ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 24 ᠤ ᠴᠠᠭᠢᠯᠭᠠᠨ ᠮᠡᠳᠡᠭᠡ 2 ᠰᠠᠷ᠎ᠠ ᠶᠢᠨ 24 ᠤ | ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠵᠣᠭᠰᠠᠨ ᠶᠣᠰᠣᠭᠠᠷ ᠣᠷᠣᠰ ᠤᠨ ᠶᠡᠷᠦᠩᠬᠡᠶᠢᠯᠡᠭᠴᠢ | ᠫᠦᠲ᠋ᠢᠨ ᠲᠠᠢ ᠤᠲᠠᠰᠤ ᠪᠠᠷ ᠶᠠᠷᠢᠯᠴᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠴᠠᠭᠠᠨ ᠰᠠᠷ᠎ᠠ ᠠᠴᠠ ᠡᠮᠦᠨᠡᠬᠡᠨ ᠪᠢ ᠶᠡᠷᠦᠩᠬᠡᠶᠢᠯᠡᠭᠴᠢ ᠠᠪᠤᠭᠠᠢ ᠲᠠᠢ | ᠸᠢᠳᠢᠤ᠋ ᠠᠭᠤᠯᠵᠠᠯᠲᠠ ᠬᠢᠵᠦ᠂ ᠪᠦᠭᠦ ᠵᠢᠯ ᠤᠨ ᠳᠤᠮᠳᠠᠳᠤ ᠤᠷᠤᠰ ᠤᠨ ᠬᠠᠷᠢᠯᠴᠠᠭᠠᠨ ᠤ ᠬᠥᠭᠵᠢᠯᠲᠡ ᠶᠢᠨ ᠲᠤᠬᠠᠢ | ᠲᠥᠯᠦᠪᠵᠢᠭᠦᠯᠭᠡ ᠬᠢᠵᠦ ᠬᠥᠲᠥᠯᠥᠨ ᠳᠠᠭᠠᠭᠤᠯᠵᠤ᠂ ᠠᠯᠢ ᠤᠯᠠᠨ ᠴᠢᠬᠤᠯᠠ ᠶᠡᠭᠡ ᠳᠡᠯᠡᠬᠡᠢ ᠶᠢᠨ ᠪᠠ ᠭᠠᠵᠠᠷ ᠣᠷᠣᠨ ᠤ | ᠠᠰᠠᠭᠤᠳᠠᠯ ᠤᠨ ᠲᠤᠬᠠᠢ ᠵᠣᠬᠢᠴᠠᠭᠤᠯᠭ᠎ᠠ ᠪᠠᠨ ᠴᠢᠩᠭᠠᠳᠬᠠᠭᠰᠠᠨ ᠪᠢᠯᠡ᠃ ᠬᠤᠶᠠᠷ ᠤᠯᠤᠰ ᠤᠨ ᠡᠯ᠎ᠡ ᠰᠠᠯᠠᠭ᠎ᠠ | ᠮᠥᠴᠢᠷ ᠤᠨ ᠬᠢᠨ ᠶᠠᠭ ᠪᠢᠳᠡᠨ ᠤ ᠲᠣᠬᠢᠷᠠᠯᠴᠠᠭᠰᠠᠨ ᠬᠠᠮᠲᠤ ᠶᠢᠨ ᠲᠠᠨᠢᠯᠲᠠ ᠶᠣᠰᠣᠭᠠᠷ᠂ ᠳᠤᠮᠳᠠᠳᠤ ᠤᠯᠤᠰ ᠤᠨ ᠠᠷᠠᠳ | ᠲᠦᠮᠡᠨ ᠤ ᠶᠠᠫᠤᠨ ᠢ ᠡᠰᠡᠷᠭᠦᠴᠡᠬᠦ ᠲᠠᠶᠢᠨ ᠤ ᠢᠯᠠᠯᠲᠠ ᠣᠯᠣᠭᠰᠠᠨ 80 ᠵᠢᠯ ᠤᠨ ᠤᠢ ᠪᠣᠯᠣᠨ ᠳᠡᠯᠡᠬᠡᠢ ᠶᠢᠨ ᠹᠠᠱᠢᠰ ᠢ | ᠡᠰᠡᠷᠭᠦᠴᠡᠬᠦ ᠲᠠᠶᠢᠨ ᠤ ᠢᠯᠠᠯᠲᠠ ᠣᠯᠣᠭᠰᠠᠨ 80 ᠵᠢᠯ ᠤᠨ ᠤᠢ ᠶᠢ ᠳᠤᠷᠠᠰᠬᠠᠬᠤ ᠠᠵᠢᠯᠯᠠᠭ᠎ᠠ ᠶᠢ ᠪᠠᠭᠲᠠᠭᠠᠭᠰᠠᠨ ᠡᠯ᠎ᠡ | ᠬᠦᠷᠢᠶᠡᠨ ᠳᠠᠬᠢ ᠬᠠᠮᠲᠤᠷᠠᠯᠴᠠᠭ᠎ᠠ ᠶᠢ ᠲᠣᠭᠲᠠᠭᠤᠨ ᠢᠶᠠᠷ ᠠᠬᠢᠭᠤᠯᠵᠤ ᠪᠠᠶᠢᠨ᠎ᠠ᠃ ᠳᠤᠮᠳᠠᠳᠤ ᠤᠷᠤᠰ ᠪᠣᠯ ᠰᠢᠯᠵᠢᠰᠢ ᠦᠭᠡᠢ | ᠰᠠᠶᠢᠨ ᠬᠥᠷᠰᠢ᠂ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠬᠠᠷᠢᠯᠴᠠᠨ ᠳᠡᠮᠵᠢᠵᠦ᠂ ᠬᠠᠮᠲᠤ ᠪᠠᠷ ᠬᠥᠭᠵᠢᠭᠰᠡᠨ ᠵᠢᠩᠬᠢᠨᠢ | ᠨᠠᠶᠢᠵᠠ ᠮᠥᠨ ᠭᠡᠳᠡᠭ ᠢ ᠲᠡᠦᠬᠡ ᠪᠠ ᠪᠣᠳᠠᠲᠤ ᠠᠬᠤᠢ ᠪᠢᠳᠠᠨ ᠳᠤ ᠲᠣᠳᠣᠷᠬᠠᠢ ᠮᠡᠳᠡᠭᠳᠡᠵᠦ ᠪᠠᠶᠢᠨ᠎ᠠ᠃ ᠳᠤᠮᠳᠠᠳᠤ | ᠤᠷᠤᠰ ᠤᠨ ᠬᠠᠷᠢᠯᠴᠠᠭ᠎ᠠ ᠬᠦᠴᠦᠷᠬᠡᠭ ᠶᠡᠭᠡ ᠳᠣᠲᠣᠭᠠᠳᠤ ᠬᠥᠳᠡᠯᠭᠡᠬᠦ ᠬᠦᠴᠦᠨ ᠪᠠ ᠥᠪᠡᠷᠮᠢᠴᠡ ᠪᠠᠶᠢᠯᠳᠤᠬᠤ | ᠪᠣᠳᠣᠯᠭ᠎ᠠ ᠶᠢᠨ ᠦᠨ᠎ᠡ ᠦᠷᠳᠡᠭ ᠲᠠᠢ ᠶᠤᠮ᠂ ᠭᠤᠷᠪᠠᠳᠤᠭᠠᠷ ᠡᠲᠡᠭᠡᠳ ᠲᠤ ᠴᠢᠭᠯᠡᠭᠦᠯᠬᠦ ᠦᠭᠡᠢ ᠪᠥᠭᠡᠳ ᠶᠠᠮᠠᠷᠪᠠ | ᠭᠤᠷᠪᠠᠳᠠᠭᠢ ᠡᠲᠡᠭᠡᠳ ᠤᠨ ᠨᠥᠯᠥᠭᠡ ᠶᠢ ᠴᠦ ᠭᠦᠷᠳᠡᠭᠦ ᠦᠭᠡᠢ ᠶᠤᠮ᠃ ᠳᠤᠮᠳᠠᠳᠤ ᠤᠷᠤᠰ ᠬᠤᠶᠠᠷ ᠤᠯᠤᠰ ᠤᠨ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠭᠠᠳᠠᠭᠠᠳᠤ ᠬᠠᠷᠢᠯᠴᠠᠭᠠᠨ ᠤ ᠲᠦᠷᠦ ᠶᠢᠨ ᠪᠣᠳᠣᠯᠭ᠎ᠠ ᠪᠣᠯ ᠠᠯᠤᠰ ᠭᠡᠳᠤ ᠶᠢᠨ | ᠠᠴᠢ ᠬᠤᠯᠪᠣᠭᠳᠠᠯ ᠲᠠᠢ ᠶᠤᠮ᠃ ᠳᠡᠯᠡᠬᠡᠢ ᠶᠢᠨ ᠪᠠᠶᠢᠳᠠᠯ ᠬᠡᠳᠦᠢ ᠤᠷᠪᠠᠭᠠᠨ ᠬᠥᠷᠪᠡᠭᠡᠨ ᠲᠠᠢ ᠪᠠᠶᠢᠭᠰᠠᠨ ᠴᠤ ᠳᠤᠮᠳᠠᠳᠤ | ᠤᠷᠤᠰ ᠤᠨ ᠬᠠᠷᠢᠯᠴᠠᠭ᠎ᠠ ᠴᠥᠮ ᠯᠠᠪᠳᠠᠭᠤᠨ ᠢᠶᠠᠷ ᠤᠷᠤᠭᠰᠢᠯᠠᠵᠤ᠂ ᠲᠤᠰ ᠲᠤᠰ ᠤᠨ ᠬᠥᠭᠵᠢᠯ ᠮᠠᠨᠳᠤᠯ ᠳᠤ ᠬᠦᠴᠦᠨ | ᠨᠡᠮᠡᠷᠢᠯᠡᠵᠦ᠂ ᠤᠯᠠᠨ ᠤᠯᠤᠰ ᠤᠨ ᠬᠠᠷᠢᠯᠴᠠᠭ᠎ᠠ ᠳᠤ ᠲᠣᠭᠲᠠᠭᠤᠨ ᠴᠢᠨᠠᠷ ᠪᠠ ᠢᠳᠡᠪᠬᠢ ᠬᠦᠴᠦᠨ ᠢ ᠨᠡᠮᠡᠷᠢᠯᠡᠨ᠎ᠡ ᠭᠡᠵᠦ | ᠵᠢᠭᠠᠵᠤ ᠭᠠᠷᠭᠠᠪᠠ᠃ | ᠫᠦᠲ᠋ᠢᠨ᠂ ᠤᠷᠤᠰ ᠤᠨ ᠬᠢᠨ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠳᠤᠮᠳᠠᠳᠤ ᠤᠯᠤᠰ ᠯᠤᠭ᠎ᠠ ᠰᠢᠨ᠎ᠡ ᠨᠢᠭᠡ ᠵᠢᠯ ᠳᠤ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ | ᠪᠠᠲᠤᠯᠠᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠡᠯᠡᠬᠡᠢ ᠶᠢᠨ ᠹᠠᠱᠢᠰ ᠢ ᠡᠰᠡᠷᠭᠦᠴᠡᠬᠦ | ᠲᠠᠶᠢᠨ ᠤ ᠢᠯᠠᠯᠲᠠ ᠣᠯᠣᠭᠰᠠᠨ 80 ᠵᠢᠯ ᠤᠨ ᠤᠢ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ | ᠡᠰᠡᠷᠭᠦᠴᠡᠬᠦ ᠲᠠᠶᠢᠨ ᠤ ᠢᠯᠠᠯᠲᠠ ᠣᠯᠣᠭᠰᠠᠨ 80 ᠵᠢᠯ ᠤᠨ ᠤᠢ ᠶᠢ ᠬᠠᠮᠲᠤ ᠪᠠᠷ ᠳᠤᠷᠠᠰᠬᠠᠬᠤ ᠶᠢ ᠬᠦᠰᠡᠵᠦ ᠪᠠᠶᠢᠨ᠎ᠠ᠃ | ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠪᠠᠨ ᠬᠥᠭᠵᠢᠭᠦᠯᠬᠦ ᠪᠣᠯ ᠤᠷᠤᠰ ᠤᠨ ᠠᠯᠤᠰ ᠭᠡᠳᠦ ᠠᠴᠠ ᠪᠣᠳᠣᠯᠬᠢᠯᠠᠨ | ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠮᠥᠨ᠂ ᠲᠦᠷ ᠵᠠᠭᠤᠷ᠎ᠠ ᠶᠢᠨ ᠠᠷᠭ᠎ᠠ ᠪᠣᠳᠣᠯᠭ᠎ᠠ ᠤᠬᠳᠤ | ᠪᠢᠰᠢ᠂ ᠨᠢᠭᠡᠨ ᠴᠠᠭ ᠤᠨ ᠪᠠ ᠨᠢᠭᠡ ᠶᠠᠪᠤᠳᠠᠯ ᠤᠨ ᠨᠥᠯᠥᠭᠡ ᠶᠢ ᠭᠦᠷᠳᠡᠭᠦ ᠦᠭᠡᠢ᠂ ᠭᠠᠳᠠᠭᠠᠳᠤ ᠬᠦᠴᠦᠨ ᠵᠦᠢᠯ ᠤᠨ | ᠬᠠᠷᠰᠢᠯᠠᠯ ᠤᠨ ᠨᠥᠯᠥᠭᠡ ᠶᠢ ᠭᠦᠷᠳᠡᠭᠦ ᠦᠭᠡᠢ ᠶᠤᠮ᠃ ᠣᠳᠣᠬᠠᠨ ᠤ ᠪᠠᠶᠢᠳᠠᠯ ᠳᠣᠣᠷ᠎ᠠ᠂ ᠤᠷᠤᠰ ᠳᠤᠮᠳᠠᠳᠤ ᠨᠢᠭᠲᠠ | ᠣᠯᠣᠯᠴᠠᠭ᠎ᠠ ᠪᠠᠨ ᠪᠠᠲᠤᠯᠠᠬᠤ ᠨᠢ ᠬᠤᠶᠠᠷ ᠤᠯᠤᠰ ᠤᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ | ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠵᠣᠷᠢᠭ ᠰᠠᠨᠠᠭ᠎ᠠ ᠲᠠᠢ ᠨᠡᠶᠢᠴᠡᠬᠦ ᠪᠥᠭᠡᠳ ᠤᠷᠤᠰ | ᠳᠤᠮᠳᠠᠳᠤ ᠶᠢᠨ ᠤᠯᠠᠨ ᠤᠯᠤᠰ ᠤᠨ ᠬᠡᠷᠡᠭ ᠶᠠᠪᠤᠳᠠᠯ ᠳᠤᠮᠳᠠ ᠲᠣᠭᠲᠠᠪᠤᠷᠢᠵᠢᠭᠤᠯᠬᠤ ᠦᠢᠯᠡᠳᠦᠯ ᠢᠶᠠᠨ ᠪᠠᠳᠠᠷᠠᠭᠤᠯᠬᠤ | ᠢᠳᠡᠪᠬᠢᠲᠡᠢ ᠳᠣᠬᠢᠶ᠎ᠠ ᠶᠢ ᠳᠠᠮᠵᠢᠭᠤᠯᠬᠤ ᠪᠣᠯᠣᠨ᠎ᠠ ᠭᠡᠵᠦ ᠢᠯᠡᠳᠬᠡᠪᠡ᠃ | ᠫᠦᠲ᠋ᠢᠨ ᠣᠷᠣᠰ ᠠᠮᠧᠷᠢᠺᠠ ᠶᠢᠨ ᠬᠠᠷᠢᠯᠴᠠᠭᠰᠠᠨ ᠬᠠᠮᠤᠭ ᠤᠨ ᠰᠢᠨ᠎ᠡ ᠪᠠᠶᠢᠳᠠᠯ ᠪᠣᠯᠣᠨ ᠦᠺᠷᠠᠶᠢᠨ ᠤ ᠬᠢᠮᠤᠷᠠᠯ ᠤᠨ | ᠠᠰᠠᠭᠤᠳᠠᠯ ᠳᠡᠭᠡᠷᠡᠬᠢ ᠣᠷᠣᠰ ᠤᠨ ᠵᠠᠷᠴᠢᠮ ᠪᠠ ᠵᠣᠭᠰᠣᠯᠲᠠ ᠶᠢ ᠲᠠᠨᠢᠯᠴᠠᠭᠤᠯᠵᠤ᠂ ᠣᠷᠣᠰ ᠤᠨ ᠬᠢᠨ ᠣᠷᠣᠰ | ᠦᠺᠷᠠᠶᠢᠨ ᠤ ᠮᠥᠷᠭᠦᠯᠳᠦᠭᠡᠨ ᠤ ᠦᠨᠳᠦᠰᠦ ᠰᠤᠷᠪᠤᠯᠵᠢ ᠶᠢ ᠠᠷᠢᠯᠭᠠᠬᠤ ᠪᠠᠷ ᠴᠢᠷᠮᠠᠶᠢᠵᠤ᠂ ᠦᠷᠭᠦᠯᠵᠢᠯᠡᠬᠦ ᠪᠥᠭᠡᠳ ᠤᠷᠳᠤ | ᠤᠳᠠᠭᠠᠨ ᠬᠤᠭᠤᠴᠠᠭᠠᠨ ᠤ ᠡᠩᠬᠡ ᠲᠠᠶᠢᠪᠤᠩ ᠤᠨ ᠲᠥᠰᠥᠯ ᠢ ᠲᠣᠭᠲᠠᠭᠠᠬᠤ ᠪᠠᠷ ᠴᠢᠷᠮᠠᠶᠢᠵᠤ ᠪᠠᠶᠢᠨ᠎ᠠ ᠭᠡᠵᠦ ᠢᠯᠡᠳᠬᠡᠪᠡ᠃ | ᠰᠢ ᠶᠢᠨ ᠫᠢᠩ᠂ ᠦᠺᠷᠠᠶᠢᠨ ᠤ ᠬᠢᠮᠤᠷᠠᠯ ᠪᠦᠭᠦ ᠲᠠᠯ᠎ᠠ ᠪᠠᠷ ᠳᠡᠰ ᠳᠡᠪᠰᠢᠭᠰᠡᠨ ᠡᠬᠢᠨ ᠤ ᠦᠶ᠎ᠡ ᠳᠤ ᠪᠢ ᠬᠢᠮᠤᠷᠠᠯ ᠢ | ᠰᠢᠢᠳᠪᠦᠷᠢᠯᠡᠬᠦ ︽ᠳᠥᠷᠪᠡᠨ ᠵᠣᠬᠢᠰᠲᠠᠢ︾ ᠵᠡᠷᠭᠡ ᠦᠨᠳᠦᠰᠦᠨ ᠵᠣᠷᠢᠯᠲᠠ ᠶᠢ ᠳᠤᠷᠠᠳᠤᠭᠰᠠᠨ ᠶᠤᠮ᠃ ᠨᠢᠳᠤᠨᠤᠨ ᠤ 9 | ᠰᠠᠷ᠎ᠠ ᠳᠤ ᠳᠤᠮᠳᠠᠳᠤ ᠤᠯᠤᠰ ᠪᠷᠠᠽᠢᠯ ᠲᠠᠢ ᠬᠠᠮᠲᠤ ᠪᠠᠷ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠨ ᠬᠡᠰᠡᠭ | ᠤᠯᠤᠰ ᠤᠳ ᠯᠤᠭ᠎ᠠ ᠬᠠᠮᠲᠤᠷᠠᠨ ᠦᠺᠷᠠᠶᠢᠨ ᠤ ᠬᠢᠮᠤᠷᠠᠯ ᠤᠨ ︽ᠨᠠᠶᠢᠷᠠᠮᠳᠠᠯ ᠤᠨ ᠨᠠᠶᠢᠵᠠ︾ ᠶᠢᠨ ᠳᠤᠭᠤᠶᠢᠯᠠᠩ ᠢ | ᠪᠠᠶᠢᠭᠤᠯᠵᠤ᠂ ᠬᠢᠮᠤᠷᠠᠯ ᠢ ᠤᠯᠤᠰ ᠲᠥᠷᠥ ᠪᠠᠷ ᠰᠢᠢᠳᠪᠦᠷᠢᠯᠡᠬᠦ ᠶᠢ ᠠᠬᠢᠭᠤᠯᠬᠤ ᠠᠭᠤᠷ ᠠᠮᠢᠰᠬᠤᠯ ᠢ ᠪᠤᠶ ᠪᠤᠯᠭᠠᠵᠤ | ᠨᠥᠬᠦᠴᠡᠯ ᠪᠦᠷᠢᠯᠳᠦᠭᠦᠯᠪᠡ᠃ ᠳᠤᠮᠳᠠᠳᠤ ᠤᠯᠤᠰ ᠤᠷᠤᠰ ᠵᠢᠴᠢ ᠬᠤᠯᠪᠣᠭᠳᠠᠯ ᠪᠦᠬᠦᠢ ᠡᠯ᠎ᠡ ᠲᠠᠯ᠎ᠠ ᠶᠢᠨ ᠬᠢᠨ ᠤ ᠬᠢᠮᠤᠷᠠᠯ ᠢ | ᠰᠢᠢᠳᠪᠦᠷᠢᠯᠡᠬᠦ ᠶᠢᠨ ᠲᠥᠯᠥᠭᠡ ᠢᠳᠡᠪᠬᠢᠲᠡᠢ ᠴᠢᠷᠮᠠᠶᠢᠯᠭ᠎ᠠ ᠭᠠᠷᠭᠠᠵᠤ ᠪᠠᠶᠢᠭ᠎ᠠ ᠶᠢ ᠦᠵᠡᠭᠡᠳ ᠪᠠᠶᠠᠷᠲᠠᠢ ᠪᠠᠶᠢᠨ᠎ᠠ ᠭᠡᠵᠦ | ᠴᠢᠬᠤᠯᠠᠴᠢᠯᠠᠪᠠ᠃ | ᠬᠤᠶᠠᠷ ᠲᠠᠯ᠎ᠠ ᠪᠠᠷ ᠢᠶᠠᠨ ᠦᠷᠭᠦᠯᠵᠢᠯᠡᠨ ᠡᠯ᠎ᠡ ᠵᠦᠢᠯ ᠤᠨ ᠠᠷᠭ᠎ᠠ ᠭᠡᠯᠪᠡᠷᠢ ᠪᠠᠷ ᠣᠯᠣᠯᠴᠠᠭ᠎ᠠ ᠵᠣᠬᠢᠴᠠᠭᠤᠯᠭ᠎ᠠ ᠪᠠᠨ | ᠪᠠᠲᠤᠯᠠᠬᠤ ᠶᠢ ᠵᠥᠪᠰᠢᠶᠡᠷᠡᠪᠡ᠃ |