ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠬᠦᠨ ᠱᠦᠵᠢ ᠨᠡᠷ ᠤᠨ ᠭᠠᠵᠠᠷ ᠤᠨ ᠱᠦᠵᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠠᠷᠠᠳ ᠤᠨ ᠳᠡᠭᠡᠳᠦ ᠰᠢᠭᠦᠬᠦ ᠬᠤᠷᠢᠶ᠎ᠠ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠨᠠᠮ ᠤᠨ ᠲᠥᠪ ᠬᠤᠷᠢᠶ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠳᠤ ᠲᠤᠰᠢᠶᠠᠯ ᠤᠨ ᠮᠡᠳᠡᠭᠦᠯᠦᠯᠲᠡ ᠬᠢᠪᠡ
ᠨᠡᠶᠢᠲᠡᠯᠡᠭᠰᠡᠨ ᠴᠠᠭ᠄
2025/2/28
      ᠰᠢ ᠶᠢᠨ ᠫᠢᠩ ᠲᠤᠰᠢᠶᠠᠯ ᠤᠨ ᠮᠡᠳᠡᠭᠦᠯᠦᠯᠲᠡ ᠶᠢ ᠨᠠᠷᠢᠨ ᠬᠢᠨᠠᠮᠠᠭᠠᠢ ᠬᠢᠨᠠᠨ ᠦᠵᠡᠬᠦ ᠶᠢᠨ ᠬᠠᠮᠳᠤ ᠴᠢᠬᠤᠯᠠ ᠱᠠᠭᠠᠷᠳᠠᠯᠭ᠎ᠠ ᠳᠤᠷᠠᠳᠴᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ ᠬᠦᠴᠢᠷ ᠢ ᠲᠤᠭᠤᠯᠤᠨ ᠪᠡᠷᠬᠡ ᠶᠢ ᠳᠠᠪᠠᠵᠤ ᠨᠠᠮ ᠤᠨ ᠲᠥᠪ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠠᠬᠢᠭᠤᠯᠬᠤ ᠰᠢᠨ᠎ᠡ ᠠᠶᠠᠨ ᠳᠤ ᠰᠢᠨ᠎ᠡ ᠬᠠᠷᠢᠭᠤᠴᠠᠯᠭ᠎ᠠ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠪᠠᠨ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ      ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 26 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠵᠤ᠂ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠭᠡᠰᠢᠭᠦᠨ᠂ ᠱᠦᠵᠢ ᠨᠡᠷ ᠤᠨ ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠢᠯ ᠪᠦᠷᠢ ᠨᠠᠮ ᠤᠨ ᠲᠥᠪ ᠬᠤᠷᠢᠶ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠳᠤ ᠪᠢᠴᠢᠭ ᠤᠨ ᠬᠡᠯᠪᠡᠷᠢ ᠪᠠᠷ ᠲᠤᠰᠢᠶᠠᠯ ᠤᠨ ᠮᠡᠳᠡᠭᠦᠯᠦᠯᠲᠡ ᠬᠢᠳᠡᠭ᠃ ᠤᠢᠢᠷ᠎ᠠ ᠶᠢᠨ ᠬᠤᠭᠤᠴᠠᠭᠠᠨ ᠳᠤ ᠬᠤᠯᠪᠣᠭᠳᠠᠯ ᠪᠦᠬᠦᠢ ᠨᠥᠬᠦᠳ ᠲᠣᠭᠲᠠᠭᠠᠯ ᠶᠣᠰᠣᠭᠠᠷ 2024 ᠣᠨ ᠤ ᠠᠵᠢᠯ ᠤᠨ ᠲᠤᠬᠠᠢ ᠨᠠᠮ ᠤᠨ ᠲᠥᠪ ᠬᠤᠷᠢᠶ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠳᠤ ᠪᠢᠴᠢᠭ ᠤᠨ ᠬᠡᠯᠪᠡᠷᠢ ᠪᠠᠷ ᠲᠤᠰᠢᠶᠠᠯ ᠤᠨ ᠮᠡᠳᠡᠭᠦᠯᠦᠯᠲᠡ ᠬᠢᠪᠡ᠃      ᠰᠢ ᠶᠢᠨ ᠫᠢᠩ ᠲᠤᠰᠢᠶᠠᠯ ᠤᠨ ᠮᠡᠳᠡᠭᠦᠯᠦᠯᠲᠡ ᠶᠢ ᠨᠠᠷᠢᠨ ᠬᠢᠨᠠᠮᠠᠭᠠᠶ ᠬᠢᠨᠠᠨ ᠦᠵᠡᠭᠰᠡᠨ ᠪᠥᠭᠡᠳ ᠴᠢᠬᠤᠯᠠ ᠱᠠᠭᠠᠷᠳᠠᠯᠭ᠎ᠠ ᠳᠤᠷᠠᠳᠴᠤ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠮᠥᠨ᠂ ᠪᠠᠰᠠ ᠴᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠨᠢᠭᠡ ᠵᠢᠯ ᠮᠥᠨ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠨᠦᠰᠡᠷ ᠬᠦᠨᠳᠦ ᠪᠠᠶᠢᠨ᠎ᠠ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠲᠥᠪ ᠬᠤᠷᠢᠶ᠎ᠠ ᠶᠢᠨ ᠶᠡᠭᠡ ᠪᠣᠳᠣᠯᠭ᠎ᠠ ᠴᠢᠭᠯᠡᠯᠲᠡ ᠪᠣᠯᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠤᠶᠢᠪᠢᠰᠢ ᠥᠬᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠶᠢ ᠠᠬᠢᠭᠤᠯᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠬᠦ ᠳᠤ ᠪᠠᠲᠤ ᠰᠠᠭᠤᠷᠢ ᠲᠠᠯᠪᠢᠬᠤ ᠬᠡᠷᠡᠭᠲᠡᠶ᠃ ᠤᠯᠤᠰ ᠲᠥᠷᠥ ᠶᠢᠨ ᠴᠢᠳᠠᠪᠤᠷᠢ ᠪᠠᠨ ᠴᠢᠩᠭᠠᠳᠬᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠤᠨ ᠬᠤᠪᠢᠷᠠᠯᠲᠠ ᠠᠴᠠ ᠪᠣᠯᠤᠭᠰᠠᠨ ᠥᠷᠢᠰᠥᠯᠳᠦᠭᠡᠨ ᠢ ᠯᠠᠪᠳᠠᠭᠤᠨ ᠢᠶᠠᠷ ᠠᠷᠭᠠᠴᠠᠭᠠᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠦᠪ ᠣᠨᠣᠪᠴᠢᠲᠠᠶ ᠪᠥᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠭᠡᠨ ᠪᠠᠶᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠥᠬᠦᠶ ᠭᠠᠳᠠᠭᠠᠳᠤ ᠨᠡᠭᠡᠭᠡᠯᠲᠡ ᠶᠢ ᠥᠷᠭᠡᠳᠭᠡᠵᠦ᠂ ᠠᠵᠤ ᠠᠬᠤᠶ ᠶᠢᠨ ᠦᠷᠭᠦᠯᠵᠢᠯᠡᠨ ᠰᠡᠷᠭᠦᠨ ᠰᠠᠶᠢᠵᠢᠷᠠᠬᠤ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠬᠤ ᠬᠡᠷᠡᠭᠲᠡᠶ᠃ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ᠂ ᠦᠵᠡᠯ ᠰᠠᠨᠠᠭᠠᠨ ᠤ ᠤᠬᠠᠮᠰᠠᠷ ᠢᠶᠠᠨ ᠳᠡᠭᠡᠭᠰᠢᠯᠡᠭᠦᠯᠦᠨ᠂ ᠵᠠᠰᠠᠭ ᠤᠨ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠪᠠᠶᠢᠴᠠᠭᠠᠨ ᠰᠤᠳᠤᠯᠤᠯᠲᠠ ᠬᠢᠬᠦ ᠶᠢ ᠴᠢᠩᠭᠠᠳᠬᠠᠨ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠤᠬᠠᠮᠰᠠᠷ ᠠᠴᠠ ᠪᠠᠨ ᠭᠦᠢᠴᠡᠳᠭᠡᠬᠦ ᠬᠡᠷᠡᠭᠲᠡᠢ᠃ ᠲᠤᠰ ᠪᠡᠶ᠎ᠡ ᠶᠢᠨ ᠲᠤᠰᠢᠶᠠᠯ ᠬᠠᠷᠢᠭᠤᠴᠠᠯᠭ᠎ᠠ ᠳᠠᠭᠠᠨ ᠰᠠᠭᠤᠷᠢᠯᠠᠵᠤ᠂ ᠠᠵᠢᠯ ᠬᠢᠬᠦ ᠶᠢ ᠲᠡᠷᠢᠭᠦᠨ ᠳᠤ ᠲᠠᠯᠪᠢᠬᠤ ᠶᠢ ᠪᠠᠷᠢᠮᠳᠠᠯᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠨᠠᠮ ᠤᠨ ᠲᠥᠪ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠠᠬᠢᠭᠤᠯᠬᠤ ᠰᠢᠨ᠎ᠡ ᠠᠶᠠᠨ ᠳᠤ ᠰᠢᠨ᠎ᠡ ᠬᠠᠷᠢᠭᠤᠴᠠᠯᠭ᠎ᠠ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠪᠠᠨ ᠢᠯᠡᠷᠡᠬᠦᠯᠬᠦ ᠬᠡᠷᠡᠭᠲᠡᠢ ᠭᠡᠵᠤ ᠴᠢᠬᠤᠯᠠᠴᠢᠯᠠᠪᠠ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号