2 ᠰᠠᠷ᠎ᠠ ᠶᠢᠨ 26 ᠤ ᠡᠳᠦᠷ᠂ ᠬᠥᠨᠳᠡᠯᠡᠨ ᠲᠣᠭᠤᠷᠢᠭ ᠤᠨ 2025 ᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠳ ᠤᠨ ᠰᠠᠨᠠᠯ ᠳᠤᠷᠠᠳᠤᠯᠭ᠎ᠠ ᠶᠢ ᠲᠤᠰᠢᠶᠠᠨ ᠰᠢᠶᠳᠪᠦᠷᠢᠯᠡᠭᠦᠯᠬᠦ ᠬᠤᠷᠠᠯ ᠬᠤᠷᠠᠯᠳᠤᠪᠠ᠃ ᠲᠤᠭᠤᠷᠢᠭ ᠤᠨ | ᠨᠠᠮ ᠤᠨ ᠬᠤᠷᠢᠶ᠎ᠠ ᠶᠢᠨ ᠳᠡᠳ᠋ ᠱᠦᠵᠢ᠂ ᠲᠤᠭᠤᠷᠢᠭ ᠤᠨ ᠳᠠᠷᠤᠭ᠎ᠠ ᠢᠦᠶ ᠵᠠᠨ ᠵᠢᠶᠠᠩ ᠬᠤᠷᠠᠯ ᠳᠤ ᠣᠷᠣᠯᠴᠠᠵᠤ | ᠶᠠᠷᠢᠶ᠎ᠠ ᠲᠠᠯᠪᠢᠵᠠᠶ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠤᠭᠤᠷᠢᠭ ᠤᠨ | ᠪᠠᠶᠢᠩᠭᠤ ᠶᠢᠨ ᠳᠡᠳ᠋ ᠳᠠᠷᠤᠭ᠎ᠠ ᠸᠠᠩ ᠸᠧᠶ ᠬᠤᠷᠠᠯ ᠢ ᠡᠷᠭᠢᠯᠡᠪᠡ᠃ | ᠬᠤᠷᠠᠯ ᠳᠡᠭᠡᠷ᠎ᠡ᠂ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠠᠴᠠ 2024 ᠣᠨ ᠤ ᠰᠠᠨᠠᠭᠤᠯᠭ᠎ᠠ | ᠰᠠᠨᠠᠯ ᠳᠤᠷᠠᠳᠤᠯᠭ᠎ᠠ ᠶᠢ ᠰᠢᠢᠳᠪᠦᠷᠢᠯᠡᠭᠰᠡᠨ ᠠᠵᠢᠯ ᠢ ᠵᠠᠷᠯᠠᠨ ᠮᠡᠳᠡᠭᠳᠡᠵᠦ᠂ ᠡᠨᠡ ᠵᠢᠯ ᠤᠨ ᠠᠵᠢᠯ ᠢ ᠲᠤᠬᠢᠷᠠᠭᠤᠯᠤᠨ | ᠪᠠᠶᠢᠷᠢᠯᠠᠭᠤᠯᠪᠠ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠳᠡᠳ᠋ ᠡᠷᠬᠢᠯᠡᠭᠴᠢ ᠯᠢᠦ ᠯᠢ ᠰᠢᠶᠠ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ ᠨᠢᠦ ᠯᠢ ᠬᠤᠷᠠᠯ ᠳᠤ ᠣᠷᠣᠯᠴᠠᠭᠰᠠᠨ ᠪᠥᠭᠡᠳ ᠰᠢᠢᠳᠪᠦᠷᠢᠯᠡᠬᠦ ᠱᠠᠭᠠᠷᠳᠠᠯᠭ᠎ᠠ ᠳᠤᠷᠠᠳᠪᠠ᠃ | ᠬᠤᠷᠠᠯ ᠠᠴᠠ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠠᠨᠠᠭᠤᠯᠭ᠎ᠠ ᠰᠠᠨᠠᠯ | ᠳᠤᠷᠠᠳᠤᠯᠭ᠎ᠠ ᠶᠢ ᠰᠢᠶᠳᠪᠦᠷᠢᠯᠡᠬᠦ ᠠᠵᠢᠯ ᠢ ᠤᠯᠤᠰ ᠲᠥᠷᠥ ᠶᠢᠨ ᠡᠬᠢ ᠪᠠᠶᠠᠯᠢᠭ᠂ ᠤᠯᠤᠰ ᠲᠥᠷᠥ ᠶᠢᠨ | ᠬᠠᠷᠢᠭᠤᠴᠠᠯᠭ᠎ᠠ ᠪᠣᠯᠭᠠᠨ ᠦᠵᠡᠵᠦ᠂ ᠰᠢᠶᠳᠪᠦᠷᠢᠯᠡᠭᠰᠡᠨ ᠦᠷ᠎ᠡ ᠪᠦᠲᠦᠭᠡᠯ ᠢᠶᠠᠨ ᠦᠨᠡᠨ ᠬᠦ ᠪᠥᠬᠦ ᠲᠤᠭᠤᠷᠢᠭ ᠤᠨ | ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠰᠠᠶᠢᠨ ᠠᠷᠭ᠎ᠠ ᠪᠣᠳᠠᠲᠠᠶ ᠠᠷᠭ᠎ᠠ ᠪᠣᠯᠭᠠᠨ | ᠬᠤᠪᠢᠷᠠᠭᠤᠯᠬᠤ ᠬᠡᠷᠡᠭᠲᠡᠶ᠃ ᠰᠢᠢᠳᠪᠦᠷᠢᠯᠡᠬᠦ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ︽ᠭᠤᠷᠪᠠ ᠶᠢ | ᠪᠠᠷᠢᠮᠲᠠᠯᠠᠬᠤ︾᠂ ︽ᠭᠤᠷᠪᠠ ᠶᠢ ᠬᠠᠷᠭᠤᠭᠤᠯᠵᠤ ᠭᠤᠷᠪᠠ ᠶᠢ ᠦᠵᠡᠬᠦ︾ ᠵᠡᠷᠭᠡ ᠱᠠᠭᠠᠷᠳᠠᠯᠭ᠎ᠠ ᠶᠢ ᠦᠷᠭᠦᠯᠵᠢᠯᠡᠨ | ᠰᠠᠶᠢᠲᠤᠷ ᠨᠠᠶᠢᠳᠠᠪᠤᠷᠢᠵᠢᠭᠤᠯᠵᠤ᠂ ︽ᠭᠤᠷᠪᠠ ᠲᠠᠢ ᠨᠢᠭᠤᠷᠳᠠᠨ ᠠᠭᠤᠯᠵᠠᠬᠤ︾᠂ ︽ᠤᠳᠤᠷᠢᠳᠤᠯᠭ᠎ᠠ ᠳᠠᠭᠠᠭᠤᠯᠤᠨ | ᠰᠢᠢᠳᠪᠦᠷᠢᠯᠡᠬᠦ᠂ ᠲᠤᠰᠬᠠᠶ ᠠᠩᠬᠢ ᠪᠠᠶᠢᠭᠤᠯᠤᠨ ᠬᠠᠪᠰᠤᠷᠤᠨ ᠰᠢᠢᠳᠪᠦᠷᠢᠯᠡᠬᠦ︾ ᠵᠡᠷᠭᠡ ᠲᠦᠷᠢᠮ ᠢ ᠪᠦᠷᠢᠨᠰᠢᠭᠦᠯᠦᠨ | ᠲᠡᠭᠦᠯᠳᠡᠷᠵᠢᠭᠦᠯᠵᠦ᠂ ︽ᠯᠠᠪᠳᠠᠢ ᠰᠢᠢᠳᠪᠦᠷᠢᠯᠡᠬᠦ ᠠᠷᠭ᠎ᠠ ᠪᠠᠶᠢᠬᠤ ᠰᠡᠳᠬᠢᠬᠦᠶ︾ ᠶᠢ ᠰᠠᠨᠠᠭᠤᠯᠭ᠎ᠠ ᠰᠠᠨᠠᠯ | ᠳᠤᠷᠠᠳᠤᠯᠭ᠎ᠠ ᠶᠢ ᠰᠢᠢᠳᠪᠦᠷᠢᠯᠡᠬᠦ ᠪᠥᠬᠦ ᠶᠠᠪᠤᠴᠠ ᠳᠤ ᠲᠤᠭᠤᠰᠢᠯᠠᠭᠤᠯᠵᠤ᠂ ᠰᠠᠨᠠᠭᠤᠯᠭ᠎ᠠ ᠰᠠᠨᠠᠯ ᠳᠤᠷᠠᠳᠤᠯᠭ᠎ᠠ | ᠨᠢᠭᠡᠪᠦᠷᠢ ᠶᠢ ᠰᠡᠳᠬᠢᠯ ᠳᠡᠯᠪᠢᠨ ᠬᠠᠶᠢᠷ᠎ᠠ ᠰᠡᠳᠬᠢᠯᠭᠡ ᠲᠠᠢ ᠪᠠᠷ ᠬᠦᠴᠦ ᠣᠷᠣᠭᠤᠯᠤᠨ ᠦᠨᠡᠨ ᠪᠣᠳᠠᠲᠠᠶ | ᠰᠢᠢᠳᠪᠦᠷᠢᠯᠡᠬᠦ ᠬᠡᠷᠡᠭᠲᠡᠶ᠃ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠡᠯ᠎ᠡ ᠬᠤᠪᠢᠳᠠᠨ | ᠬᠠᠮᠢᠶᠠᠷᠴᠤ ᠪᠠᠶᠢᠭ᠎ᠠ ᠲᠣᠭᠤᠷᠢᠭ ᠤᠨ ᠳᠡᠳ᠋ ᠳᠠᠷᠤᠭ᠎ᠠ᠂ ᠰᠠᠯᠠᠭ᠎ᠠ ᠮᠥᠴᠢᠷ ᠤᠨ ︽ᠨᠢᠭᠡᠳᠦᠭᠡᠷ ᠭᠠᠷ︾ ᠨᠢ ︽ | ᠭᠤᠷᠪᠠ ᠶᠢ ᠪᠡᠶ᠎ᠡ ᠪᠠᠷ ᠢᠶᠠᠨ ᠲᠠᠭᠠᠭᠤᠯᠤᠨ ᠬᠢᠬᠦ︾ ᠠᠵᠢᠯ ᠤᠨ ᠲᠣᠭᠲᠠᠴᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠳᠠᠭᠠᠭᠠᠨ ᠰᠢᠢᠳᠪᠦᠷᠢᠯᠡᠬᠦ᠂ ᠬᠠᠷᠢᠭᠤᠯᠲᠠ ᠥᠭᠬᠦ᠂ ᠲᠠᠩᠰᠠ ᠡᠪᠬᠡᠮᠡᠯ ᠳᠤ ᠣᠷᠣᠭᠤᠯᠬᠤ | ᠵᠡᠷᠭᠡ ᠡᠯ᠎ᠡ ᠭᠤᠭᠴᠤᠭ᠎ᠠ ᠶᠢᠨ ᠰᠢᠢᠳᠪᠦᠷᠢᠯᠡᠬᠦ ᠶᠠᠪᠤᠴᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠲᠣᠳᠣᠷᠬᠠᠶ | ᠬᠥᠮᠦᠨ ᠳᠤᠨᠢ ᠬᠦᠷᠲᠡᠯ᠎ᠡ ᠨᠠᠶᠢᠳᠠᠪᠤᠷᠢᠵᠢᠭᠤᠯᠬᠤ᠂ ᠦᠷ᠎ᠡ ᠪᠦᠲᠦᠮᠵᠢ ᠶᠢ ᠮᠥᠷᠳᠡᠨ ᠠᠰᠠᠭᠤᠬᠤ᠂ ᠴᠠᠭ ᠲᠤᠬᠠᠶ ᠳᠤᠨᠢ | ᠵᠣᠬᠢᠴᠠᠭᠤᠯᠬᠤ ᠶᠢ ᠪᠡᠶᠡᠯᠡᠭᠦᠯᠵᠦ᠂ ᠬᠢᠨᠠᠨ ᠪᠠᠶᠢᠴᠠᠭᠠᠵᠤ ᠱᠠᠯᠠᠪᠳᠠᠭᠤᠯᠤᠨ ᠰᠢᠢᠳᠪᠦᠷᠢᠯᠡᠬᠦᠯᠬᠦ ᠪᠠ ︽ᠡᠷᠬᠢᠨ | ᠬᠠᠷᠠᠬᠤ︾ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠶᠠᠪᠤᠳᠠᠯ ᠪᠦᠬᠦᠨ ᠢ ᠨᠠᠶᠢᠳᠠᠪᠤᠷᠢᠵᠢᠭᠤᠯᠵᠤ᠂ | ᠶᠠᠪᠤᠳᠠᠯ ᠪᠦᠬᠦᠨ ᠳᠤ ᠬᠠᠷᠢᠭᠤ ᠥᠭᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠤ ᠱᠠᠭᠠᠷᠳᠠᠪᠠ᠃ | ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ᠂ ᠤᠯᠤᠰ | ᠲᠦᠷᠦ ᠶᠢᠨ ᠵᠥᠪᠯᠡᠯᠭᠡᠨ ᠤ ᠬᠡᠰᠡᠭ ᠭᠡᠰᠢᠭᠦᠨ᠂ ᠡᠯ᠎ᠡ ᠵᠡᠭᠡᠯᠢ ᠭᠤᠳᠤᠮᠵᠢ ᠪᠠᠯᠭᠠᠰᠤ᠂ ᠡᠯ᠎ᠡ ᠰᠠᠯᠠᠭ᠎ᠠ ᠮᠥᠴᠢᠷ ᠤᠨ | ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ ︵ᠰᠤᠷᠪᠤᠯᠵᠢᠯᠠᠭᠴᠢ᠄ ᠯᠧᠢ ᠶᠤᠸᠠᠨ ᠶᠤᠸᠠᠨ᠂ ᠹᠠᠨ ᠷᠦᠢ | ᠴᠢᠩ ᠬᠢᠨᠠᠨ ᠬᠠᠷᠭᠤᠭᠤᠯᠤᠬᠰᠠᠨ ᠨᠢ᠄ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶ |