2 ᠳ᠋ᠤᠭᠠᠷ ᠰᠠᠷ᠎ᠠ ᠶᠢᠨ 17 ᠤ ᠡᠳᠦᠷ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠰᠠᠭᠤᠳᠠᠯ ᠤᠨ ᠬᠤᠷᠠᠯ | ᠪᠡᠭᠡᠵᠢᠩ ᠳᠤ ᠶᠠᠪᠤᠭᠳᠠᠪᠠ᠃ ᠶᠡᠷᠦᠩᠬᠡᠢ ᠱᠦᠵᠢ ᠰᠢ ᠶᠢᠨ ᠫᠢᠩ ᠰᠠᠭᠤᠳᠠᠯ ᠤᠨ ᠬᠤᠷᠠᠯ ᠳᠤ ᠣᠷᠣᠯᠴᠠᠭᠰᠠᠨ ᠪᠥᠭᠡᠳ | ᠴᠢᠬᠤᠯᠠ ᠶᠠᠷᠢᠶ᠎ᠠ ᠲᠠᠯᠪᠢᠵᠤ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠠᠷᠠᠳ ᠠᠴᠠ ᠡᠵᠡᠩᠨᠡᠭᠰᠡᠨ | ᠠᠵᠤ ᠠᠬᠤᠢ ᠶᠢᠨ ᠡᠷᠡᠭᠦᠯ ᠬᠥᠭᠵᠢᠯᠲᠡ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠪᠦᠬᠦ ᠲᠠᠯ᠎ᠠ ᠪᠠᠷ | ᠪᠠᠶᠢᠷᠢᠯᠠᠭᠤᠯᠪᠠ᠃ | | ᠡᠨᠡ ᠪᠣᠯ ᠵᠢᠷᠭᠤᠭᠠᠨ ᠵᠢᠯ ᠭᠠᠷᠤᠢ ᠶᠢᠨ ᠲᠠᠷᠠᠭ᠎ᠠ᠂ ᠶᠡᠷᠦᠩᠬᠡᠢ ᠱᠦᠵᠢ ᠳᠠᠬᠢᠨᠲᠠ ᠠᠷᠠᠳ ᠠᠴᠠ ᠡᠵᠡᠩᠨᠡᠭᠰᠡᠨ | ᠠᠵᠤ ᠠᠬᠤᠶᠢᠯᠠᠯ ᠤᠨ ᠰᠠᠭᠤᠳᠠᠯ ᠤᠨ ᠬᠤᠷᠠᠯ ᠳᠤ ᠣᠷᠣᠯᠴᠠᠭᠰᠠᠨ ᠶᠠᠪᠤᠳᠠᠯ ᠪᠣᠯᠣᠨ᠎ᠠ᠃ 2018 ᠣᠨ ᠤ ᠨᠠᠮᠤᠷ ᠤᠨ | ᠰᠡᠭᠦᠯᠴᠢ ᠳᠠᠬᠢ ᠠᠷᠠᠳ ᠤᠨ ᠶᠡᠭᠡ ᠬᠤᠷᠠᠯ ᠤᠨ ᠲᠠᠩᠬᠢᠮ ᠳᠤ᠂ ᠶᠡᠷᠦᠩᠬᠡᠢ ᠱᠦᠵᠢ ᠰᠢ ᠶᠢᠨ ᠫᠢᠩ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠰᠠᠭᠤᠳᠠᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠠᠷᠠᠳ ᠠᠴᠠ ᠡᠵᠡᠩᠨᠡᠭᠰᠡᠨ | ᠠᠵᠤ ᠠᠬᠤᠶᠢᠯᠠᠯ ᠪᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠳ ᠪᠣᠯ ᠪᠢᠳᠡᠨ ᠤ ᠥᠪᠡᠷ ᠤᠨ ᠬᠥᠮᠥᠨ ᠪᠠᠶᠢᠬᠤ | ᠶᠣᠰᠣᠲᠠᠢ︾ ᠭᠡᠰᠡᠨ ᠰᠡᠳᠬᠢᠯ ᠢ ᠳᠤᠯᠠᠭᠠᠯᠠᠭᠰᠠᠨ ᠦᠭᠡ ᠨᠢ ᠤᠷᠢᠬᠠᠨ ᠰᠠᠯᠬᠢ ᠥᠭᠭᠢᠶᠡᠮᠦᠷ ᠬᠤᠷ᠎ᠠ ᠮᠡᠲᠦ ᠪᠢᠯᠡ᠃ ᠡᠨᠡ | ᠵᠢᠯ ᠶᠡᠷᠦᠩᠬᠡᠢ ᠱᠦᠵᠢ ᠰᠢ ᠶᠢᠨ ᠫᠢᠩ᠄ ︽ᠨᠠᠮ ᠪᠠ ᠤᠯᠤᠰ ᠨᠡᠶᠢᠭᠡᠮ ᠵᠢᠷᠤᠮ ᠤᠨ ᠦᠨᠳᠦᠰᠦᠨ ᠠᠵᠤ ᠠᠬᠤᠢ ᠶᠢᠨ | ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠨᠡᠶᠢᠲᠡ ᠶᠢᠨ ᠥᠮᠴᠢᠯᠡᠯᠲᠦ ᠠᠵᠤ ᠠᠬᠤᠢ ᠶᠢ ᠥᠴᠥᠬᠡᠨ ᠴᠦ ᠭᠤᠶᠢᠪᠢᠰᠢ | ᠦᠭᠡᠢ ᠪᠠᠷ ᠪᠠᠬᠢᠵᠢᠭᠦᠯᠦᠨ ᠬᠥᠭᠵᠢᠭᠦᠯᠵᠦ᠂ ᠨᠡᠶᠢᠲᠡ ᠶᠢᠨ ᠥᠮᠴᠢᠯᠡᠯᠲᠦ ᠪᠤᠰᠤ ᠠᠵᠤ ᠠᠬᠤᠢ ᠶᠢᠨ ᠬᠥᠭᠵᠢᠯᠲᠡ ᠶᠢ | ᠥᠴᠥᠬᠡᠨ ᠴᠦ ᠭᠤᠶᠢᠪᠢᠰᠢ ᠦᠭᠡᠢ ᠪᠠᠷ ᠵᠣᠷᠢᠭᠵᠢᠭᠤᠯᠤᠨ ᠲᠡᠮᠵᠢᠵᠤ᠂ ᠬᠥᠲᠥᠯᠥᠨ ᠵᠢᠯᠣᠭᠤᠳᠤᠨ᠎ᠠ︾ ᠭᠡᠵᠦ ᠳᠠᠬᠢᠨᠲᠠ | ᠴᠢᠬᠤᠯᠠᠴᠢᠯᠠᠪᠠ᠃ | ᠠᠷᠪᠠ ᠭᠠᠷᠤᠢ ᠵᠢᠯ ᠤᠨ ᠲᠤᠷᠰᠢ᠂ ᠵᠡᠭᠦᠨ ᠡᠮᠦᠨᠡᠲᠦ ᠶᠢᠨ ᠲᠠᠯᠠᠢ ᠳᠠᠭᠠᠤ ᠣᠷᠣᠨ ᠠᠴᠠ ᠪᠠᠷᠠᠭᠤᠨ ᠬᠤᠶᠢᠲᠤ ᠶᠢᠨ | ᠬᠢᠯᠢ ᠬᠢᠵᠠᠭᠠᠷ ᠬᠦᠷᠲᠡᠯ᠎ᠡ᠂ ᠤᠯᠠᠮᠵᠢᠯᠠᠯᠲᠤ ᠦᠢᠯᠡᠳᠬᠡᠯ ᠠᠴᠠ ᠳ᠋ᠢᠭᠢᠲ ᠤᠷᠤᠰᠬᠠᠯ ᠬᠦᠷᠲᠡᠯ᠎ᠡ᠂ ︽ᠬᠠᠮᠤᠭ | ᠤᠯᠠᠨ ᠳᠤ ᠪᠠᠨ ᠨᠢᠭᠡ ᠯᠡ ᠤᠳᠠᠭ᠎ᠠ ᠭᠦᠶᠦᠬᠦ︾ ᠥᠭᠡᠷᠡᠴᠢᠯᠡᠯᠲᠡ ᠠᠴᠠ ︽ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ | ᠳᠡᠯᠭᠡᠭᠦᠷ︾ ᠤᠨ ᠪᠦᠲᠦᠭᠡᠨ ᠪᠠᠶᠢᠭᠤᠯᠤᠯᠲᠠ ᠬᠦᠷᠲᠡᠯ᠎ᠡ᠂ ᠶᠡᠷᠦᠩᠬᠡᠢ ᠱᠦᠵᠢ ᠶᠢᠨ ᠰᠢᠨᠵᠢᠯᠡᠨ ᠪᠠᠶᠢᠴᠠᠭᠠᠭᠰᠠᠨ ᠤᠯᠠ | ᠮᠥᠷ ᠤᠳ ᠠᠷᠠᠳ ᠠᠴᠠ ᠡᠵᠡᠩᠨᠡᠭᠰᠡᠨ ᠠᠵᠤ ᠠᠬᠤᠢ ᠶᠢᠨ ︽ᠢᠲᠡᠭᠡᠯ ᠵᠣᠷᠢᠭ ᠢ ᠬᠥᠪᠴᠢᠯᠡᠭᠰᠡᠨ ᠭᠠᠵᠠᠷ ᠤᠨ ᠵᠢᠷᠤᠭ︾ | ᠪᠣᠯᠵᠤ ᠬᠤᠯᠪᠣᠯᠳᠤᠭᠰᠠᠨ ᠪᠠᠶᠢᠨ᠎ᠠ᠃ 2023 ᠣᠨ ᠤ 4 ᠳ᠋ᠦ᠋ᠭᠡᠷ ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ | ᠬᠤᠷᠢᠳᠤᠭᠠᠷ ᠬᠤᠭᠤᠴᠠᠭᠠᠨ ᠤ ᠲᠥᠪ ᠤᠨ ᠥᠭᠡᠷᠡᠴᠢᠯᠡᠯᠲᠡ ᠶᠢᠨ ᠵᠥᠪᠯᠡᠯ ᠤᠨ ᠠᠩᠬᠠᠳᠤᠭᠠᠷ ᠤᠳᠠᠭ᠎ᠠ ᠶᠢᠨ | ᠬᠤᠷᠠᠯᠳᠤᠭᠠᠨ ᠢ ᠡᠷᠬᠢᠯᠡᠨ ᠬᠤᠷᠠᠯᠳᠤᠭᠤᠯᠵᠤ᠂ ︽ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠨ | ᠪᠤᠵᠠᠭᠠᠶᠢᠷᠠᠬᠤ ᠶᠢ ᠠᠬᠢᠭᠤᠯᠬᠤ ᠲᠤᠬᠠᠢ ᠰᠠᠨᠠᠯ︾ ᠢ ᠬᠢᠨᠠᠨ ᠵᠥᠪᠯᠡᠵᠦ ᠪᠠᠲᠤᠯᠠᠭᠠᠳ᠂ ᠮᠠᠨ ᠤ ᠤᠯᠤᠰ ᠤᠨ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠴᠢᠬᠤᠯᠠ ᠵᠢᠷᠤᠮᠯᠠᠯ ᠬᠠᠩᠭᠠᠵᠠᠢ᠃ | ᠥᠨᠥᠳᠥᠷ᠂ ᠳᠤᠮᠳᠠᠳᠤ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡ ᠨᠢ ᠪᠦᠬᠦ ᠪᠥᠮᠪᠥᠷᠴᠡᠭ ᠤᠨ | ᠤᠷᠤᠯᠳᠤᠭᠠᠨ ᠤ ᠵᠠᠮ ᠤᠳ ᠢᠶᠠᠷ ᠴᠢᠯᠦᠭᠡᠲᠡᠢ ᠳᠠᠪᠬᠢᠯᠳᠤᠵᠤ᠂ ᠴᠡᠨᠡᠭ ᠤᠨ ᠬᠤᠪᠢᠰᠬᠠᠯ ᠢᠶᠠᠷ ᠳᠡᠯᠡᠬᠡᠢ ᠶᠢᠨ ᠮᠠᠰᠢᠨ | ᠲᠡᠷᠭᠡᠨ ᠤ ᠭᠠᠵᠠᠷ ᠤᠨ ᠵᠢᠷᠤᠭ ᠢ ᠥᠭᠡᠷᠡᠴᠢᠯᠡᠨ ᠪᠢᠴᠢᠵᠦ ᠪᠠᠶᠢᠨ᠎ᠠ︔ ᠰᠢᠨ᠎ᠡ ᠨᠢᠭᠡ ᠦᠶ᠎ᠡ ᠶᠢᠨ ᠬᠢᠮᠡᠯ ᠭᠠᠷ ᠨᠢ | ᠳᠤᠯᠠᠭᠠᠴᠠ᠂ ᠳᠠᠷᠤᠯᠲᠠ ᠶᠢ ᠮᠡᠳᠡᠷᠡᠬᠦ ᠴᠢᠳᠠᠪᠤᠷᠢ ᠶᠢ ᠪᠦᠷᠢᠳᠦᠭᠦᠯᠵᠦ᠂ ᠡᠨᠡ ᠵᠢᠯ ᠶᠡᠭᠡ ᠬᠡᠪᠴᠢᠶᠡᠨ ᠤ ᠬᠡᠮᠵᠢᠶᠡᠯᠡᠨ | ᠦᠢᠯᠡᠳᠪᠦᠷᠢᠯᠡᠬᠦ ᠶᠢ ᠤᠭᠲᠤᠬᠤ ᠪᠣᠯᠣᠨ᠎ᠠ︔ DeepSeek ᠵᠡᠷᠭᠡ ᠤᠯᠤᠰ ᠤᠨ ᠳᠣᠲᠣᠭᠠᠳᠤ ᠳᠤ ᠦᠢᠯᠡᠳᠪᠦᠷᠢᠯᠡᠭᠰᠡᠨ | ᠲᠣᠮᠣ ᠵᠠᠭᠪᠤᠷ ᠨᠢ ᠣᠳᠣᠬᠠᠨ ᠳᠤ ᠶᠠᠭ ᠮᠥᠩᠭᠦᠨ ᠭᠦᠢᠯᠭᠡᠭᠡ᠂ ᠡᠮ ᠡᠮᠨᠡᠯᠭᠡ᠂ ᠰᠤᠷᠭᠠᠨ ᠬᠥᠮᠦᠵᠢᠯ ᠵᠡᠷᠭᠡ ᠬᠦᠷᠢᠶᠡᠨ ᠳᠤ | ᠣᠶᠤᠨᠴᠢᠯᠠᠭᠰᠠᠨ ᠬᠡᠯᠪᠡᠷᠢ ᠬᠤᠪᠢᠷᠠᠭᠤᠯᠬᠤ ᠶᠢ ᠠᠬᠢᠭᠤᠯᠵᠤ᠂ ᠳᠤᠮᠳᠠᠳᠤ ᠤᠯᠤᠰ ᠤᠨ ᠺᠣᠳ᠋ ᠢᠶᠠᠷ ᠵᠣᠬᠢᠶᠠᠮᠠᠯ ᠣᠶᠣᠨ ᠤ | ᠮᠡᠷᠭᠡᠵᠢᠯ ᠤᠨ ᠰᠢᠨ᠎ᠡ ᠡᠭᠦᠳᠦᠯᠲᠡ ᠶᠢ ᠬᠥᠲᠥᠯᠥᠨ ᠳᠠᠭᠠᠭᠤᠯᠵᠤ ᠪᠤᠢ ᠁ 5500 ᠭᠠᠷᠤᠢ ᠲᠦᠮᠡᠨ ᠡᠷᠦᠬᠡ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠳ ᠨᠢ ᠭᠠᠶᠢᠯᠢ ᠲᠠᠲᠠᠪᠤᠷᠢ ᠶᠢᠨ 50%᠂ GDP ᠤᠨ 60%᠂ | ᠮᠡᠷᠭᠡᠵᠢᠯ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠤᠨ 70%᠂ ᠠᠵᠢᠯ ᠤᠨ ᠪᠠᠶᠢᠷᠢ ᠶᠢᠨ 80%᠂ ᠠᠵᠤ | ᠠᠬᠤᠶᠢᠯᠠᠯ ᠤᠨ ᠲᠣᠭᠠᠨ ᠤ 90% ᠢᠯᠡᠭᠦᠦ ᠶᠢ ᠬᠠᠨᠳᠢᠪᠯᠠᠭᠰᠠᠨ ᠲᠡᠳᠦᠢ ᠦᠭᠡᠢ᠂ ︽56789︾ ᠶᠢᠨ ᠠᠤᠭ᠎ᠠ ᠶᠡᠭᠡ | ᠬᠦᠦᠷᠨᠢᠯ ᠳᠤᠮᠳᠠ ᠰᠢᠨ᠎ᠡ ᠡᠭᠦᠳᠦᠯᠲᠡ ᠶᠢᠨ ᠣᠭᠲᠠᠷᠭᠤᠢ ᠶᠢ ᠭᠡᠶᠢᠭᠦᠯᠵᠡᠢ᠃ | ︽ᠤᠯᠤᠰ ᠲᠤ ᠪᠠᠨ ᠵᠢᠳᠬᠦᠬᠦ ᠵᠣᠷᠢᠭ ᠲᠠᠢ ᠪᠠᠶᠢᠬᠤ︾ ᠠᠴᠠ ᠠᠪᠤᠭᠠᠳ ︽ᠬᠠᠮᠲᠤ ᠪᠠᠷ ᠪᠠᠶᠠᠵᠢᠬᠤ ᠵᠠᠮ︾ ᠢ ᠡᠯᠭᠦᠬᠦ | ᠬᠦᠷᠲᠡᠯ᠎ᠡ᠂ ︽ᠮᠣᠬᠤᠰᠢ ᠦᠭᠡᠢ ᠰᠡᠳᠬᠢᠯ ᠢᠶᠠᠷ ᠮᠥᠩᠬᠡ ᠶᠢᠨ ᠦᠢᠯᠡᠰ ᠪᠣᠰᠬᠠᠬᠤ︾ ᠭᠡᠰᠡᠨ ᠴᠢᠷᠮᠠᠶᠢᠯᠭ᠎ᠠ ᠠᠴᠠ ᠠᠪᠤᠭᠠᠳ | ︽ᠤᠷᠢᠳ ᠢᠶᠠᠷ ᠪᠠᠶᠠᠵᠢᠭᠰᠠᠨ ᠨᠢ ᠬᠠᠮᠲᠤ ᠪᠠᠷ ᠪᠠᠶᠠᠵᠢᠬᠤ ᠶᠢ ᠠᠬᠢᠭᠤᠯᠬᠤ︾ ᠵᠠᠮ ᠳᠤ ᠣᠷᠣᠭᠤᠯᠬᠤ ᠬᠦᠷᠲᠡᠯ᠎ᠡ᠂ ᠰᠢᠨ᠎ᠡ | ᠴᠠᠭ ᠦᠶ᠎ᠡ ᠶᠢᠨ ᠠᠵᠤ ᠠᠬᠤᠶᠢᠯᠠᠯᠲᠠᠳ ᠤᠨ ᠵᠣᠷᠢᠭ ᠰᠠᠨᠠᠭ᠎ᠠ ᠨᠢ ᠶᠠᠭ ᠥᠭᠡᠳᠡᠯᠡᠨ ᠮᠠᠨᠳᠤᠬᠤ ᠲᠡᠶᠢᠰᠢ ᠬᠥᠭᠵᠢᠵᠦ᠂ | ᠠᠷᠠᠳ ᠠᠴᠠ ᠡᠵᠡᠩᠨᠡᠭᠰᠡᠨ ᠠᠵᠤ ᠠᠬᠤᠢ ᠨᠢ ᠶᠠᠭ ᠶᠡᠷᠦᠩᠬᠡᠢ ᠱᠦᠵᠢ ᠶᠢᠨ ᠵᠢᠷᠤᠭᠯᠠᠭᠰᠠᠨ ᠪᠣᠷᠣ ᠵᠢᠷᠤᠭ ᠰᠢᠭ᠋ ᠢᠶᠠᠷ ᠨᠡᠩ | ᠥᠷᠭᠡᠨ ᠠᠭᠤᠳᠠᠮ ᠤᠳᠤᠨ ᠳᠠᠯᠠᠢ ᠵᠦᠭ ᠤᠷᠤᠭᠰᠢᠯᠠᠨ ᠳᠠᠪᠰᠢᠵᠤ ᠪᠠᠶᠢᠨ᠎ᠠ᠃ |