ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠡᠶᠡᠯᠡᠭᠦᠯᠬᠦ ᠳᠤ ᠡᠷᠬᠡᠪᠰᠢ ᠬᠥᠳᠡᠭᠡ ᠲᠣᠰᠬᠤᠨ ᠢ | ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠲᠦᠷᠭᠡᠳᠭᠡᠨ ᠠᠬᠢᠭᠤᠯᠬᠤ ᠬᠡᠷᠡᠭᠲᠡᠢ᠃ ᠣᠳᠣᠬᠠᠨ ᠳᠤ᠂ ᠬᠦᠳᠡᠭᠡ | ᠠᠵᠤ ᠠᠬᠤᠢ ᠳᠠᠬᠢᠨᠲᠠ ᠡᠯᠪᠡᠭ ᠬᠤᠷᠢᠶᠠᠯᠲᠠ ᠣᠯᠵᠤ᠂ ᠬᠥᠳᠡᠭᠡ ᠲᠣᠰᠬᠤᠨ ᠡᠶ᠎ᠡ ᠵᠤᠬᠢᠴᠠᠩᠭᠤᠢ ᠲᠣᠭᠲᠠᠭᠤᠨ | ᠪᠠᠶᠢᠬᠤ ᠶᠢᠨ ᠵᠡᠷᠭᠡ ᠳᠤ ᠤᠯᠠᠨ ᠤᠯᠤᠰ ᠤᠨ ᠣᠷᠴᠢᠨ ᠳᠤᠭᠤᠷᠢᠨ ᠲᠦᠪᠡᠭ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ | ᠪᠠᠶᠢᠵᠤ᠂ ᠮᠠᠨ ᠤ ᠤᠯᠤᠰ ᠤᠨ ᠬᠥᠭᠵᠢᠯᠲᠡ ᠳᠤ ᠲᠤᠯᠭᠠᠷᠠᠬᠤ ᠲᠣᠭᠲᠠᠭᠠᠯᠲᠤ ᠪᠤᠰᠤ ᠪᠠ ᠲᠥᠰᠦᠭᠡᠯᠡᠬᠦᠶ᠎ᠡ ᠪᠡᠷᠬᠡ ᠬᠦᠴᠦᠨ | ᠵᠦᠢᠯ ᠨᠡᠮᠡᠭᠳᠡᠵᠦ ᠪᠠᠶᠢᠨ᠎ᠠ᠃ ᠠᠶᠤᠯ ᠲᠦᠭᠰᠢᠭᠦᠷᠢ ᠥᠷᠢᠰᠥᠯᠳᠦᠭᠡᠨ ᠢ ᠠᠷᠭᠠᠴᠠᠭᠠᠬᠤ ᠲᠤᠳᠤᠮ ︽ᠬᠥᠳᠡᠭᠡ ᠠᠵᠤ ᠠᠬᠤᠢ | ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠰᠠᠭᠤᠷᠢ ᠶᠢ ᠤᠯᠠᠮ ᠪᠠᠬᠢᠵᠢᠭᠦᠯᠬᠦ ᠬᠡᠷᠡᠭᠲᠡᠢ᠃ 2025 ᠣᠨ ᠵᠢᠴᠢ | ᠬᠤᠶᠢᠰᠢᠳᠠ ᠶᠢᠨ ᠨᠢᠭᠡ ᠬᠤᠭᠤᠴᠠᠭᠠᠨ ᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ | ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ | ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ︽ | ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠤᠨ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠥᠳᠡᠭᠡ ᠠᠵᠤ | ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ | ᠴᠢᠩᠭᠠᠳᠬᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠦᠪ ᠣᠨᠣᠪᠴᠢᠲᠠᠶ ᠪᠦᠬᠦ ᠲᠠᠯ᠎ᠠ ᠪᠠᠷ | ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ | ᠪᠠᠷᠢᠮᠲᠠᠯᠠᠵᠤ᠂ ᠬᠦᠳᠡᠭᠡ ᠠᠵᠤ ᠠᠬᠤᠢ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠬᠤᠲᠠ | ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ | ᠪᠠᠷᠢᠮᠳᠠᠯᠠᠵᠤ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠬᠦᠳᠡᠭᠡ ᠠᠵᠤ ᠠᠬᠤᠢ ᠶᠢᠨ | ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠠᠷᠠᠯᠲᠠ ᠶᠢ ᠵᠤᠷᠢᠨ᠂ ᠥᠭᠡᠷᠡᠴᠢᠯᠡᠯᠲᠡ ᠨᠡᠭᠡᠭᠡᠯᠲᠡ ᠪᠠ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ ᠬᠥᠳᠡᠭᠡ ᠲᠣᠰᠬᠤᠨ ᠤ | ᠦᠨᠳᠦᠰᠦᠨ ᠡᠵᠡᠩᠨᠡᠯᠲᠡ ᠶᠢᠨ ᠳᠦᠷᠢᠮ ᠢ ᠪᠠᠬᠢᠵᠢᠭᠦᠯᠦᠨ ᠲᠡᠭᠦᠯᠳᠡᠷᠵᠢᠭᠦᠯᠵᠦ᠂ ︽ᠮᠢᠩᠭᠠᠨ ᠲᠤᠰᠬᠤᠨ ᠢᠶᠠᠷ ᠵᠢᠱᠢᠶ᠎ᠡ | ᠦᠵᠡᠭᠦᠯᠵᠦ ᠲᠦᠮᠡᠨ ᠲᠤᠰᠬᠤᠨ ᠢ ᠵᠠᠰᠠᠬᠤ ᠢᠨᠵᠧᠨᠧᠷᠢᠩ︾ ᠤᠨ ᠲᠤᠷᠰᠢᠯᠭ᠎ᠠ ᠶᠢ ᠭᠦᠨᠵᠡᠭᠡᠶ ᠰᠤᠷᠤᠯᠴᠠᠨ ᠬᠡᠷᠡᠭᠯᠡᠵᠦ᠂ | ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠵᠤ᠂ ᠬᠡᠪᠴᠢᠶᠡᠵᠢᠯ ᠤᠨ ᠴᠢᠨᠠᠷᠲᠠᠶ ᠳᠠᠬᠢᠨ | ᠶᠠᠳᠠᠭᠤᠷᠠᠬᠤ ᠪᠤᠶᠤ ᠶᠠᠳᠠᠭᠤᠷᠠᠬᠤ ᠪᠠᠶᠢᠳᠠᠯ ᠭᠠᠷᠬᠤ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠬᠥᠳᠡᠭᠡ ᠲᠣᠰᠬᠤᠨ ᠤ | ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠦᠪᠰᠢᠨ᠂ ᠬᠥᠳᠡᠭᠡ | ᠲᠣᠰᠬᠤᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠲᠠᠷᠢᠶᠠᠯᠠᠩ ᠤᠨ ᠦᠷ᠎ᠡ | ᠠᠰᠢᠭ ᠢ ᠨᠡᠮᠡᠭᠳᠡᠭᠦᠯᠬᠦ᠂ ᠬᠥᠳᠡᠭᠡ ᠲᠣᠰᠬᠤᠨ ᠤ ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ ᠲᠠᠷᠢᠶᠠᠴᠢᠨ ᠤ ᠣᠷᠣᠯᠭ᠎ᠠ ᠶᠢ | ᠨᠡᠮᠡᠭᠳᠡᠬᠦᠯᠬᠦ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠰᠠᠭᠤᠷᠢ | ᠲᠤᠯᠭᠠᠭᠤᠷᠢᠯᠠᠯ ᠬᠠᠩᠭᠠᠬᠤ ᠬᠡᠷᠡᠭᠲᠡᠶ᠃ | ᠨᠢᠭᠡ᠂ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ | ᠴᠢᠳᠠᠪᠤᠷᠢ ᠶᠢ ᠦᠷᠭᠦᠯᠵᠢᠯᠡᠨ ᠨᠡᠮᠡᠭᠳᠡᠭᠦᠯᠦᠨ᠎ᠡ | ︵ᠨᠢᠭᠡ︶ ᠠᠮᠤ ᠪᠤᠳᠠᠭ᠎ᠠ ᠲᠣᠰᠣᠨ ᠤ ᠲᠠᠷᠢᠮᠠᠯ ᠤᠨ ᠶᠡᠭᠡ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ | ᠠᠵᠢᠯᠯᠠᠭ᠎ᠠ ᠶᠢ ᠭᠦᠨᠵᠡᠭᠡᠢ ᠠᠬᠢᠭᠤᠯᠤᠨ᠎ᠠ᠃ ᠠᠮᠤ ᠪᠤᠳᠠᠭ᠎ᠠ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠵᠤ᠂ ᠲᠠᠯᠠᠪᠠᠢ | ᠨᠢᠭᠡᠴᠢ ᠶᠢᠨ ᠤᠨᠠᠯᠲᠠ ᠪᠣᠯᠤᠨ ᠶᠠᠰᠤ ᠴᠢᠨᠠᠷ ᠢ ᠭᠤᠤᠯᠯᠠᠨ ᠳᠡᠭᠡᠭᠰᠢᠯᠡᠭᠦᠯᠵᠦ᠂ ᠠᠮᠤ ᠪᠤᠳᠠᠭᠠᠨ ᠤ ᠲᠣᠭᠲᠠᠭᠤᠨ ᠤᠨᠠᠯᠲᠠ | ᠡᠯᠪᠡᠭ ᠬᠤᠷᠢᠶᠠᠯᠲᠠ ᠶᠢ ᠪᠠᠲᠤᠯᠠᠨ᠎ᠠ᠃ ᠠᠮᠤ ᠪᠤᠳᠠᠭᠠᠨ ᠤ ᠲᠠᠯᠠᠪᠠᠢ ᠨᠢᠭᠡᠴᠢ ᠶᠢᠨ ᠤᠨᠠᠯᠳᠠ ᠶᠢ ᠳᠡᠭᠡᠭᠰᠢᠯᠡᠭᠦᠯᠬᠦ | ᠢᠨᠵᠧᠨᠧᠷᠢᠩ ᠢ ᠬᠡᠷᠡᠭᠵᠢᠭᠦᠯᠬᠦ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠭᠡᠵᠦ᠂ ᠥᠨᠳᠥᠷ ᠤᠨᠠᠯᠲᠠ ᠥᠨᠳᠥᠷ ᠦᠷ᠎ᠡ | ᠠᠰᠢᠭᠲᠤ ᠵᠠᠭᠪᠤᠷ ᠢ ᠲᠥᠪᠯᠡᠷᠡᠭᠦᠯᠦᠨ ᠳᠡᠯᠭᠡᠷᠡᠭᠦᠯᠬᠦ ᠡᠷᠴᠢᠮ ᠢ ᠴᠢᠩᠭᠠᠷᠠᠭᠤᠯᠤᠨ᠂ ᠤᠰᠤ ᠪᠣᠷᠳᠣᠭᠤᠷ ᠢ ᠨᠢᠭᠡ | ᠴᠣᠭᠴᠠᠵᠢᠭᠤᠯᠬᠤ ᠶᠢ ᠠᠬᠢᠭᠤᠯᠵᠤ᠂ ᠶᠡᠭᠡ ᠲᠠᠯᠠᠪᠠᠢ ᠪᠠᠷ ᠤᠨᠠᠯᠲᠠ ᠨᠡᠮᠡᠭᠳᠡᠭᠦᠯᠬᠦ ᠶᠢ ᠠᠬᠢᠭᠤᠯᠤᠨ᠎ᠠ᠃ ᠰᠢᠨ᠎ᠡ ᠨᠢᠭᠡ | ᠡᠭᠡᠯᠵᠢ ᠶᠢᠨ ᠮᠢᠩᠭᠠᠨ ᠳ᠋ᠦᠩᠰᠢᠭᠤᠷ ᠵᠢᠩ ᠠᠮᠤ ᠪᠤᠳᠠᠭᠠᠨ ᠤ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠡᠭᠦᠷᠭᠡ ᠶᠢ | ᠬᠦᠴᠦᠯᠡᠨ ᠨᠠᠶᠢᠳᠠᠪᠤᠷᠢᠵᠢᠭᠤᠯᠤᠨ᠎ᠠ᠃ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠳᠤᠨᠢ ᠬᠡᠷᠡᠭᠯᠡᠨ ᠰᠢᠷ᠎ᠠ ᠪᠤᠷᠴᠠᠭ ᠢ | ᠥᠷᠭᠡᠳᠭᠡᠨ ᠲᠠᠷᠢᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠰᠢᠯᠢᠮᠳᠡᠭ᠂ ᠯᠣᠬᠠᠱᠧᠩ ᠢ ᠥᠷᠭᠡᠳᠭᠡᠨ ᠲᠠᠷᠢᠬᠤ ᠳᠠᠯᠳᠠ | ᠬᠦᠴᠦᠨ ᠢ ᠠᠭᠤᠳᠠᠯᠤᠨ᠂ ᠲᠣᠰᠣᠨ ᠴᠠᠢ ᠵᠡᠷᠭᠡ ᠮᠣᠳᠣᠯᠢᠭ ᠲᠣᠰᠣᠨ ᠤ ᠮᠠᠲ᠋ᠧᠷᠢᠶᠠᠯ ᠢ ᠬᠥᠭᠵᠢᠭᠦᠯᠬᠦ ᠶᠢ ᠳᠠᠮᠵᠢᠨ᠎ᠠ᠃ | ᠬᠥᠪᠥᠩ᠂ ᠰᠢᠬᠢᠷᠯᠢᠭ ᠮᠠᠲ᠋ᠧᠷᠢᠶᠠᠯ᠂ ᠪᠠᠶᠢᠭᠠᠯᠢᠯᠢᠭ ᠭᠤᠮ ᠵᠡᠷᠭᠡ ᠶᠢᠨ ᠲᠣᠭᠲᠠᠭᠤᠨ ᠭᠠᠷᠤᠯᠲᠠ ᠪᠠ ᠶᠠᠰᠤ ᠴᠢᠨᠠᠷ ᠢ | ᠳᠡᠭᠡᠭᠰᠢᠯᠡᠭᠦᠯᠬᠦ ᠶᠢ ᠠᠬᠢᠭᠤᠯᠤᠨ᠎ᠠ᠃ | ︵ᠬᠤᠶᠠᠷ︶ ᠮᠠᠯ ᠠᠵᠤ ᠠᠬᠤᠶ ᠶᠢᠨ ᠲᠣᠭᠲᠠᠭᠤᠨ ᠢᠶᠠᠷ ᠬᠥᠭᠵᠢᠬᠦ ᠶᠢ ᠲᠡᠳᠬᠦᠨ᠎ᠡ᠃ ᠭᠠᠭ᠋ᠠᠢ ᠲᠡᠵᠢᠭᠡᠬᠦ | ᠦᠢᠯᠡᠳᠪᠦᠷᠢᠯᠡᠯ ᠤᠨ ᠴᠢᠳᠠᠪᠤᠷᠢ ᠶᠢ ᠬᠢᠨᠠᠨ ᠬᠡᠮᠵᠢᠬᠦ ᠪᠠ ᠲᠤᠬᠢᠷᠠᠭᠤᠯᠤᠨ ᠡᠵᠡᠮᠳᠡᠬᠦ ᠠᠵᠢᠯ ᠢ ᠰᠠᠶᠢᠲᠤᠷ ᠬᠢᠵᠦ᠂ | ᠲᠣᠭᠲᠠᠭᠤᠨ ᠬᠥᠭᠵᠢᠯᠲᠡ ᠶᠢ ᠠᠬᠢᠭᠤᠯᠤᠨ᠎ᠠ᠃ ᠠᠯᠠᠰᠢᠨ ᠦᠬᠡᠷ᠂ ᠰᠠᠭᠠᠯᠢ ᠶᠢᠨ ᠦᠨᠢᠶᠡᠨ ᠤ ᠠᠵᠤ ᠦᠢᠯᠡᠰ ᠤᠨ | ᠬᠦᠴᠢᠷᠳᠡᠯ ᠠᠴᠠ ᠮᠤᠯᠳᠤᠷᠠᠬᠤ ᠶᠢ ᠠᠬᠢᠭᠤᠯᠵᠤ᠂ ᠰᠠᠭᠤᠷᠢ ᠦᠢᠯᠡᠳᠪᠦᠷᠢᠯᠡᠬᠦ ᠴᠢᠳᠠᠪᠤᠷᠢ ᠶᠢ ᠲᠣᠭᠲᠠᠪᠤᠷᠢᠵᠢᠭᠤᠯᠤᠨ᠎ᠠ᠃ | ᠪᠠᠺᠲ᠋ᠧᠷᠢ ᠤᠰᠠᠳᠬᠠᠭᠰᠠᠨ ᠰᠦ ᠶᠢᠨ ᠤᠯᠤᠰ ᠤᠨ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ ᠬᠡᠷ ᠪᠦᠯᠢ ᠶᠢᠨ ᠲᠠᠷᠢᠶᠠᠯᠠᠩ ᠤᠨ | ᠲᠠᠯᠠᠪᠠᠶ ᠪᠠ ᠲᠠᠷᠢᠶᠠᠴᠢᠳ ᠤᠨ ᠬᠤᠷᠰᠢᠶ᠎ᠠ ᠪᠠᠷ ᠭᠤᠤᠯ ᠴᠣᠭᠴᠠ ᠪᠣᠯᠭᠠᠭᠰᠠᠨ ᠰᠦ ᠶᠢᠨ ᠦᠢᠯᠡᠰ ᠤᠨ ᠲᠡᠵᠢᠭᠡᠨ | ᠦᠷᠡᠵᠢᠭᠦᠯᠬᠦ ᠡᠳ᠋ᠰᠢᠭᠦᠯᠬᠦ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠳᠡᠮᠵᠢᠨ᠎ᠡ᠃ ᠭᠠᠭ᠋ᠠᠶ ᠨᠢᠲᠤᠯᠬᠤ ᠳᠤ ᠬᠢᠵᠢᠭ | ᠪᠠᠶᠢᠴᠠᠭᠠᠬᠤ ᠶᠢᠨ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠶᠢ ᠴᠢᠩᠳᠠᠯᠠᠵᠤ᠂ ᠠᠮᠢᠲᠠᠨ ᠤ ᠬᠦᠨᠳᠦ ᠶᠡᠭᠡ ᠬᠢᠵᠢᠭ | ᠡᠪᠡᠳᠴᠢᠨ ᠪᠣᠯᠤᠨ ᠬᠥᠮᠦᠨ ᠮᠠᠯ ᠳᠤ ᠴᠥᠮ ᠲᠤᠰᠳᠠᠭ ᠡᠪᠡᠳᠴᠢᠨ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠎ᠠ᠃ ᠡᠪᠡᠰᠦ | ᠪᠣᠷᠳᠤᠭ᠎ᠠ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠪᠡᠯᠴᠢᠭᠡᠷ ᠤᠨ ᠮᠠᠯ ᠠᠵᠤ ᠠᠬᠤᠶ ᠶᠢᠨ ᠬᠡᠯᠪᠡᠷᠢ ᠪᠠᠨ | ᠬᠤᠪᠢᠷᠠᠭᠤᠯᠤᠨ ᠲᠠᠰ ᠳᠡᠪᠰᠢᠬᠦᠯᠬᠦ ᠶᠢ ᠲᠦᠷᠭᠡᠳᠭᠡᠨ᠎ᠡ᠃ | ︵ᠭᠤᠷᠪᠠ︶ ᠲᠠᠷᠢᠶᠠᠨ ᠭᠠᠵᠠᠷ ᠢ ᠬᠠᠮᠠᠭᠠᠯᠠᠬᠤ ᠪᠠ ᠶᠠᠰᠤ ᠴᠢᠨᠠᠷ ᠢ ᠳᠡᠭᠡᠭᠰᠢᠯᠡᠭᠦᠯᠬᠦ ᠶᠢ ᠴᠢᠩᠭᠠᠳᠬᠠᠨ᠎ᠠ᠃ ᠲᠠᠷᠢᠶᠠᠨ | ᠭᠠᠵᠠᠷ ᠤᠨ ᠶᠡᠷᠦᠩᠬᠡᠶ ᠬᠡᠮᠵᠢᠶ᠎ᠡ ᠶᠢ ᠬᠠᠮᠢᠶᠠᠷᠤᠨ ᠡᠵᠡᠮᠳᠡᠬᠦ ᠪᠠ ︽ᠨᠥᠬᠦᠪᠥᠷᠢᠯᠡᠬᠦ ᠪᠠᠷ ᠡᠵᠡᠯᠡᠬᠦ ᠶᠢ ᠲᠤᠬᠳᠠᠭᠠᠬᠤ︾ ᠶᠢ | ᠴᠢᠩᠳᠠᠯᠠᠵᠤ᠂ ᠡᠯ᠎ᠡ ᠲᠥᠷᠥᠯ ᠤᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠶᠢ ᠡᠵᠡᠯᠡᠬᠦ ᠪᠠ ᠨᠥᠬᠦᠪᠥᠷᠢᠯᠡᠬᠦ ᠶᠢ | ᠲᠡᠩᠴᠡᠭᠦᠷᠢᠲᠡᠶ ᠪᠠᠶᠢᠯᠭᠠᠬᠤ ᠨᠢᠭᠡᠳᠦᠯᠲᠡᠶ ᠬᠠᠮᠢᠶᠠᠷᠤᠯᠲᠠ ᠳᠤ ᠣᠷᠣᠭᠤᠯᠵᠤ᠂ ᠮᠤᠵᠢ ᠶᠢᠨ ᠬᠡᠪᠴᠢᠶᠡᠨ ᠳᠠᠬᠢ ᠣᠨ ᠤ | ᠲᠠᠷᠢᠶᠠᠨ ᠭᠠᠵᠠᠷ ᠤᠨ ᠶᠡᠷᠦᠩᠬᠡᠶ ᠬᠡᠮᠵᠢᠶ᠎ᠡ ᠶᠢᠨ ᠬᠥᠳᠡᠯᠦᠩᠭᠦᠶ ᠲᠡᠩᠴᠡᠭᠦᠷᠢ ᠶᠢ ᠦᠨᠡᠨ ᠬᠦ ᠪᠠᠲᠤᠯᠠᠨ᠎ᠠ᠃ ᠨᠥᠬᠦᠪᠥᠷᠢᠯᠡᠭᠰᠡᠨ | ᠲᠠᠷᠢᠶᠠᠨ ᠭᠠᠵᠠᠷ ᠤᠨ ᠶᠠᠰᠤ ᠴᠢᠨᠠᠷ ᠢ ᠦᠨᠡᠯᠡᠬᠦ ᠪᠠ ᠰᠢᠯᠭᠠᠨ ᠠᠪᠬᠤ ᠪᠠᠷᠢᠮᠵᠢᠶ᠎ᠠ ᠶᠢ ᠲᠡᠭᠦᠯᠳᠡᠷᠵᠢᠭᠦᠯᠦᠨ᠎ᠡ᠃ ︽ᠲᠠᠷᠢᠶᠠᠨ | ᠭᠠᠵᠠᠷ ᠢ ᠨᠡᠷ᠎ᠠ ᠪᠤᠷᠤᠭᠤᠯᠠᠵᠤ ᠡᠵᠡᠯᠡᠭᠰᠡᠨ ᠬᠠᠤᠯᠢ ᠪᠤᠰᠤ ᠪᠠᠷᠢᠯᠭ᠎ᠠ︾ ᠶᠢᠨ ᠪᠥᠲᠥᠭᠡᠨ ᠪᠠᠶᠢᠭᠤᠯᠤᠯᠲᠠ᠂ ᠲᠠᠷᠢᠶᠠᠨ | ᠭᠠᠵᠠᠷ ᠢ ᠡᠵᠡᠯᠡᠨ ︽ᠨᠠᠭᠤᠷ ᠮᠠᠯᠲᠠᠵᠤ ᠦᠵᠡᠮᠵᠢ ᠪᠦᠲᠦᠭᠡᠬᠦ︾᠂ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠬᠡᠷ | ᠪᠠᠶᠢᠰᠢᠩ ᠪᠠᠷᠢᠬᠤ ᠵᠡᠷᠭᠡ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠲᠠᠷᠢᠶᠠᠨ ᠭᠠᠵᠠᠷ ᠢ ᠡᠪᠳᠡᠭᠰᠡᠨ ᠬᠠᠤᠯᠢ ᠠᠴᠠ | ᠵᠥᠷᠢᠴᠡᠭᠰᠡᠨ ᠠᠵᠢᠯᠯᠠᠭ᠎ᠠ ᠶᠢ ᠡᠷᠡᠰ ᠬᠤᠷᠢᠭᠯᠠᠨ᠎ᠠ᠃ ᠦᠨᠳᠦᠰᠦᠨ ᠲᠠᠷᠢᠮᠠᠯ ᠤᠨ ᠵᠦᠢᠯ ᠤᠨ ᠭᠠᠷᠴᠠᠭ ᠢ ᠲᠣᠭᠲᠠᠭᠠᠵᠤ᠂ | ᠲᠠᠷᠢᠶᠠᠨ ᠭᠠᠵᠠᠷ ᠤᠨ ᠲᠠᠷᠢᠮᠠᠯ ᠤᠨ ᠬᠡᠷᠡᠭᠴᠡᠭᠡ ᠶᠢ ᠬᠢᠨᠠᠨ ᠬᠡᠮᠵᠢᠬᠦ ᠰᠢᠰᠲ᠋ᠧᠮ ᠢ ᠪᠠᠶᠢᠭᠤᠯᠤᠨ᠎ᠠ᠃ ᠲᠠᠷᠢᠶᠠᠨ ᠭᠠᠵᠠᠷ ᠢ ︽ | ᠠᠮᠤ ᠪᠤᠳᠠᠭᠠᠨ ᠤ ᠪᠤᠰᠤ ᠭᠠᠵᠠᠷ ᠪᠣᠯᠭᠠᠬᠤ︾ ᠶᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠥᠷᠥᠯ ᠬᠤᠪᠢᠶᠠᠨ ᠡᠮᠬᠢ | ᠵᠢᠷᠤᠮ ᠲᠠᠢ ᠰᠠᠶᠢᠲᠤᠷ ᠬᠢᠵᠦ᠂ ᠠᠵᠤ ᠦᠢᠯᠡᠰ ᠤᠨ ᠬᠥᠭᠵᠢᠯᠲᠡ ᠶᠢᠨ ᠪᠣᠳᠠᠲᠤ ᠪᠠᠶᠢᠳᠠᠯ᠂ ᠲᠠᠷᠢᠮᠠᠯ ᠤᠨ ᠤᠷᠭᠤᠯᠲᠠ ᠶᠢᠨ | ᠦᠶᠡᠯᠡᠯ ᠤᠨ ᠬᠤᠭᠤᠴᠠᠭ᠎ᠠ ᠵᠡᠷᠭᠡ ᠲᠠᠢ ᠤᠶᠠᠯᠳᠤᠭᠤᠯᠤᠨ ᠴᠢᠬᠤᠯᠠ ᠪᠥᠬᠦᠶ ᠰᠢᠯᠵᠢᠯᠲᠡ ᠶᠢᠨ ᠬᠤᠭᠤᠴᠠᠭ᠎ᠠ ᠶᠢ | ᠲᠣᠭᠲᠠᠭᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠴᠢᠨᠠᠷ ᠰᠠᠶᠢᠲᠠᠶ | ᠠᠬᠢᠭᠤᠯᠵᠤ᠂ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠶᠢ ᠰᠢᠯᠢᠳᠡᠭᠵᠢᠭᠦᠯᠦᠨ᠂ ᠲᠠᠷᠢᠶᠠᠴᠢᠳ ᠤᠨ ᠲᠥᠷᠥᠯ ᠵᠦᠢᠯ ᠤᠨ | ᠬᠡᠷᠡᠭᠵᠢᠭᠦᠯᠦᠯᠲᠡ ᠳᠤ ᠪᠥᠬᠦ ᠶᠠᠪᠤᠴᠠ ᠪᠠᠷ ᠣᠷᠣᠯᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ᠢᠨᠵᠧᠨᠧᠷᠢᠩ ᠤᠨ ᠶᠠᠰᠤ | ᠴᠢᠨᠠᠷ ᠤᠨ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠬᠤᠵᠢᠷᠯᠢᠭ ᠭᠠᠵᠠᠷ ᠢ ᠶᠡᠷᠦᠩᠬᠡᠶᠢᠯᠡᠨ | ᠠᠰᠢᠭᠯᠠᠬᠤ ᠲᠤᠷᠰᠢᠯᠲᠠ ᠶᠢᠨ ᠴᠡᠭ ᠢ ᠯᠠᠪᠳᠠᠭᠤᠨ ᠢᠶᠠᠷ ᠠᠬᠢᠭᠤᠯᠵᠤ᠂ ᠵᠡᠭᠦᠨ ᠬᠤᠶᠢᠲᠤ ᠣᠷᠣᠨ ᠤ ᠬᠠᠷ᠎ᠠ ᠬᠥᠷᠥᠰᠥᠲᠦ | ᠣᠷᠣᠨ ᠤ ᠢᠳᠡᠭᠳᠡᠯ ᠤᠨ ᠭᠤᠤ᠂ ᠡᠮᠦᠨᠡᠲᠦ ᠣᠷᠣᠨ ᠤ ᠬᠦᠴᠢᠯᠰᠢᠨ ᠮᠠᠭᠤᠳᠠᠭᠰᠠᠨ ᠲᠠᠷᠢᠶᠠᠨ ᠭᠠᠵᠠᠷ ᠢ ᠵᠠᠰᠠᠬᠤ ᠠᠵᠢᠯ ᠢ | ᠴᠢᠩᠭᠠᠳᠬᠠᠨ᠎ᠠ᠃ ᠠᠲᠠᠷᠰᠢᠭᠤᠯᠤᠭᠰᠠᠨ ᠭᠠᠵᠠᠷ ᠢ ᠳᠠᠬᠢᠨ ᠬᠠᠭᠠᠯᠪᠤᠷᠢᠯᠠᠵᠤ ᠠᠰᠢᠭᠯᠠᠬᠤ ᠶᠢ ᠲᠥᠷᠥᠯ ᠬᠤᠪᠢᠶᠠᠨ | ᠠᠬᠢᠭᠤᠯᠤᠨ᠎ᠠ᠃ ᠮᠤᠵᠢ ᠶᠢᠨ ᠬᠡᠪᠴᠢᠶᠡᠨ ᠳᠣᠲᠣᠷᠠᠬᠢ ᠲᠠᠷᠢᠶᠠᠨ ᠭᠠᠵᠠᠷ ᠢ ᠬᠠᠮᠠᠭᠠᠯᠠᠬᠤ ᠡᠭᠦᠷᠭᠡ ᠶᠢ ᠪᠠᠭᠤᠷᠠᠭᠤᠯᠬᠤ ᠥᠬᠡᠶ | ᠪᠠᠶᠢᠬᠤ ᠶᠢ ᠦᠨᠡᠨ ᠬᠦ ᠪᠠᠲᠤᠯᠠᠭᠰᠠᠨ ᠤᠷᠢᠲᠠᠯ ᠳᠤᠤᠷ᠎ᠠ᠂ ᠭᠤᠤᠯ ᠤᠨ ᠵᠠᠮ ᠳᠠᠬᠢ ᠦᠶᠡᠷ ᠶᠠᠪᠤᠭᠤᠯᠬᠤ ᠠᠮᠤᠷ ᠲᠦᠪᠰᠢᠨ ᠢ | ᠨᠥᠯᠥᠭᠡᠯᠡᠬᠦ ᠵᠡᠷᠭᠡ ᠲᠣᠭᠲᠠᠭᠤᠨ ᠪᠤᠰᠤ ᠲᠠᠷᠢᠶᠠᠨ ᠭᠠᠵᠠᠷ ᠢ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠪᠤᠴᠠᠭᠠᠨ᠎ᠠ᠃ | ᠤᠯᠠᠮᠵᠢᠯᠠᠯᠲᠤ ᠱᠠᠲᠤᠨ ᠲᠠᠷᠢᠶᠠᠨ ᠤ ᠬᠠᠮᠠᠭᠠᠯᠠᠯᠲᠠ ᠶᠢ ᠴᠢᠩᠭᠠᠳᠬᠠᠨ᠎ᠠ᠃ | ︵ᠳᠥᠷᠪᠡ︶ ᠬᠦᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠤ ᠬᠠᠮᠵᠢᠯᠴᠠᠨ | ᠪᠣᠭᠤᠮᠲᠠ ᠰᠢᠪᠲᠤᠯᠬᠤ ᠶᠢ ᠠᠬᠢᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ | ᠲᠡᠷᠢᠭᠦᠨ ᠤ ᠦᠢᠯᠡᠳᠪᠦᠷᠢᠯᠡᠯ ᠤᠨ ᠡᠯᠧᠮᠧᠨ᠋ᠲ ᠤᠨ ᠴᠤᠭᠯᠠᠷᠠᠯ ᠢ ᠬᠥᠳᠤᠯᠤᠨ ᠳᠠᠭᠠᠭᠤᠯᠵᠤ᠂ ᠭᠠᠵᠠᠷ ᠣᠷᠣᠨ ᠤ | ᠪᠠᠶᠢᠳᠠᠯ ᠳᠠᠭᠠᠨ ᠲᠤᠬᠢᠷᠠᠭᠤᠯᠤᠨ ᠬᠦᠳᠡᠭᠡ ᠠᠵᠤ ᠠᠬᠤᠢ ᠶᠢᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠦᠨ᠎ᠡ᠃ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠰᠢᠪᠲᠤᠯᠤᠯᠲᠠ ᠶᠢ ᠲᠦᠷᠭᠡᠳᠭᠡᠵᠦ᠂ ᠬᠦᠳᠡᠭᠡ ᠠᠵᠤ | ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠡᠬᠢ ᠪᠠᠶᠠᠯᠢᠭ ᠬᠦᠴᠦᠨ ᠤ ᠨᠢᠭᠡᠳᠦᠯᠲᠡᠢ ᠲᠥᠯᠥᠪᠵᠢᠭᠦᠯᠭᠡ ᠶᠢ | ᠴᠢᠩᠭᠠᠳᠬᠠᠵᠤ᠂ ᠬᠦᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠠᠵᠤ | ᠠᠬᠤᠶᠢᠯᠠᠯ ᠢ ᠪᠤᠶᠢᠵᠢᠭᠤᠯᠤᠨ᠎ᠠ᠃ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠶ | ᠬᠡᠷᠡᠭᠵᠢᠭᠦᠯᠵᠦ᠂ ︽ᠨᠠᠨ ᠹᠠᠨ ᠤ ᠴᠠᠬᠢᠭᠤᠷ ᠤᠨ ᠬᠥᠨᠳᠡᠶ︾ ᠵᠡᠷᠭᠡ ᠴᠢᠬᠤᠯᠠ ᠶᠡᠭᠡ ᠬᠦᠳᠡᠭᠡ ᠠᠵᠤ ᠠᠬᠤᠢ ᠶᠢᠨ ᠰᠢᠨᠵᠢᠯᠡᠬᠦ | ᠤᠬᠠᠭᠠᠨ ᠤ ᠰᠤᠳᠤᠯᠭᠠᠨ ᠤ ᠲᠠᠪᠴᠠᠩ ᠤᠨ ᠦᠢᠯᠡᠳᠦᠯ ᠢ ᠪᠠᠳᠠᠷᠠᠭᠤᠯᠵᠤ᠂ ᠨᠢᠭᠡ ᠪᠦᠯᠦᠭ ᠰᠢᠪᠲᠤᠯᠤᠯᠲᠠ ᠶᠢᠨ ᠴᠢᠨᠠᠷᠲᠠᠶ | ᠦᠷ᠎ᠡ ᠡᠭᠦᠯᠳᠡᠷ ᠤᠨ ᠰᠢᠪᠲᠤᠯᠤᠯᠲᠠ ᠶᠢ ᠲᠦᠷᠭᠡᠳᠭᠡᠨ᠎ᠡ᠃ ᠠᠮᠢᠳᠤ ᠪᠣᠳᠠᠰ ᠤᠨ ᠦᠷ᠎ᠡ ᠡᠭᠦᠯᠳᠡᠷ ᠪᠤᠶᠢᠵᠢᠭᠤᠯᠬᠤ ᠠᠵᠤ | ᠦᠢᠯᠡᠰᠵᠢᠯᠲᠡ ᠶᠢ ᠦᠷᠭᠦᠯᠵᠢᠯᠡᠨ ᠠᠬᠢᠭᠤᠯᠤᠨ᠎ᠠ᠃ ᠲᠠᠷᠢᠶᠠᠯᠠᠩ ᠤᠨ ᠮᠠᠰᠢᠨ ᠲᠣᠨᠣᠭᠯᠠᠯ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠵᠤ᠂ ᠤᠯᠤᠰ ᠲᠠᠭᠠᠨ ᠦᠢᠯᠡᠳᠪᠦᠷᠢᠯᠡᠭᠰᠡᠨ ᠲᠡᠷᠢᠭᠦᠨ ᠤ ᠬᠡᠷᠡᠭᠯᠡᠭᠡᠨ ᠤ ᠲᠠᠷᠢᠶᠠᠯᠠᠩ ᠤᠨ ᠮᠠᠰᠢᠨ | ᠲᠣᠨᠣᠭᠯᠠᠯ ᠵᠡᠷᠭᠡ ᠶᠢ ᠰᠤᠳᠤᠯᠤᠨ ᠨᠡᠭᠡᠭᠡᠵᠦ ᠬᠡᠷᠡᠭᠯᠡᠬᠦ ᠶᠢ ᠲᠦᠷᠭᠡᠳᠭᠡᠵᠦ᠂ ᠬᠠᠭᠤᠴᠢᠷᠠᠭᠰᠠᠨ ᠲᠠᠷᠢᠶᠠᠯᠠᠩ ᠤᠨ ᠮᠠᠰᠢᠨ ᠢ | ᠬᠡᠷᠡᠭᠯᠡᠭᠡᠨ ᠠᠴᠠ ᠭᠠᠷᠭᠠᠵᠤ ᠰᠢᠨᠡᠳᠭᠡᠬᠦ ᠶᠢ ᠠᠬᠢᠭᠤᠯᠤᠨ᠎ᠠ᠃ ᠣᠶᠤᠨᠴᠢ ᠲᠠᠷᠢᠶᠠᠯᠠᠩ ᠢ ᠳᠡᠮᠵᠢᠨ ᠬᠥᠭᠵᠢᠭᠦᠯᠵᠦ᠂ ᠵᠣᠬᠢᠶᠠᠮᠠᠯ | ᠣᠶᠤᠨ ᠴᠢᠳᠠᠪᠤᠷᠢ᠂ ᠳ᠋ᠡᠶᠢᠲ᠋ᠠ᠂ ᠲᠤᠤᠷ᠎ᠠ ᠣᠭᠲᠠᠷᠭᠤᠶ ᠵᠡᠷᠭᠡ ᠮᠡᠷᠭᠡᠵᠢᠯ ᠤᠨ ᠬᠡᠷᠡᠭᠯᠡᠭᠡᠨ ᠤ ᠪᠠᠶᠢᠳᠠᠯ ᠢ ᠥᠷᠭᠡᠳᠭᠡᠨ᠎ᠡ᠃ | ︵ᠲᠠᠪᠤ︶ ᠲᠠᠷᠢᠶᠠᠯᠠᠩ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠨ᠎ᠠ᠃ ᠴᠠᠭ ᠠᠭᠤᠷ ᠤᠨ ᠲᠠᠷᠢᠶᠠᠯᠠᠩ ᠳᠤ ᠦᠢᠯᠡᠴᠢᠯᠡᠬᠦ ᠶᠢ ᠴᠢᠩᠭᠠᠳᠬᠠᠨ᠂ ᠭᠠᠮᠰᠢᠭ ᠤᠨ ᠲᠦᠭᠰᠢᠭᠦᠷᠢ ᠶᠢ | ᠬᠢᠨᠠᠨ ᠬᠡᠮᠵᠢᠵᠦ ᠰᠡᠷᠡᠮᠵᠢᠯᠡᠭᠦᠯᠦᠨ ᠤᠷᠢᠳᠴᠢᠯᠠᠨ ᠮᠡᠳᠡᠭᠡᠯᠡᠬᠦ ᠶᠢ ᠴᠢᠩᠭᠠᠳᠬᠠᠵᠤ᠂ ᠣᠷᠣᠨ ᠪᠦᠰᠡ ᠶᠢᠨ ᠲᠠᠷᠢᠶᠠᠯᠠᠩ ᠤᠨ | ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠪ ᠵᠡᠷᠭᠡ ᠬᠦᠴᠦᠨ ᠢ ᠰᠠᠶᠢᠲᠤᠷ ᠬᠡᠷᠡᠭᠯᠡᠨ᠂ ᠭᠠᠮᠰᠢᠭ ᠤᠨ ᠬᠤᠬᠢᠷᠠᠯ ᠢ ᠬᠠᠮᠤᠭ ᠤᠨ | ᠶᠡᠭᠡ ᠬᠡᠮᠵᠢᠶ᠎ᠡ ᠪᠠᠷ ᠪᠠᠭᠠᠰᠬᠠᠨ᠎ᠠ᠃ ᠣᠳᠣᠬᠢᠴᠢᠯᠠᠭᠰᠠᠨ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠰᠲ᠋ᠧᠮ ᠢ | ᠪᠠᠶᠢᠭᠤᠯᠵᠤ᠂ ᠠᠶᠤᠯ ᠭᠡᠮ ᠲᠠᠢ ᠤᠰᠤᠨ ᠴᠥᠭᠦᠷᠥᠮ ᠤᠨ ᠠᠶᠤᠯ ᠭᠡᠮ ᠢ ᠠᠷᠢᠯᠭᠠᠨ ᠪᠠᠬᠢᠯᠡᠬᠦ ᠠᠵᠢᠯ ᠢ ᠪᠦᠬᠦ ᠲᠠᠯ᠎ᠠ ᠪᠠᠷ | ᠥᠷᠨᠢᠭᠦᠯᠵᠦ᠂ ᠳᠤᠮᠳᠠ ᠵᠢᠵᠢᠭ ᠭᠤᠣᠯ ᠮᠥᠷᠡᠨ ᠢ ᠵᠠᠰᠠᠬᠤ ᠪᠠ ᠲᠤᠮᠤ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ | ᠪᠦᠲᠦᠭᠡᠨ ᠪᠠᠶᠢᠭᠤᠯᠤᠯᠲᠠ ᠥᠭᠡᠷᠡᠴᠢᠯᠡᠯᠲᠡ ᠶᠢ ᠴᠢᠩᠭᠠᠳᠬᠠᠵᠤ᠂ ᠦᠶᠡᠷ ᠢ ᠲᠣᠭᠲᠠᠭᠠᠨ ᠬᠤᠷᠠᠭᠤᠯᠬᠤ ᠣᠷᠣᠨ ᠤ | ᠵᠠᠩᠭᠢᠯᠠᠭ᠎ᠠ ᠶᠢᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠲᠣᠭᠲᠠᠴᠠ ᠶᠢᠨ | ᠥᠭᠡᠷᠡᠴᠢᠯᠡᠯᠲᠡ ᠶᠢ ᠠᠬᠢᠭᠤᠯᠤᠨ᠎ᠠ᠃ ᠲᠠᠯ᠎ᠠ ᠭᠠᠵᠠᠷ ᠤᠨ ᠤᠰᠤᠲᠤᠯ ᠤᠨ ᠣᠷᠣᠨ ᠤ ᠵᠠᠰᠠᠯᠲᠠ ᠶᠢ ᠴᠢᠩᠭᠠᠳᠬᠠᠵᠤ᠂ | ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠭᠤᠤ ᠰᠤᠪᠠᠭ ᠤᠨ | ᠵᠠᠰᠠᠯᠲᠠ ᠶᠢ ᠠᠬᠢᠭᠤᠯᠵᠤ᠂ ᠭᠠᠮᠰᠢᠭ ᠲᠤ ᠡᠪᠳᠡᠭᠳᠡᠭᠰᠡᠨ ᠲᠠᠷᠢᠶᠠᠨ ᠭᠠᠵᠠᠷ ᠵᠢᠴᠢ ᠤᠰᠤᠯᠠᠬᠤ ᠪᠠ ᠤᠰᠤ ᠵᠠᠯᠠᠬᠤ | ᠲᠥᠬᠦᠭᠡᠷᠦᠮᠵᠢ ᠶᠢ ᠲᠦᠷᠭᠡᠪᠴᠢᠯᠡᠨ ᠵᠠᠰᠠᠨ ᠰᠡᠷᠭᠦᠭᠡᠨ᠎ᠡ᠃ ᠲᠠᠷᠢᠶᠠᠨ ᠭᠠᠵᠠᠷ ᠤᠨ ᠬᠠᠯᠬᠠᠪᠴᠢ ᠤᠢ ᠶᠢᠨ ᠪᠦᠳᠦᠭᠡᠨ | ᠪᠠᠶᠢᠭᠤᠯᠤᠯᠲᠠ ᠶᠢ ᠴᠢᠩᠭᠠᠳᠬᠠᠨ᠎ᠠ᠃ ᠲᠠᠷᠢᠮᠠᠯ ᠤᠨ ᠡᠪᠡᠳᠴᠢᠨ ᠬᠤᠷᠣᠬᠠᠶ ᠶᠢᠨ ᠬᠥᠨᠥᠭᠡᠯ ᠢ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠬᠦ ᠪᠠ ᠨᠢᠭᠡᠳᠦᠯᠲᠡᠶ ᠰᠡᠷᠭᠡᠶᠢᠯᠡᠨ ᠨᠢᠭᠡᠳᠦᠯᠲᠡᠶ ᠵᠠᠰᠠᠬᠤ ᠠᠵᠢᠯ ᠢ ᠰᠠᠶᠢᠲᠤᠷ ᠬᠢᠨ᠎ᠡ᠃ ᠣᠶ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ︵ᠵᠢᠷᠭᠤᠭ᠎ᠠ︶ ᠠᠮᠤ ᠪᠤᠳᠠᠭᠠᠨ ᠤ ᠦᠢᠯᠡᠳᠪᠦᠷᠢᠯᠡᠯ ᠢ ᠳᠡᠮᠵᠢᠬᠦ ᠲᠥᠷᠥ ᠶᠢᠨ ᠪᠣᠳᠣᠯᠭ᠎ᠠ ᠶᠢᠨ ᠰᠢᠰᠲ᠋ᠧᠮ ᠢ | ᠪᠦᠷᠢᠨᠰᠢᠭᠦᠯᠦᠨ᠎ᠡ᠃ ᠲᠤᠲᠤᠷᠭ᠎ᠠ᠂ ᠪᠣᠭᠤᠳᠠᠶ ᠬᠤᠳᠠᠯᠳᠤᠨ ᠠᠪᠬᠤ ᠨᠠᠭᠠᠳᠤ ᠵᠠᠬ᠎ᠠ ᠶᠢᠨ ᠦᠨ᠎ᠡ ᠶᠢᠨ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠡᠷᠳᠡᠨᠢ ᠰᠢᠰᠢ ᠰᠢᠷ᠎ᠠ ᠪᠤᠷᠴᠠᠭ ᠦᠢᠯᠡᠳᠪᠦᠷᠢᠯᠡᠭᠴᠢᠳ ᠤᠨ ᠨᠥᠬᠦᠪᠥᠷᠢ᠂ | ᠲᠤᠲᠤᠷᠭ᠎ᠠ ᠶᠢᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠲᠠᠷᠢᠶᠠᠨ ᠭᠠᠵᠠᠷ ᠤᠨ ᠰᠢᠮ᠎ᠡ | ᠬᠦᠴᠦ ᠶᠢ ᠬᠠᠮᠠᠭᠠᠯᠠᠬᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠲᠣᠭᠲᠠᠪᠤᠷᠢᠵᠢᠭᠤᠯᠤᠨ᠎ᠠ᠃ ᠠᠮᠤ ᠪᠤᠳᠠᠭᠠᠨ ᠤ | ᠭᠠᠷᠤᠯᠲᠠ ᠶᠡᠬᠡᠲᠡᠶ ᠰᠢᠶᠠᠨ ᠤ ᠲᠠᠷᠢᠶᠠᠯᠠᠩ ᠤᠨ ᠳᠠᠭᠠᠳᠬᠠᠯ ᠤᠨ ᠰᠢᠶᠠᠨ ᠤ ᠱᠠᠲᠤᠨ ᠤ ᠳᠠᠭᠠᠳᠬᠠᠯ ᠤᠨ ᠵᠠᠷᠤᠳᠠᠯ ᠳᠤ | ᠨᠥᠬᠦᠪᠥᠷᠢ ᠥᠭᠬᠦ ᠶᠢ ᠳᠠᠭᠠᠭᠠᠴᠢᠯᠠᠬᠤ ᠬᠠᠷᠢᠴᠠᠯ ᠢ ᠪᠠᠭᠤᠷᠠᠭᠤᠯᠵᠤ᠂ ᠲᠤᠲᠤᠷᠭ᠎ᠠ᠂ ᠪᠣᠭᠤᠳᠠᠶ᠂ ᠡᠷᠳᠡᠨᠢ ᠰᠢᠰᠢ᠂ ᠰᠢᠷ᠎ᠠ | ᠪᠤᠷᠴᠠᠭ ᠤᠨ ᠪᠦᠷᠢᠨ ᠥᠪᠡᠷ ᠤᠨ ᠥᠷᠲᠡᠭ ᠤᠨ ᠳᠠᠭᠠᠳᠬᠠᠯ ᠪᠠ ᠲᠠᠷᠢᠮᠠᠯ ᠤᠨ ᠣᠷᠣᠯᠭ᠎ᠠ ᠶᠢᠨ ᠳᠠᠭᠠᠳᠬᠠᠯ ᠤᠨ | ᠳᠠᠭᠠᠳᠬᠠᠭᠤᠯᠬᠤ ᠲᠠᠯᠠᠪᠠᠶ ᠶᠢ ᠥᠷᠭᠡᠳᠭᠡᠬᠦ ᠶᠢ ᠠᠬᠢᠭᠤᠯᠤᠨ᠎ᠠ᠃ ᠣᠷᠣᠨ ᠨᠤᠲᠤᠭ ᠤᠨ ᠬᠢᠨ ᠤ ᠠᠮᠤ ᠪᠤᠳᠠᠭ᠎ᠠ ᠲᠣᠰᠣᠨ ᠤ | ᠲᠠᠷᠢᠮᠠᠯ ᠲᠠᠷᠢᠬᠤ ᠲᠤᠰᠬᠠᠢ ᠵᠦᠢᠯ ᠤᠨ ᠵᠢᠭᠡᠯᠡᠯᠭᠡ ᠳᠤ ᠲᠡᠮ ᠬᠦᠦ ᠥᠭᠬᠦ ᠲᠤᠷᠰᠢᠯᠲᠠ ᠶᠢᠨ ᠴᠡᠭ ᠥᠷᠨᠢᠭᠦᠯᠬᠦ ᠶᠢ | ᠵᠣᠷᠢᠭᠵᠢᠭᠤᠯᠤᠨ᠎ᠠ᠃ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠤ ᠱᠠᠩᠨᠠᠵᠤ ᠨᠥᠬᠦᠪᠥᠷᠢᠯᠡᠬᠦ ᠤᠷᠮᠠᠰᠢᠭᠤᠯᠤᠨ | ᠵᠣᠷᠢᠭᠵᠢᠭᠤᠯᠬᠤ ᠲᠦᠷᠢᠮ ᠢ ᠲᠡᠭᠦᠯᠳᠡᠷᠵᠢᠭᠦᠯᠵᠦ᠂ ᠠᠮᠤ ᠪᠤᠳᠠᠭᠠᠨ ᠤ ᠭᠠᠷᠤᠯᠲᠠ ᠶᠢᠨ ᠲᠤᠮᠤ ᠰᠢᠶᠠᠨ ᠢ ᠳᠡᠮᠵᠢᠬᠦ | ᠡᠷᠴᠢᠮ ᠢᠶᠠᠨ ᠴᠢᠩᠭᠠᠷᠠᠭᠤᠯᠤᠨ᠎ᠠ᠃ ᠲᠥᠪ ᠤᠨ ᠨᠢᠭᠡᠳᠦᠯᠲᠡᠶ ᠲᠥᠯᠥᠪᠵᠢᠭᠦᠯᠭᠡ ᠳᠤᠤᠷᠠᠬᠢ ᠠᠮᠤ ᠪᠤᠳᠠᠭᠠᠨ ᠤ | ᠦᠢᠯᠡᠳᠪᠦᠷᠢᠯᠡᠯ ᠪᠣᠷᠣᠯᠠᠭᠤᠯᠭ᠎ᠠ ᠶᠢᠨ ᠣᠷᠣᠨ ᠤ ᠮᠤᠵᠢ ᠶᠢᠨ ᠬᠤᠭᠤᠷᠣᠨᠳᠣᠬᠢ ᠬᠥᠨᠳᠡᠯᠡᠨ ᠤ ᠠᠰᠢᠭ ᠲᠤᠰᠠ ᠶᠢᠨ | ᠨᠥᠬᠦᠪᠥᠷᠢ ᠶᠢ ᠡᠬᠢᠯᠡᠨ ᠬᠡᠷᠡᠭᠵᠢᠭᠦᠯᠵᠦ᠂ ᠪᠡᠯᠡ ᠮᠥᠩᠭᠦ ᠴᠤᠭᠯᠠᠭᠤᠯᠬᠤ ᠪᠠ ᠬᠤᠪᠢᠶᠠᠷᠢᠯᠠᠬᠤ ᠶᠢ ᠰᠠᠶᠢᠲᠤᠷ ᠬᠢᠨ᠎ᠡ᠃ ᠠᠮᠤ | ᠪᠤᠳᠠᠭᠠᠨ ᠤ ᠭᠠᠷᠤᠯᠲᠠ ᠶᠡᠬᠡᠲᠡᠶ ᠰᠢᠶᠠᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ | ᠠᠵᠢᠯᠯᠠᠭ᠎ᠠ ᠶᠢᠨ ᠬᠡᠷᠡᠭᠵᠢᠭᠦᠯᠬᠦ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠭᠡᠨ᠎ᠡ᠃ | ︵ᠳᠣᠯᠤᠭ᠎ᠠ︶ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶ᠎ᠠ ᠬᠢᠭᠡᠳ ᠦᠢᠯᠡᠳᠪᠦᠷᠢᠯᠡᠯ ᠤᠨ ᠵᠣᠬᠢᠴᠠᠭᠤᠯᠬᠤ | ᠲᠣᠭᠲᠠᠴᠠ ᠶᠢ ᠲᠡᠭᠦᠯᠳᠡᠷᠵᠢᠭᠦᠯᠦᠨ᠎ᠡ᠃ ᠠᠷᠭ᠎ᠠ ᠪᠤᠳᠤᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ ᠪᠠᠶᠢᠭᠠᠳ ᠠᠮᠤ ᠪᠤᠳᠠᠭ᠎ᠠ | ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠨ᠎ᠡ ᠬᠠᠩᠰᠢ ᠶᠢ ᠢᠮᠠᠭᠲᠠ ᠵᠦᠢ ᠵᠣᠬᠢᠰᠲᠠᠢ ᠲᠦᠪᠰᠢᠨ ᠳᠤ | ᠪᠠᠶᠢᠯᠭᠠᠵᠤ᠂ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢ ᠲᠣᠭᠲᠠᠪᠤᠷᠢᠵᠢᠭᠤᠯᠤᠨ᠂ ᠠᠮᠤ ᠪᠤᠳᠠᠭ᠎ᠠ ᠲᠠᠷᠢᠬᠤ | ᠲᠠᠷᠢᠶᠠᠴᠢᠳ ᠤᠨ ᠢᠳᠡᠪᠬᠢᠵᠢᠯ ᠢ ᠬᠠᠮᠠᠭᠠᠯᠠᠵᠤ᠂ ᠲᠠᠷᠢᠶᠠᠴᠢᠳ ᠤᠨ ᠠᠰᠢᠭ ᠲᠤᠰᠠ ᠶᠢ ᠰᠠᠶᠢᠲᠤᠷ ᠬᠠᠮᠠᠭᠠᠯᠠᠨ᠎ᠠ᠃ | ᠲᠠᠷᠢᠶᠠᠯᠠᠩ ᠤᠨ ᠪᠦᠲᠦᠭᠡᠭᠳᠡᠬᠦᠨ ᠢ ᠨᠢᠭᠤᠴᠠ ᠪᠠᠷ ᠠᠷᠠᠯᠵᠢᠶᠠᠯᠠᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠬᠢᠯᠢ ᠶᠢᠨ ᠪᠣᠭᠤᠮᠲᠠ ᠶᠢᠨ ᠠᠮᠢᠳᠤ ᠪᠣᠳᠠᠰ ᠤᠨ ᠠᠮᠤᠷ ᠲᠦᠪᠰᠢᠨ ᠤ | ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠲᠠᠷᠢᠶᠠᠯᠠᠩ ᠤᠨ ᠪᠦᠲᠦᠭᠡᠭᠳᠡᠬᠦᠨ ᠤ ᠠᠵᠤ ᠦᠢᠯᠡᠰ ᠤᠨ ᠬᠤᠬᠢᠷᠠᠯ ᠢ | ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠲᠡᠭᠦᠯᠳᠡᠷᠵᠢᠭᠦᠯᠦᠨ᠎ᠡ᠃ ᠠᠮᠤ ᠪᠤᠳᠠᠭ᠎ᠠ ᠬᠤᠳᠠᠯᠳᠤᠨ ᠠᠪᠬᠤ ᠶᠢ ᠡᠮᠬᠢ | ᠵᠢᠷᠤᠮ ᠲᠠᠢ ᠰᠠᠶᠢᠲᠤᠷ ᠬᠢᠵᠦ᠂ ᠨᠥᠭᠡᠴᠡ ᠠᠮᠤ ᠪᠤᠳᠠᠭᠠᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ | ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠮᠡᠳᠡᠭᠡ ᠵᠠᠩᠭᠢ ᠶᠢ ᠨᠡᠶᠢᠲᠡᠯᠡᠬᠦ ᠪᠠ ᠵᠢᠱᠢᠯᠲᠡ ᠶᠢ ᠬᠦᠳᠦᠯᠦᠨ | ᠵᠢᠯᠣᠭᠤᠳᠬᠤ ᠶᠢ ᠴᠢᠩᠭᠠᠳᠬᠠᠨ᠎ᠠ᠃ | ︵ᠨᠠᠢᠮᠠ︶ ᠢᠳᠡᠭᠡᠨ ᠤ ᠣᠯᠠᠨ ᠡᠰᠢᠵᠢᠭᠰᠡᠨ ᠬᠠᠩᠭᠠᠯᠭ᠎ᠠ ᠶᠢᠨ ᠰᠢᠰᠲ᠋ᠧᠮ ᠢ ᠪᠠᠶᠢᠭᠤᠯᠤᠨ᠎ᠠ᠃ ᠬᠠᠮ ᠲᠠᠷᠢᠶᠠᠯᠠᠩ ᠤᠨ | ᠦᠵᠡᠯᠲᠡ᠂ ᠬᠠᠮ ᠢᠳᠡᠭᠡᠨ ᠤ ᠦᠵᠡᠯᠲᠡ ᠶᠢ ᠦᠢᠯᠡᠳᠦᠯᠭᠡᠵᠢᠭᠦᠯᠵᠦ᠂ ᠢᠳᠡᠭᠡᠨ ᠤ ᠡᠬᠢ ᠪᠠᠶᠠᠯᠢᠭ ᠢ ᠪᠥᠬᠦ ᠲᠠᠯ᠎ᠠ ᠪᠠᠷ | ᠣᠯᠠᠨ ᠠᠷᠭ᠎ᠠ ᠵᠠᠮ ᠢᠶᠠᠷ ᠨᠡᠭᠡᠭᠡᠨ ᠬᠥᠭᠵᠢᠭᠦᠯᠦᠨ᠎ᠡ᠃ ᠢᠳᠡᠰᠢᠨ ᠨᠣᠭᠤᠭ᠎ᠠ ᠶᠢᠨ ᠪᠠᠴᠢᠮ ᠪᠠᠶᠢᠳᠠᠯ ᠢ ᠠᠷᠭᠠᠴᠠᠭᠠᠬᠤ | ᠬᠠᠩᠭᠠᠯᠭ᠎ᠠ ᠶᠢ ᠪᠠᠲᠤᠯᠠᠬᠤ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠶᠡᠭᠡ ᠳᠤᠮᠳᠠ ᠬᠤᠲᠠ ᠶᠢᠨ ᠡᠷᠭᠢᠨ | ᠲᠣᠭᠤᠷᠢᠨ ᠤ ᠣᠳᠣ ᠦᠶ᠎ᠡ ᠶᠢᠨ ᠲᠦᠬᠦᠭᠡᠷᠦᠮᠵᠢᠳᠤ ᠲᠠᠷᠢᠶᠠᠯᠠᠩ ᠢ ᠰᠢᠨᠡᠳᠭᠡᠬᠦ ᠢᠨᠵᠧᠨᠧᠷᠢᠩ ᠢ ᠬᠡᠷᠡᠭᠵᠢᠭᠦᠯᠦᠨ᠎ᠡ᠃ | ᠵᠢᠭᠠᠰᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠠᠯᠤᠰ ᠬᠦᠨ ᠲᠡᠯᠡᠶ ᠳᠤ ᠲᠡᠵᠢᠭᠡᠨ | ᠦᠷᠡᠵᠢᠭᠦᠯᠬᠦ ᠶᠢ ᠳᠡᠮᠵᠢᠨ ᠬᠥᠭᠵᠢᠭᠦᠯᠵᠦ᠂ ᠲᠡᠯᠡᠶ ᠳᠡᠭᠡᠷᠡᠬᠢ ᠮᠠᠯᠵᠢᠯ ᠤᠨ ᠲᠠᠯᠠᠪᠠᠶ ᠶᠢ ᠪᠥᠲᠥᠭᠡᠨ ᠪᠠᠶᠢᠭᠤᠯᠤᠨ᠎ᠠ᠃ ᠣᠶ | ᠰᠢᠭᠤᠶ ᠶᠢᠨ ᠢᠳᠡᠭᠡᠨ ᠢ ᠬᠥᠭᠵᠢᠭᠦᠯᠵᠦ᠂ ︽ᠣᠶ ᠰᠢᠭᠤᠶ ᠶᠢᠨ ᠠᠮᠤ ᠶᠢᠨ ᠰᠠᠩ︾ ᠢ ᠪᠠᠶᠠᠯᠢᠭᠵᠢᠭᠤᠯᠤᠨ᠎ᠠ᠃ ᠢᠳᠡᠰᠢᠨ ᠤ | ᠮᠦᠭᠦ ᠶᠢᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ | ᠵᠠᠮᠠᠭ ᠤᠨ ᠲᠦᠷᠦᠯ ᠤᠨ ᠢᠳᠡᠭᠡᠨ ᠢ ᠨᠡᠭᠡᠭᠡᠨ ᠬᠥᠭᠵᠢᠭᠦᠯᠬᠦ ᠶᠢ ᠠᠬᠢᠭᠤᠯᠤᠨ᠎ᠠ᠃ ᠠᠮᠢᠳᠤ ᠪᠣᠳᠠᠰ ᠤᠨ ᠲᠠᠷᠢᠶᠠᠯᠠᠩ ᠢ | ᠪᠤᠶᠢᠵᠢᠭᠤᠯᠤᠨ ᠬᠥᠭᠵᠢᠭᠦᠯᠵᠦ᠂ ᠰᠢᠨ᠎ᠡ ᠬᠡᠯᠪᠡᠷᠢ ᠶᠢᠨ ᠢᠳᠡᠭᠡᠨ ᠤ ᠡᠬᠢ ᠪᠠᠶᠠᠯᠢᠭ ᠢ ᠨᠡᠭᠡᠭᠡᠨ᠎ᠡ᠃ ᠠᠮᠤ ᠪᠤᠳᠠᠭ᠎ᠠ ᠪᠣᠯᠤᠨ | ᠬᠠᠮ ᠢᠳᠡᠭᠡᠨ ᠢ ᠪᠦᠷᠢᠳᠭᠡᠨ ᠬᠢᠨᠠᠨ ᠬᠡᠮᠵᠢᠬᠦ ᠰᠢᠰᠲ᠋ᠧᠮ ᠢ ᠲᠦᠷᠭᠡᠳᠭᠡᠨ ᠪᠠᠶᠢᠭᠤᠯᠤᠨ᠎ᠠ᠃ ᠢᠳᠡᠭᠡᠨ ᠤ ᠠᠮᠤᠷ ᠲᠦᠪᠰᠢᠨ | ᠪᠠ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ | ᠲᠠᠷᠢᠶᠠᠯᠠᠩ ᠤᠨ ᠪᠦᠲᠦᠭᠡᠭᠳᠡᠬᠦᠨ ᠤ ᠡᠮ ᠤᠨ ᠦᠯᠡᠳᠡᠭᠳᠡᠯ ᠢ ᠵᠠᠰᠠᠬᠤ ᠠᠵᠢᠯ ᠢ ᠭᠦᠨᠵᠡᠭᠡᠶᠢᠷᠡᠭᠦᠯᠵᠦ᠂ ᠮᠠᠯ ᠳᠤ ᠬᠡᠷᠡᠭᠯᠡᠬᠦ | ᠪᠠᠺᠲ᠋ᠧᠷᠢ ᠳᠠᠷᠤᠬᠤ ᠡᠮ ᠤᠨ ᠬᠡᠮᠵᠢᠶ᠎ᠡ ᠶᠢ ᠪᠠᠭᠠᠰᠬᠠᠨ ᠬᠡᠷᠡᠭᠯᠡᠬᠦ ᠶᠢ ᠠᠬᠢᠭᠤᠯᠤᠨ᠎ᠠ᠃ | ︵ᠵᠢᠰᠦ︶ ᠠᠮᠤ ᠪᠤᠳᠠᠭ᠎ᠠ ᠪᠣᠯᠤᠨ ᠢᠳᠡᠭᠡᠨ ᠢ ᠠᠷᠪᠢᠯᠠᠨ ᠭᠠᠮᠨᠠᠬᠤ ᠤᠷᠲᠤ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠦᠷᠢᠨᠰᠢᠭᠦᠯᠦᠨ᠎ᠡ᠃ ᠠᠮᠤ ᠪᠤᠳᠠᠭ᠎ᠠ ᠶᠢ ᠠᠷᠪᠢᠯᠠᠨ ᠭᠠᠮᠨᠠᠬᠤ ᠪᠠ ᠢᠳᠡᠭᠡᠨ ᠢ ᠪᠦᠷᠢᠯᠭᠡᠨ ᠰᠦᠢᠳᠭᠡᠬᠦ ᠶᠢ | ᠡᠰᠡᠷᠭᠦᠴᠡᠬᠦ ᠠᠵᠢᠯᠯᠠᠭ᠎ᠠ ᠶᠢ ᠯᠠᠪᠳᠠᠭᠤᠨ ᠢᠶᠠᠷ ᠠᠬᠢᠭᠤᠯᠵᠤ᠂ ᠤᠷᠮᠠᠰᠢᠭᠤᠯᠬᠤ ᠪᠠ ᠬᠢᠵᠠᠭᠠᠷᠯᠠᠬᠤ ᠲᠣᠭᠲᠠᠴᠠ ᠶᠢ | ᠪᠠᠶᠢᠭᠤᠯᠤᠨ ᠪᠦᠷᠢᠨᠰᠢᠭᠦᠯᠦᠨ᠎ᠡ᠃ ᠡᠷᠡᠭᠦᠯ ᠢᠳᠡᠭᠡᠨ ᠤᠮᠳᠠᠭᠠᠨ ᠢ ᠶᠡᠭᠡ ᠪᠠᠷ ᠰᠠᠨᠠᠭᠠᠴᠢᠯᠠᠵᠤ᠂ ᠣᠯᠠᠨ ᠨᠡᠶᠢᠲᠡ ᠶᠢᠨ | ᠬᠤᠭᠤᠯᠠᠨ ᠭᠡᠷ᠂ ᠢᠳᠡᠭᠡᠨ ᠤᠮᠳᠠᠭᠠᠨ ᠤ ᠪᠠᠶᠢᠭᠤᠯᠤᠮᠵᠢ ᠵᠡᠷᠭᠡ ᠶᠢᠨ ᠲᠣᠰᠣ ᠬᠡᠷᠡᠭᠯᠡᠬᠦ ᠵᠢᠯᠣᠭᠤᠳᠣᠯᠭ᠎ᠠ ᠶᠢ ᠴᠢᠩᠭᠠᠳᠬᠠᠨ᠂ | ᠲᠣᠰᠣ ᠶᠢ ᠪᠠᠭᠠᠰᠬᠠᠬᠤ ᠳᠠᠪᠤᠰᠤ ᠶᠢ ᠪᠠᠭᠠᠰᠬᠠᠬᠤ ᠰᠢᠬᠢᠷ ᠢ ᠪᠠᠭᠠᠰᠬᠠᠬᠤ ᠪᠠ ᠪᠦᠷᠢᠨ ᠠᠮᠤ ᠪᠤᠳᠠᠭ᠎ᠠ ᠵᠡᠷᠭᠡ ᠢᠳᠡᠭᠡᠨ | ᠤᠮᠳᠠᠭᠠᠨ ᠢ ᠳᠡᠯᠭᠡᠷᠡᠭᠦᠯᠦᠨ᠎ᠡ᠃ ᠠᠮᠤ ᠪᠤᠳᠠᠭᠠᠨ ᠤ ᠮᠠᠰᠢᠨ ᠢᠶᠠᠷ ᠬᠤᠷᠢᠶᠠᠵᠤ ᠬᠤᠷᠣᠭᠳᠠᠯ ᠢ ᠪᠠᠭᠠᠰᠬᠠᠬᠤ᠂ ᠵᠣᠬᠢᠬᠤ | ᠬᠡᠮᠵᠢᠶ᠎ᠡ ᠪᠠᠷ ᠪᠣᠯᠪᠠᠰᠤᠷᠠᠭᠤᠯᠬᠤ ᠪᠠ ᠰᠢᠨᠵᠢᠯᠡᠬᠦ ᠤᠬᠠᠭᠠᠨᠴᠢ ᠪᠠᠷ ᠬᠠᠳᠠᠭᠠᠯᠠᠬᠤ ᠶᠢ ᠠᠬᠢᠭᠤᠯᠤᠨ᠎ᠠ᠃ | ᠬᠤᠶᠠᠷ᠂ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ | ᠪᠠᠬᠢᠵᠢᠭᠦᠯᠦᠨ ᠥᠷᠭᠡᠳᠭᠡᠨ᠎ᠡ | ︵ᠠᠷᠪᠠ︶ ᠬᠡᠪᠴᠢᠶᠡᠵᠢᠯ ᠤᠨ ᠴᠢᠨᠠᠷᠲᠠᠶ ᠳᠠᠬᠢᠨ ᠶᠠᠳᠠᠭᠤᠷᠠᠬᠤ ᠪᠤᠶᠤ ᠶᠠᠳᠠᠭᠤᠷᠠᠬᠤ ᠪᠠᠶᠢᠳᠠᠯ ᠭᠠᠷᠬᠤ ᠦᠭᠡᠢ ᠪᠠᠶᠢᠬᠤ | ᠬᠤᠷᠢᠭ᠎ᠠ ᠱᠤᠭᠤᠮ ᠢ ᠪᠠᠲᠤ ᠰᠠᠬᠢᠨ᠎ᠠ᠃ ︽ᠭᠤᠷᠪᠠ ᠶᠢ ᠪᠠᠲᠤᠯᠠᠬᠤ︾ ᠪᠠ ᠤᠰᠤ ᠤᠮᠳᠠ ᠶᠢᠨ ᠠᠮᠤᠷ ᠲᠦᠪᠰᠢᠨ ᠢ | ᠪᠠᠲᠤᠯᠠᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂ ᠣᠨᠳᠣᠣ ᠭᠠᠵᠠᠷ ᠲᠤ ᠨᠡᠭᠦᠯᠭᠡᠭᠰᠡᠨ ᠤ | ᠳᠠᠷᠠᠭᠠᠬᠢ ᠦᠷᠬᠦᠯᠵᠢᠯᠡᠨ ᠬᠠᠪᠰᠤᠷᠤᠨ ᠲᠡᠳᠬᠦᠬᠦ ᠶᠢ ᠴᠢᠩᠭᠠᠳᠬᠠᠨ᠂ ᠦᠵᠡᠯ ᠰᠠᠨᠠᠭ᠎ᠠ ᠰᠤᠯᠠᠷᠠᠬᠤ᠂ ᠠᠵᠢᠯ ᠰᠤᠯᠠᠷᠠᠬᠤ ᠶᠢ | ᠰᠡᠷᠭᠡᠶᠢᠯᠡᠨ᠎ᠡ᠃ ᠳᠠᠬᠢᠨ ᠶᠠᠳᠠᠭᠤᠷᠠᠬᠤ ᠪᠤᠶᠤ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠵᠦ ᠬᠠᠪᠰᠤᠷᠤᠨ ᠲᠡᠳᠬᠦᠬᠦ | ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠳᠠᠬᠢᠨ ᠶᠠᠳᠠᠭᠤᠷᠠᠬᠤ ᠪᠤᠶᠤ ᠶᠠᠳᠠᠭᠤᠷᠠᠬᠤ ᠲᠦᠭᠰᠢᠭᠦᠷᠢ ᠣᠷᠣᠰᠢᠵᠤ ᠪᠠᠶᠢᠭ᠎ᠠ | ᠲᠠᠷᠢᠶᠠᠴᠢᠨ ᠡᠷᠦᠬᠡ ᠶᠢ ᠴᠠᠭ ᠲᠤᠬᠠᠶ ᠳᠤᠨᠢ ᠬᠠᠪᠰᠤᠷᠤᠨ ᠲᠡᠳᠬᠦᠬᠦ ᠬᠡᠪᠴᠢᠶᠡᠨ ᠳᠤ ᠣᠷᠣᠭᠤᠯᠤᠨ᠎ᠠ᠃ ᠳᠠᠬᠢᠨ | ᠶᠠᠳᠠᠭᠤᠷᠠᠬᠤ ᠪᠤᠶᠤ ᠶᠠᠳᠠᠭᠤᠷᠠᠬᠤ ᠶᠢ ᠰᠡᠷᠭᠡᠶᠢᠯᠡᠬᠦ ᠠᠵᠢᠯ ᠣᠯᠭᠤᠯᠲᠠ ᠶᠢᠨ ᠪᠤᠭᠤᠮᠳᠠ ᠰᠢᠪᠳᠤᠯᠬᠤ ᠠᠵᠢᠯᠯᠠᠭ᠎ᠠ ᠶᠢ | ᠭᠦᠨᠵᠡᠭᠡᠢ ᠥᠷᠨᠢᠭᠦᠯᠵᠦ᠂ ᠬᠠᠪᠰᠤᠷᠤᠨ ᠲᠡᠳᠬᠦᠬᠦ ᠦᠢᠯᠡᠳᠪᠦᠷᠢ ᠶᠢᠨ ᠲᠠᠰᠤᠭ ᠤᠨ ᠠᠵᠢᠯ ᠣᠯᠭᠤᠯᠲᠠ ᠶᠢᠨ ᠰᠢᠩᠭᠡᠭᠡᠨ | ᠠᠪᠬᠤ ᠴᠢᠳᠠᠪᠤᠷᠢ ᠶᠢ ᠨᠡᠮᠡᠭᠳᠡᠭᠦᠯᠵᠦ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠠᠵᠢᠯ ᠬᠢᠬᠦ ᠬᠡᠪᠴᠢᠶ᠎ᠡ ᠪᠠ | ᠣᠷᠣᠯᠭ᠎ᠠ ᠶᠢ ᠲᠣᠭᠲᠠᠪᠤᠷᠢᠵᠢᠭᠤᠯᠤᠨ᠎ᠠ᠃ ᠪᠠᠬᠢᠵᠢᠭᠦᠯᠬᠦ᠂ ᠳᠡᠰ ᠳᠡᠪᠰᠢᠭᠦᠯᠬᠦ᠂ ᠠᠮᠢᠳᠤᠯᠢᠭ ᠪᠣᠯᠭᠠᠬᠤ᠂ ᠲᠣᠬᠢᠷᠠᠭᠤᠯᠬᠤ | ᠵᠠᠷᠴᠢᠮ ᠶᠣᠰᠣᠭᠠᠷ᠂ ᠬᠠᠪᠰᠤᠷᠤᠨ ᠲᠡᠳᠬᠦᠬᠦ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠶᠢ ᠲᠥᠷᠥᠯ ᠬᠤᠪᠢᠶᠠᠨ ᠠᠬᠢᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠡᠮᠴᠢᠯᠡᠭᠡ᠂ ᠰᠤᠷᠭᠠᠨ | ᠬᠥᠮᠦᠵᠢᠯ ᠤᠨ ︽ᠪᠦᠯᠬᠦᠮ ᠪᠠᠶᠢᠭᠤᠯᠬᠤ ᠮᠠᠶ᠋ᠢᠭ︾ ᠤᠨ ᠬᠠᠪᠰᠤᠷᠤᠨ ᠲᠡᠳᠬᠦᠬᠦ ᠠᠵᠢᠯ ᠢ ᠭᠦᠨᠵᠡᠭᠡᠶ ᠥᠷᠨᠢᠭᠦᠯᠦᠨ᠎ᠡ᠃ | ᠬᠡᠷᠡᠭᠯᠡᠭᠡ ᠪᠠᠷ ᠬᠠᠪᠰᠤᠷᠤᠨ ᠲᠡᠳᠬᠦᠬᠦ ᠲᠠᠪᠴᠠᠩ ᠤᠨ ᠠᠵᠤ ᠠᠬᠤᠶᠢᠯᠠᠯ ᠪᠠ ᠦᠢᠯᠡᠳᠬᠦᠨ ᠤ ᠬᠠᠮᠢᠶᠠᠷᠤᠯᠲᠠ ᠶᠢ | ᠴᠢᠩᠭᠠᠳᠬᠠᠨ᠎ᠠ᠃ | ︵ᠠᠷᠪᠠᠨ ᠨᠢᠭᠡ︶ ᠬᠥᠳᠡᠭᠡ ᠲᠣᠰᠬᠤᠨ ᠤ ᠳᠠᠬᠢᠨ ᠶᠠᠳᠠᠭᠤᠷᠠᠬᠤ ᠪᠤᠶᠤ ᠶᠠᠳᠠᠭᠤᠷᠠᠬᠤ ᠶᠢ ᠰᠡᠷᠭᠡᠶᠢᠯᠡᠬᠦ ᠲᠣᠭᠲᠠᠴᠠ | ᠪᠣᠯᠤᠨ ᠣᠷᠣᠯᠭ᠎ᠠ ᠪᠠᠭᠠᠲᠠᠶ ᠬᠥᠮᠦᠨ ᠠᠮᠠ᠂ ᠬᠥᠭᠵᠢᠭᠡᠳᠦᠢ ᠭᠠᠵᠠᠷ ᠣᠷᠣᠨ ᠤ ᠱᠠᠲᠤ ᠬᠤᠪᠢᠶᠠᠨ ᠲᠥᠷᠥᠯ ᠬᠤᠪᠢᠶᠠᠨ | ᠬᠠᠪᠰᠤᠷᠤᠨ ᠲᠡᠳᠬᠦᠬᠦ ᠪᠠᠶᠢᠭᠤᠯᠤᠯ ᠢ ᠨᠢᠭᠡᠳᠦᠯᠲᠡᠶ ᠲᠥᠯᠥᠪᠵᠢᠬᠦᠯᠦᠨ ᠪᠠᠶᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠬᠦ ᠪᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠡᠷᠦᠩᠬᠡᠢ ᠦᠨᠡᠯᠡᠯᠲᠡ ᠶᠢᠨ ᠠᠵᠢᠯ ᠢ ᠥᠷᠨᠢᠭᠦᠯᠵᠦ᠂ ᠰᠢᠯᠵᠢᠯᠲᠡ ᠶᠢᠨ | ᠬᠤᠭᠤᠴᠠᠭᠠᠨ ᠤ ᠳᠠᠷᠠᠭᠠᠬᠢ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠰᠤᠳᠤᠯᠤᠨ ᠲᠣᠭᠲᠠᠭᠠᠨ᠎ᠠ᠃ | ᠬᠥᠳᠡᠭᠡ ᠲᠣᠰᠬᠤᠨ ᠤ ᠣᠷᠣᠯᠭ᠎ᠠ ᠪᠠᠭᠠᠲᠠᠶ ᠬᠥᠮᠦᠨ ᠠᠮᠠ ᠵᠢᠴᠢ ᠳᠠᠬᠢᠨ ᠶᠠᠳᠠᠭᠤᠷᠠᠬᠤ ᠪᠤᠶᠤ ᠶᠠᠳᠠᠭᠤᠷᠠᠬᠤ ᠶᠢ ᠰᠡᠷᠭᠡᠶᠢᠯᠡᠬᠦ | ᠡᠲᠡᠭᠡᠳ ᠢ ᠢᠯᠭᠠᠨ ᠲᠠᠨᠢᠵᠤ ᠮᠠᠭᠠᠳᠯᠠᠨ ᠲᠣᠭᠲᠠᠭᠠᠬᠤ ᠶᠢ ᠨᠢᠭᠡᠳᠦᠯᠲᠡᠶ ᠲᠥᠯᠥᠪᠵᠢᠭᠦᠯᠦᠨ ᠥᠷᠨᠢᠭᠦᠯᠦᠨ᠎ᠡ᠃ ᠳᠣᠲᠣᠭᠠᠳᠤ | ᠬᠥᠳᠡᠯᠭᠡᠬᠦ ᠬᠦᠴᠦᠨ ᠢ ᠬᠥᠭᠵᠢᠭᠡᠬᠦ ᠶᠢ ᠴᠢᠬᠤᠯᠠᠴᠢᠯᠠᠵᠤ᠂ ᠬᠥᠳᠡᠯᠮᠦᠷᠢᠯᠡᠬᠦ ᠴᠢᠳᠠᠪᠤᠷᠢ ᠲᠠᠢ ᠬᠥᠳᠡᠭᠡ ᠲᠣᠰᠬᠤᠨ ᠤ | ᠣᠷᠣᠯᠭ᠎ᠠ ᠪᠠᠭᠠᠲᠠᠢ ᠬᠥᠮᠦᠨ ᠠᠮᠠ ᠶᠢ ᠨᠡᠭᠡᠭᠡᠨ ᠬᠥᠭᠵᠢᠭᠦᠯᠬᠦ ᠬᠡᠯᠪᠡᠷᠢ ᠪᠠᠷ ᠬᠠᠪᠰᠤᠷᠤᠨ ᠲᠡᠳᠬᠦᠬᠦ ᠶᠢ ᠴᠢᠩᠭᠠᠳᠬᠠᠵᠤ᠂ | ᠨᠡᠶᠢᠭᠡᠮ ᠤᠨ ᠠᠪᠤᠷᠠᠨ ᠲᠤᠰᠠᠯᠠᠯᠲᠠ ᠶᠢᠨ ᠦᠨᠳᠦᠰᠦᠨ ᠵᠦᠢᠯ ᠢ ᠪᠠᠲᠤᠯᠠᠬᠤ ᠶᠢ ᠴᠢᠩᠭᠠᠳᠬᠠᠵᠤ᠂ ᠬᠥᠭᠵᠢᠭᠡᠳᠦᠢ ᠭᠠᠵᠠᠷ | ᠣᠷᠣᠨ ᠤ ᠬᠥᠭᠵᠢᠨ ᠮᠠᠨᠳᠤᠬᠤ ᠶᠢ ᠳᠡᠮᠵᠢᠵᠦ᠂ ᠲᠡᠰ ᠳᠠᠪᠬᠤᠷᠭ᠎ᠠ ᠲᠦᠷᠦᠯ ᠬᠤᠪᠢᠶᠠᠨ ᠬᠠᠪᠰᠤᠷᠤᠨ ᠲᠡᠳᠬᠦᠬᠦ ᠳᠦᠷᠢᠮ ᠢ | ᠪᠠᠶᠢᠭᠤᠯᠵᠤ᠂ ᠵᠡᠭᠦᠨ ᠪᠠᠷᠠᠭᠤᠨ ᠣᠷᠣᠨ ᠬᠠᠮᠵᠢᠯᠴᠠᠬᠤ᠂ ᠴᠡᠭ ᠲᠣᠭᠲᠠᠭᠠᠨ ᠬᠠᠪᠰᠤᠷᠤᠨ ᠲᠡᠳᠬᠦᠬᠦ ᠵᠡᠷᠭᠡ ᠲᠣᠭᠲᠠᠴᠠ ᠪᠠᠷ | ᠳᠠᠮᠵᠢᠭᠤᠯᠤᠨ ᠵᠦᠷᠢᠶᠡᠴᠢᠯᠡᠭᠰᠡᠨ ᠳᠡᠮᠵᠢᠯᠭᠡ ᠦᠵᠡᠭᠦᠯᠦᠨ᠎ᠡ᠃ | ︵ᠠᠷᠪᠠᠨ ᠬᠤᠶᠠᠷ︶ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠤᠯᠤᠰ ᠠᠴᠠ ᠣᠷᠣᠭᠤᠯᠤᠯᠲᠠ | ᠬᠢᠵᠦ ᠡᠳ᠋ ᠬᠥᠷᠥᠩᠭᠡ ᠪᠦᠷᠢᠯᠳᠦᠭᠦᠯᠬᠦ ᠤᠷᠲᠤ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠡᠴᠡ ᠶᠢ | ᠪᠦᠷᠢᠨᠰᠢᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠤᠯᠤᠰ ᠠᠴᠠ ᠣᠷᠣᠭᠤᠯᠤᠯᠲᠠ ᠬᠢᠵᠦ | ᠪᠦᠷᠢᠯᠳᠦᠭᠰᠡᠨ ᠡᠳ᠋ ᠬᠥᠷᠥᠩᠭᠡ ᠶᠢ ᠪᠥᠬᠦ ᠲᠠᠯ᠎ᠠ ᠪᠠᠷ ᠢᠯᠭᠠᠷᠠᠭᠤᠯᠤᠨ ᠪᠠᠶᠢᠴᠠᠭᠠᠵᠤ᠂ ᠡᠳ᠋ ᠬᠥᠷᠥᠩᠭᠡ ᠶᠢ ᠳᠡᠩᠰᠡᠯᠡᠨ | ᠬᠠᠮᠢᠶᠠᠷᠬᠤ ᠨᠢᠭᠡᠳᠦᠯᠲᠡᠶ ᠡᠬᠡ ᠲᠠᠩᠰᠠ ᠶᠢ ᠪᠠᠶᠢᠭᠤᠯᠤᠨ᠎ᠠ᠃ ᠬᠠᠪᠰᠤᠷᠤᠨ ᠲᠡᠳᠬᠦᠬᠦ ᠲᠥᠷᠥᠯ ᠵᠦᠢᠯ ᠤᠨ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠡᠳ᠋ ᠬᠥᠷᠥᠩᠭᠡ ᠶᠢᠨ ᠪᠦᠷᠢᠯᠳᠦᠬᠦ᠂ ᠡᠷᠬᠡ ᠶᠢ ᠨᠤᠲᠠᠯᠠᠨ | ᠰᠢᠯᠵᠢᠭᠦᠯᠦᠨ ᠲᠤᠰᠢᠶᠠᠬᠤ᠂ ᠬᠠᠮᠢᠶᠠᠷᠤᠨ ᠬᠠᠮᠠᠭᠠᠯᠠᠵᠤ ᠡᠵᠡᠩᠨᠡᠬᠦ᠂ ᠠᠰᠢᠭ ᠣᠷᠣᠯᠭ᠎ᠠ ᠶᠢ ᠬᠤᠪᠢᠶᠠᠷᠢᠯᠠᠬᠤ ᠵᠡᠷᠭᠡ ᠪᠥᠬᠦ | ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢᠨ ᠲᠦᠷᠢᠮ ᠢ ᠪᠦᠷᠢᠨᠰᠢᠬᠦᠯᠵᠦ᠂ ᠡᠵᠡᠩᠨᠡᠯᠲᠡ ᠶᠢᠨ ᠴᠢᠨᠠᠷᠲᠠᠶ ᠡᠳ᠋ ᠬᠥᠷᠥᠩᠭᠡ ᠶᠢᠨ | ᠥᠷᠲᠡᠭ ᠢ ᠪᠠᠲᠤᠯᠠᠨ ᠦᠷ᠎ᠡ ᠠᠰᠢᠭ ᠢ ᠨᠡᠮᠡᠭᠳᠡᠭᠦᠯᠬᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠡᠳ᠋ ᠬᠥᠷᠥᠩᠭᠡ ᠶᠢᠨ | ᠦᠷᠭᠦᠯᠵᠢᠯᠡᠨ ᠦᠢᠯᠡᠳᠦᠯ ᠢᠶᠠᠨ ᠪᠠᠳᠠᠷᠠᠭᠤᠯᠬᠤ ᠶᠢ ᠠᠬᠢᠭᠤᠯᠤᠨ᠎ᠠ᠃ ᠡᠳ᠋ ᠬᠥᠷᠥᠩᠭᠡ ᠶᠢ ᠲᠥᠷᠥᠯ ᠬᠤᠪᠢᠶᠠᠨ | ᠰᠢᠢᠳᠪᠦᠷᠢᠯᠡᠬᠦ ᠲᠦᠷᠢᠮ ᠢ ᠲᠡᠭᠦᠯᠳᠡᠷᠵᠢᠭᠦᠯᠵᠦ᠂ ᠡᠯ᠎ᠡ ᠭᠠᠵᠠᠷ ᠤᠨ ᠦᠷ᠎ᠡ ᠠᠰᠢᠭ ᠢᠶᠠᠷ ᠳᠤᠤᠷ᠎ᠠ ᠰᠤᠯᠠ ᠪᠠᠶᠢᠭ᠎ᠠ ᠡᠳ᠋ | ᠬᠥᠷᠥᠩᠭᠡ ᠶᠢ ᠠᠮᠢᠳᠤᠯᠢᠭ ᠪᠣᠯᠭᠠᠬᠤ ᠶᠢ ᠳᠡᠮᠵᠢᠨ᠎ᠡ᠃ | ᠭᠤᠷᠪᠠ᠂ ᠰᠢᠶᠠᠨ ᠤ ᠬᠡᠪᠴᠢᠶᠡᠨ ᠤ ᠠᠷᠠᠳ ᠢ ᠪᠠᠶᠠᠵᠢᠭᠤᠯᠬᠤ ᠠᠵᠤ ᠦᠢᠯᠡᠰ ᠢ ᠬᠦᠴᠦᠯᠡᠨ ᠪᠤᠵᠠᠭᠠᠶᠢᠷᠠᠭᠤᠯᠤᠨ᠎ᠠ | ︵ᠠᠷᠪᠠᠨ ᠭᠤᠷᠪᠠ︶ ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ ᠢ ᠬᠥᠭᠵᠢᠭᠦᠯᠦᠨ᠎ᠡ᠃ ᠵᠠᠬ᠎ᠠ | ᠳᠡᠯᠭᠡᠭᠦᠷ ᠤᠨ ᠵᠢᠮ᠎ᠡ ᠶᠣᠰᠣ ᠪᠠᠷ ᠠᠵᠢᠯᠯᠠᠬᠤ ᠶᠢ ᠪᠠᠷᠢᠮᠲᠠᠯᠠᠵᠤ᠂ ᠪᠣᠬᠢᠷᠲᠤᠯ ᠥᠬᠡᠶ᠂ ᠣᠨᠴᠠᠯᠢᠭᠲᠤ ᠲᠠᠷᠢᠶᠠᠯᠠᠩ ᠤᠨ | ᠪᠦᠲᠦᠭᠡᠭᠳᠡᠬᠦᠨ ᠢ ᠳᠠᠷᠢᠵᠤ ᠲᠡᠵᠢᠭᠡᠬᠦ ᠶᠢ ᠶᠡᠭᠡ ᠪᠠᠷ ᠬᠥᠭᠵᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ | ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ᠲᠠᠷᠢᠶᠠᠯᠠᠩ ᠤᠨ ᠲᠥᠷᠥᠯ ᠲᠡᠮᠳᠡᠭ ᠰᠣᠳᠣᠨ | ᠪᠦᠲᠦᠭᠡᠭᠳᠡᠬᠦᠨ ᠢ ᠪᠤᠶᠢᠵᠢᠭᠤᠯᠬᠤ ᠲᠥᠯᠥᠪᠯᠡᠭᠡ ᠶᠢ ᠬᠡᠷᠡᠭᠵᠢᠭᠦᠯᠵᠦ᠂ ᠣᠨᠴᠠᠯᠢᠭᠲᠤ ᠲᠠᠷᠢᠶᠠᠯᠠᠩ ᠤᠨ ᠠᠵᠤ ᠦᠢᠯᠡᠰ ᠤᠨ | ᠪᠦᠯᠦᠭᠵᠢᠯ ᠢ ᠪᠣᠶ ᠪᠣᠯᠭᠠᠵᠤ᠂ ᠲᠠᠷᠢᠶᠠᠯᠠᠩ ᠤᠨ ᠠᠵᠤ ᠦᠢᠯᠡᠰᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠬᠥᠳᠡᠭᠡ ᠲᠣᠰᠬᠤᠨ ᠤ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠲᠥᠷᠥᠯ ᠵᠦᠢᠯ ᠢ ᠭᠦᠨᠵᠡᠭᠡᠢ ᠬᠡᠷᠡᠭᠵᠢᠭᠦᠯᠵᠦ᠂ | ᠬᠥᠳᠡᠭᠡ ᠲᠣᠰᠬᠤᠨ ᠤ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠶᠢ ᠪᠤᠶᠢᠵᠢᠭᠤᠯᠤᠨ᠎ᠠ᠃ ᠬᠥᠳᠡᠭᠡ | ᠲᠣᠰᠬᠤᠨ ᠤ ᠰᠣᠶᠣᠯ ᠪᠠ ᠵᠢᠭᠤᠯᠴᠢᠯᠠᠯ ᠤᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠰᠣᠶᠣᠯ ᠤᠨ ᠠᠵᠤ ᠦᠢᠯᠡᠰ ᠢᠶᠠᠷ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠣᠯᠭᠤᠬᠤ ᠲᠤᠷᠰᠢᠯᠲᠠ ᠶᠢᠨ ᠴᠡᠭ ᠢ ᠥᠷᠨᠢᠭᠦᠯᠵᠦ᠂ | ᠬᠥᠳᠡᠭᠡ ᠲᠣᠰᠬᠤᠨ ᠤ ᠵᠢᠭᠤᠯᠴᠢᠯᠠᠯ ᠤᠨ ᠤᠨᠴᠠᠯᠢᠬᠵᠢᠭᠰᠠᠨ᠂ ᠰᠣᠳᠣᠨᠵᠢᠭᠰᠠᠨ᠂ ᠵᠢᠷᠤᠮᠵᠢᠭᠰᠠᠨ ᠲᠦᠪᠰᠢᠨ ᠢ | ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠪᠦᠲᠦᠭᠡᠭᠳᠡᠬᠦᠨ ᠪᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠣᠳᠣ | ᠦᠶ᠎ᠡ ᠶᠢᠨ ᠭᠦᠢᠯᠭᠡᠭᠡᠨ ᠤ ᠲᠤᠤᠷ ᠰᠦᠯᠵᠢᠶ᠎ᠡ ᠶᠢ ᠲᠦᠷᠭᠡᠳᠭᠡᠨ ᠪᠠᠶᠢᠭᠤᠯᠵᠤ᠂ ᠡᠯ᠎ᠡ ᠲᠥᠷᠥᠯ ᠤᠨ ᠭᠤᠤᠯ ᠴᠣᠭᠴᠠ | ᠬᠠᠩᠭᠠᠯᠭ᠎ᠠ ᠶᠢᠨ ᠬᠡᠯᠬᠢᠶ᠎ᠡ ᠶᠢ ᠬᠠᠮᠵᠢᠯᠴᠠᠨ ᠬᠠᠮᠲᠤ ᠪᠠᠷ ᠪᠠᠶᠢᠭᠤᠯᠬᠤ ᠶᠢ ᠳᠠᠮᠵᠢᠨ᠎ᠠ᠃ ᠬᠥᠳᠡᠭᠡ ᠲᠣᠰᠬᠤᠨ ᠤ ᠡᠯᠧᠺᠳ᠋ᠷᠣᠨ | ᠬᠤᠳᠠᠯᠳᠤᠭᠠᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ | ︵ᠠᠷᠪᠠᠨ ᠳᠥᠷᠪᠡ︶ ᠲᠠᠷᠢᠶᠠᠯᠠᠬᠤ ᠡᠷᠦᠬᠡ ᠲᠠᠢ ᠬᠤᠯᠪᠣᠭᠠᠯᠠᠨ ᠲᠠᠷᠢᠶᠠᠴᠢᠨ ᠢ ᠳᠠᠶᠢᠴᠢᠯᠠᠬᠤ ᠲᠣᠭᠲᠡᠴᠡ ᠶᠢ | ᠲᠡᠭᠦᠯᠳᠡᠷᠵᠢᠭᠦᠯᠦᠨ᠎ᠡ᠃ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ ᠶᠢ ᠲᠡᠳᠬᠦᠨ ᠳᠡᠮᠵᠢᠬᠦ | ᠲᠦᠷᠦ ᠶᠢᠨ ᠪᠤᠳᠤᠯᠭ᠎ᠠ ᠶᠢ ᠲᠠᠷᠢᠶᠠᠴᠢᠨ ᠡᠷᠦᠬᠡ ᠶᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠬᠦ ᠲᠠᠢ ᠬᠤᠯᠪᠣᠭᠳᠠᠭᠤᠯᠬᠤ | ᠲᠣᠭᠲᠡᠴᠡ ᠶᠢ ᠪᠦᠷᠢᠨᠰᠢᠬᠦᠯᠵᠤ᠂ ᠲᠠᠷᠢᠶᠠᠯᠠᠬᠤ ᠡᠷᠦᠬᠡ ᠲᠠᠢ ᠬᠤᠯᠪᠣᠭᠠᠯᠠᠨ ᠲᠠᠷᠢᠶᠠᠴᠢᠨ ᠢ ᠳᠠᠶᠢᠴᠢᠯᠠᠬᠤ ᠶᠢ ᠲᠦᠷᠦ ᠶᠢᠨ | ᠪᠤᠳᠤᠯᠭ᠎ᠠ ᠶᠢᠨ ᠬᠡᠯᠪᠠᠶᠢᠯᠲᠡ ᠶᠢᠨ ᠴᠢᠬᠤᠯᠠ ᠦᠨᠳᠦᠰᠦᠯᠡᠯ ᠪᠣᠯᠭᠠᠨ᠎ᠠ᠃ ᠠᠵᠤ ᠠᠬᠤᠶᠢᠯᠠᠯ᠂ ᠲᠠᠷᠢᠶᠠᠴᠢᠳ ᠤᠨ ᠬᠤᠷᠰᠢᠶ᠎ᠠ᠂ | ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ ᠬᠢᠭᠡᠳ ᠲᠠᠷᠢᠶᠠᠯᠠᠬᠤ ᠡᠷᠦᠬᠡ ᠵᠡᠷᠭᠡ ᠶᠢᠨ ᠨᠢᠭᠲᠠ ᠬᠤᠯᠪᠣᠭᠠᠯᠠᠬᠤ ᠪᠠ | ᠬᠤᠷᠰᠢᠯᠴᠠᠬᠤ ᠶᠢ ᠬᠥᠲᠥᠯᠥᠨ ᠵᠢᠯᠣᠭᠤᠳᠴᠤ᠂ ᠨᠠᠭᠠᠳᠤ ᠵᠠᠬ᠎ᠠ ᠶᠢᠨ ᠣᠷᠣᠯᠭ᠎ᠠ ᠶᠢ ᠪᠠᠲᠤᠯᠠᠨ ᠬᠤᠪᠢᠶᠠᠷᠢᠯᠠᠬᠤ᠂ ᠬᠤᠪᠢ | ᠣᠷᠣᠭᠤᠯᠬᠤ᠂ ᠦᠢᠯᠡᠴᠢᠯᠡᠭᠡ ᠪᠠᠷ ᠳᠠᠶᠢᠴᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠠᠷᠢᠶᠠᠴᠢᠳ ᠲᠤ ᠠᠵᠤ | ᠦᠢᠯᠡᠰ ᠤᠨ ᠨᠡᠮᠡᠭᠳᠡᠯ ᠥᠷᠲᠡᠭ ᠤᠨ ᠠᠰᠢᠭ ᠣᠯᠵᠠᠪᠤᠷᠢ ᠶᠢ ᠨᠡᠩ ᠢᠯᠡᠭᠦᠦ ᠬᠦᠷᠲᠡᠭᠡᠨ᠎ᠡ᠃ ᠲᠠᠷᠢᠶᠠᠯᠠᠩ ᠬᠥᠳᠡᠭᠡ | ᠲᠣᠰᠬᠤᠨ ᠤ ᠬᠦᠷᠢᠶᠡᠨ ᠳᠠᠬᠢ ᠨᠡᠶᠢᠭᠡᠮ ᠤᠨ ᠪᠡᠯᠡ ᠣᠷᠣᠭᠤᠯᠤᠯᠲᠠ ᠶᠢ ᠵᠢᠷᠤᠮᠵᠢᠭᠤᠯᠤᠨ ᠬᠥᠲᠥᠯᠥᠨ ᠵᠢᠯᠣᠭᠤᠳᠴᠤ᠂ | ᠠᠶᠤᠯ ᠲᠦᠭᠰᠢᠭᠦᠷᠢ ᠶᠢ ᠰᠡᠷᠭᠡᠶᠢᠯᠡᠬᠦ ᠲᠣᠭᠲᠡᠴᠡ ᠶᠢ ᠲᠡᠭᠦᠯᠳᠡᠷᠵᠢᠭᠦᠯᠦᠨ᠎ᠡ᠃ | ︵ᠠᠷᠪᠠᠨ ᠲᠠᠪᠤ︶ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠭᠡᠨ᠎ᠡ᠃ ᠲᠠᠷᠢᠶᠠᠴᠢᠳ ᠢ | ᠬᠥᠲᠥᠯᠥᠨ ᠵᠢᠯᠣᠭᠤᠳᠴᠤ ᠪᠠᠶᠢᠭᠠᠳ ᠭᠡᠷ ᠪᠦᠯᠢ ᠶᠢᠨ ᠡᠵᠡᠩᠨᠡᠯᠲᠡ ᠳᠤ ᠲᠣᠬᠢᠷᠠᠬᠤ ᠠᠵᠤ ᠦᠢᠯᠡᠰ ᠤᠨ ᠲᠥᠷᠥᠯ ᠵᠦᠢᠯ ᠢ | ᠬᠥᠭᠵᠢᠭᠦᠯᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠦᠷᠢᠶ᠎ᠡ ᠬᠠᠰᠢᠶᠠᠨ ᠤ ᠠᠵᠤ ᠠᠬᠤᠶ᠂ | ᠣᠶ ᠳᠣᠲᠣᠷᠠᠬᠢ ᠠᠵᠤ ᠠᠬᠤᠶ᠂ ᠠᠷᠠᠳ ᠤᠨ ᠤᠯᠠᠮᠵᠢᠯᠠᠯᠲᠤ ᠰᠠᠭᠤᠴᠠ ᠶᠢᠨ ᠠᠵᠤ ᠠᠬᠤᠶ ᠶᠢ ᠬᠥᠭᠵᠢᠭᠦᠯᠦᠨ᠎ᠡ᠃ | ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ | ᠴᠢᠩᠭᠠᠷᠠᠭᠤᠯᠵᠤ᠂ ᠠᠵᠢᠯ ᠣᠯᠭᠤᠬᠤ ᠦᠢᠯᠡᠴᠢᠯᠡᠭᠡ ᠪᠠ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠶᠢ | ᠴᠢᠩᠭᠠᠷᠠᠭᠤᠯᠤᠨ᠂ ᠣᠨᠴᠠᠯᠢᠭᠲᠤ ᠬᠥᠳᠡᠯᠮᠦᠷᠢ ᠦᠢᠯᠡᠴᠢᠯᠡᠭᠡᠨ ᠤ ᠲᠥᠷᠥᠯ ᠲᠡᠮᠳᠡᠭ ᠢ ᠪᠤᠶᠢᠵᠢᠭᠤᠯᠤᠨ ᠲᠠᠨᠢᠯᠴᠠᠭᠤᠯᠤᠨ᠎ᠠ᠃ | ᠭᠡᠷ ᠤᠨ ᠶᠠᠪᠤᠳᠠᠯ ᠤᠨ ᠦᠢᠯᠡᠴᠢᠯᠡᠭᠡ ᠪᠠᠷ ᠬᠦᠳᠡᠭᠡ ᠲᠤᠰᠬᠤᠨ ᠢ ᠬᠥᠭᠵᠢᠭᠦᠯᠬᠦ ᠠᠵᠢᠯᠯᠠᠭ᠎ᠠ ᠶᠢ ᠠᠬᠢᠭᠤᠯᠤᠨ᠎ᠠ᠃ ᠨᠠᠰᠤ | ᠠᠭᠢᠭᠰᠠᠨ ᠬᠥᠯᠥᠰᠥᠨ ᠠᠵᠢᠯᠴᠢᠨ ᠤ ᠠᠵᠢᠯ ᠣᠯᠭᠤᠯᠲᠠ ᠶᠢ ᠲᠡᠳᠬᠦᠨ ᠳᠡᠮᠵᠢᠬᠦ ᠶᠢ ᠴᠢᠩᠭᠠᠳᠬᠠᠨ᠎ᠠ᠃ ᠬᠥᠯᠥᠰᠥᠨ | ᠠᠵᠢᠯᠴᠢᠨ ᠤ ᠴᠠᠯᠢᠩ ᠢ ᠥᠭᠬᠦ ᠪᠠᠲᠤᠯᠠᠭ᠎ᠠ ᠶᠢᠨ ᠲᠦᠷᠢᠮ ᠤᠨ ᠪᠦᠬᠦ ᠲᠠᠯ᠎ᠠ ᠶᠢ ᠬᠠᠮᠤᠷᠬᠤ ᠪᠠ ᠪᠦᠲᠦᠮᠵᠢᠲᠡᠢ ᠠᠵᠢᠯᠯᠠᠬᠤ ᠶᠢ | ᠠᠬᠢᠭᠤᠯᠵᠤ᠂ ᠡᠯ᠎ᠡ ᠲᠦᠷᠦᠯ ᠤᠨ ᠴᠠᠯᠢᠩ ᠥᠷᠢᠲᠦᠬᠦ ᠠᠰᠠᠭᠤᠳᠠᠯ ᠢ ᠬᠠᠤᠯᠢ ᠶᠣᠰᠣᠭᠠᠷ ᠵᠠᠯᠠᠷᠠᠭᠤᠯᠤᠨ᠎ᠠ᠃ ᠰᠢᠶᠠᠨ ᠤ | ᠬᠡᠪᠴᠢᠶᠡᠨ ᠤ ᠲᠤᠰ ᠲᠤᠰ ᠤᠨ ᠣᠨᠴᠠᠯᠢᠭ ᠲᠠᠢ ᠠᠵᠤ ᠠᠬᠤᠶ ᠶᠢ ᠬᠥᠭᠵᠢᠭᠦᠯᠵᠦ᠂ ᠠᠵᠢᠯ ᠣᠯᠭᠤᠬᠤ ᠪᠠᠭᠲᠠᠭᠠᠮᠵᠢ ᠪᠠᠷ | ᠶᠡᠭᠡ ᠠᠷᠠᠳ ᠢ ᠪᠠᠶᠠᠵᠢᠭᠤᠯᠬᠤ ᠠᠵᠤ ᠦᠢᠯᠡᠰ ᠢ ᠳᠡᠮᠵᠢᠨ ᠬᠥᠭᠵᠢᠭᠦᠯᠵᠦ᠂ ᠲᠠᠷᠢᠶᠠᠴᠢᠳ ᠤᠨ ᠣᠶᠢᠷ᠎ᠠ ᠬᠠᠪᠢ ᠳᠠᠭᠠᠨ | ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠎ᠠ᠃ ᠲᠣᠭᠠᠴᠢᠯᠠᠭᠰᠠᠨ ᠬᠥᠳᠡᠭᠡ ᠲᠣᠰᠬᠤᠨ ᠤ ᠬᠦᠳᠡᠭᠡ ᠠᠵᠤ | ᠠᠬᠤᠢ ᠶᠢ ᠬᠦᠴᠦᠷᠬᠡᠭᠵᠢᠭᠦᠯᠵᠦ ᠲᠠᠷᠢᠶᠠᠴᠢᠳ ᠲᠤ ᠠᠰᠢᠭ ᠬᠦᠷᠲᠡᠭᠡᠵᠦ ᠲᠠᠷᠢᠶᠠᠴᠢᠳ ᠢ ᠪᠠᠶᠠᠵᠢᠭᠤᠯᠬᠤ ᠲᠤᠰᠬᠠᠶ | ᠠᠵᠢᠯᠯᠠᠭ᠎ᠠ ᠶᠢ ᠬᠡᠷᠡᠭᠵᠢᠭᠦᠯᠦᠨ᠎ᠡ᠃ ᠬᠦᠳᠡᠯᠮᠦᠷᠢ ᠪᠠᠷ ᠲᠡᠳᠬᠦᠮᠵᠢ ᠶᠢ ᠣᠷᠣᠯᠠᠭᠤᠯᠬᠤ ᠲᠦᠷᠦᠯ ᠵᠦᠢᠯ ᠢ ᠬᠡᠷᠡᠭᠵᠢᠭᠦᠯᠬᠦ | ᠬᠡᠪᠴᠢᠶ᠎ᠡ ᠶᠢ ᠥᠷᠭᠡᠳᠭᠡᠵᠦ᠂ ᠭᠤᠣᠯᠳᠠᠯᠭ᠎ᠠ ᠲᠠᠢ ᠢᠨᠵᠧᠨᠧᠷᠢᠩ ᠤᠨ ᠲᠦᠷᠦᠯ ᠵᠦᠢᠯ ᠪᠠ ᠬᠦᠳᠡᠭᠡ ᠠᠵᠤ ᠠᠬᠤᠢ ᠬᠥᠳᠡᠭᠡ | ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠤ ᠬᠦᠳᠡᠯᠮᠦᠷᠢᠯᠡᠬᠦ ᠪᠠᠷ | ᠲᠡᠳᠬᠦᠮᠵᠢ ᠶᠢ ᠣᠷᠣᠯᠠᠭᠤᠯᠬᠤ ᠶᠢ ᠳᠡᠯᠭᠡᠷᠡᠭᠦᠯᠦᠨ᠎ᠡ᠃ | ᠳᠥᠷᠪᠡ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠤᠨ᠎ᠠ | ︵ᠠᠷᠪᠠᠨ ᠵᠢᠷᠭᠤᠭ᠎ᠠ︶ ᠰᠢᠶᠠᠨ ᠤ ᠬᠡᠪᠴᠢᠶᠡᠨ ᠤ ᠬᠤᠲᠠ ᠬᠥᠳᠡᠭᠡ ᠶᠢᠨ ᠲᠥᠯᠥᠪᠵᠢᠭᠦᠯᠭᠡ ᠶᠢᠨ | ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ᠎ᠡ᠃ ᠬᠥᠮᠦᠨ ᠠᠮᠠ ᠶᠢᠨ ᠬᠤᠪᠢᠷᠠᠯᠲᠠ ᠶᠢᠨ ᠬᠠᠨᠳᠤᠰᠢ ᠳᠤ | ᠵᠣᠬᠢᠴᠠᠭᠤᠯᠤᠨ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠬᠢᠭᠡᠳ ᠰᠢᠨ᠎ᠡ ᠬᠡᠯᠪᠡᠷᠢ ᠶᠢᠨ | ᠬᠤᠲᠠ ᠪᠠᠯᠭᠠᠰᠤᠵᠢᠯᠲᠠ ᠶᠢ ᠣᠷᠭᠠᠨᠢᠭ ᠢᠶᠠᠷ ᠤᠶᠠᠯᠳᠤᠭᠤᠯᠬᠤ ᠶᠢ ᠠᠬᠢᠭᠤᠯᠵᠤ᠂ ᠰᠢᠶᠠᠨ ᠰᠢᠶᠠᠩ ᠤᠨ ᠤᠯᠤᠰ ᠤᠨ ᠭᠠᠵᠠᠷ | ᠰᠢᠷᠤᠢ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠣᠷᠣᠨ ᠵᠠᠶ ᠶᠢ ᠨᠢᠭᠡᠳᠦᠯᠲᠡᠶ ᠲᠥᠯᠥᠪᠵᠢᠭᠦᠯᠬᠦ ᠪᠠ ᠡᠯᠧᠮᠧᠨ᠋ᠲ ᠢ | ᠪᠠᠲᠤᠯᠠᠬᠤ ᠦᠢᠯᠡᠳᠦᠯ ᠢ ᠪᠠᠳᠠᠷᠠᠭᠤᠯᠵᠤ᠂ ᠬᠤᠲᠠ ᠬᠥᠳᠡᠭᠡ ᠶᠢᠨ ᠠᠵᠤ ᠦᠢᠯᠡᠰ ᠤᠨ ᠬᠥᠭᠵᠢᠯᠲᠡ᠂ ᠰᠠᠭᠤᠷᠢ | ᠲᠥᠬᠦᠭᠡᠷᠦᠮᠵᠢ᠂ ᠣᠯᠠᠨ ᠨᠡᠶᠢᠲᠡ ᠶᠢᠨ ᠦᠢᠯᠡᠴᠢᠯᠡᠭᠡ ᠶᠢ ᠨᠢᠭᠡ ᠴᠣᠭᠴᠠᠵᠢᠭᠤᠯᠬᠤ ᠶᠢ ᠠᠬᠢᠭᠤᠯᠤᠨ᠎ᠠ᠃ ᠠᠶᠢᠯ | ᠲᠣᠰᠬᠤᠨ ᠤ ᠲᠥᠯᠥᠪᠵᠢᠭᠦᠯᠭᠡ ᠶᠢᠨ ᠤᠷᠤᠨ ᠲᠤᠭ᠎ᠠ ᠶᠢᠨ ᠶᠠᠰᠤ ᠴᠢᠨᠠᠷ ᠪᠠ ᠪᠣᠳᠠᠲᠤ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠠᠶᠢᠯ ᠲᠣᠰᠬᠤᠨ ᠤ ᠲᠥᠯᠥᠪᠵᠢᠭᠦᠯᠭᠡ ᠶᠢᠨ ᠤᠷᠤᠨ ᠲᠤᠭ᠎ᠠ ᠶᠢ ᠪᠦᠬᠦᠨ ᠢ ᠬᠠᠮᠤᠷᠤᠭᠤᠯᠬᠤ ᠪᠠᠷ | ᠱᠠᠭᠠᠷᠳᠠᠵᠤ ᠪᠣᠯᠬᠤ ᠥᠬᠡᠶ᠂ ᠤᠷᠤᠨ ᠲᠤᠭ᠎ᠠ ᠱᠠᠭᠠᠷᠳᠠᠬᠤ ᠥᠬᠡᠶ ᠪᠠᠶᠢᠪᠠᠯ ᠰᠢᠶᠠᠨ ᠰᠢᠶᠠᠩ ᠤᠨ ᠤᠯᠤᠰ ᠤᠨ ᠭᠠᠵᠠᠷ | ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠳᠤ ᠬᠠᠮᠢᠶᠠᠷᠤᠨ ᠡᠵᠡᠮᠳᠡᠵᠦ ᠬᠥᠲᠥᠯᠥᠨ ᠵᠢᠯᠣᠭᠤᠳᠬᠤ ᠪᠤᠶᠤ ᠶᠡᠷᠦᠩᠬᠡᠶ | ᠳᠦᠷᠢᠮ ᠤᠨ ᠮᠠᠶ᠋ᠢᠭ ᠤᠨ ᠬᠠᠮᠢᠶᠠᠷᠤᠯᠲᠠ ᠶᠢᠨ ᠲᠣᠭᠲᠠᠭᠠᠯ ᠭᠠᠷᠭᠠᠵᠤ ᠪᠣᠯᠤᠨ᠎ᠠ᠃ ᠠᠶᠢᠯ ᠲᠣᠰᠬᠤᠨ ᠤ ᠪᠦᠲᠦᠭᠡᠨ | ᠪᠠᠶᠢᠭᠤᠯᠤᠯᠲᠠ ᠶᠢᠨ ᠭᠤᠣᠯᠳᠠᠯᠭ᠎ᠠ ᠪᠠ ᠳᠡᠰ ᠳᠠᠷᠠᠭᠠᠯᠠᠯ ᠢ ᠵᠦᠢ ᠵᠣᠬᠢᠰᠲᠠᠶ ᠲᠣᠭᠲᠠᠭᠠᠵᠤ᠂ ᠪᠦᠲᠦᠭᠡᠨ ᠪᠠᠶᠢᠭᠤᠯᠬᠤ ᠪᠠ | ᠬᠠᠮᠢᠶᠠᠷᠴᠤ ᠬᠠᠮᠠᠭᠠᠯᠠᠬᠤ ᠶᠢ ᠨᠢᠭᠡᠳᠦᠯᠲᠡᠶ ᠲᠥᠯᠥᠪᠵᠢᠭᠦᠯᠦᠨ᠂ ᠣᠷᠣᠨ ᠪᠦᠰᠡ ᠶᠢᠨ ᠣᠨᠴᠠᠯᠢᠭ ᠲᠠᠢ ᠬᠥᠳᠡᠭᠡ ᠲᠣᠰᠬᠤᠨ ᠢ | ᠪᠦᠲᠦᠭᠡᠨ ᠪᠠᠶᠢᠭᠤᠯᠬᠤ ᠵᠠᠭᠪᠤᠷ ᠢ ᠬᠠᠶᠢᠨ ᠰᠦᠪᠡᠭᠴᠢᠯᠡᠨ᠎ᠡ᠃ ᠲᠠᠷᠢᠶᠠᠨ ᠭᠠᠵᠠᠷ ᠤᠨ ᠶᠡᠷᠦᠩᠬᠡᠶ ᠬᠡᠮᠵᠢᠶ᠎ᠡ ᠶᠢ ᠪᠠᠭᠠᠰᠬᠠᠬᠤ | ᠥᠬᠡᠶ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠪᠠᠶᠢᠷᠢᠰᠢᠭᠤᠯᠤᠯᠲᠠ ᠶᠢ ᠦᠨᠳᠦᠰᠦᠨ ᠳᠡᠭᠡᠨ ᠲᠣᠭᠲᠠᠭᠤᠨ | ᠪᠠᠶᠢᠯᠭᠠᠬᠤ ᠤᠷᠢᠲᠠᠯ ᠳᠤᠤᠷ᠎ᠠ᠂ ᠰᠢᠶᠠᠨ ᠤ ᠬᠡᠪᠴᠢᠶ᠎ᠡ ᠪᠠᠷ ᠨᠢᠭᠡᠳᠦᠯᠲᠡᠶ ᠲᠥᠯᠥᠪᠵᠢᠭᠦᠯᠬᠦ ᠨᠢᠭᠡᠴᠢ᠂ ᠰᠢᠶᠠᠩ ᠪᠠᠯᠭᠠᠰᠤ ᠪᠠᠷ | ᠦᠨᠳᠦᠰᠦᠨ ᠬᠡᠷᠡᠭᠵᠢᠭᠦᠯᠬᠦ ᠨᠢᠭᠡᠴᠢ ᠪᠣᠯᠭᠠᠭᠰᠠᠨ ᠪᠥᠬᠦ ᠣᠷᠣᠨ ᠪᠦᠰᠡ ᠶᠢᠨ ᠭᠠᠵᠠᠷ ᠰᠢᠷᠣᠶ ᠶᠢ ᠶᠡᠷᠦᠩᠬᠡᠶᠢᠯᠡᠨ ᠴᠡᠭᠴᠡᠯᠡᠨ | ᠵᠠᠰᠠᠬᠤ ᠶᠢ ᠥᠷᠨᠢᠭᠦᠯᠦᠨ᠎ᠡ᠃ | ︵ᠠᠷᠪᠠᠨ ᠳᠣᠯᠤᠭ᠎ᠠ︶ ᠰᠠᠭᠤᠷᠢ ᠲᠦᠬᠦᠭᠡᠷᠦᠮᠵᠢ ᠶᠢ ᠬᠥᠳᠡᠭᠡ ᠲᠣᠰᠬᠤᠨ ᠲᠡᠶᠢᠰᠢ ᠤᠷᠲᠤᠳᠬᠠᠬᠤ ᠶᠢ ᠲᠦᠯᠬᠢᠨ | ᠠᠬᠢᠭᠤᠯᠤᠨ᠎ᠠ᠃ ᠬᠤᠲᠠ ᠬᠥᠳᠡᠭᠡ ᠶᠢᠨ ᠤᠰᠤ ᠬᠠᠩᠭᠠᠬᠤ ᠶᠢ ᠨᠢᠭᠡ ᠴᠣᠭᠴᠠᠵᠢᠭᠤᠯᠬᠤ᠂ ᠲᠥᠪᠯᠡᠷᠡᠭᠦᠯᠦᠨ ᠤᠰᠤ | ᠬᠠᠩᠭᠠᠬᠤ ᠶᠢ ᠬᠡᠪᠴᠢᠶᠡᠵᠢᠭᠦᠯᠬᠦ᠂ ᠵᠢᠵᠢᠭ ᠬᠡᠯᠪᠡᠷᠢ ᠶᠢᠨ ᠤᠰᠤ ᠬᠠᠩᠭᠠᠬᠤ ᠶᠢ ᠵᠢᠷᠤᠮᠵᠢᠭᠤᠯᠬᠤ ᠪᠠᠶᠢᠭᠤᠯᠤᠯᠲᠠ ᠶᠢ ᠲᠥᠷᠥᠯ | ᠬᠤᠪᠢᠶᠠᠨ ᠠᠬᠢᠭᠤᠯᠵᠤ᠂ ᠨᠥᠬᠦᠴᠡᠯ ᠲᠠᠢ ᠭᠠᠵᠠᠷ ᠣᠷᠣᠨ ᠨᠢ ᠬᠥᠳᠡᠭᠡ ᠲᠣᠰᠬᠤᠨ ᠤ ᠤᠰᠤ ᠬᠠᠩᠭᠠᠬᠤ ᠶᠢ ᠰᠢᠶᠠᠨ ᠤ | ᠬᠡᠪᠴᠢᠶ᠎ᠡ ᠨᠢᠭᠡᠳᠦᠯᠲᠡᠶ ᠬᠠᠮᠢᠶᠠᠷᠬᠤ ᠪᠠ ᠲᠤᠰᠬᠠᠶᠢᠵᠢᠭᠰᠠᠨ ᠬᠠᠮᠢᠶᠠᠷᠤᠯᠲᠠ ᠬᠠᠮᠠᠭᠠᠯᠠᠯᠲᠠ ᠶᠠᠪᠤᠭᠤᠯᠬᠤ ᠶᠢ ᠬᠡᠷᠡᠭᠵᠢᠭᠦᠯᠵᠦ | ᠪᠣᠯᠤᠨ᠎ᠠ᠃ ᠰᠢᠨ᠎ᠡ ᠨᠢᠭᠡ ᠡᠭᠡᠯᠵᠢ ᠶᠢᠨ ᠬᠥᠳᠡᠭᠡ ᠲᠣᠰᠬᠤᠨ ᠤ ᠵᠠᠰᠠᠮᠠᠯ ᠵᠠᠮ ᠢ ᠳᠡᠭᠡᠭᠰᠢᠯᠡᠭᠦᠯᠬᠦ ᠠᠵᠢᠯᠯᠠᠭ᠎ᠠ ᠶᠢ ᠰᠠᠶᠢᠲᠤᠷ | ᠬᠡᠷᠡᠭᠵᠢᠭᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ ᠵᠢᠴᠢ ᠬᠥᠭᠦᠷᠭᠡ ᠨᠦᠬᠡᠨ ᠵᠠᠮ ᠤᠨ ᠠᠶᠤᠯ ᠲᠦᠭᠰᠢᠭᠦᠷᠢ ᠭᠡᠮ | ᠰᠣᠭᠤᠭ ᠢ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠵᠠᠰᠠᠬᠤ ᠶᠢ ᠥᠷᠨᠢᠭᠦᠯᠵᠦ᠂ ︽ᠲᠦᠷᠪᠡᠨ ᠰᠠᠶᠢᠨ ᠬᠥᠳᠡᠭᠡ | ᠲᠣᠰᠬᠤᠨ ᠤ ᠵᠠᠮ︾ ᠤᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠤᠨ᠎ᠠ᠃ ᠨᠥᠬᠦᠴᠡᠯ ᠪᠦᠷᠢᠳᠦᠭᠰᠡᠨ | ᠰᠢᠶᠠᠩ ᠪᠠᠯᠭᠠᠰᠤ ᠪᠠ ᠪᠠᠶᠢᠭᠤᠯᠤᠮᠵᠢᠲᠦ ᠲᠣᠰᠬᠤᠨ ᠳᠤ ᠠᠶᠠᠨᠴᠢᠳ ᠤᠨ ᠲᠡᠷᠭᠡ ᠨᠡᠪᠲᠡᠷᠡᠭᠰᠡᠨ ᠦᠷ᠎ᠡ ᠪᠦᠲᠦᠭᠡᠯ ᠢ | ᠪᠠᠬᠢᠵᠢᠭᠦᠯᠵᠦ᠂ ᠬᠥᠳᠡᠭᠡ ᠲᠣᠰᠬᠤᠨ ᠤ ᠤᠰᠤᠨ ᠵᠠᠮ ᠤᠨ ᠵᠠᠮ ᠬᠠᠷᠢᠯᠴᠠᠭᠠᠨ ᠤ ᠨᠥᠬᠦᠴᠡᠯ ᠢ ᠰᠠᠶᠢᠵᠢᠷᠠᠭᠤᠯᠵᠤ᠂ ᠬᠥᠳᠡᠭᠡ | ᠲᠣᠰᠬᠤᠨ ᠤ ᠠᠶᠠᠨᠴᠢᠳ ᠪᠠ ᠪᠠᠷᠠᠭ᠎ᠠ ᠰᠢᠦᠳᠠᠨ ᠤ ᠠᠭᠤᠰᠤᠯᠴᠠᠨ ᠬᠥᠭᠵᠢᠬᠦ ᠶᠢ ᠲᠦᠯᠬᠢᠨ ᠠᠬᠢᠭᠤᠯᠤᠨ᠎ᠠ᠃ ᠲᠦᠷᠭᠡᠨ | ᠬᠦᠷᠭᠡᠯᠲᠡ ᠶᠢ ᠲᠣᠰᠬᠤᠨ ᠳᠤ ᠣᠷᠣᠭᠤᠯᠬᠤ ᠶᠢ ᠭᠦᠨᠵᠡᠭᠡᠶᠢᠷᠡᠭᠦᠯᠵᠦ᠂ ᠲᠣᠰᠬᠤᠨ ᠤ ᠱᠠᠲᠤᠨ ᠤ ᠢᠯᠡᠭᠡᠨ ᠬᠦᠷᠭᠡᠬᠦ | ᠪᠠᠷᠠᠭᠠᠨ ᠤ ᠭᠦᠢᠯᠭᠡᠭᠡᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠥᠷᠲᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠬᠡᠯᠬᠢᠶᠡᠵᠢᠭᠦᠯᠦᠨ | ᠡᠵᠡᠩᠨᠡᠵᠦ ᠰᠢᠶᠠᠨ ᠤ ᠬᠡᠪᠴᠢᠶᠡᠨ ᠤ ᠵᠠᠬ᠎ᠠ ᠳᠡᠯᠭᠡᠭᠦᠷ ᠢ ᠪᠠᠶᠢᠷᠢᠰᠢᠭᠤᠯᠬᠤ ᠶᠢ ᠳᠡᠮᠵᠢᠵᠦ᠂ ᠬᠦᠢᠲᠡᠨ ᠬᠡᠯᠬᠢᠶᠡᠲᠦ | ᠳᠣᠭᠢᠷᠠᠭᠤᠯᠤᠨ ᠬᠦᠷᠭᠡᠬᠦ ᠪᠠ ᠳᠠᠷᠦ᠋ᠢᠬᠠᠨ ᠵᠢᠵᠢᠭᠯᠡᠨ ᠬᠤᠳᠠᠯᠳᠤᠬᠤ ᠶᠢ ᠰᠢᠶᠠᠩ ᠪᠠᠯᠭᠠᠰᠤ ᠳᠠᠶᠢᠰᠢ ᠤᠷᠲᠤᠳᠬᠠᠬᠤ ᠶᠢ | ᠠᠬᠢᠭᠤᠯᠤᠨ᠎ᠠ᠃ ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠲᠦᠯᠬᠢᠨ | ᠠᠬᠢᠭᠤᠯᠵᠤ᠂ ᠭᠡᠷ ᠤᠨ ᠬᠠᠶᠠᠭᠳᠠᠮᠠᠯ ᠬᠠᠭᠤᠴᠢᠨ ᠴᠠᠬᠢᠯᠭᠠᠨ ᠬᠡᠷᠡᠭᠰᠡᠯ ᠵᠡᠷᠭᠡ ᠶᠢ ᠡᠭᠡᠭᠦᠯᠦᠨ ᠬᠤᠷᠢᠶᠠᠬᠤ ᠲᠣᠣᠷ | ᠰᠦᠯᠵᠢᠶ᠎ᠡ ᠶᠢ ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ ᠤ ᠴᠠᠬᠢᠯᠭᠠᠨ ᠬᠦᠴᠦᠨ ᠤ ᠪᠠᠲᠤᠯᠠᠭ᠎ᠠ ᠶᠢᠨ ᠬᠢᠷᠢ ᠲᠦᠪᠰᠢᠨ ᠢ | ᠪᠠᠬᠢᠵᠢᠭᠦᠯᠦᠨ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠲᠠᠷᠬᠠᠮᠠᠯ ᠮᠠᠶ᠋ᠢᠭ ᠤᠨ ᠳᠠᠬᠢᠯᠳᠠ ᠡᠨᠧᠷᠭᠢ ᠶᠢ ᠨᠡᠭᠡᠭᠡᠨ | ᠠᠰᠢᠭᠯᠠᠬᠤ ᠠᠵᠢᠯ ᠢ ᠴᠢᠩᠭᠠᠳᠬᠠᠵᠤ᠂ ᠨᠥᠬᠦᠴᠡᠯ ᠲᠠᠢ ᠭᠠᠵᠠᠷ ᠣᠷᠣᠨ ᠤ ᠤᠯᠠᠨ ᠨᠡᠶᠢᠲᠡ ᠶᠢᠨ ᠴᠠᠬᠢᠯᠭᠠᠨ ᠴᠡᠨᠡᠭᠯᠡᠵᠦ | ᠳ᠋ᠢᠶᠠᠨ ᠤᠤᠢ ᠰᠣᠯᠢᠬᠤ ᠲᠥᠬᠦᠭᠡᠷᠦᠮᠵᠢ ᠪᠠᠶᠢᠭᠤᠯᠬᠤ ᠶᠢ ᠵᠣᠷᠢᠭᠵᠢᠭᠤᠯᠤᠨ᠎ᠠ᠃ ᠬᠥᠳᠡᠭᠡ ᠲᠣᠰᠬᠤᠨ ᠤ ᠭᠠᠵᠠᠷ ᠣᠷᠣᠨ ᠤ | ᠴᠠᠬᠢᠯᠭᠠᠨ ᠬᠤᠯᠪᠣᠭᠠᠨ ᠤ ᠲᠦᠭᠡᠮᠡᠯ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ | ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠬᠦ ᠪᠠ ᠲᠠᠷᠢᠶᠠᠴᠢᠳ ᠤᠨ ᠭᠡᠷ ᠪᠠᠶᠢᠰᠢᠩ ᠤᠨ ᠭᠠᠵᠠᠷ ᠬᠥᠳᠡᠯᠦᠯᠲᠡ ᠶᠢ | ᠳᠠᠭᠠᠭᠠᠬᠤ ᠥᠭᠡᠷᠡᠴᠢᠯᠡᠯᠲᠡ ᠶᠢ ᠦᠷᠭᠦᠯᠵᠢᠯᠡᠨ ᠬᠡᠷᠡᠭᠵᠢᠭᠦᠯᠵᠦ᠂ ᠭᠠᠮᠰᠢᠭᠳᠠᠭᠰᠠᠨ ᠣᠷᠣᠨ ᠤ ᠭᠠᠮᠰᠢᠭ ᠠᠴᠠ ᠪᠤᠯᠵᠤ | ᠨᠤᠷᠠᠵᠤ ᠰᠦᠢᠳᠦᠭᠰᠡᠨ ᠣᠷᠣᠨ ᠰᠠᠭᠤᠴᠠ ᠶᠢ ᠰᠡᠷᠭᠦᠭᠡᠨ ᠲᠠᠬᠢᠨ ᠪᠠᠶᠢᠭᠤᠯᠬᠤ ᠠᠵᠢᠯ ᠢ ᠰᠠᠶᠢᠲᠤᠷ ᠬᠢᠨ᠎ᠠ᠃ | ︵ᠠᠷᠪᠠᠨ ᠨᠠᠢᠮᠠ︶ ᠬᠥᠳᠡᠭᠡ ᠲᠣᠰᠬᠤᠨ ᠤ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠣᠷᠣᠨ ᠪᠦᠰᠡ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ | ᠰᠢᠯᠢᠳᠡᠭᠵᠢᠭᠦᠯᠵᠦ᠂ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠪᠠ ᠭᠠᠯ | ᠰᠡᠷᠭᠡᠶᠢᠯᠡᠵᠦ ᠭᠠᠯ ᠤᠨᠲᠠᠷᠠᠭᠠᠬᠤ᠂ ᠠᠮᠤᠷ ᠲᠦᠪᠰᠢᠨ ᠵᠡᠷᠭᠡ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠦᠨ᠂ ᠴᠢᠬᠤᠯᠠ ᠪᠦᠬᠦᠢ ᠬᠥᠳᠡᠭᠡ ᠲᠣᠰᠬᠤᠨ ᠤ ᠪᠠᠭ᠎ᠠ ᠬᠡᠪᠴᠢᠶᠡᠨ ᠤ ᠰᠤᠷᠭᠠᠭᠤᠯᠢ ᠶᠢ ᠰᠠᠶᠢᠲᠤᠷ ᠡᠷᠬᠢᠯᠡᠨ᠎ᠡ᠃ | ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢᠳ ᠤᠨ ᠰᠢᠮ᠎ᠡ ᠲᠡᠵᠢᠭᠡᠯ ᠢ | ᠰᠠᠶᠢᠵᠢᠷᠠᠭᠤᠯᠬᠤ ᠲᠥᠯᠥᠪᠯᠡᠭᠡ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ | ᠪᠠ ᠪᠠᠯᠠ ᠮᠥᠩᠭᠦ ᠶᠢ ᠵᠢᠷᠤᠮᠵᠢᠭᠤᠯᠤᠨ ᠬᠡᠷᠡᠭᠯᠡᠬᠦ ᠶᠢ ᠦᠨᠡᠨ ᠬᠦ ᠪᠠᠲᠤᠯᠠᠨ᠎ᠠ᠃ ᠠᠵᠢᠯᠲᠠᠨ ᠢ ᠳᠣᠷᠣᠭᠰᠢ ᠪᠠᠭᠤᠯᠭᠠᠬᠤ ᠪᠠᠷ | ᠭᠤᠣᠯᠳᠠᠯᠭ᠎ᠠ ᠪᠣᠯᠭᠠᠨ ᠨᠢᠭᠳᠠᠷᠠᠭᠰᠠᠨ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢ ᠠᠬᠢᠭᠤᠯᠵᠤ᠂ ᠭᠤᠣᠯ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠦᠢᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠭᠦᠯᠦᠨ᠂ ᠠᠯᠤᠰ ᠡᠵᠡᠮᠰᠢᠯᠲᠦ ᠡᠮᠴᠢᠯᠡᠭᠡᠨ ᠤ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ | ᠠᠬᠢᠭᠤᠯᠤᠨ᠎ᠠ᠃ ᠬᠥᠳᠡᠭᠡ ᠲᠣᠰᠬᠤᠨ ᠤ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠪᠠ ᠪᠠᠴᠢᠮ ᠪᠠᠶᠢᠳᠠᠯ ᠢ | ᠠᠷᠭᠠᠴᠡᠭᠠᠨ ᠰᠢᠢᠳᠪᠦᠷᠢᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠠᠷᠠᠳ ᠤᠨ ᠪᠡᠶ᠎ᠡ ᠮᠠᠬᠠᠪᠣᠳ ᠢᠶᠠᠨ | ᠴᠢᠭᠢᠷᠠᠭᠵᠢᠭᠤᠯᠬᠤ ᠪᠠ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠥᠷᠨᠢᠭᠦᠯᠦᠨ᠎ᠡ᠃ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠡᠴᠡ ᠶᠢ | ᠪᠦᠷᠢᠨᠰᠢᠬᠦᠯᠵᠦ᠂ ᠵᠠᠯᠭᠠᠭ᠎ᠠ ᠪᠠᠷ ᠳᠠᠭᠠᠳᠬᠠᠯ ᠳᠤ ᠣᠷᠣᠯᠴᠠᠭᠰᠠᠨ ᠪᠠ ᠲᠣᠰ ᠵᠢᠯ ᠳᠤ ᠲᠠᠩᠰᠠ ᠲᠠᠶᠢᠯᠤᠭᠰᠠᠨ ᠥᠬᠡᠶ | ᠬᠥᠳᠡᠭᠡ ᠲᠣᠰᠬᠤᠨ ᠤ ᠰᠠᠭᠤᠭᠠᠯᠢ ᠠᠷᠠᠳ ᠲᠤ ᠳᠠᠷᠠᠭ᠎ᠠ ᠵᠢᠯ ᠤᠨ ᠬᠦᠨᠳᠦ ᠡᠪᠡᠳᠴᠢᠨ ᠤ ᠳᠠᠭᠠᠳᠬᠠᠯ ᠤᠨ ᠬᠠᠮᠤᠭ ᠤᠨ | ᠥᠨᠳᠥᠷ ᠳᠥᠯᠥᠬᠦ ᠬᠢᠵᠠᠭᠠᠷ ᠲᠤᠭ᠎ᠠ ᠶᠢ ᠳᠡᠭᠡᠭᠰᠢᠯᠡᠭᠦᠯᠦᠨ᠎ᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ | ᠨᠠᠰᠤᠵᠢᠯ ᠤᠨ ᠳᠠᠭᠠᠳᠬᠠᠯ ᠤᠨ ᠰᠠᠭᠤᠷᠢ ᠨᠠᠰᠤᠵᠢᠯ ᠤᠨ ᠮᠥᠩᠭᠦ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠰᠢᠶᠠᠨ | ᠰᠢᠶᠠᠩ ᠲᠣᠰᠬᠤᠨ ᠭᠤᠷᠪᠠᠨ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠲᠤᠤᠷ ᠰᠦᠯᠵᠢᠶ᠎ᠡ ᠶᠢ ᠪᠦᠷᠢᠨᠰᠢᠭᠦᠯᠵᠦ᠂ | ᠰᠢᠶᠠᠨ ᠤ ᠬᠡᠪᠴᠢᠶᠡᠨ ᠤ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠤᠨ ᠰᠢᠨ᠎ᠡ ᠶᠢ ᠡᠭᠦᠳᠬᠦ ᠲᠤᠷᠰᠢᠯᠲᠠ ᠶᠢᠨ ᠴᠡᠭ ᠢ | ᠥᠷᠨᠢᠭᠦᠯᠦᠨ᠂ ᠲᠣᠰᠬᠤᠨ ᠤ ᠱᠠᠲᠤᠨ ᠤ ᠬᠠᠷᠢᠯᠴᠠᠨ ᠬᠠᠪᠰᠤᠷᠤᠯᠴᠠᠬᠤ ᠴᠢᠨᠠᠷᠲᠠᠶ ᠨᠠᠰᠤᠵᠢᠯ ᠤᠨ ᠦᠢᠯᠡᠴᠢᠯᠡᠭᠡ | ᠥᠷᠨᠢᠭᠦᠯᠬᠦ ᠶᠢ ᠵᠣᠷᠢᠭᠵᠢᠭᠤᠯᠤᠨ᠎ᠠ᠃ ᠬᠥᠳᠡᠭᠡ ᠲᠣᠰᠬᠤᠨ ᠤ ᠨᠢᠯᠬ᠎ᠠ ᠬᠡᠦᠬᠡᠳ ᠢ ᠠᠰᠠᠷᠠᠨ ᠬᠠᠷᠠᠭᠠᠯᠵᠠᠬᠤ ᠦᠢᠯᠡᠴᠢᠯᠡᠭᠡ ᠶᠢ | ᠬᠥᠭᠵᠢᠭᠦᠯᠦᠨ᠎ᠡ᠃ ᠨᠠᠰᠤᠨ ᠳᠤ ᠥᠯᠥ ᠬᠦᠷᠦᠭᠰᠡᠳ ᠢ ᠠᠪᠤᠷᠠᠨ ᠲᠤᠰᠠᠯᠠᠵᠤ ᠬᠠᠮᠠᠭᠠᠯᠠᠬᠤ ᠪᠠᠶᠢᠭᠤᠯᠤᠮᠵᠢ ᠶᠢᠨ ᠬᠠᠮᠤᠷᠬᠤ | ᠬᠡᠪᠴᠢᠶ᠎ᠡ ᠶᠢ ᠥᠷᠭᠡᠳᠭᠡᠵᠦ᠂ ᠬᠡᠷ ᠲᠡᠭᠡᠨ ᠬᠤᠴᠣᠷᠤᠭᠰᠠᠨ ᠬᠡᠦᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠢ | ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠵᠡᠮᠳᠡᠭᠴᠦᠳ ᠤᠨ ᠪᠠᠲᠤᠯᠠᠭ᠎ᠠ ᠪᠠ | ᠡᠷᠡᠭᠦᠯᠵᠢᠯ ᠤᠨ ᠠᠪᠤᠷᠠᠨ ᠲᠤᠰᠠᠯᠠᠯᠲᠠ ᠶᠢ ᠴᠢᠩᠭᠠᠳᠬᠠᠨ᠎ᠠ᠃ | ︵ᠠᠷᠪᠠ ᠵᠢᠰᠦ︶ ᠬᠥᠳᠡᠭᠡ ᠲᠣᠰᠬᠤᠨ ᠤ ᠠᠮᠢ ᠠᠬᠤᠶ ᠣᠷᠴᠢᠨ ᠲᠣᠭᠤᠷᠢᠨ ᠤ ᠵᠠᠰᠠᠯᠲᠠ ᠶᠢ ᠴᠢᠩᠭᠠᠳᠬᠠᠨ᠎ᠠ᠃ | ᠬᠥᠳᠡᠭᠡ ᠠᠵᠤ ᠠᠬᠤᠶ ᠬᠥᠳᠡᠭᠡ ᠲᠣᠰᠬᠤᠨ ᠤ ᠪᠣᠬᠢᠷᠲᠤᠯ ᠢ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠶ | ᠰᠠᠶᠢᠲᠤᠷ ᠬᠢᠵᠦ᠂ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ | ᠳᠡᠭᠡᠭᠰᠢᠯᠡᠭᠦᠯᠬᠦ ᠶᠢ ᠦᠷᠭᠦᠯᠵᠢᠯᠡᠨ ᠠᠬᠢᠭᠤᠯᠵᠤ᠂ ᠦᠵᠡᠰᠭᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠲᠥᠭᠡᠨ | ᠪᠠᠶᠢᠭᠤᠯᠤᠨ᠎ᠠ᠃ ᠬᠥᠳᠡᠭᠡ ᠲᠣᠰᠬᠤᠨ ᠤ ᠵᠣᠷᠯᠣᠩ ᠢ ᠥᠭᠡᠷᠡᠴᠢᠯᠡᠬᠦ ᠶᠢ ᠬᠡᠷᠡᠭᠵᠢᠭᠦᠯᠬᠦ ᠲᠣᠭᠲᠡᠴᠡ ᠶᠢ ᠪᠦᠷᠢᠨᠰᠢᠭᠦᠯᠵᠦ᠂ | ᠨᠡᠶᠢᠭᠡᠮᠴᠢᠯᠡᠭᠰᠡᠨ ᠬᠠᠮᠢᠶᠠᠷᠤᠯᠲᠠ ᠬᠠᠮᠠᠭᠠᠯᠠᠯᠲᠠ ᠪᠠ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠲᠤᠬᠠᠶ ᠶᠢᠨ | ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ | ᠵᠠᠭᠪᠤᠷ ᠢ ᠰᠣᠩᠭᠤᠵᠤ᠂ ᠵᠣᠷᠯᠣᠩ ᠤᠨ ᠢᠯᠭᠠᠳᠠᠰᠤ ᠪᠠ ᠠᠮᠢᠳᠤᠷᠠᠯ ᠤᠨ ᠪᠣᠬᠢᠷ ᠤᠰᠤ ᠶᠢ ᠬᠠᠮᠵᠢᠯᠴᠠᠨ ᠵᠠᠰᠠᠬᠤ ᠶᠢ | ᠠᠬᠢᠭᠤᠯᠤᠨ᠂ ᠬᠥᠳᠡᠭᠡ ᠲᠣᠰᠬᠤᠨ ᠤ ᠨᠡᠯᠢᠶᠡᠳ ᠶᠡᠭᠡ ᠲᠠᠯᠠᠪᠠᠶ ᠲᠠᠢ ᠪᠣᠬᠢᠷ ᠦᠮᠡᠬᠡᠶ ᠤᠰᠤᠨ ᠴᠣᠭᠴᠠ ᠶᠢ | ᠦᠨᠳᠦᠰᠦᠨ ᠳᠡᠭᠡᠨ ᠠᠷᠢᠯᠭᠠᠨ᠎ᠠ᠃ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠡᠬᠢ ᠡᠭᠦᠰᠦᠯ ᠠᠴᠠ ᠨᠢ | ᠪᠠᠭᠠᠰᠬᠠᠨ᠂ ᠲᠤᠬᠠᠢ ᠶᠢᠨ ᠭᠠᠵᠠᠷ ᠲᠤᠨᠢ ᠣᠶᠢᠷ᠎ᠠ ᠬᠠᠪᠢ ᠳᠤᠨᠢ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ | ᠠᠰᠢᠭᠯᠠᠬᠤ ᠶᠢ ᠲᠦᠯᠬᠢᠨ ᠠᠬᠢᠭᠤᠯᠤᠨ᠎ᠠ᠃ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠤᠨ ᠲᠣᠪᠤᠶᠢᠮ᠎ᠠ ᠣᠷᠣᠨ | ᠪᠦᠰᠡ ᠶᠢᠨ ᠰᠢᠰᠲ᠋ᠧᠮ ᠲᠠᠢ ᠵᠠᠰᠠᠯᠲᠠ ᠶᠢ ᠴᠢᠩᠭᠠᠳᠬᠠᠵᠤ᠂ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ | ᠠᠰᠢᠭᠯᠠᠬᠤ ᠪᠠ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠰᠡᠭᠦᠯ ᠤᠨ ᠤᠰᠤ ᠶᠢ ᠰᠢᠢᠳᠪᠦᠷᠢᠯᠡᠬᠦ ᠶᠢ ᠴᠢᠩᠭᠠᠳᠬᠠᠨ᠎ᠠ | ᠃ ᠪᠣᠬᠢᠷᠲᠤᠭᠰᠠᠨ ᠲᠠᠷᠢᠶᠠᠨ ᠭᠠᠵᠠᠷ ᠢ ᠠᠶᠤᠯᠭᠦᠢ ᠠᠰᠢᠭᠯᠠᠬᠤ ᠶᠢ ᠠᠬᠢᠭᠤᠯᠵᠤ᠂ ᠲᠠᠷᠢᠶᠠᠯᠠᠩ ᠳᠤ ᠬᠡᠷᠡᠭᠯᠡᠬᠦ ᠭᠠᠵᠠᠷ ᠤᠨ | ᠬᠥᠷᠥᠰᠥ ᠰᠢᠷᠣᠢ ᠶᠢᠨ ᠬᠦᠨᠳᠦ ᠲᠡᠮᠦᠷᠯᠢᠭ ᠤᠨ ᠪᠣᠬᠢᠷᠲᠤᠯ ᠤᠨ ᠡᠬᠢ ᠰᠤᠷᠪᠤᠯᠵᠢ ᠶᠢ ᠡᠷᠢᠬᠦ ᠪᠠ ᠴᠡᠭᠴᠡᠯᠡᠨ ᠵᠠᠰᠠᠬᠤ ᠶᠢ | ᠴᠢᠩᠭᠠᠳᠬᠠᠨ᠎ᠠ᠃ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠶᠢ ᠳᠡᠮᠵᠢᠵᠦ᠂ ᠰᠢᠲᠠᠭᠠᠬᠤ ᠶᠢ ᠴᠠᠭᠠᠵᠠᠯᠠᠬᠤ ᠬᠡᠪᠴᠢᠶ᠎ᠡ ᠶᠢ | ᠲᠦᠢᠯ ᠤᠨ ᠣᠨᠣᠪᠴᠢᠲᠠᠶ ᠪᠠᠷ ᠬᠤᠪᠢᠶᠠᠷᠢᠯᠠᠨ ᠲᠣᠭᠲᠠᠭᠠᠵᠤ᠂ ᠰᠢᠲᠠᠭᠠᠬᠤ ᠶᠢ ᠴᠠᠭᠠᠵᠠᠯᠠᠬᠤ ᠶᠢ ᠬᠠᠮᠢᠶᠠᠷᠤᠨ ᠡᠵᠡᠮᠳᠡᠬᠦ | ᠱᠠᠭᠠᠷᠳᠠᠯᠭ᠎ᠠ ᠶᠢ ᠬᠠᠤᠯᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠤᠨ᠎ᠠ᠃ ︽ᠤᠮᠠᠷᠠᠲᠤ ᠶᠢᠨ ᠭᠤᠷᠪᠠᠨ ᠤᠷᠤᠨ︾ ᠤ | ᠢᠨᠵᠧᠨᠧᠷᠢᠩ ᠢ ᠶᠡᠭᠡ ᠪᠠᠷ ᠲᠦᠯᠬᠢᠨ ᠠᠬᠢᠭᠤᠯᠵᠤ᠂ ᠡᠬᠢ ᠪᠠᠶᠠᠯᠢᠭ ᠤᠨ ᠬᠠᠮᠵᠢᠯᠴᠠᠭ᠎ᠠ ᠪᠣᠯᠤᠨ ᠬᠠᠮᠲᠤᠷᠠᠨ ᠰᠡᠷᠭᠡᠶᠢᠯᠡᠵᠦ | ᠬᠠᠮᠲᠤᠷᠠᠨ ᠵᠠᠰᠠᠬᠤ ᠶᠢ ᠴᠢᠩᠭᠠᠷᠠᠭᠤᠯᠤᠨ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠡᠷᠦᠩᠬᠡᠶᠢᠯᠡᠭᠰᠡᠨ | ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ | ᠰᠡᠷᠭᠦᠭᠡᠯᠲᠡ ᠶᠢ ᠴᠢᠩᠭᠠᠳᠬᠠᠨ᠎ᠠ᠃ ᠠᠮᠢ ᠠᠬᠤᠶ ᠶᠢᠨ ᠠᠷᠢᠭᠤᠨ ᠴᠡᠪᠡᠷ ᠵᠢᠵᠢᠭ ᠰᠠᠪᠠ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠬᠥᠬᠡᠮᠥ᠋ᠷᠡᠨ ᠤ ᠵᠢᠭᠠᠰᠤ ᠠᠩᠨᠠᠬᠤ ᠶᠢ ᠠᠷᠪᠠᠨ ᠵᠢᠯ ᠴᠠᠭᠠᠵᠠᠯᠠᠬᠤ ᠶᠢ ᠡᠷᠡᠰ | ᠠᠬᠢᠭᠤᠯᠵᠤ᠂ ᠬᠥᠬᠡᠮᠥ᠋ᠷᠡᠨ ᠤ ᠬᠤᠪᠣᠷ ᠴᠤᠬᠠᠭ ᠮᠥᠬᠦᠬᠦ ᠰᠢᠬᠠᠭᠰᠠᠨ ᠳᠦᠷᠰᠦ ᠶᠢ ᠠᠪᠤᠷᠠᠬᠤ ᠪᠠ ᠴᠢᠬᠤᠯᠠ ᠣᠷᠣᠰᠢᠨ | ᠠᠮᠢᠳᠤᠷᠠᠬᠤ ᠭᠠᠵᠠᠷ ᠤᠨ ᠠᠮᠢ ᠠᠬᠤᠢ ᠶᠢ ᠵᠠᠰᠠᠨ ᠰᠡᠷᠭᠦᠭᠡᠬᠦ ᠶᠢ ᠴᠢᠩᠭᠠᠳᠬᠠᠨ᠎ᠠ᠃ | ᠲᠠᠪᠤ᠂ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠢ ᠬᠦᠴᠦᠯᠡᠨ ᠪᠦᠷᠢᠨᠰᠢᠭᠦᠯᠦᠨ᠎ᠡ | ︵ᠬᠤᠷᠢ︶ ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠯᠲᠠ ᠶᠢ ᠴᠢᠩᠭᠠᠳᠬᠠᠨ᠎ᠠ᠃ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ ᠶᠢ ᠭᠦᠨᠵᠡᠭᠡᠶ ᠠᠬᠢᠭᠤᠯᠵᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ | ᠵᠠᠰᠠᠯᠲᠠ ᠶᠢ ᠬᠥᠲᠥᠯᠥᠨ ᠵᠢᠯᠣᠭᠤᠳᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠤᠳᠤᠷᠢᠳᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠶᠠᠨ ᠤ ᠱᠠᠲᠤᠨ ᠤ ᠨᠠᠮ ᠵᠠᠰᠠᠭ ᠤᠨ | ᠤᠳᠤᠷᠢᠳᠬᠤ ᠪᠠᠭ ᠤᠨ ᠪᠦᠷᠢᠯᠳᠦᠬᠦᠨ ᠤ ᠲᠤᠰᠢᠶᠠᠯ ᠤᠨ ᠬᠤᠭᠤᠴᠠᠭᠠᠨ ᠤ ᠲᠣᠭᠲᠠᠭᠤᠨ ᠪᠠᠶᠢᠬᠤ ᠶᠢ ᠪᠠᠲᠤᠯᠠᠵᠤ᠂ ᠰᠢᠶᠠᠩ | ᠪᠠᠯᠭᠠᠰᠤᠨ ᠤ ᠤᠳᠤᠷᠢᠳᠬᠤ ᠪᠠᠭ ᠪᠣᠯᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ | ᠬᠡᠰᠡᠭ ᠵᠠᠯᠠᠭᠤ ᠺᠠᠳ᠋ᠷᠴᠤᠳ ᠤᠨ ᠬᠥᠳᠡᠭᠡ ᠲᠣᠰᠬᠤᠨ ᠦᠨᠳᠦᠰᠦᠨ ᠱᠠᠲᠤᠨ ᠤ ︽ᠨᠤᠳᠤᠭ ᠤᠰᠤᠨ ᠳᠤ ᠲᠠᠰᠬᠤ ᠦᠭᠡᠢ︾ | ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠪᠥᠬᠦ ᠤᠯᠤᠰ ᠤᠨ ᠲᠣᠰᠬᠤᠨ ᠤ ︽ᠬᠤᠶᠠᠷ ᠵᠥᠪᠯᠡᠯ︾ ᠤᠨ ᠬᠤᠭᠤᠴᠠᠭ᠎ᠠ | ᠰᠣᠯᠢᠬᠤ ᠠᠵᠢᠯ ᠢ ᠰᠠᠶᠢᠲᠤᠷ ᠬᠢᠵᠦ᠂ ᠲᠣᠷᠣᠶ ᠪᠠᠭᠤᠷᠠᠶ ᠰᠤᠯᠠ ᠵᠠᠳᠠᠭᠠᠶ ᠲᠣᠰᠬᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢ ᠲᠥᠪᠯᠡᠷᠡᠭᠦᠯᠦᠨ ᠴᠡᠭᠴᠡᠯᠡᠵᠦ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠣᠯᠤᠨ ᠠᠵᠢᠯᠯᠠᠬᠤ | ᠠᠩᠭᠢ ᠶᠢᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠠᠬᠢᠭᠤᠯᠤᠨ᠎ᠠ᠃ ᠬᠥᠳᠡᠭᠡ ᠲᠣᠰᠬᠤᠨ ᠤ | ᠨᠠᠮ ᠤᠨ ᠭᠡᠰᠢᠭᠦᠨ᠂ ᠺᠠᠳ᠋ᠷ ᠤᠨ ᠬᠥᠮᠦᠵᠢᠯ ᠪᠣᠯᠪᠠᠰᠤᠷᠠᠯ ᠢ ᠴᠢᠩᠭᠠᠳᠬᠠᠨ᠎ᠠ᠃ ᠦᠨᠳᠦᠰᠦᠨ ᠱᠠᠲᠤᠨ ᠤ ᠬᠢᠨᠠᠯᠲᠠ ᠲᠠᠯᠪᠢᠬᠤ | ᠰᠢᠰᠲ᠋ᠧᠮ ᠢ ᠲᠡᠭᠦᠯᠳᠡᠷᠵᠢᠭᠦᠯᠵᠦ᠂ ᠲᠤᠰᠬᠤᠨ ᠤ ᠺᠠᠳ᠋ᠷ ᠢᠯᠠᠩᠭᠤᠶ᠎ᠠ ︽ᠭᠠᠭᠴᠠᠭᠠᠷ ᠬᠤᠶᠠᠷ ᠲᠤᠰᠢᠶᠠᠯ ᠡᠭᠦᠷᠭᠡᠯᠡᠬᠦ︾ | ᠠᠵᠢᠯᠲᠠᠨ ᠤ ᠬᠠᠮᠢᠶᠠᠷᠤᠯᠲᠠ ᠬᠢᠨᠠᠯᠲᠠ ᠶᠢ ᠴᠢᠩᠭᠠᠳᠬᠠᠨ᠎ᠠ᠃ ᠲᠣᠰᠬᠤᠨ ᠤ ᠶᠠᠪᠤᠳᠠᠯ ᠢ ᠢᠯᠡ ᠪᠣᠯᠭᠠᠬᠤ ᠪᠠ | ᠠᠷᠠᠳᠴᠢᠯᠠᠯ ᠢᠶᠠᠷ ᠬᠡᠷᠡᠭ ᠵᠥᠪᠯᠡᠬᠦ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠠᠷᠢᠶᠠᠴᠢᠨ ᠲᠦᠮᠡᠨ ᠤ | ᠲᠣᠰᠬᠤᠨ ᠤ ᠱᠠᠲᠤᠨ ᠤ ᠬᠡᠷᠡᠭ ᠵᠥᠪᠯᠡᠬᠦ ᠵᠥᠪᠯᠡᠯᠭᠡᠨ ᠳᠤ ᠣᠯᠠᠨ ᠠᠷᠭ᠎ᠠ ᠵᠠᠮ ᠢᠶᠠᠷ ᠣᠷᠣᠯᠴᠠᠬᠤ ᠶᠢ ᠲᠡᠮᠵᠢᠨ᠎ᠡ᠃ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠳᠠᠬᠢ ᠲᠥᠪ ᠪᠤᠰᠤ ᠰᠤᠷᠲᠠᠯ ᠪᠣᠯᠤᠨ ᠢᠯᠵᠢᠷᠠᠯ ᠤᠨ ᠠᠰᠠᠭᠤᠳᠠᠯ ᠢ | ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠣᠰᠬᠤᠨ ᠳᠤ ᠴᠠᠭᠳᠠᠨ ᠪᠠᠶᠢᠴᠠᠭᠠᠬᠤ ᠶᠢ ᠯᠠᠪᠳᠠᠭᠤᠨ | ᠪᠠᠲᠤᠲᠠᠶ ᠥᠷᠨᠢᠭᠦᠯᠵᠦ᠂ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷ ᠤᠨ ᠠᠷᠢᠭᠤᠨ | ᠴᠢᠬᠡᠴᠢ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠵᠢᠷᠤᠮᠵᠢᠯ ᠢ ᠨᠠᠷᠢᠯᠢᠬᠵᠢᠭᠤᠯᠤᠨ ᠲᠡᠭᠦᠯᠳᠡᠷᠵᠢᠭᠦᠯᠦᠨ᠎ᠡ᠃ | ︵ᠬᠤᠷᠢᠨ ᠨᠢᠭᠡ︶ ᠬᠡᠯᠪᠡᠷᠢᠴᠢ ᠦᠵᠡᠯ ᠢ ᠦᠷᠭᠦᠯᠵᠢᠯᠡᠨ ᠴᠡᠭᠴᠡᠯᠡᠨ ᠵᠠᠰᠠᠵᠤ ᠦᠨᠳᠦᠰᠦᠨ ᠱᠠᠲᠤᠨ ᠤ | ᠳᠠᠷᠤᠭᠠᠰᠤ ᠶᠢ ᠬᠥᠩᠭᠡᠷᠡᠭᠦᠯᠦᠨ᠎ᠡ᠃ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠡᠭᠦᠷᠭᠡ ᠬᠠᠷᠢᠭᠤᠴᠠᠯᠭ᠎ᠠ ᠪᠠᠨ | ᠭᠦᠢᠴᠡᠳᠭᠡᠬᠦ ᠵᠦᠢᠯᠡᠰ ᠤᠨ ᠨᠠᠷᠢᠨ ᠲᠠᠩᠰᠠ ᠶᠢ ᠪᠥᠬᠦ ᠲᠠᠯ᠎ᠠ ᠪᠠᠷ ᠪᠠᠶᠢᠭᠤᠯᠵᠤ᠂ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ | ᠲᠠᠯᠪᠢᠵᠤ ᠦᠨᠡᠯᠡᠨ ᠵᠢᠱᠢᠬᠦ ᠶᠢ ᠴᠢᠩᠭᠠᠷᠠᠭᠤᠯᠤᠨ᠂ ᠬᠥᠳᠡᠯᠦᠩᠭᠦᠶ ᠪᠠᠷ ᠲᠣᠬᠢᠷᠠᠭᠤᠯᠬᠤ ᠲᠣᠭᠲᠡᠴᠡ ᠶᠢ ᠪᠦᠷᠢᠨᠰᠢᠭᠦᠯᠦᠨ᠎ᠡ᠃ | ᠰᠢᠶᠠᠨ ᠰᠢᠶᠠᠩ ᠠᠴᠠ ᠵᠢᠭᠡᠯᠡᠵᠦ ᠠᠵᠢᠯᠯᠠᠭᠤᠯᠬᠤ ᠠᠵᠢᠯᠲᠠᠨ ᠢ ᠴᠢᠩᠭ᠎ᠠ ᠬᠠᠮᠢᠶᠠᠷᠤᠨ ᠡᠵᠡᠮᠳᠡᠬᠦ ᠤᠷᠲᠤ ᠬᠤᠭᠤᠴᠠᠭᠠᠨ ᠤ | ᠪᠦᠲᠦᠮᠵᠢᠲᠡᠶ ᠲᠣᠭᠲᠡᠴᠡ ᠶᠢ ᠪᠦᠷᠢᠨᠰᠢᠭᠦᠯᠦᠨ᠎ᠡ᠃ ᠦᠨᠳᠦᠰᠦᠨ ᠱᠠᠲᠤᠨ ᠳᠤ ᠱᠠᠯᠠᠪᠳᠠᠭᠤᠯᠤᠨ ᠪᠠᠶᠢᠴᠠᠭᠠᠬᠤ ᠬᠢᠨᠠᠨ | ᠪᠠᠶᠢᠴᠠᠭᠠᠬᠤ ᠬᠢᠨᠠᠨ ᠰᠢᠯᠭᠠᠬᠤ ᠠᠵᠢᠯ ᠥᠷᠨᠢᠭᠦᠯᠬᠦ ᠶᠢ ᠴᠢᠩᠭ᠎ᠠ ᠬᠢᠵᠠᠭᠠᠷᠯᠠᠵᠤ᠂ ᠲᠠᠷᠢᠶᠠᠯᠠᠩ ᠳᠤ ᠬᠤᠯᠪᠣᠭᠳᠠᠭᠰᠠᠨ ᠬᠢᠨᠠᠨ | ᠰᠢᠯᠭᠠᠯᠲᠠ ᠶᠢ ᠴᠣᠮᠬᠠᠳᠬᠠᠨ ᠰᠢᠯᠢᠳᠡᠭᠵᠢᠭᠦᠯᠦᠨ᠎ᠡ᠃ ︽ᠨᠢᠭᠡ ᠪᠢᠯᠧᠲ ᠢᠶᠠᠷ ᠦᠭᠡᠶᠢᠰᠭᠡᠬᠦ︾ ᠪᠠ ᠬᠠᠷᠢᠭᠤᠴᠠᠯᠭ᠎ᠠ ᠶᠢᠨ | ᠪᠢᠴᠢᠭ ᠲᠣᠭᠲᠠᠬᠤ ᠵᠦᠢᠯᠡᠰ ᠢ ᠢᠯᠭᠠᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠦᠨᠳᠦᠰᠦᠨ ᠱᠠᠲᠤᠨ ᠳᠤ | ᠬᠠᠨᠳᠤᠭᠤᠯᠤᠭᠰᠠᠨ ᠵᠠᠰᠠᠭ ᠤᠨ ᠶᠠᠪᠤᠳᠠᠯ ᠤᠨ ᠬᠡᠷᠡᠭᠯᠡᠭᠡᠨ ᠤ ᠳᠡᠰ ᠳᠠᠷᠠᠭᠠᠯᠠᠯ ᠢ ᠴᠡᠪᠡᠷᠯᠡᠨ ᠨᠡᠶᠢᠳᠭᠡᠵᠦ᠂ ︽ᠬᠤᠷᠤᠭᠤᠨ | ᠦᠵᠦᠭᠦᠷ ᠳᠡᠭᠡᠷᠡᠬᠢ ᠬᠡᠯᠪᠡᠷᠢᠴᠢ ᠦᠵᠡᠯ︾ ᠢ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠬᠥᠳᠡᠭᠡ | ᠲᠣᠰᠬᠤᠨ ᠤ ᠦᠨᠳᠦᠰᠦᠨ ᠱᠠᠲᠤᠨ ᠤ ᠲᠤᠤᠷᠴᠢᠯᠠᠭᠰᠠᠨ ᠵᠠᠰᠠᠯᠲᠠ ᠶᠢᠨ ︽ᠣᠯᠠᠨ ᠲᠤᠤᠷ ᠢ ᠨᠢᠭᠡᠳᠭᠡᠬᠦ︾ ᠶᠢ | ᠠᠬᠢᠭᠤᠯᠤᠨ᠎ᠠ᠃ ︽ᠳᠡᠭᠡᠷ᠎ᠡ ᠱᠠᠲᠤ ᠶᠢᠨ ᠬᠢ ᠶᠢ ᠬᠠᠰᠤᠵᠤ ᠳᠣᠷᠣᠭᠰᠢ ᠪᠠᠨ ᠨᠥᠬᠦᠪᠥᠷᠢᠯᠡᠬᠦ︾ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ ᠣᠷᠣᠨ ᠲᠤᠭ᠎ᠠ ᠶᠢᠨ ᠡᠬᠢ ᠪᠠᠶᠠᠯᠢᠭ ᠢ ᠰᠢᠶᠠᠩ ᠪᠠᠯᠭᠠᠰᠤ ︵ᠵᠡᠭᠡᠯᠢ ᠭᠤᠳᠤᠮᠵᠢ︶ ᠳᠠᠶᠢᠰᠢ ᠬᠡᠯᠪᠠᠶᠢᠯᠭᠡᠬᠦ ᠶᠢ | ᠠᠬᠢᠭᠤᠯᠵᠤ᠂ ᠲᠥᠷᠥᠯ ᠬᠤᠪᠢᠶᠠᠨ ᠬᠠᠮᠢᠶᠠᠷᠬᠤ ᠶᠢ ᠴᠢᠩᠭᠠᠳᠬᠠᠨ᠂ ᠨᠢᠭᠡᠳᠦᠯᠲᠡᠶ ᠲᠥᠯᠥᠪᠵᠢᠭᠦᠯᠦᠨ ᠬᠡᠷᠡᠭᠯᠡᠨ᠎ᠡ᠃ | ︵ᠬᠤᠷᠢᠨ ᠬᠤᠶᠠᠷ︶ ᠪᠣᠯᠪᠠᠰᠤᠨ ᠬᠥᠳᠡᠭᠡ ᠲᠣᠰᠬᠤᠨ ᠤ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ | ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ | ᠴᠢᠩᠭᠠᠳᠬᠠᠵᠤ᠂ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠮᠵᠢ ᠶᠢ ᠴᠢᠩᠭᠠᠳᠬᠠᠵᠤ᠂ ᠪᠣᠯᠪᠠᠰᠤᠨ ᠬᠦᠳᠡᠭᠡ | ᠳᠤᠰᠬᠤᠨ ᠤ ᠰᠤᠷᠲᠠᠯ ᠤᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠨᠠᠮ ᠤᠨ ᠰᠢᠨ᠎ᠡ ᠡᠭᠦᠳᠦᠯᠳᠡ ᠶᠢᠨ | ᠤᠨᠤᠯ ᠢ ᠬᠥᠮᠦᠰ ᠤᠨ ᠰᠡᠳᠭᠢᠯ ᠳᠤ ᠨᠡᠩ ᠬᠠᠳᠠᠩᠰᠢᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ | ᠦᠵᠡᠯᠲᠡ ᠶᠢ ᠥᠷᠭᠡᠨ ᠢᠶᠠᠷ ᠦᠢᠯᠡᠳᠦᠯᠭᠡᠵᠢᠭᠦᠯᠬᠦ ᠶᠢ ᠠᠬᠢᠭᠤᠯᠤᠨ᠎ᠠ᠃ ᠴᠠᠭ ᠦᠶ᠎ᠡ ᠶᠢᠨ ᠰᠢᠨ᠎ᠡ ᠬᠡᠪ ᠰᠤᠷᠲᠠᠯ ᠢ ᠪᠣᠢ | ᠪᠣᠯᠭᠠᠵᠤ᠂ ︽ᠪᠢ ᠣᠯᠠᠨ ᠲᠦᠮᠡᠨ ᠳᠤ ᠪᠣᠳᠠᠲᠠᠢ ᠠᠵᠢᠯ ᠬᠢᠵᠦ ᠦᠭᠭᠦᠨ᠎ᠡ︾ ᠵᠡᠷᠭᠡ ᠦᠢᠯᠡᠳᠦᠯᠭᠡ ᠶᠢᠨ ᠠᠵᠢᠯᠯᠠᠭ᠎ᠠ ᠶᠢ | ᠭᠦᠨᠵᠡᠭᠡᠶᠢᠷᠡᠭᠦᠯᠵᠦ᠂ ᠡᠶ᠎ᠡ ᠨᠠᠶᠢᠷᠠᠮᠳᠠᠭᠤ ᠭᠡᠷ ᠪᠦᠯᠢ ᠬᠢᠭᠡᠳ ᠡᠶ᠎ᠡ ᠵᠣᠬᠢᠴᠠᠯ ᠲᠠᠢ ᠬᠥᠷᠰᠢ ᠵᠡᠷᠭᠡᠯᠡᠳᠡᠭᠡ ᠶᠢᠨ | ᠪᠠᠶᠢᠭᠤᠯᠤᠯᠲᠠ ᠶᠢ ᠠᠬᠢᠭᠤᠯᠤᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ | ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠨ᠎ᠠ᠃ | ᠰᠢᠯᠢᠳᠡᠭ ᠰᠣᠶᠣᠯ ᠤᠨ ᠡᠬᠢ ᠪᠠᠶᠠᠯᠢᠭ ᠢ ᠦᠨᠳᠦᠰᠦᠨ ᠱᠠᠲᠤᠨ ᠳᠤ ᠰᠢᠭᠤᠳ ᠬᠦᠷᠭᠡᠬᠦ ᠲᠣᠭᠲᠠᠴᠠ ᠶᠢ ᠪᠠᠶᠢᠭᠤᠯᠵᠤ᠂ | ᠬᠥᠳᠡᠭᠡ ᠲᠣᠰᠬᠤᠨ ᠤ ᠰᠣᠶᠣᠯ ᠤᠨ ᠦᠢᠯᠡᠴᠢᠯᠡᠭᠡ ᠪᠠ ᠪᠦᠲᠦᠭᠡᠭᠳᠡᠬᠦᠨ ᠤ ᠬᠠᠩᠭᠠᠯᠭ᠎ᠠ ᠶᠢ ᠪᠠᠶᠠᠯᠢᠭᠵᠢᠭᠤᠯᠤᠨ᠂ ︽ᠰᠢ | ᠵᠦᠴᠦᠭᠡ ᠶᠢ ᠬᠥᠳᠡᠭᠡ ᠲᠣᠰᠬᠤᠨ ᠳᠤ ᠬᠦᠷᠭᠡᠬᠦ︾ ᠵᠡᠷᠭᠡ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ | ᠰᠢᠨ᠎ᠡ ᠶᠢ ᠡᠭᠦᠳᠦᠨ ᠥᠷᠨᠢᠭᠦᠯᠵᠦ᠂ ᠤᠷᠤᠨ ᠨᠤᠲᠤᠭ ᠤᠨ ᠰᠣᠶᠣᠯ ᠤᠨ ᠴᠢᠳᠠᠪᠤᠷᠢᠲᠠᠨ ᠢ ᠲᠡᠳᠬᠦᠨ ᠳᠡᠮᠵᠢᠬᠦ ᠶᠢ | ᠴᠢᠩᠭᠠᠳᠬᠠᠨ᠂ ᠤᠯᠠᠨ ᠲᠦᠮᠡᠨᠴᠢ ᠴᠢᠨᠠᠷᠲᠠᠢ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢᠨ ᠡᠷᠡᠭᠦᠯ ᠢᠶᠠᠷ ᠬᠥᠭᠵᠢᠬᠦ ᠶᠢ | ᠬᠦᠳᠦᠯᠦᠨ ᠵᠢᠯᠣᠭᠤᠳᠤᠨ᠎ᠠ᠃ ᠤᠯᠠᠮᠵᠢᠯᠠᠯᠲᠤ ᠠᠶᠢᠯ ᠲᠣᠰᠬᠤᠨ ᠤ ᠣᠨᠴᠠᠯᠢᠭᠲᠤ ᠬᠠᠮᠠᠭᠠᠯᠠᠯᠲᠠ ᠶᠢᠨ ᠣᠷᠣᠨ ᠤ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠬᠥᠳᠡᠭᠡ ᠲᠣᠰᠬᠤᠨ ᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠪᠠ | ᠠᠮᠢᠳᠤᠯᠢᠭᠵᠢᠭᠤᠯᠤᠨ ᠠᠰᠢᠭᠯᠠᠬᠤ ᠶᠢ ᠴᠢᠩᠭᠠᠳᠬᠠᠨ᠂ ᠬᠥᠳᠡᠭᠡ ᠲᠣᠰᠬᠤᠨ ᠤ ᠲᠡᠦᠬᠡ ᠶᠢᠨ ᠳᠤᠷᠠᠰᠬᠠᠯᠲᠤ ᠵᠦᠢᠯᠡᠰ ᠢ | ᠬᠠᠮᠠᠭᠠᠯᠠᠬᠤ ᠢᠨᠵᠧᠨᠧᠷᠢᠩ ᠢ ᠭᠦᠨᠵᠡᠭᠡᠶ ᠬᠡᠷᠡᠭᠵᠢᠭᠦᠯᠦᠨ᠎ᠡ᠃ | ︵ᠬᠤᠷᠢᠨ ᠭᠤᠷᠪᠠ︶ ᠬᠥᠳᠡᠭᠡ ᠲᠣᠰᠬᠤᠨ ᠤ ᠬᠡᠪ ᠵᠠᠩᠰᠢᠯ ᠢ ᠥᠭᠡᠷᠡᠴᠢᠯᠡᠬᠦ ᠶᠢ ᠠᠬᠢᠭᠤᠯᠤᠨ᠎ᠠ᠃ ᠬᠥᠳᠡᠭᠡ | ᠲᠣᠰᠬᠤᠨ ᠤ ᠶᠡᠭᠡ ᠬᠡᠮᠵᠢᠶᠡᠨ ᠤ ᠪᠣᠭᠲᠣᠯᠠᠬᠤ ᠪᠡᠯᠡᠭ ᠤᠨ ᠠᠰᠠᠭᠤᠳᠠᠯ ᠢ ᠶᠡᠷᠦᠩᠬᠡᠶᠢᠯᠡᠨ ᠵᠠᠰᠠᠬᠤ ᠶᠢ ᠠᠬᠢᠭᠤᠯᠵᠤ᠂ | ᠡᠮᠡᠭᠲᠡᠶᠢᠴᠦᠳ ᠤᠨ ᠬᠤᠯᠪᠣᠭ᠎ᠠ᠂ ᠡᠪ ᠬᠠᠮᠲᠤ ᠵᠠᠯᠠᠭᠤᠴᠤᠳ ᠤᠨ ᠡᠪᠯᠡᠯ ᠵᠡᠷᠭᠡ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ | ᠪᠠᠳᠠᠷᠠᠭᠤᠯᠤᠨ᠂ ᠬᠥᠳᠡᠭᠡ ᠲᠣᠰᠬᠤᠨ ᠤ ᠤᠷᠤᠭᠯᠠᠵᠤ ᠪᠤᠯᠬᠤ ᠬᠦᠮᠦᠰ ᠲᠤ ᠦᠵᠡᠭᠦᠯᠬᠦ ᠨᠡᠶᠢᠲᠡ ᠶᠢᠨ ᠠᠰᠠᠷᠠᠮᠵᠢ ᠶᠢᠨ | ᠴᠢᠨᠠᠷᠲᠠᠢ ᠤᠷᠤᠭ ᠢᠨᠠᠭ ᠤᠨ ᠦᠢᠯᠡᠴᠢᠯᠡᠭᠡ ᠪᠠ ᠬᠠᠶᠢᠷ᠎ᠠ ᠬᠠᠯᠠᠮᠵᠢ ᠶᠢ ᠴᠢᠩᠭᠠᠳᠬᠠᠨ᠎ᠠ᠃ ᠤᠷᠤᠭ ᠤᠨ ᠬᠠᠪᠰᠤᠷᠤᠨ | ᠮᠡᠬᠡᠯᠡᠭᠴᠢ ᠤᠷᠤᠭ ᠮᠡᠬᠡᠯᠡᠭᠴᠢ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢ | ᠨᠡᠮᠡᠭᠳᠡᠭᠦᠯᠦᠨ᠎ᠡ᠃ ᠳᠡᠭᠡᠳᠦᠰ ᠤᠨ ᠰᠦᠮ᠎ᠡ ᠶᠢᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠨ᠎ᠠ᠃ ᠣᠷᠣᠰᠢᠭᠤᠯᠭ᠎ᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠮᠢ ᠠᠬᠤᠢ ᠶᠢᠨ ᠣᠷᠣᠰᠢᠭᠤᠯᠭ᠎ᠠ ᠶᠢᠨ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠨᠠᠶᠢᠷ ᠲᠠᠯ᠎ᠠ ᠬᠠᠷᠠᠵᠤ ᠠᠳᠠᠭᠠᠷᠬᠠᠬᠤ᠂ ᠶᠡᠭᠡ ᠪᠠᠷ | ᠪᠡᠯᠡᠳᠬᠡᠵᠦ ᠶᠡᠭᠡ ᠪᠠᠷ ᠬᠢᠬᠦ᠂ ᠳᠦᠭᠦᠮᠬᠡᠨ ᠠᠰᠠᠷᠠᠵᠤ ᠬᠦᠨᠳᠦ ᠪᠠᠷ ᠤᠷᠤᠰᠢᠭᠤᠯᠬᠤ᠂ ᠳᠤᠷ᠎ᠠ ᠪᠠᠷ ᠣᠷᠣᠰᠢᠭᠤᠯᠬᠤ ᠵᠡᠷᠭᠡ | ᠲᠤᠪᠤᠶᠢᠮ᠎ᠠ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠬᠢᠵᠠᠭᠠᠷᠯᠠᠬᠤ ᠴᠢᠨᠠᠷᠲᠠᠢ ᠵᠢᠷᠤᠮᠵᠢᠯ ᠪᠠ ᠰᠠᠨᠠᠭᠠᠴᠢᠯᠠᠬᠤ | ᠴᠢᠨᠠᠷᠲᠠᠢ ᠪᠠᠷᠢᠮᠵᠢᠶ᠎ᠠ ᠶᠢ ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ ᠤ ᠲᠣᠭᠯᠠᠯᠲᠠ ᠶᠢᠨ ᠵᠠᠬ᠎ᠠ ᠳᠡᠯᠭᠡᠭᠦᠷ ᠢ | ᠵᠢᠷᠤᠮᠵᠢᠭᠤᠯᠵᠤ᠂ ᠪᠣᠯᠬᠢ ᠪᠦᠳᠦᠭᠦᠯᠢᠭ ᠲᠣᠭᠯᠠᠯᠲᠠ ᠶᠢᠨ ᠠᠵᠢᠯᠯᠠᠭ᠎ᠠ ᠶᠢ ᠭᠦᠨᠵᠡᠭᠡᠶ ᠴᠡᠭᠴᠡᠯᠡᠨ ᠵᠠᠰᠠᠨ᠎ᠠ᠃ ᠬᠥᠳᠡᠭᠡ | ᠲᠣᠰᠬᠤᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠵᠤ᠂ | ᠹᠧᠣᠳᠠᠯ ᠤᠨ ᠮᠤᠬᠤᠷ ᠪᠢᠰᠢᠷᠡᠯ ᠢ ᠡᠰᠡᠷᠭᠦᠴᠡᠨ᠎ᠡ᠃ | ︵ᠬᠤᠷᠢᠨ ᠳᠥᠷᠪᠡ︶ ᠬᠥᠳᠡᠭᠡ ᠲᠣᠰᠬᠤᠨ ᠤ ᠠᠮᠤᠷ ᠲᠣᠭᠲᠠᠭᠤᠨ ᠢ ᠬᠠᠮᠠᠭᠠᠯᠠᠨ᠎ᠠ᠃ ᠰᠢᠨ᠎ᠡ ᠴᠠᠭ ᠦᠶ᠎ᠡ ᠶᠢᠨ ︽ | ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠬᠥᠳᠡᠭᠡ ᠲᠣᠰᠬᠤᠨ ᠤ ᠵᠥᠷᠢᠴᠡᠯ ᠵᠠᠭᠤᠷᠠᠯᠳᠤᠭᠠᠨ ᠢ | ᠪᠠᠶᠢᠴᠠᠭᠠᠨ ᠰᠢᠢᠳᠪᠦᠷᠢᠯᠡᠬᠦ ᠶᠢ ᠴᠢᠩᠭᠠᠳᠬᠠᠵᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠬᠠᠮᠵᠢᠯᠴᠠᠨ ᠰᠢᠢᠳᠪᠦᠷᠢᠯᠡᠬᠦ | ᠲᠣᠭᠲᠠᠴᠠ ᠶᠢ ᠲᠡᠭᠦᠯᠳᠡᠷᠵᠢᠭᠦᠯᠵᠦ᠂ ᠢᠳᠡᠪᠬᠢᠲᠡᠢ ᠡᠷᠡᠭᠦᠯ ᠰᠠᠷᠠᠭᠤᠯ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠨ᠎ᠠ᠃ | ᠬᠥᠳᠡᠭᠡ ᠲᠣᠰᠬᠤᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠᠶᠢᠩᠭᠤᠵᠢᠭᠰᠠᠨ ᠲᠣᠭᠲᠠᠴᠠ ᠶᠢ | ᠪᠦᠷᠢᠨᠰᠢᠭᠦᠯᠵᠦ᠂ ︽ᠭᠠᠴᠠᠭ᠎ᠠ ᠲᠣᠰᠬᠤᠨ ᠤ ᠡᠵᠡᠷᠬᠡᠭᠴᠢ︾᠂ ᠲᠥᠷᠥᠯ ᠤᠭᠰᠠᠭ᠎ᠠ ᠤᠪᠤᠭ ᠲᠦᠷᠦᠯ ᠤᠨ ᠬᠠᠷ᠎ᠠ | ᠪᠦᠯᠦᠭᠲᠡᠨ ᠬᠠᠷᠭᠢᠰ ᠬᠦᠴᠦᠨ ᠤ ᠡᠭᠦᠰᠦᠨ ᠳᠡᠯᠭᠡᠷᠡᠬᠦ ᠶᠢ ᠰᠡᠷᠭᠡᠶᠢᠯᠡᠨ ᠬᠤᠷᠢᠭᠯᠠᠨ᠎ᠠ᠃ ᠬᠥᠳᠡᠭᠡ ᠲᠣᠰᠬᠤᠨ ᠤ ᠱᠠᠰᠢᠨ | ᠰᠤᠷᠲᠠᠬᠤᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠬᠥᠳᠡᠭᠡ ᠲᠣᠰᠬᠤᠨ ᠤ ᠵᠣᠭᠤᠰ ᠨᠠᠭᠠᠳᠬᠤ | ᠠᠵᠢᠯᠯᠠᠭ᠎ᠠ ᠳᠤ ᠭᠦᠨᠵᠡᠭᠡᠢ ᠴᠣᠬᠢᠯᠲᠠ ᠥᠭᠴᠦ ᠴᠡᠭᠴᠡᠯᠡᠨ ᠵᠠᠰᠠᠵᠤ᠂ ᠬᠥᠳᠡᠭᠡ ᠲᠣᠰᠬᠤᠨ ᠤ ᠬᠤᠣᠷᠲᠤ ᠡᠳ᠋ ᠢ | ᠴᠠᠭᠠᠵᠠᠯᠠᠬᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠤᠢ ᠪᠣᠯᠭᠠᠵᠤ᠂ ᠲᠠᠷᠢᠶᠠᠯᠠᠩ ᠳᠤ ᠬᠤᠯᠪᠣᠭᠳᠠᠭᠰᠠᠨ | ᠬᠦᠷᠢᠶᠡᠨ ᠳᠠᠬᠢ ᠳᠠᠮᠵᠢᠭᠤᠯᠤᠨ ᠪᠣᠷᠣᠯᠠᠭᠤᠯᠬᠤ᠂ ᠮᠡᠬᠡᠯᠡᠬᠦ ᠵᠡᠷᠭᠡ ᠠᠵᠤ ᠠᠬᠤᠢ ᠶᠢᠨ ᠶᠠᠯᠠᠲᠤ ᠠᠵᠢᠯᠯᠠᠭ᠎ᠠ ᠳᠤ ᠴᠢᠩᠭ᠎ᠠ | ᠴᠣᠬᠢᠯᠲᠠ ᠥᠭᠭᠦᠨ᠎ᠡ᠃ ᠬᠥᠳᠡᠭᠡ ᠲᠣᠰᠬᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠵᠣᠬᠢᠶᠠᠨ | ᠪᠠᠶᠢᠭᠤᠯᠤᠯᠲᠠ ᠶᠢᠨ ᠰᠢᠰᠲ᠋ᠧᠮ ᠢ ᠪᠦᠷᠢᠨᠰᠢᠬᠦᠯᠵᠤ᠂ ᠬᠥᠳᠡᠭᠡ ᠲᠣᠰᠬᠤᠨ ᠤ ᠵᠠᠮ ᠬᠠᠷᠢᠯᠴᠠᠭ᠎ᠠ᠂ ᠰᠢᠲᠠᠮᠠᠬᠠᠶ ᠬᠡᠶ᠂ ᠭᠠᠯ | ᠰᠡᠷᠭᠡᠶᠢᠯᠡᠵᠦ ᠭᠠᠯ ᠤᠨᠲᠠᠷᠠᠭᠠᠬᠤ᠂ ᠥᠪᠡᠷ ᠢᠶᠠᠨ ᠬᠡᠷ ᠪᠠᠷᠢᠬᠤ ᠵᠡᠷᠭᠡ ᠬᠦᠷᠢᠶᠡᠨ ᠳᠠᠬᠢ ᠠᠮᠤᠷ ᠲᠦᠪᠰᠢᠨ ᠤ ᠠᠶᠤᠯ | ᠲᠦᠭᠰᠢᠭᠦᠷᠢ ᠶᠢ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠪᠠ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ | ᠴᠢᠩᠭᠠᠳᠬᠠᠨ᠎ᠠ᠃ | ᠵᠢᠷᠭᠤᠭ᠎ᠠ᠂ ᠡᠯᠧᠮᠧᠨ᠋ᠲ ᠢ ᠪᠠᠲᠤᠯᠠᠬᠤ ᠪᠠ ᠲᠤᠬᠢᠷᠠᠭᠤᠯᠭ᠎ᠠ ᠰᠢᠯᠢᠳᠡᠭᠵᠢᠬᠦᠯᠬᠦ ᠪᠠᠶᠢᠭᠤᠯᠤᠯ ᠲᠣᠭᠲᠠᠴᠠ ᠶᠢ | ᠬᠦᠴᠦᠯᠡᠨ ᠪᠦᠷᠢᠨᠰᠢᠭᠦᠯᠤᠨ᠎ᠠ | ︵ᠬᠤᠷᠢᠨ ᠲᠠᠪᠤ︶ ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠠᠷᠢᠴᠠᠭ᠎ᠠ ᠶᠢ | ᠲᠣᠭᠲᠠᠪᠤᠷᠢᠵᠢᠭᠤᠯᠤᠨ ᠲᠡᠭᠦᠯᠳᠡᠷᠵᠢᠭᠦᠯᠦᠨ᠎ᠡ᠃ ︽ᠶᠡᠷᠦᠩᠭᠡᠢ ᠳᠡᠭᠡᠨ ᠲᠣᠭᠲᠠᠭᠤᠨ ᠪᠠᠶᠢᠯᠭᠠᠵᠤ᠂ ᠪᠠᠭ᠎ᠠ ᠲᠣᠬᠢᠷᠠᠭᠤᠯᠤᠯᠲᠠ | ᠬᠢᠬᠦ︾ ᠶᠢ ᠪᠠᠷᠢᠮᠲᠠᠯᠠᠨ᠂ ᠬᠤᠶᠠᠳᠤᠭᠠᠷ ᠡᠭᠡᠯᠵᠢ ᠶᠢᠨ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠨᠢ | ᠲᠤᠯᠤᠭᠰᠠᠨ ᠤ ᠳᠠᠷᠠᠭ᠎ᠠ ᠳᠠᠬᠢᠭᠠᠳ ᠭᠤᠴᠢᠨ ᠵᠢᠯ ᠤᠷᠲᠤᠳᠬᠠᠬᠤ ᠲᠤᠷᠰᠢᠯᠲᠠ ᠶᠢ ᠡᠮᠬᠢ ᠵᠢᠷᠤᠮ ᠲᠠᠢ ᠪᠠᠷ ᠠᠬᠢᠭᠤᠯᠵᠤ᠂ | ᠪᠦᠬᠦᠯᠢ ᠮᠤᠵᠢ ᠪᠠᠷ ᠢᠶᠠᠨ ᠲᠤᠷᠰᠢᠯᠲᠠ ᠬᠢᠬᠦ ᠬᠡᠪᠴᠢᠶ᠎ᠡ ᠶᠢ ᠥᠷᠭᠡᠳᠭᠡᠨ᠂ ᠤᠷᠲᠤᠳᠬᠠᠨ ᠳᠠᠭᠠᠭᠠᠴᠢᠯᠠᠭᠤᠯᠬᠤ ᠳᠤᠮᠳᠠᠬᠢ | ᠵᠥᠷᠢᠴᠡᠯ ᠵᠠᠭᠤᠷᠠᠯᠳᠤᠭᠠᠨ ᠢ ᠲᠣᠬᠢᠲᠠᠶ ᠨᠠᠮᠳᠠᠭᠤᠯᠵᠤ᠂ ᠵᠣᠩᠬᠢᠯᠠᠬᠤ ᠣᠯᠠᠨ ᠲᠣᠭᠠᠨ ᠤ ᠲᠠᠷᠢᠶᠠᠯᠠᠬᠤ ᠡᠷᠦᠬᠡ ᠶᠢᠨ | ᠳᠠᠭᠠᠭᠠᠴᠢᠯᠠᠭᠰᠠᠨ ᠭᠠᠵᠠᠷ ᠢ ᠶᠡᠷᠦᠩᠬᠡᠶ ᠳᠤᠨᠢ ᠤᠷᠲᠤᠳᠬᠠᠬᠤ ᠪᠠ ᠲᠣᠭᠲᠠᠭᠤᠨ ᠪᠠᠶᠢᠯᠭᠠᠬᠤ ᠶᠢ ᠦᠨᠡᠨ ᠬᠦ ᠪᠠᠲᠤᠯᠠᠨ᠎ᠠ᠃ | ᠳᠠᠭᠠᠭᠠᠴᠢᠯᠠᠭᠰᠠᠨ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠰᠢᠯᠵᠢᠭᠦᠯᠬᠦ ᠬᠠᠮᠢᠶᠠᠷᠤᠯᠲᠠ ᠶᠢᠨ ᠦᠢᠯᠡᠴᠢᠯᠡᠭᠡᠨ ᠤ | ᠲᠦᠷᠢᠮ ᠢ ᠪᠦᠷᠢᠨᠰᠢᠬᠦᠯᠵᠤ᠂ ᠭᠦᠢᠴᠡᠳᠭᠡᠬᠦ ᠲᠤᠭ᠎ᠠ ᠪᠠᠭᠤᠯᠭᠠᠬᠤ᠂ ᠡᠭᠦᠷᠭᠡ ᠲᠣᠭᠲᠠᠭᠠᠬᠤ ᠵᠡᠷᠭᠡ ᠠᠷᠭ᠎ᠠ ᠬᠡᠯᠪᠡᠷᠢ ᠪᠠᠷ | ᠭᠠᠵᠠᠷ ᠰᠢᠷᠣᠢ ᠶᠢᠨ ᠡᠷᠭᠢᠯᠲᠡ ᠶᠢ ᠠᠬᠢᠭᠤᠯᠵᠤ ᠪᠣᠯᠬᠤ ᠦᠭᠡᠢ᠃ ᠡᠷᠭᠢᠯᠲᠡ ᠶᠢᠨ ᠦᠨ᠎ᠡ ᠬᠠᠩᠰᠢ ᠶᠢᠨ ᠵᠢᠭᠠᠯᠲᠠ ᠲᠤᠭ᠎ᠠ᠂ | ᠪᠣᠳᠠᠲᠤ ᠶᠠᠭᠤᠮ᠎ᠠ ᠪᠠᠷ ᠲᠦᠷᠢᠶᠡᠰᠦᠯᠡᠬᠦ ᠵᠡᠷᠭᠡ ᠠᠷᠭ᠎ᠠ ᠮᠠᠶ᠋ᠢᠭ ᠢ ᠨᠡᠶᠢᠲᠡᠯᠡᠬᠦ ᠪᠠᠷ ᠳᠠᠮᠵᠢᠨ᠂ ᠡᠷᠭᠢᠯᠲᠡ ᠶᠢᠨ ᠵᠠᠷᠤᠳᠠᠯ ᠢ ᠵᠦᠶ | ᠵᠣᠬᠢᠰᠲᠠᠶ ᠬᠡᠪᠴᠢᠶᠡᠨ ᠳᠤ ᠲᠣᠭᠲᠠᠭᠤᠨ ᠪᠠᠶᠢᠯᠭᠠᠬᠤ ᠶᠢ ᠠᠬᠢᠭᠤᠯᠤᠨ᠎ᠠ᠃ ᠰᠢᠨ᠎ᠡ ᠬᠡᠯᠪᠡᠷᠢ ᠶᠢᠨ ᠲᠠᠷᠢᠶᠠᠯᠠᠩ ᠤᠨ | ᠡᠵᠡᠩᠨᠡᠯᠲᠡ ᠶᠢᠨ ᠭᠤᠤᠯ ᠴᠣᠭᠴᠠ ᠶᠢ ᠪᠤᠶᠢᠵᠢᠭᠤᠯᠤᠨ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠴᠢᠨᠠᠷ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠲᠠᠷᠢᠶᠠᠴᠢᠨ ᠡᠷᠦᠬᠡ ᠶᠢ ᠳᠠᠶᠢᠴᠢᠯᠠᠬᠤ ᠴᠢᠳᠠᠪᠤᠷᠢ ᠶᠢ ᠨᠡᠮᠡᠭᠳᠡᠭᠦᠯᠦᠨ᠎ᠡ᠃ | ︵ᠬᠤᠷᠢᠨ ᠵᠢᠷᠭᠤᠭ᠎ᠠ︶ ᠬᠥᠳᠡᠭᠡ ᠲᠣᠰᠬᠤᠨ ᠤ ᠡᠬᠢ ᠪᠠᠶᠠᠯᠢᠭ ᠡᠳ᠋ ᠬᠥᠷᠥᠩᠭᠡ ᠶᠢ ᠰᠠᠶᠢᠲᠤᠷ ᠬᠠᠮᠢᠶᠠᠷᠴᠤ | ᠰᠠᠶᠢᠲᠤᠷ ᠬᠡᠷᠡᠭᠯᠡᠨ᠎ᠡ᠃ ᠬᠡᠷ ᠪᠠᠶᠢᠰᠢᠩ ᠭᠠᠵᠠᠷ ᠰᠢᠷᠣᠶ ᠶᠢ ᠨᠢᠭᠡ ᠴᠣᠭᠴᠠᠵᠢᠭᠤᠯᠤᠭᠰᠠᠨ ᠭᠡᠷ ᠪᠠᠶᠢᠰᠢᠩ ᠤᠨ ᠰᠠᠭᠤᠷᠢ | ᠭᠠᠵᠠᠷ ᠤᠨ ᠦᠮᠴᠢᠯᠡᠯ ᠤᠨ ᠡᠷᠬᠡ ᠶᠢ ᠨᠤᠲᠠᠯᠠᠨ ᠳᠡᠩᠰᠡᠯᠡᠵᠦ ᠦᠨᠡᠮᠯᠡᠯ ᠣᠯᠭᠤᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ | ᠬᠢᠨ᠎ᠠ᠃ ᠲᠠᠷᠢᠶᠠᠴᠢᠨ ᠡᠷᠦᠬᠡ ᠬᠠᠤᠯᠢ ᠶᠣᠰᠣᠨ ᠤ ᠣᠷᠣᠨ ᠰᠠᠭᠤᠴᠠ ᠪᠠᠨ ᠲᠦᠷᠢᠶᠡᠰᠦᠯᠡᠭᠦᠯᠬᠦ᠂ ᠬᠤᠪᠢ ᠣᠷᠣᠭᠤᠯᠬᠤ᠂ | ᠬᠠᠮᠲᠤᠷᠠᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ ᠠᠮᠢᠳᠤᠯᠢᠭᠵᠢᠭᠤᠯᠤᠨ ᠠᠰᠢᠭᠯᠠᠬᠤ ᠶᠢ ᠪᠦᠲᠦᠮᠵᠢᠲᠡᠶ ᠪᠡᠶᠡᠯᠡᠭᠳᠡᠬᠦ | ᠬᠡᠯᠪᠡᠷᠢ ᠶᠢ ᠰᠦᠪᠡᠭᠴᠢᠯᠡᠨ᠎ᠡ᠃ ᠬᠤᠳᠠ ᠪᠠᠯᠭᠠᠰᠤᠨ ᠤ ᠰᠠᠭᠤᠭᠠᠯᠢ ᠠᠷᠠᠳ ᠬᠥᠳᠡᠭᠡ ᠲᠣᠰᠬᠤᠨ ᠠᠴᠠ ᠲᠠᠷᠢᠶᠠᠴᠢᠨ ᠤ ᠭᠡᠷ | ᠪᠠᠶᠢᠰᠢᠩ᠂ ᠣᠷᠣᠨ ᠰᠠᠭᠤᠴᠠ ᠶᠢᠨ ᠭᠠᠵᠠᠷ ᠬᠤᠳᠠᠯᠳᠤᠨ ᠠᠪᠬᠤ ᠶᠢ ᠵᠥᠪᠰᠢᠶᠡᠷᠡᠬᠦ ᠦᠭᠡᠢ᠂ ᠠᠵᠢᠯ ᠠᠴᠠ ᠪᠠᠨ ᠠᠮᠠᠷᠠᠭᠰᠠᠨ | ᠺᠠᠳ᠋ᠷ ᠬᠥᠳᠡᠭᠡ ᠲᠣᠰᠬᠤᠨ ᠳᠤ ᠣᠴᠢᠵᠤ ᠭᠠᠵᠠᠷ ᠡᠵᠡᠯᠡᠨ ᠭᠡᠷ ᠪᠠᠷᠢᠬᠤ ᠶᠢ ᠵᠥᠪᠰᠢᠶᠡᠷᠡᠬᠦ ᠦᠭᠡᠢ᠃ ᠬᠥᠳᠡᠭᠡ ᠲᠣᠰᠬᠤᠨ ᠤ | ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ | ᠣᠷᠣᠭᠤᠯᠬᠤ ᠥᠭᠡᠷᠡᠴᠢᠯᠡᠯᠲᠡ ᠶᠢ ᠡᠮᠬᠢ ᠵᠢᠷᠤᠮ ᠲᠠᠢ ᠪᠠᠷ ᠠᠬᠢᠭᠤᠯᠵᠤ᠂ ᠠᠰᠢᠭ ᠣᠷᠣᠯᠭ᠎ᠠ ᠶᠢᠨ ᠬᠤᠪᠢᠶᠠᠷᠢᠯᠠᠯᠲᠠ ᠪᠠ | ᠡᠷᠬᠡ ᠠᠰᠢᠭ ᠢ ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠦᠨ᠎ᠡ᠃ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ | ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠠᠮᠲᠤ ᠶᠢᠨ ᠠᠵᠤ ᠠᠬᠤᠢ ᠶᠢ ᠬᠥᠭᠵᠢᠭᠦᠯᠵᠦ᠂ ᠬᠠᠮᠲᠤ ᠶᠢᠨ ᠣᠷᠣᠯᠭ᠎ᠠ ᠳᠤ | ᠠᠯᠪᠠ ᠪᠠᠷ ᠬᠠᠷᠠᠯᠲᠠ ᠲᠤᠭᠳᠠᠭᠠᠬᠤ ᠦᠭᠡᠢ᠂ ᠬᠠᠮᠲᠤ ᠶᠢᠨ ᠡᠵᠡᠩᠨᠡᠯᠲᠡ ᠶᠢᠨ ᠠᠶᠤᠯ ᠲᠦᠭᠰᠢᠭᠦᠷᠢ ᠪᠠ ᠥᠷᠢ ᠥᠭᠴᠡᠭᠡ ᠶᠢ | ᠴᠢᠩᠭ᠎ᠠ ᠬᠢᠵᠠᠭᠠᠷᠯᠠᠨ᠎ᠠ᠃ ᠬᠥᠳᠡᠭᠡ ᠲᠣᠰᠬᠤᠨ ᠤ ᠬᠠᠮᠲᠤ ᠶᠢᠨ ᠪᠠᠯᠠ ᠮᠥᠩᠭᠦ᠂ ᠡᠳ᠋ ᠬᠥᠷᠥᠩᠭᠡ ᠪᠠ ᠡᠬᠢ ᠪᠠᠶᠠᠯᠢᠭ ᠤᠨ | ᠬᠠᠮᠢᠶᠠᠷᠤᠯᠲᠠ ᠶᠢᠨ ᠲᠤᠰᠬᠠᠶ ᠵᠠᠰᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠰᠢᠨ᠎ᠡ ᠪᠠᠷ ᠨᠡᠮᠡᠭᠳᠡᠭᠰᠡᠨ ᠲᠠᠷᠢᠶᠠᠨ | ᠭᠠᠵᠠᠷ ᠢ ᠵᠢᠷᠤᠮᠵᠢᠭᠤᠯᠤᠨ ᠬᠠᠮᠢᠶᠠᠷᠬᠤ ᠪᠠ ᠵᠦᠢ ᠵᠣᠬᠢᠰᠲᠠᠢ ᠠᠰᠢᠭᠯᠠᠬᠤ ᠶᠢ ᠠᠬᠢᠭᠤᠯᠤᠨ᠎ᠠ᠃ | ︵ᠬᠤᠷᠢᠨ ᠳᠣᠯᠤᠭ᠎ᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠠᠯᠠ ᠣᠷᠣᠭᠤᠯᠵᠤ ᠪᠠᠯᠠ | ᠳᠣᠭᠢᠷᠠᠭᠤᠯᠬᠤ ᠲᠣᠭᠲᠠᠴᠠ ᠶᠢᠨ ᠰᠢᠨ᠎ᠡ ᠶᠢ ᠡᠭᠦᠳᠦᠨ᠎ᠡ᠃ ᠬᠦᠳᠡᠭᠡ ᠠᠵᠤ ᠠᠬᠤᠢ ᠬᠥᠳᠡᠭᠡ ᠲᠣᠰᠬᠤᠨ ᠤ ᠬᠦᠷᠢᠶᠡᠨ ᠳᠠᠬᠢ | ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠭᠤᠯᠤᠯᠲᠠ ᠶᠢ ᠤᠷᠢᠳ ᠢᠶᠠᠷ ᠪᠠᠲᠤᠯᠠᠵᠤ᠂ ᠠᠵᠢᠯ ᠤᠨ ᠠᠮᠵᠢᠯᠲᠠ | ᠪᠦᠲᠦᠮᠵᠢ ᠶᠢᠨ ᠬᠠᠮᠢᠶᠠᠷᠤᠯᠲᠠ ᠪᠠᠷ ᠤᠷᠮᠠᠰᠢᠭᠤᠯᠤᠨ ᠬᠢᠵᠠᠭᠠᠷᠯᠠᠬᠤ ᠶᠢ ᠴᠢᠩᠭᠠᠳᠬᠠᠨ᠎ᠠ᠃ ᠲᠥᠪ ᠤᠨ ᠲᠥᠰᠦᠪ ᠤᠨ | ᠳᠣᠲᠣᠷᠠᠬᠢ ᠪᠠᠯᠠ ᠣᠷᠣᠭᠤᠯᠤᠯᠲᠠ᠂ ᠭᠡᠳᠦ ᠣᠷᠳᠣ ᠬᠤᠭᠤᠴᠠᠭᠠᠨ ᠤ ᠤᠯᠤᠰ ᠤᠨ ᠣᠨᠴᠠᠭᠠᠶ ᠵᠢᠭᠡᠯᠡᠯᠭᠡ ᠪᠠ ᠣᠷᠣᠨ | ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠢᠭᠡᠯᠡᠯᠭᠡ ᠶᠢᠨ ᠲᠡᠮᠳᠡᠭᠲᠦ ᠶᠢᠨ ᠬᠦᠳᠡᠭᠡ ᠠᠵᠤ ᠠᠬᠤᠢ ᠬᠥᠳᠡᠭᠡ | ᠲᠣᠰᠬᠤᠨ ᠤ ᠬᠦᠷᠢᠶᠡᠨ ᠳᠠᠬᠢ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠳᠡᠮᠵᠢᠬᠦ ᠡᠷᠴᠢᠮ ᠢ | ᠴᠢᠩᠭᠠᠷᠠᠭᠤᠯᠤᠨ᠎ᠠ᠃ ᠳᠠᠬᠢᠨ ᠵᠢᠭᠡᠯᠡᠯᠭᠡ ᠲᠠᠯᠪᠢᠬᠤ᠂ ᠳᠠᠬᠢᠨ ᠪᠡᠯᠡᠨ ᠵᠣᠭᠤᠰ ᠰᠣᠯᠢᠵᠤ ᠠᠪᠬᠤ᠂ ᠬᠠᠳᠠᠭᠠᠯᠠᠮᠵᠢ ᠶᠢᠨ | ᠪᠡᠯᠡᠳᠭᠡᠯ ᠮᠥᠩᠭᠦᠨ ᠤ ᠵᠥᠷᠢᠶᠡᠲᠦ ᠨᠣᠷᠮ᠎ᠠ ᠵᠡᠷᠭᠡ ᠵᠣᠭᠤᠰᠣᠨ ᠤ ᠲᠥᠷᠥ ᠶᠢᠨ ᠪᠣᠳᠣᠯᠭ᠎ᠠ ᠶᠢᠨ ᠪᠠᠭᠠᠵᠢ ᠶᠢ ᠬᠡᠷᠡᠭᠯᠡᠨ᠂ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠳᠠᠬᠢ ᠪᠠᠯᠠ | ᠮᠥᠩᠭᠦᠨ ᠤ ᠣᠷᠣᠭᠤᠯᠤᠯᠲᠠ ᠪᠠᠨ ᠨᠡᠮᠡᠭᠳᠡᠭᠦᠯᠬᠦ ᠶᠢ ᠠᠬᠢᠭᠤᠯᠤᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ︽ | ᠬᠦᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠲᠤᠰᠬᠠᠢ ᠲᠥᠷᠥᠯ ᠤᠨ ᠮᠥᠩᠭᠦᠨ ᠭᠦᠢᠯᠭᠡᠭᠡᠨ ᠤ | ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠶᠢ ᠳᠠᠮᠵᠢᠨ᠎ᠠ᠃ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠤᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠶᠢ ᠵᠣᠷᠢᠭᠵᠢᠭᠤᠯᠤᠨ᠎ᠠ᠃ ᠬᠥᠳᠡᠭᠡ | ᠲᠣᠰᠬᠤᠨ ᠤ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠲᠠᠷᠢᠶᠠᠯᠠᠩ ᠳᠤ ᠬᠤᠯᠪᠣᠭᠳᠠᠬᠤ | ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠵᠤ ᠬᠠᠮᠲᠤ ᠪᠠᠷ ᠡᠳ᠋ᠯᠡᠬᠦ ᠶᠢ ᠴᠢᠩᠭᠠᠳᠬᠠᠨ᠎ᠠ᠃ ᠮᠠᠯ ᠵᠢᠭᠦᠷᠲᠡᠨ ᠤ ᠠᠮᠢᠳᠤ | ᠴᠣᠭᠴᠠ᠂ ᠲᠠᠷᠢᠶᠠᠯᠠᠩ ᠤᠨ ᠲᠥᠬᠦᠭᠡᠷᠦᠮᠵᠢ ᠵᠡᠷᠭᠡ ᠪᠠᠷᠢᠴᠠᠭᠠᠨ ᠤ ᠪᠡᠯᠡ ᠲᠣᠬᠢᠷᠠᠭᠤᠯᠭ᠎ᠠ ᠶᠢᠨ ᠵᠢᠭᠡᠯᠡᠯᠭᠡ ᠶᠢ | ᠳᠡᠯᠭᠡᠷᠡᠭᠦᠯᠦᠨ᠎ᠡ᠃ ᠬᠥᠳᠡᠭᠡ ᠲᠣᠰᠬᠤᠨ ᠤ ᠳᠤᠮᠳᠠ ᠪᠠᠭ᠎ᠠ ᠪᠠᠩᠬᠢ ᠶᠢᠨ ᠲᠠᠷᠢᠶᠠᠯᠠᠩ ᠢ ᠳᠡᠮᠵᠢᠬᠦ ᠪᠠᠭ᠎ᠠ ᠠᠵᠤ ᠠᠬᠤᠶᠢᠯᠠᠯ ᠢ | ᠳᠡᠮᠵᠢᠬᠦ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ︽ᠨᠢᠭᠡ ᠮᠤᠵᠢ ᠳᠤ ᠨᠢᠭᠡ ᠠᠷᠭ᠎ᠠ ᠪᠣᠳᠣᠯᠭ᠎ᠠ︾ ᠪᠠᠷ ᠬᠥᠳᠡᠭᠡ | ᠲᠣᠰᠬᠤᠨ ᠤ ᠢᠲᠡᠭᠡᠮᠵᠢ ᠶᠢᠨ ᠬᠤᠷᠰᠢᠶᠠᠨ ᠤ ᠥᠭᠡᠷᠡᠴᠢᠯᠡᠯᠲᠡ ᠶᠢ ᠲᠦᠷᠭᠡᠳᠬᠡᠵᠦ᠂ ᠭᠠᠴᠠᠭ᠎ᠠ ᠪᠠᠯᠭᠠᠰᠤᠨ ᠤ ᠪᠠᠩᠬᠢ ᠶᠢᠨ | ᠥᠭᠡᠷᠡᠴᠢᠯᠡᠯᠲᠡ ᠬᠢᠵᠦ ᠲᠠᠬᠢᠨ ᠵᠣᠬᠢᠶᠠᠨ ᠨᠡᠶᠢᠳᠭᠡᠬᠦ ᠠᠵᠢᠯ ᠢ ᠯᠠᠪᠳᠠᠭᠤᠨ ᠪᠥᠭᠡᠳ ᠡᠮᠬᠢ ᠵᠢᠷᠤᠮ ᠲᠠᠢ ᠠᠬᠢᠭᠤᠯᠤᠨ᠎ᠠ᠃ | ᠤᠯᠠᠨ ᠲᠡᠰ ᠳᠠᠪᠬᠤᠷᠭ᠎ᠠ ᠶᠢᠨ ᠲᠠᠷᠢᠶᠠᠯᠠᠩ ᠤᠨ ᠳᠠᠭᠠᠳᠬᠠᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠣᠨᠴᠠᠯᠢᠭᠲᠤ | ᠲᠠᠷᠢᠶᠠᠯᠠᠩ ᠤᠨ ᠪᠦᠲᠦᠭᠡᠭᠳᠡᠬᠦᠨ ᠤ ᠳᠠᠭᠠᠳᠬᠠᠯ ᠢ ᠬᠦᠭᠵᠢᠭᠦᠯᠬᠦ ᠶᠢ ᠳᠡᠮᠵᠢᠨ᠎ᠡ᠃ ᠬᠥᠳᠡᠭᠡ ᠲᠣᠰᠬᠤᠨ ᠤ ᠡᠯ᠎ᠡ ᠵᠦᠢᠯ ᠤᠨ | ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠤᠬᠢᠯᠲᠠ ᠦᠭᠬᠦᠨ᠎ᠡ᠃ ᠲᠠᠷᠢᠶᠠᠯᠠᠩ ᠳᠤ ᠬᠤᠯᠪᠣᠭᠳᠠᠬᠤ | ᠪᠡᠯᠡ ᠮᠥᠩᠭᠦ ᠶᠢᠨ ᠵᠦᠢᠯᠡᠰ ᠤᠨ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠴᠢᠳ ᠲᠤ | ᠠᠰᠢᠭ ᠬᠦᠷᠲᠡᠭᠡᠬᠦ ᠪᠡᠯᠡ ᠮᠥᠩᠭᠦ ᠶᠢ ᠮᠡᠬᠡᠯᠡᠨ ᠠᠪᠬᠤ᠂ ᠦᠯᠡᠳᠡᠭᠡᠨ ᠠᠪᠴᠤ ᠨᠡᠭᠦᠯᠭᠡᠨ ᠬᠡᠷᠡᠭᠯᠡᠬᠦ ᠵᠡᠷᠭᠡ ᠠᠰᠠᠭᠤᠳᠠᠯ ᠢ | ᠬᠦᠴᠦᠯᠡᠨ ᠴᠡᠭᠴᠡᠯᠡᠨ ᠵᠠᠰᠠᠨ᠎ᠠ᠃ | ︵ᠬᠤᠷᠢᠨ ᠨᠠᠢᠮᠠ︶ ᠬᠥᠳᠡᠭᠡ ᠲᠣᠰᠬᠤᠨ ᠤ ᠴᠢᠳᠠᠪᠤᠷᠢᠲᠠᠨ ᠢ ᠬᠥᠮᠥᠵᠢᠭᠦᠯᠬᠦ ᠪᠠ ᠬᠥᠭᠵᠢᠭᠦᠯᠬᠦ ᠲᠣᠭᠲᠡᠴᠡ ᠶᠢ | ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠢ ᠳᠡᠮᠵᠢᠬᠦ ᠲᠥᠯᠥᠪᠯᠡᠭᠡ ᠶᠢ | ᠬᠡᠷᠡᠭᠵᠢᠭᠦᠯᠵᠦ᠂ ᠲᠠᠷᠢᠶᠠᠴᠢᠳ ᠤᠨ ᠮᠡᠷᠭᠡᠵᠢᠯ ᠤᠷ᠎ᠠ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠵᠤ᠂ ᠬᠥᠳᠡᠭᠡ | ᠲᠣᠰᠬᠤᠨ ᠤ ᠡᠯ᠎ᠡ ᠲᠦᠷᠦᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠪᠠ ᠬᠡᠷᠡᠭᠯᠡᠭᠡᠨ ᠤ ᠴᠢᠳᠠᠪᠤᠷᠢᠲᠠᠨ ᠤ ᠡᠩᠨᠡᠭᠡ ᠶᠢ | ᠪᠤᠵᠠᠭᠠᠶᠢᠷᠠᠭᠤᠯᠤᠨ᠎ᠠ᠃ ᠬᠥᠳᠡᠭᠡ ᠲᠣᠰᠬᠤᠨ ᠤ ᠤᠷᠠᠨ ᠲᠠᠷᠬᠠᠨ ᠢ ᠪᠤᠶᠢᠵᠢᠭᠤᠯᠬᠤ ᠢᠨᠵᠧᠨᠧᠷᠢᠩ ᠢ ᠠᠬᠢᠭᠤᠯᠤᠨ᠎ᠠ᠃ ᠠᠵᠤ | ᠦᠢᠯᠡᠰ ᠤᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠲᠠᠷᠢᠶᠠᠯᠠᠩ ᠳᠤ ᠬᠤᠯᠪᠣᠭᠳᠠᠬᠤ ᠰᠢᠨᠵᠢᠯᠡᠭᠡᠨ ᠤ | ᠲᠤᠰᠬᠠᠢ ᠮᠡᠷᠭᠡᠵᠢᠯ ᠢ ᠰᠢᠯᠢᠳᠡᠭᠵᠢᠭᠦᠯᠦᠨ ᠲᠣᠬᠢᠷᠠᠭᠤᠯᠤᠨ᠎ᠠ᠃ ᠲᠠᠷᠢᠶᠠᠯᠠᠩ ᠳᠤ ᠬᠤᠯᠪᠣᠭᠳᠠᠬᠤ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠲᠦᠪᠰᠢᠨ ᠢ ᠳᠡᠭᠡᠭᠰᠢᠯᠡᠭᠦᠯᠵᠦ᠂ ᠠᠵᠢᠯ ᠮᠡᠷᠭᠡᠵᠢᠯ ᠤᠨ ᠰᠤᠷᠭᠠᠭᠤᠯᠢ ᠪᠣᠯᠣᠨ ᠲᠠᠷᠢᠶᠠᠯᠠᠩ ᠤᠨ | ᠠᠵᠤ ᠠᠬᠤᠶᠢᠯᠠᠯ ᠵᠡᠷᠭᠡ ᠶᠢᠨ ᠠᠵᠤ ᠦᠢᠯᠡᠰ ᠪᠠ ᠰᠤᠷᠭᠠᠨ ᠬᠥᠮᠦᠵᠢᠯ ᠤᠨ ᠬᠤᠯᠪᠣᠭᠠᠲᠤ ᠴᠣᠭᠴᠠ ᠪᠠᠶᠢᠭᠤᠯᠬᠤ ᠶᠢ | ᠵᠣᠷᠢᠭᠵᠢᠭᠤᠯᠤᠨ᠎ᠠ᠃ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠲᠥᠯᠥᠪᠯᠡᠭᠡ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠣᠨᠴᠠ ᠲᠣᠮᠢᠯᠠᠬᠴᠢ᠂ ᠣᠨᠴᠠᠭᠠᠢ ᠠᠵᠢᠯ ᠤᠨ ᠪᠠᠶᠢᠷᠢ ᠶᠢᠨ ᠲᠥᠯᠥᠪᠯᠡᠭᠡ᠂ ᠣᠶᠤᠲᠠᠳ ᠤᠨ ᠪᠠᠷᠠᠭᠤᠨ | ᠣᠷᠣᠨ ᠳᠤ ᠰᠠᠶᠢᠨ ᠳᠤᠷ᠎ᠠ ᠠᠴᠠ ᠪᠠᠨ ᠦᠢᠯᠡᠴᠢᠯᠡᠬᠦ ᠲᠥᠯᠥᠪᠯᠡᠭᠡ ᠵᠡᠷᠭᠡ ᠦᠨᠳᠦᠰᠦᠨ ᠱᠠᠲᠤᠨ ᠤ ᠦᠢᠯᠡᠴᠢᠯᠡᠭᠡᠨ ᠤ | ᠲᠥᠷᠥᠯ ᠵᠦᠢᠯ ᠢ ᠯᠠᠪᠳᠠᠭᠤᠨ ᠪᠠᠲᠤᠲᠠᠢ ᠠᠬᠢᠭᠤᠯᠤᠨ᠎ᠠ᠃ ᠬᠥᠳᠡᠭᠡ ᠲᠣᠰᠬᠤᠨ ᠤ ᠡᠮᠡᠭᠲᠡᠶᠢᠴᠦᠳ ᠤᠨ ᠬᠦᠰᠡᠯ | ᠵᠡᠭᠦᠳᠦ ᠪᠠᠨ ᠬᠥᠭᠡᠭᠡᠴᠡᠯᠳᠦᠭᠴᠢ ᠶᠢᠨ ᠲᠥᠯᠥᠪᠯᠡᠭᠡ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠯᠠᠭᠤ | ᠨᠠᠰᠤᠨ ᠤ ᠭᠠᠪᠢᠶ᠎ᠠ ᠪᠠᠶᠢᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠎ᠡ᠃ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠪᠠᠭ᠎ᠠ ᠬᠦᠷᠢᠶᠡᠯᠡᠩ ᠤᠨ ᠬᠥᠳᠡᠭᠡ ᠲᠣᠰᠬᠤᠨ ᠳᠤ ᠦᠨᠳᠦᠰᠦᠯᠡᠵᠦ ᠲᠠᠷᠢᠶᠠᠯᠠᠩ ᠢ ᠳᠡᠮᠵᠢᠨ ᠲᠠᠷᠢᠶᠠᠴᠢᠳ ᠲᠤ | ᠠᠰᠢᠭ ᠬᠦᠷᠲᠡᠭᠡᠬᠦ ᠶᠢ ᠳᠡᠮᠵᠢᠨ᠎ᠡ᠃ ᠣᠶᠤᠲᠠᠳ ᠤᠨ ᠬᠥᠳᠡᠭᠡ ᠲᠣᠰᠬᠤᠨ ᠤ ᠡᠮᠴᠢ ᠶᠢᠨ ᠲᠤᠰᠬᠠᠢ ᠲᠥᠯᠥᠪᠯᠡᠭᠡ ᠶᠢ | ᠦᠷᠭᠦᠯᠵᠢᠯᠡᠨ ᠬᠡᠷᠡᠭᠵᠢᠭᠦᠯᠦᠨ᠎ᠡ᠃ ᠬᠤᠳᠠ ᠶᠢᠨ ᠴᠢᠳᠠᠪᠤᠷᠢᠲᠠᠨ ᠤ ᠬᠥᠳᠡᠭᠡ ᠲᠣᠰᠬᠤᠨ ᠳᠤ ᠦᠢᠯᠡᠴᠢᠯᠡᠬᠦ ᠶᠢ | ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ᠂ ᠰᠢᠯᠭᠠᠨ ᠲᠤᠭᠲᠠᠭᠠᠬᠤ ᠤᠷᠢᠵᠤ ᠬᠡᠷᠡᠭᠯᠡᠬᠦ ᠤᠷᠮᠠᠰᠢᠭᠤᠯᠬᠤ | ᠲᠣᠭᠲᠡᠴᠡ ᠶᠢ ᠲᠡᠭᠦᠯᠳᠡᠷᠵᠢᠭᠦᠯᠦᠨ᠎ᠡ᠃ | ︵ᠬᠤᠷᠢ ᠵᠢᠰᠦ︶ ᠣᠶ ᠰᠢᠭᠤᠢ᠂ ᠠᠲᠠᠷ ᠬᠠᠭᠠᠯᠪᠤᠷᠢᠯᠠᠯᠲᠠ ᠪᠠ ᠬᠠᠩᠭᠠᠨ ᠪᠣᠷᠣᠯᠠᠭᠤᠯᠬᠤ ᠬᠤᠷᠰᠢᠶ᠎ᠠ ᠵᠡᠷᠭᠡ ᠶᠢᠨ | ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠬᠦᠯᠦᠨ ᠠᠬᠢᠭᠤᠯᠤᠨ᠎ᠠ᠃ ᠬᠠᠮᠲᠤ ᠶᠢᠨ ᠤᠢ ᠰᠢᠭᠤᠢ ᠶᠢᠨ ᠡᠷᠬᠡ ᠶᠢᠨ | ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠢ ᠮᠣᠳᠣ ᠶᠢ ᠣᠭᠲᠣᠯᠬᠤ ᠬᠠᠮᠢᠶᠠᠷᠤᠯᠲᠠ ᠶᠢᠨ ᠳᠦᠷᠢᠮ ᠢ | ᠲᠣᠬᠢᠷᠠᠭᠤᠯᠤᠨ ᠰᠢᠯᠢᠳᠡᠭᠵᠢᠭᠦᠯᠵᠦ᠂ ᠡᠷᠬᠡᠲᠦ ᠬᠥᠮᠥᠨ ᠳᠤ ᠤᠢ ᠮᠣᠳᠣ ᠶᠢ ᠰᠶᠢᠳᠪᠦᠷᠢᠯᠡᠬᠦ ᠡᠷᠬᠡ ᠪᠠ ᠲᠡᠭᠦᠨ ᠠᠴᠠ ᠠᠰᠢᠭ | ᠣᠯᠬᠤ ᠡᠷᠬᠡ ᠶᠢ ᠨᠡᠩ ᠭᠦᠢᠴᠡᠳ ᠣᠯᠭᠤᠨ᠎ᠠ᠃ ᠠᠲᠠᠷ ᠬᠠᠭᠠᠯᠪᠤᠷᠢᠯᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠡᠳ᠋ ᠬᠥᠷᠥᠩᠭᠡ ᠶᠢ ᠬᠢᠨᠠᠨ ᠬᠠᠮᠢᠶᠠᠷᠬᠤ ᠪᠠ ᠺᠣᠮᠫᠠᠨᠢ ᠶᠢ ᠵᠠᠰᠠᠬᠤ ᠵᠡᠷᠭᠡ ᠪᠠᠶᠢᠭᠤᠯᠤᠯ ᠲᠣᠭᠲᠡᠴᠡ ᠶᠢ ᠪᠦᠷᠢᠨᠰᠢᠭᠦᠯᠦᠨ᠎ᠡ᠃ | ᠤᠯᠤᠰ ᠤᠨ ᠥᠮᠴᠢᠯᠡᠯ ᠤᠨ ᠲᠠᠷᠢᠶᠠᠯᠠᠩ ᠳᠤ ᠬᠡᠷᠡᠭᠯᠡᠬᠦ ᠭᠠᠵᠠᠷ ᠤᠨ ᠡᠷᠬᠡ ᠶᠢᠨ ᠰᠢᠰᠲ᠋ᠧᠮ ᠢ ᠲᠡᠭᠦᠯᠳᠡᠷᠵᠢᠭᠦᠯᠵᠦ᠂ | ᠵᠢᠷᠤᠮᠵᠢᠭᠤᠯᠤᠨ ᠬᠠᠮᠢᠶᠠᠷᠴᠤ ᠠᠰᠢᠭᠯᠠᠬᠤ ᠶᠢ ᠠᠬᠢᠭᠤᠯᠤᠨ᠎ᠠ᠃ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠠᠬᠢᠭᠤᠯᠤᠨ᠎ᠠ᠃ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠪᠠ | ᠤᠰᠤ ᠬᠡᠷᠡᠭᠯᠡᠬᠦ ᠡᠷᠬᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠰᠤ ᠲᠠᠲᠠᠵᠤ ᠬᠡᠷᠡᠭᠯᠡᠬᠦ ᠬᠠᠮᠢᠶᠠᠷᠤᠯᠲᠠ ᠶᠢ | ᠴᠢᠩᠭᠠᠳᠬᠠᠨ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠢ ᠵᠠᠰᠠᠬᠤ ᠶᠢ ᠦᠷᠭᠦᠯᠵᠢᠯᠡᠨ ᠠᠬᠢᠭᠤᠯᠵᠤ᠂ ᠤᠰᠤ | ᠠᠷᠪᠢᠯᠠᠬᠤ ᠤᠰᠤᠯᠠᠯᠲᠠ ᠶᠢᠨ ᠮᠡᠷᠭᠡᠵᠢᠯ ᠢ ᠳᠡᠯᠭᠡᠷᠡᠭᠦᠯᠦᠨ ᠬᠡᠷᠡᠭᠯᠡᠨ᠎ᠡ᠃ | ︵ᠭᠤᠴᠢ︶ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠬᠤᠲᠠ ᠶᠢᠨ ᠠᠷᠠᠳ ᠪᠣᠯᠭᠠᠬᠤ ᠲᠣᠭᠲᠡᠴᠡ ᠶᠢ | ᠪᠦᠷᠢᠨᠰᠢᠭᠦᠯᠦᠨ᠎ᠡ᠃ ᠰᠢᠯᠵᠢᠭᠦᠯᠦᠨ ᠲᠤᠭᠠᠴᠠᠭ᠎ᠠ ᠬᠢᠬᠦ᠂ ᠰᠢᠨ᠎ᠡ ᠪᠠᠷ ᠨᠡᠮᠡᠭᠳᠡᠭᠦᠯᠬᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠭᠦᠢᠴᠡᠳᠬᠡᠬᠦ ᠲᠤᠭ᠎ᠠ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ | ᠵᠡᠷᠭᠡ ᠶᠢ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠬᠤᠳᠠ ᠶᠢᠨ ᠠᠷᠠᠳ ᠪᠣᠯᠭᠠᠬᠤ ᠲᠠᠢ ᠬᠤᠯᠪᠣᠭᠳᠠᠭᠤᠯᠬᠤ ᠶᠢ | ᠠᠬᠢᠭᠤᠯᠤᠨ᠎ᠠ᠃ ᠪᠦᠬᠦ ᠤᠯᠤᠰ ᠤᠨ ᠢᠯᠡ ᠪᠥᠭᠡᠳ ᠨᠢᠭᠡᠳᠦᠯᠲᠡᠢ ᠡᠷᠦᠬᠡ ᠠᠮᠠ ᠶᠢᠨ ᠳᠠᠩᠰᠠ ᠶᠢᠨ ᠬᠠᠮᠢᠶᠠᠷᠤᠯᠲᠠ ᠶᠢᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠲᠡᠭᠦᠯᠳᠡᠷᠵᠢᠭᠦᠯᠵᠦ᠂ ᠪᠠᠶᠢᠩᠭᠤ ᠰᠠᠭᠤᠭ᠎ᠠ ᠭᠠᠵᠠᠷ ᠠᠴᠠ ᠡᠷᠦᠬᠡ | ᠠᠮᠠ ᠶᠢᠨ ᠳᠠᠩᠰᠠ ᠶᠢ ᠳᠠᠩᠰᠠᠯᠠᠵᠤ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠳᠦᠷᠢᠮ ᠢ | ᠬᠡᠷᠡᠭᠵᠢᠭᠦᠯᠦᠨ᠎ᠡ᠃ ᠨᠥᠬᠦᠴᠡᠯ ᠲᠠᠢ ᠬᠤᠳᠠ ᠶᠢᠨ ᠲᠣᠭᠲᠠᠪᠤᠷᠢᠲᠠᠢ ᠠᠵᠢᠯ ᠣᠯᠵᠤ ᠠᠮᠢᠳᠤᠷᠠᠵᠤ ᠪᠠᠶᠢᠭ᠎ᠠ ᠲᠠᠷᠢᠶᠠᠯᠠᠩ ᠠᠴᠠ | ᠰᠢᠯᠵᠢᠭᠰᠡᠨ ᠬᠥᠮᠥᠨ ᠠᠮᠠ ᠶᠢ ᠬᠤᠳᠠ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠲᠦᠷᠦ ᠶᠢᠨ ᠪᠣᠳᠣᠯᠭ᠎ᠠ ᠶᠢᠨ | ᠬᠡᠪᠴᠢᠶᠡᠨ ᠳᠤ ᠠᠯᠬᠤᠮ ᠠᠯᠬᠤᠮ ᠢᠶᠠᠷ ᠣᠷᠣᠭᠤᠯᠬᠤ ᠶᠢ ᠵᠣᠷᠢᠭᠵᠢᠭᠤᠯᠤᠨ᠎ᠠ᠃ ᠲᠠᠷᠢᠶᠠᠯᠠᠩ ᠠᠴᠠ ᠰᠢᠯᠵᠢᠭᠰᠡᠨ ᠬᠥᠮᠥᠨ | ᠠᠮᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ ᠳᠠᠭᠠᠵᠤ ᠨᠡᠭᠦᠭᠰᠡᠨ ᠦᠷ᠎ᠡ ᠬᠡᠦᠬᠡᠳ ᠤᠨ ᠨᠡᠭᠦᠵᠦ | ᠣᠴᠢᠭᠰᠠᠨ ᠭᠠᠵᠠᠷ ᠤᠨ ᠠᠯᠪᠠᠨ ᠠᠴᠠ ᠡᠷᠬᠢᠯᠡᠭᠰᠡᠨ ᠰᠤᠷᠭᠠᠭᠤᠯᠢ ᠳᠤ ᠰᠤᠷᠤᠯᠴᠠᠬᠤ ᠬᠠᠷᠢᠴᠠᠯ ᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠎ᠡ᠃ ᠠᠵᠢᠯ ᠣᠯᠣᠭᠰᠠᠨ ᠭᠠᠵᠠᠷ ᠤᠨ ᠳᠠᠭᠠᠳᠬᠠᠯ ᠳᠤ ᠣᠷᠣᠬᠤ ᠡᠷᠦᠬᠡ ᠠᠮᠠ ᠶᠢᠨ ᠬᠢᠵᠠᠭᠠᠷᠯᠠᠯ ᠢ ᠪᠥᠬᠦ | ᠲᠠᠯ᠎ᠠ ᠪᠠᠷ ᠬᠦᠴᠦᠨ ᠦᠭᠡᠢ ᠪᠣᠯᠭᠠᠨ᠎ᠠ᠃ ᠬᠤᠳᠠ ᠳᠤ ᠡᠷᠦᠭᠡ ᠠᠮᠠ ᠪᠠᠨ ᠣᠷᠣᠭᠤᠯᠤᠭᠰᠠᠨ ᠲᠠᠷᠢᠶᠠᠴᠢᠳ ᠤᠨ ᠭᠠᠵᠠᠷ | ᠰᠢᠷᠣᠢ ᠶᠢᠨ ᠳᠠᠭᠠᠭᠠᠴᠢᠯᠠᠯᠲᠠ ᠶᠢᠨ ᠡᠷᠬᠡ᠂ ᠭᠡᠷ ᠪᠠᠶᠢᠰᠢᠩ ᠤᠨ ᠰᠠᠭᠤᠷᠢ ᠭᠠᠵᠠᠷ ᠢ ᠬᠡᠷᠡᠭᠯᠡᠬᠦ ᠡᠷᠬᠡ᠂ ᠬᠠᠮᠲᠤ ᠶᠢᠨ ᠠᠰᠢᠭ | ᠣᠷᠣᠯᠭ᠎ᠠ ᠶᠢ ᠬᠤᠪᠢᠶᠠᠷᠢᠯᠠᠬᠤ ᠡᠷᠬᠡ ᠶᠢ ᠬᠠᠤᠯᠢ ᠶᠣᠰᠣᠭᠠᠷ ᠬᠠᠮᠠᠭᠠᠯᠠᠵᠤ᠂ ᠰᠠᠶᠢᠨ ᠳᠤᠷ᠎ᠠ ᠠᠴᠠ ᠪᠠᠨ ᠲᠥᠯᠥᠪᠦᠷᠢ ᠲᠠᠢ ᠪᠠᠷ | ᠤᠬᠤᠷᠢᠨ ᠭᠠᠷᠬᠤ ᠠᠷᠭ᠎ᠠ ᠶᠢ ᠰᠦᠪᠡᠭᠴᠢᠯᠡᠨ ᠪᠠᠶᠢᠭᠤᠯᠤᠨ᠎ᠠ᠃ | ᠬᠥᠳᠡᠭᠡ ᠲᠣᠰᠬᠤᠨ ᠤ ᠶᠠᠪᠤᠳᠠᠯ ᠢ ᠰᠠᠶᠢᠲᠤᠷ ᠬᠢᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠶᠢ ᠪᠡᠶᠡᠯᠡᠭᠦᠯᠬᠦ ᠶᠢᠨ ᠵᠠᠩᠭᠢᠯᠠᠭ᠎ᠠ ᠨᠢ ᠨᠠᠮ ᠳᠤ ᠪᠤᠢ᠃ ᠡᠷᠬᠡᠪᠰᠢ ︽ᠬᠥᠳᠡᠭᠡ ᠠᠵᠤ ᠠᠬᠤᠢ ᠬᠥᠳᠡᠭᠡ | ᠲᠣᠰᠬᠤᠨ ᠲᠠᠷᠢᠶᠠᠴᠢᠨ︾ ᠤ ᠠᠰᠠᠭᠤᠳᠠᠯ ᠢ ᠰᠠᠶᠢᠲᠤᠷ ᠰᠶᠢᠳᠪᠦᠷᠢᠯᠡᠬᠦ ᠶᠢ ᠪᠦᠬᠦ ᠨᠠᠮ ᠤᠨ ᠠᠵᠢᠯ ᠤᠨ ᠭᠤᠣᠯᠳᠠᠯᠭ᠎ᠠ ᠶᠢᠨ | ᠳᠣᠲᠣᠷᠠᠬᠢ ᠭᠤᠣᠯᠳᠠᠯᠭ᠎ᠠ ᠪᠣᠯᠭᠠᠵᠤ᠂ ᠲᠠᠪᠤᠨ ᠱᠠᠲᠤᠨ ᠤ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠠᠵᠢᠯ ᠢ ᠠᠳᠬᠤᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤᠳᠬᠠᠵᠤ᠂ ᠬᠤᠳᠠ ᠬᠥᠳᠡᠭᠡ ᠶᠢ | ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠯ ᠲᠣᠭᠲᠡᠴᠡ ᠶᠢ ᠲᠡᠭᠦᠯᠳᠡᠷᠵᠢᠭᠦᠯᠵᠦ᠂ ᠲᠠᠷᠢᠶᠠᠯᠠᠩ ᠢ ᠬᠦᠴᠦᠷᠬᠡᠭᠵᠢᠭᠦᠯᠦᠨ | ᠲᠠᠷᠢᠶᠠᠴᠢᠳ ᠲᠤ ᠠᠰᠢᠭ ᠬᠦᠷᠲᠡᠭᠡᠵᠦ ᠲᠠᠷᠢᠶᠠᠴᠢᠳ ᠢ ᠪᠠᠶᠠᠵᠢᠭᠤᠯᠬᠤ ᠶᠢ ᠳᠡᠮᠵᠢᠬᠦ ᠳᠦᠷᠢᠮ ᠢ ᠲᠡᠭᠦᠯᠳᠡᠷᠵᠢᠭᠦᠯᠵᠦ᠂ ︽ | ᠮᠢᠩᠭ᠎ᠠ ᠲᠦᠮᠨ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠬᠦ ᠶᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠬᠤ ᠶᠢ ᠠᠬᠢᠭᠤᠯᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠠᠬᠢᠭᠤᠯᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠡᠴᠡ ᠶᠢ ᠪᠦᠷᠢᠨᠰᠢᠭᠦᠯᠬᠦ ᠬᠡᠷᠡᠭᠲᠡᠢ᠃ ᠲᠡᠦᠬᠡ ᠶᠢᠨ | ᠬᠦᠯᠢᠴᠡᠩᠭᠦᠢ ᠤᠪᠤᠷ ᠢ ᠪᠠᠷᠢᠮᠳᠠᠯᠠᠵᠦ᠂ ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂ ᠴᠢᠳᠠᠯ ᠢᠶᠠᠷ ᠢᠶᠠᠨ ᠬᠢᠵᠦ᠂ | ᠬᠦᠴᠦᠨ ᠢᠶᠠᠨ ᠲᠥᠪᠯᠡᠷᠡᠭᠦᠯᠦᠨ ᠨᠢᠭᠡ ᠪᠦᠯᠦᠭ ᠭᠤᠣᠯᠳᠠᠯᠭ᠎ᠠ ᠲᠠᠢ ᠪᠣᠳᠠᠲᠤ ᠶᠠᠪᠤᠳᠠᠯ ᠢ ᠪᠦᠲᠦᠭᠡᠬᠦ ᠶᠢ ᠰᠠᠶᠢᠲᠤᠷ | ᠠᠳᠬᠤᠵᠤ᠂ ᠲᠠᠷᠢᠶᠠᠴᠢᠨ ᠤᠯᠠᠨ ᠲᠦᠮᠡᠨ ᠳᠤ ᠨᠢᠳᠤᠨ ᠳᠤ ᠦᠵᠡᠭᠳᠡᠵᠦ ᠭᠠᠷ ᠲᠤ ᠪᠠᠷᠢᠬᠳᠠᠬᠤ ᠪᠣᠳᠠᠲᠠᠢ ᠠᠰᠢᠭ ᠲᠤᠰᠠ | ᠬᠦᠷᠲᠡᠭᠡᠬᠦ ᠬᠡᠷᠡᠭᠲᠡᠢ᠃ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠳᠦᠷᠢᠮ ᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠣᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ ᠨᠠᠮ ᠪᠠ | ᠣᠯᠠᠨ ᠲᠦᠮᠡᠨ᠂ ᠺᠠᠳ᠋ᠷ ᠪᠠ ᠣᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠤᠨ᠎ᠠ᠃ ᠬᠥᠳᠡᠭᠡ ᠲᠣᠰᠬᠤᠨ ᠤ ᠪᠣᠳᠠᠲᠤ | ᠪᠠᠶᠢᠳᠠᠯ ᠠᠴᠠ ᠡᠭᠦᠰᠬᠦ ᠶᠢ ᠪᠠᠷᠢᠮᠲᠠᠯᠠᠨ᠂ ᠲᠠᠷᠢᠶᠠᠴᠢᠳ ᠤᠨ ᠬᠦᠰᠡᠯ ᠰᠠᠨᠠᠭ᠎ᠠ ᠶᠢ ᠭᠦᠢᠴᠡᠳ ᠬᠦᠨᠳᠦᠳᠬᠡᠵᠦ᠂ ᠠᠵᠢᠯᠯᠠᠬᠤ | ᠠᠷᠭ᠎ᠠ ᠮᠠᠶ᠋ᠢᠭ ᠪᠠ ᠠᠷᠭ᠎ᠠ ᠪᠠᠨ ᠰᠠᠶᠢᠵᠢᠷᠠᠭᠤᠯᠤᠨ᠂ ᠲᠦᠷᠦ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠳᠥᠭᠦᠮᠴᠢᠯᠡᠬᠦ ᠪᠠ | ︽ᠨᠢᠭᠡ ᠯᠡ ᠠᠳᠠᠯᠢ ᠪᠠᠷ ᠬᠢᠬᠦ︾ ᠶᠢ ᠰᠡᠷᠭᠡᠶᠢᠯᠡᠨ ᠬᠤᠷᠢᠭᠯᠠᠨ᠎ᠠ᠃ ᠡᠯ᠎ᠡ ᠭᠠᠵᠠᠷ ᠤᠨ ᠦᠢᠯᠡᠳᠦᠯᠭᠡ ᠶᠢᠨ ᠰᠦᠪᠡᠭᠴᠢᠯᠡᠯᠲᠡ | ᠪᠠ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠪᠠ | ᠲᠠᠷᠢᠶᠠᠴᠢᠨ ᠤᠯᠠᠨ ᠲᠦᠮᠡᠨ ᠤ ᠢᠳᠡᠪᠬᠢᠵᠢᠯ ᠢ ᠭᠦᠢᠴᠡᠳ ᠲᠠᠶᠢᠴᠢᠯᠠᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ | ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠡ ᠶᠢᠨ ᠲᠣᠭᠤᠷᠢᠨ ᠳᠤ ᠨᠡᠩ | ᠨᠢᠭᠲᠠᠷᠠᠨ ᠪᠦᠯᠬᠦᠮᠳᠡᠵᠦ᠂ ᠢᠲᠡᠭᠡᠯ ᠵᠣᠷᠢᠭ ᠢᠶᠠᠨ ᠪᠠᠲᠤᠳᠬᠠᠨ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠦᠨᠡᠨ ᠬᠦ | ᠠᠳᠬᠤᠨ ᠪᠣᠳᠠᠲᠠᠢ ᠠᠵᠢᠯᠯᠠᠵᠤ᠂ ᠰᠢᠨᠲᠠᠷᠠᠰᠢ ᠦᠭᠡᠢ ᠴᠢᠷᠮᠠᠶᠢᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ | ᠣᠳᠣᠬᠢᠴᠢᠯᠠᠯᠲᠠ ᠶᠢᠨ ᠠᠯᠬᠤᠴᠠ ᠶᠢ ᠲᠦᠷᠭᠡᠳᠬᠡᠵᠦ᠂ ᠬᠥᠳᠡᠭᠡ ᠠᠵᠤ ᠠᠬᠤᠢ ᠶᠢᠨ ᠰᠠᠭᠤᠷᠢ ᠶᠢ ᠨᠡᠩ ᠪᠠᠲᠤᠳᠬᠠᠵᠤ᠂ | ᠬᠥᠳᠡᠭᠡ ᠲᠣᠰᠬᠤᠨ ᠢ ᠨᠡᠩ ᠴᠡᠴᠡᠭᠯᠡᠭᠦᠯᠵᠦ᠂ ᠲᠠᠷᠢᠶᠠᠴᠢᠳ ᠤᠨ ᠠᠮᠢᠳᠤᠷᠠᠯ ᠢ ᠨᠡᠩ ᠬᠥᠭᠵᠢᠶᠡᠨᠲᠡᠢ ᠪᠣᠯᠭᠠᠬᠤ ᠶᠢ | ᠠᠬᠢᠭᠤᠯᠵᠤ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠠᠷᠠᠯᠲᠠ ᠲᠡᠶᠢᠰᠢ ᠯᠠᠪᠳᠠᠭᠤᠨ | ᠪᠠᠲᠤᠲᠠᠢ ᠤᠷᠤᠭᠰᠢᠯᠠᠵᠠᠭᠠᠶ᠎ᠠ᠃ |