠶ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠤᠭᠤᠲᠤ ᠶᠢᠨ ᠪᠣᠯᠣᠳ ᠲᠡᠮᠦᠷ ᠢ | ᠪᠦᠳᠦᠬᠡᠨ ᠪᠠᠶᠢᠭᠤᠯᠤᠬᠰᠠᠨ ᠦᠵᠡᠭᠦᠯᠭᠡ ᠶᠢᠨ ᠣᠷᠳᠣᠨ᠂ ᠬᠤᠪᠣᠷ ᠰᠢᠷᠣᠶ ᠶᠢᠨ ᠮᠦᠽᠧᠶ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠡᠶᠡᠴᠢᠯᠡᠨ ᠣᠶᠢᠯᠠᠭᠠᠬᠤ ᠣᠷᠳᠣᠨ ᠢ | ᠵᠢᠭᠠᠵᠤ ᠪᠤᠢ︔ ︽ᠲᠦᠷᠪᠡᠨ ᠲᠢᠩᠬᠢᠮ︾ ᠬᠡᠳᠡᠭ ᠨᠢ ᠳᠠᠷᠤᠢ ᠨᠢᠭᠡᠳᠦᠭᠡᠷ ᠨᠤᠮᠧᠷᠲᠦ ᠥᠨᠳᠥᠷ ᠵᠤᠤᠬ᠎ᠠ ᠶᠢᠨ | ᠲᠤᠬᠠᠢ ᠶᠢᠨ ᠲᠠᠯᠠᠪᠠᠢ ᠶᠢᠨ ᠦᠵᠡᠭᠦᠯᠭᠡ ᠶᠢᠨ ᠲᠢᠩᠬᠢᠮ᠂ ᠨᠥᠬᠦᠷᠯᠡᠯ 19 ᠳ᠋ᠤᠭᠡᠷ ᠨᠡᠶᠢᠭᠡᠮ ᠲᠣᠭᠤᠷᠢᠭ ᠤᠨ ︽ | ᠪᠤᠯᠤᠳ ᠤᠨ ᠰᠦᠭ ᠰᠦᠨᠡᠰᠦ︾ ᠦᠵᠡᠭᠦᠯᠭᠡ ᠶᠢᠨ ᠲᠢᠩᠬᠢᠮ᠂ ᠪᠤᠯᠤᠳ 32 ᠳ᠋ᠤᠭᠠᠷ ᠨᠡᠶᠢᠭᠡᠮ ᠲᠣᠭᠤᠷᠢᠭ ᠤᠨ ︽ | ᠲᠡᠦᠬᠡ ᠶᠢᠨ ᠳᠤᠷᠠᠰᠤᠮᠵᠢ︾ ᠦᠵᠡᠭᠦᠯᠭᠡ ᠶᠢᠨ ᠲᠢᠩᠬᠢᠮ᠂ ᠪᠦᠳᠦᠭᠡᠨ ᠪᠠᠶᠢᠭᠤᠯᠤᠯᠲᠠ ᠶᠢᠨ ᠪᠠᠩᠬᠢ ᠶᠢᠨ | ᠪᠤᠭᠤᠲᠤ ᠶᠢᠨ ᠪᠤᠯᠤᠳ ᠲᠡᠮᠤᠷ ᠤᠨ ᠰᠠᠯᠪᠤᠷᠢ ᠪᠠᠩᠬᠢ ᠶᠢᠨ ︽ᠮᠥᠩᠭᠦᠨ ᠭᠦᠢᠯᠭᠡᠭᠡᠨ ᠢᠶᠠᠷ ᠲᠤᠰᠠᠯᠠᠨ | ᠪᠠᠶᠢᠭᠤᠯᠤᠬᠰᠠᠨ︾ ᠦᠵᠡᠭᠦᠯᠭᠡ ᠶᠢᠨ ᠲᠢᠩᠬᠢᠮ ᠪᠣᠯᠤᠨ᠎ᠠ︔ ︽ᠨᠢᠭᠡ ᠲᠥᠪ︾ ᠭᠡᠳᠡᠭ ᠨᠢ ᠪᠤᠭᠤᠲᠤ ᠶᠢᠨ ᠪᠣᠯᠣᠳ | ᠲᠡᠮᠦᠷ ᠤᠨ ᠪᠦᠯᠦᠭᠯᠡᠯ ᠤᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠬᠤᠳᠠᠯᠳᠤᠭᠠᠨ ᠤ ᠶᠠᠪᠤᠳᠠᠯ ᠤᠨ | ᠰᠣᠯᠢᠯᠴᠠᠭᠠᠨ ᠤ ᠲᠥᠪ ᠪᠣᠯᠤᠨ᠎ᠠ᠃ | 9. ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠨ ᠬᠡᠷᠡᠭᠯᠡᠬᠦ︾᠄ ᠠᠯᠪᠠᠨ ᠠᠴᠠ ᠡᠷᠬᠢᠯᠡᠭᠰᠡᠨ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠦᠬᠦ ᠪᠠᠭᠰᠢ ᠪᠣᠯᠤᠨ ᠰᠤᠷᠭᠠᠭᠤᠯᠢ ᠶᠢᠨ | ᠵᠠᠬᠢᠷᠤᠯ ᠢ ᠪᠦᠬᠦᠨ ᠢ ᠰᠢᠶᠠᠨ ᠤ ᠱᠠᠲᠤᠨ ᠤ ᠵᠠᠰᠠᠭ ᠤᠨ ᠣᠷᠳᠣᠨ ᠠᠴᠠ ᠨᠢᠭᠡᠳᠦᠯᠲᠡᠶ ᠬᠠᠮᠢᠶᠠᠷᠬᠤ ᠶᠢ | ᠬᠡᠷᠡᠭᠵᠢᠭᠦᠯᠵᠦ᠂ ᠢᠯᠠᠩᠭᠤᠶ᠎ᠠ ᠨᠢᠭᠡᠳᠦᠯᠲᠡᠶ ᠪᠠᠷ ᠲᠣᠭᠲᠠᠭᠰᠠᠨ ᠬᠤᠭᠤᠴᠠᠭ᠎ᠠ ᠲᠠᠢ ᠪᠠᠷ ᠠᠯᠪᠠᠳᠠᠯᠭ᠎ᠠ ᠪᠠᠷ ᠰᠢᠶᠠᠨ ᠤ | ᠬᠡᠪᠴᠢᠶᠡᠨ ᠳᠠᠬᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠰᠢᠯᠵᠢᠭᠦᠯᠬᠦ ᠶᠢᠨ ᠤᠯᠠᠮ ᠢᠶᠠᠷ | ᠪᠠᠭᠰᠢ ᠪᠣᠯᠤᠨ ᠰᠤᠷᠭᠠᠭᠤᠯᠢ ᠶᠢᠨ ᠵᠠᠬᠢᠷᠤᠯ ᠢ ᠦᠩᠬᠡᠷᠡᠭᠰᠡᠨ ᠳᠤ ᠶᠠᠮᠠᠷ ᠨᠢᠭᠡᠨ ᠰᠤᠷᠭᠠᠭᠤᠯᠢ ᠶᠢᠨ ︽ | ᠰᠤᠷᠭᠠᠭᠤᠯᠢ ᠶᠢᠨ ᠬᠥᠮᠦᠨ︾ ᠪᠠᠶᠢᠬᠰᠠᠨ ᠠᠴᠠ ᠰᠢᠶᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠰᠢᠰᠲ᠋ᠧᠮ ᠤᠨ ︽ᠰᠢᠰᠲ᠋ᠧᠮ ᠤᠨ ᠬᠥᠮᠦᠨ︾ ᠪᠣᠯᠭᠠᠨ ᠬᠤᠪᠢᠷᠠᠭᠤᠯᠬᠤ ᠶᠢ ᠵᠢᠭᠠᠵᠤ ᠪᠠᠶᠢᠨ᠎ᠠ᠃ |