ᠤᠳᠠᠨ ᠰᠡᠭᠦᠳᠡᠷᠲᠦ ᠵᠠᠮ ᠵᠡᠭᠡᠯᠢ ᠭᠤᠳᠤᠮᠵᠢ ᠠᠶᠤᠯᠭᠦᠶ ᠦᠶᠯᠡᠳᠪᠦᠷᠢᠯᠡᠯ ᠤᠨ ᠬᠠᠮᠲᠤᠷᠠᠭᠰᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2025/2/28
     2 ᠰᠠᠷ᠎ᠠ ᠶᠢᠨ 27 ᠤ ᠡᠳᠦᠷ᠂ ᠤᠳᠠᠨ ᠰᠡᠬᠦᠳᠡᠷᠲᠦ ᠵᠠᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠫᠸᠢ ᠶᠢᠨ ᠪᠦᠯᠬᠦᠮ ᠳᠠᠭᠠᠭᠤᠯᠵᠤ᠂ ᠤᠳᠠᠨ ᠰᠡᠬᠦᠳᠡᠷᠲᠦ ᠵᠠᠮ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠭᠠᠵᠠᠷ᠂ ᠤᠳᠠᠨ ᠰᠡᠭᠦᠳᠡᠷᠲᠦ ᠵᠠᠮ ᠬᠠᠤᠯᠢ ᠬᠡᠷᠡᠭᠵᠢᠭᠦᠯᠬᠦ ᠳᠤᠮᠳᠠ ᠠᠩᠭᠢ ᠲᠠᠢ ᠬᠠᠮᠲᠤᠷᠠᠨ ᠬᠠᠷᠢᠶ᠎ᠠ ᠣᠷᠣᠨ ᠤ ᠳᠣᠲᠣᠷᠠᠬᠢ ᠶᠢᠰᠦᠨ ᠵᠢᠵᠢᠭ ᠲᠠᠯᠠᠪᠤᠷ ᠭᠠᠵᠠᠷ᠂ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠭᠠᠵᠠᠷ ᠵᠡᠷᠭᠡ ᠭᠤᠤᠯᠳᠠᠯᠭ᠎ᠠ ᠲᠠᠢ ᠬᠦᠷᠢᠶᠡᠨ ᠳᠤ ᠴᠢᠭᠯᠡᠭᠦᠯᠦᠨ ᠠᠶᠤᠯᠭᠦᠶ ᠦᠶᠯᠡᠳᠪᠦᠷᠢᠯᠡᠯ ᠤᠨ ᠬᠠᠮᠲᠤᠷᠠᠭᠰᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠪᠡ᠃     ᠲᠣᠰ ᠤᠳᠠᠭ᠎ᠠ ᠵᠢᠶᠠ ᠷᠦᠢ ᠬᠠᠮ ᠳᠡᠯᠭᠡᠭᠦᠷ᠂ ᠯᠢᠩ ᠲᠦᠩ ᠨᠠᠶᠢᠳᠠᠨ ᠬᠠᠮᠢᠶᠠᠷᠤᠭᠤᠯᠬᠤ᠂ ᠬᠤᠸᠠ ᠰᠢ ᠠᠷᠠᠳ ᠲᠤ ᠲᠥᠬᠦᠮ ᠦᠵᠡᠭᠦᠯᠬᠦ ᠶᠡᠷᠦᠩᠬᠡᠶᠢᠯᠡᠭᠰᠡᠨ ᠦᠶᠯᠡᠴᠢᠯᠡᠭᠡᠨ ᠤ ᠲᠥᠪ ᠵᠡᠷᠭᠡ ᠭᠤᠤᠯᠳᠠᠯᠭ᠎ᠠ ᠲᠠᠢ ᠲᠠᠯᠠᠪᠤᠷ ᠭᠠᠵᠠᠷ ᠲᠤ ᠭᠤᠤᠯᠳᠠᠯᠭ᠎ᠠ ᠲᠠᠢ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠭᠠᠯ ᠤᠨᠲᠠᠷᠠᠭᠠᠬᠤ ᠲᠤᠨᠤᠭ ᠲᠦᠬᠦᠬᠡᠷᠦᠮᠵᠢ ᠶᠢ ᠲᠤᠬᠢᠷᠠᠭᠤᠯᠤᠬᠰᠠᠨ᠂ ᠭᠠᠯ ᠤᠨᠲᠠᠷᠠᠭᠠᠬᠤ ᠰᠠᠭᠠᠳ ᠦᠭᠡᠢ ᠨᠡᠪᠲᠡᠷᠡᠬᠦ ᠵᠠᠮ ᠵᠢᠴᠢ ᠠᠮᠤᠷ ᠲᠦᠪᠰᠢᠨ ᠤ ᠭᠠᠷᠬᠤ ᠡᠭᠦᠳᠡ ᠶᠢ ᠲᠣᠬᠢᠷᠠᠭᠤᠯᠤᠬᠰᠠᠨ᠂ ᠴᠠᠬᠢᠯᠭᠠᠨ ᠬᠡᠷᠡᠭᠰᠡᠯ ᠤᠨ ᠲᠤᠨᠤᠭ ᠲᠥᠬᠦᠭᠡᠷᠦᠮᠵᠢ ᠶᠢᠨ ᠴᠠᠬᠢᠯᠭᠠᠨ ᠬᠡᠯᠬᠢᠶ᠎ᠡ ᠤᠬᠰᠠᠷᠠᠬᠰᠠᠨ ᠪᠠᠶᠢᠳᠠᠯ᠂ ᠭᠠᠯ ᠬᠡᠷᠡᠭᠯᠡᠬᠦ ᠴᠠᠬᠢᠯᠭᠠᠨ ᠬᠡᠷᠡᠭᠯᠡᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠭᠤᠤᠯᠳᠠᠯᠭ᠎ᠠ ᠲᠠᠢ ᠪᠠᠶᠢᠴᠠᠭᠠᠪᠠ᠃ ᠢᠯᠠ ᠲᠠᠳᠠᠬᠰᠠᠨ ᠴᠠᠭᠢᠯᠭᠠᠨ ᠤᠲᠠᠰᠤ ᠪᠠᠷ ᠴᠠᠬᠢᠯᠭᠠᠨ ᠬᠦᠳᠡᠯᠭᠡᠭᠦᠷᠲᠦ ᠲᠤᠭᠤᠢ ᠲᠡᠷᠬᠡ ᠴᠡᠨᠡᠭᠯᠡᠬᠦ᠂ ᠡᠯᠳᠡᠪ ᠶᠠᠭᠤᠮ᠎ᠠ ᠣᠪᠣᠭᠠᠯᠠᠵᠤ ᠲᠠᠯᠪᠢᠬᠤ ᠵᠡᠷᠭᠡ ᠬᠡᠮ ᠰᠤᠭᠤᠭ ᠢ ᠪᠠᠶᠢᠴᠠᠭᠠᠵᠤ ᠭᠠᠷᠭᠠᠪᠠ᠃ ᠠᠵᠢᠯᠲᠠᠳ ᠠᠮᠤᠷ ᠲᠦᠪᠰᠢᠨ ᠤ ᠬᠡᠮ ᠰᠣᠭᠤᠭ ᠣᠷᠣᠰᠢᠵᠤ ᠪᠠᠶᠢᠭ᠎ᠠ ᠬᠤᠳᠠᠯᠳᠤᠭᠠᠨ ᠤ ᠡᠷᠦᠬᠡ ᠳᠤ ᠳᠠᠷᠤᠶ ᠲᠦᠷᠭᠡᠨ ︽ᠠᠮᠤᠷ ᠲᠦᠪᠰᠢᠨ ᠤ ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ︾ ᠪᠠᠭᠤᠯᠭᠠᠵᠤ᠂ ᠬᠠᠷᠢᠭᠤᠴᠠᠯᠭᠠᠲᠠᠨ ᠢ ᠳᠠᠷᠤᠶ ᠲᠦᠷᠭᠡᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠬᠤ ᠶᠢᠨ ᠬᠠᠮᠲᠤ ᠬᠠᠷᠢᠶ᠎ᠠ ᠣᠷᠣᠨ ᠤ ᠠᠶᠤᠯᠬᠦᠢ ᠶᠢᠨ ᠬᠢᠨᠠᠯᠲᠠ ᠲᠠᠯᠪᠢᠭᠴᠢ ᠠᠴᠠ ︽ᠡᠷᠬᠢᠨ ᠬᠠᠷᠠᠬᠤ︾ ᠠᠵᠢᠯ ᠢ ᠰᠠᠶᠢᠲᠤᠷ ᠬᠢᠵᠦ᠂ ᠪᠢᠲᠡᠭᠦᠦ ᠭᠤᠬᠴᠤᠭ᠎ᠠ ᠪᠠᠷ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠵᠦ᠂ ᠨᠢᠭᠡ ᠶᠢ ᠢᠯᠡᠷᠡᠭᠦᠯᠪᠡᠯ ᠨᠢᠭᠡ ᠶᠢ ᠴᠡᠭᠴᠡᠯᠡᠨ ᠵᠠᠰᠠᠬᠤ ᠶᠢ ᠪᠡᠶᠡᠯᠡᠭᠦᠯᠬᠦ ᠬᠡᠷᠡᠭᠲᠡᠶ ᠭᠡᠪᠠ᠃ ᠡᠭᠦᠨ ᠠᠴᠠ ᠭᠠᠳᠠᠨ᠎ᠠ᠂ ᠠᠵᠢᠯᠲᠠᠳ ᠪᠠᠰᠠ ᠭᠠᠯ ᠤᠨᠲᠠᠷᠠᠭᠠᠭᠤᠷ ᠢ ᠬᠡᠷᠡᠭᠯᠡᠬᠦ ᠠᠷᠭ᠎ᠠ ᠶᠢ ᠮᠡᠳᠡᠬᠦ ᠡᠰᠡᠬᠦ ᠶᠢ ᠰᠤᠭᠤᠴᠢᠨ ᠪᠠᠶᠢᠴᠠᠭᠠᠬᠤ ᠵᠡᠷᠭᠡ ᠬᠡᠯᠪᠡᠷᠢ ᠪᠠᠷ ᠳᠠᠮᠵᠢᠨ ᠬᠤᠳᠠᠯᠳᠤᠭᠠᠨ ᠤ ᠡᠷᠦᠬᠡ ᠵᠢᠴᠢ ᠠᠵᠢᠯᠲᠠᠨ ᠳᠤ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠬᠥᠮᠦᠵᠢᠯ ᠬᠢᠭᠰᠡᠨ ᠪᠥᠭᠡᠳ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠭᠠᠯ ᠤᠨᠲᠠᠷᠠᠭᠠᠬᠤ ᠠᠮᠤᠷ ᠲᠦᠪᠰᠢᠨ᠂ ᠴᠠᠬᠢᠯᠭᠠᠨ ᠬᠡᠷᠡᠭᠯᠡᠬᠦ᠂ ᠳᠤᠯᠠᠭᠠᠯᠠᠬᠤ ᠵᠢᠴᠢ ᠰᠢᠲᠠᠮᠠᠬᠠᠶ ᠬᠡᠶ ᠶᠢᠨ ᠠᠮᠤᠷ ᠲᠦᠪᠰᠢᠨ ᠵᠡᠷᠭᠡ ᠮᠡᠳᠡᠯᠭᠡ ᠶᠢ ᠲᠦᠭᠡᠮᠡᠯᠵᠢᠭᠦᠯᠦᠨ᠂ ᠠᠮᠢᠳᠤᠷᠠᠯ ᠤᠨ ᠳᠤᠮᠳᠠ ᠦᠷᠭᠦᠯᠵᠢ ᠲᠣᠬᠢᠶᠠᠯᠳᠤᠳᠠᠭ ᠠᠮᠤᠷ ᠲᠦᠪᠰᠢᠨ ᠤ ᠬᠡᠮ ᠰᠤᠭᠤᠭ ᠪᠣᠯᠤᠨ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠲᠠᠶᠢᠯᠪᠤᠷᠢᠯᠠᠵᠤ᠂ ᠬᠠᠷᠢᠶ᠎ᠠ ᠣᠷᠣᠨ ᠤ ᠬᠤᠳᠠᠯᠳᠤᠭᠠᠨ ᠤ ᠡᠷᠦᠬᠡ ᠪᠣᠯᠤᠨ ᠰᠠᠭᠤᠭᠠᠯᠢ ᠠᠷᠠᠳ ᠤᠨ ᠠᠮᠤᠷ ᠲᠦᠪᠰᠢᠨ ᠢ ᠰᠡᠷᠭᠡᠶᠢᠯᠡᠬᠦ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠪᠠ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号