2 ᠰᠠᠷ᠎ᠠ ᠶᠢᠨ 5 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ | ᠳᠠᠷᠤᠭ᠎ᠠ ᠢᠦᠶ ᠵᠠᠨ ᠵᠢᠶᠠᠩ ᠪᠤᠭᠤᠲᠤ ᠶᠢᠨ ᠤᠷᠢᠶᠠᠮᠠᠭ ᠬᠤᠭᠤᠯᠠᠶ ᠶᠢᠨ ᠮᠠᠲ᠋ᠧᠷᠢᠶᠠᠯ᠂ ᠯᠦᠩ ᠮᠠ ᠰᠠᠯᠬᠢᠨ | ᠬᠦᠴᠦᠨ ᠤ ᠴᠠᠬᠢᠯᠭᠠᠨ᠂ ᠱᠢ ᠪᠥᠸᠧ ᠬᠤᠪᠣᠷ ᠰᠢᠷᠣᠶ ᠶᠢᠨ ᠵᠢᠭᠤᠲᠠᠩᠭᠤᠶ ᠴᠤᠬᠤᠯᠠᠪᠤᠷᠢᠳᠤ ᠲᠣᠨᠣᠭᠯᠠᠯ ᠦᠶᠯᠡᠳᠬᠦ᠂ | ᠳᠤᠮᠳᠠᠳᠤ ᠤᠯᠤᠰ ᠤᠨ ᠴᠢᠯᠠᠭᠤᠨ ᠲᠣᠰᠣᠨ ᠤ ᠵᠥᠩ ᠪᠦᠦ ᠤᠷᠢᠶᠠᠮᠠᠭ ᠪᠣᠯᠣᠳ ᠬᠤᠭᠤᠯᠠᠶ ᠶᠢᠨ ᠦᠶᠯᠡᠳᠪᠦᠷᠢᠯᠡᠯ᠂ | ᠰᠢ ᠵᠢᠶᠦ᠋ᠨ ᠬᠤᠪᠣᠷ ᠰᠢᠷᠣᠶ᠂ ᠶᠢᠨ ᠮᠧᠩ ᠬᠤᠪᠣᠷ ᠰᠢᠷᠣᠶ᠂ ᠬᠠᠩ ᠱᠦᠸᠧ ᠪᠣᠯᠣᠳ ᠬᠤᠭᠤᠯᠠᠶ ᠶᠢᠨ ᠠᠵᠤ | ᠦᠶᠯᠡᠰ ᠤᠨ ᠬᠦᠷᠢᠶᠡᠯᠡᠩ ᠵᠡᠷᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠵᠢᠴᠢ ᠠᠵᠤ ᠠᠬᠤᠶᠢᠯᠠᠯ ᠤᠨ | ᠠᠵᠢᠯᠯᠠᠭᠠᠨ ᠤ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠠᠵᠢᠯ ᠦᠶᠯᠡᠳᠪᠦᠷᠢᠯᠡᠯ ᠢᠶᠠᠨ | ᠰᠡᠷᠭᠦᠭᠡᠬᠦ ᠵᠢᠴᠢ ᠠᠶᠤᠯᠭᠦᠶ ᠦᠶᠯᠡᠳᠪᠦᠷᠢᠯᠡᠯ ᠤᠨ ᠬᠤᠯᠪᠣᠭᠳᠠᠯ ᠪᠥᠬᠦᠶ ᠠᠵᠢᠯ ᠢ ᠲᠤᠬᠠᠶ ᠶᠢᠨ ᠭᠠᠵᠠᠷ ᠲᠤᠨᠢ | ᠱᠠᠯᠠᠪᠳᠠᠭᠤᠯᠤᠨ ᠵᠢᠯᠣᠭᠤᠳᠪᠠ᠃ ᠲᠤᠭᠤᠷᠢᠭ ᠤᠨ ᠤᠳᠤᠷᠢᠳᠤᠯᠭ᠎ᠠ ᠸᠠᠩ ᠭᠠᠩ᠂ ᠸᠠᠩ ᠸᠧᠢ᠂ ᠵᠧᠦ ᠬᠠᠢ ᠹᠸᠢ | ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠣᠷᠣᠯᠴᠠᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠶᠠᠭ ᠪᠦᠳᠦᠬᠡᠨ ᠪᠠᠶᠢᠭᠤᠯᠵᠤ ᠪᠠᠶᠢᠭ᠎ᠠ ᠲᠥᠷᠥᠯ ᠵᠦᠶᠯ ᠤᠨ | ᠠᠬᠢᠴᠠ ᠪᠣᠯᠤᠨ ᠪᠠᠶᠠᠷ ᠤᠨ ᠡᠳᠦᠷ ᠤᠨ ᠳᠠᠷᠠᠭ᠎ᠠ ᠠᠵᠢᠯ ᠢᠶᠠᠨ ᠰᠡᠷᠭᠦᠭᠡᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ | ᠪᠠᠶᠢᠴᠠᠭᠠᠨ ᠰᠤᠳᠤᠯᠵᠤ᠂ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠶᠠᠷᠢᠯᠴᠠᠨ ᠭᠦᠨᠵᠡᠭᠡᠶ ᠰᠣᠯᠢᠯᠴᠠᠵᠤ᠂ | ᠠᠵᠤ ᠠᠬᠤᠶᠢᠯᠠᠯ ᠤᠨ ᠡᠵᠡᠩᠨᠡᠯᠲᠡ᠂ ᠲᠦᠭᠦᠬᠡᠶ ᠮᠠᠲ᠋ᠧᠷᠢᠶᠠᠯ ᠤᠨ ᠬᠠᠩᠭᠠᠯᠭ᠎ᠠ᠂ ᠦᠶᠯᠡᠳᠬᠦᠨ ᠤ ᠪᠣᠷᠣᠯᠠᠭᠤᠯᠭ᠎ᠠ᠂ | ᠬᠥᠭᠵᠢᠯᠲᠡ ᠶᠢᠨ ᠲᠥᠯᠥᠪᠵᠢᠭᠦᠯᠭᠡ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠢ | ᠬᠠᠪᠰᠤᠷᠤᠨ ᠦᠶᠯᠡᠳᠪᠦᠷᠢᠯᠡᠯ ᠠᠮᠢᠳᠤᠷᠠᠯ ᠤᠨ ᠡᠯ᠎ᠡ ᠭᠤᠭᠴᠤᠭ᠎ᠠ ᠳᠤ ᠣᠷᠣᠰᠢᠵᠤ ᠪᠠᠶᠢᠭ᠎ᠠ ᠲᠦᠭᠵᠢᠷᠡᠯ | ᠠᠰᠠᠭᠤᠳᠠᠯ ᠢ ᠨᠢ ᠰᠢᠶᠳᠪᠦᠷᠢᠯᠡᠵᠦ ᠥᠭᠴᠡᠶ᠃ ᠴᠠᠭᠠᠨ ᠰᠠᠷ᠎ᠠ ᠶᠢᠨ ᠬᠤᠭᠤᠴᠠᠭᠠᠨ ᠳᠤ ᠠᠵᠢᠯ ᠤᠨ ᠪᠠᠶᠢᠷᠢ ᠪᠠᠨ | ᠪᠠᠲᠤ ᠰᠠᠬᠢᠵᠤ ᠪᠠᠶᠢᠭ᠎ᠠ ᠠᠵᠢᠯᠲᠠᠳ ᠲᠤ ᠴᠠᠭᠠᠨ ᠰᠠᠷ᠎ᠠ ᠶᠢᠨ ᠮᠡᠨᠳᠦᠴᠢᠯᠡᠯ ᠳᠡᠪᠰᠢᠭᠦᠯᠪᠡ᠃ | ᠢᠦᠶ ᠵᠠᠨ ᠵᠢᠶᠠᠩ᠂ ᠡᠯ᠎ᠡ ᠨᠢᠭᠡᠴᠢ ᠡᠯ᠎ᠡ ᠰᠠᠯᠠᠭ᠎ᠠ ᠮᠥᠴᠢᠷ ᠤᠨ ᠬᠢᠨ ︽ᠭᠤᠷᠪᠠ ᠶᠢ ᠪᠠᠲᠤᠯᠠᠬᠤ ᠬᠤᠶᠠᠷ ᠢ | ᠡᠷᠢᠬᠦ︾ ᠪᠠᠷ ᠭᠤᠤᠯᠳᠠᠯᠭ᠎ᠠ ᠪᠣᠯᠭᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠦᠶᠯᠡᠳᠪᠦᠷᠢᠯᠡᠯ ᠢᠶᠠᠨ ᠦᠷᠨᠢᠬᠦᠯᠵᠤ ᠪᠠᠶᠢᠭ᠎ᠠ ᠠᠵᠤ | ᠠᠬᠤᠶᠢᠯᠠᠯ᠂ ᠶᠠᠭ ᠪᠥᠲᠥᠭᠡᠨ ᠪᠠᠶᠢᠭᠤᠯᠵᠤ ᠪᠠᠶᠢᠭ᠎ᠠ ᠲᠥᠷᠥᠯ ᠵᠦᠶᠯ᠂ ᠶᠠᠭ ᠵᠦᠪᠳᠡᠯᠴᠡᠵᠦ ᠪᠠᠶᠢᠭ᠎ᠠ ᠲᠦᠷᠦᠯ | ᠵᠦᠢᠯ ᠳᠤ ᠲᠤᠯᠭᠠᠷᠠᠭᠰᠠᠨ ᠠᠰᠠᠭᠤᠳᠠᠯ ᠢ ᠨᠢ ᠤᠨᠢᠨ ᠲᠡᠬᠡᠷ᠎ᠡ ᠨᠢ ᠰᠢᠢᠳᠪᠦᠷᠢᠯᠡᠵᠤ᠂ ᠠᠵᠤ ᠠᠬᠤᠶᠢᠯᠠᠯ ᠢ | ᠬᠠᠪᠰᠤᠷᠤᠨ ᠵᠠᠬᠢᠶᠠᠯᠠᠭ᠎ᠠ ᠡᠷᠢᠵᠤ ᠦᠭᠬᠦᠨ ᠪᠠᠯᠠ ᠮᠥᠩᠭᠦ ᠡᠷᠢᠵᠦ ᠦᠭᠴᠦ᠂ ᠠᠵᠤ ᠠᠬᠤᠶᠢᠯᠠᠯ ᠢ ᠦᠨᠡᠨ ᠬᠦ | ᠬᠠᠪᠰᠤᠷᠤᠨ ᠬᠦᠴᠢᠷᠳᠡᠯ ᠢ ᠨᠢ ᠰᠢᠶᠳᠪᠦᠷᠢᠯᠡᠨ ᠥᠭᠴᠦ᠂ ︽ᠯᠠᠪᠳᠠᠢ ᠰᠢᠶᠳᠪᠦᠷᠢᠯᠡᠬᠦ ᠠᠷᠭ᠎ᠠ ᠪᠠᠶᠢᠬᠤ ᠰᠡᠳᠬᠢᠬᠦᠶ︾ | ᠪᠠᠷ ᠭᠠᠵᠠᠷ ᠰᠢᠷᠣᠶ᠂ ᠭᠠᠯ ᠢ ᠰᠡᠷᠭᠡᠶᠢᠯᠡᠵᠦ ᠭᠠᠯ ᠤᠨᠲᠠᠷᠠᠭᠠᠬᠤ ᠵᠡᠷᠭᠡ ᠲᠦᠭᠵᠢᠷᠡᠯ ᠠᠰᠠᠭᠤᠳᠠᠯ ᠢ ᠨᠢᠭᠡᠳᠦᠯᠲᠡᠶ | ᠲᠥᠯᠥᠪᠵᠢᠭᠦᠯᠦᠨ ᠰᠠᠶᠢᠲᠤᠷ ᠰᠢᠶᠳᠪᠦᠷᠢᠯᠡᠵᠦ᠂ ᠠᠵᠤ ᠠᠬᠤᠶᠢᠯᠠᠯ ᠤᠨ ᠦᠷᠭᠦᠯᠵᠢᠯᠡᠨ ᠬᠥᠭᠵᠢᠨ ᠪᠤᠵᠠᠭᠠᠶᠢᠷᠬᠠᠤ ᠳᠤ | ᠬᠦᠴᠦᠨ ᠨᠡᠮᠡᠷᠢᠯᠡᠬᠦ ᠬᠡᠷᠡᠭᠲᠡᠶ᠃ ᠠᠵᠤ ᠠᠬᠤᠶᠢᠯᠠᠯ ᠯᠤᠭ᠎ᠠ ᠶᠢᠨ ᠨᠡᠪᠲᠡᠷᠡᠯᠴᠡᠭᠡ ᠵᠣᠯᠭᠠᠯᠴᠠᠭ᠎ᠠ ᠪᠠᠨ ᠴᠢᠩᠭᠠᠳᠬᠠᠵᠤ᠂ | ᠠᠵᠤ ᠠᠬᠤᠶᠢᠯᠠᠯ ᠤᠨ ᠬᠡᠷᠡᠭᠴᠡᠭᠡ ᠶᠢᠨ ᠲᠣᠭᠤᠷᠢᠨ ᠳᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ | ᠠᠪᠴᠢᠷᠠᠬᠤ ᠪᠠ ᠲᠤᠬᠠᠶᠢᠯᠠᠭᠰᠠᠨ ᠠᠵᠢᠯ ᠢᠶᠠᠨ ᠥᠷᠭᠡᠳᠬᠡᠬᠦ ᠵᠡᠷᠭᠡ ᠠᠵᠢᠯ ᠢ ᠬᠠᠮᠲᠤ ᠪᠠᠷ ᠥᠷᠨᠢᠭᠦᠯᠵᠦ᠂ ᠲᠦᠷᠦᠯ | ᠵᠦᠢᠯ ᠢ ᠲᠦᠷᠭᠡᠨ ᠪᠦᠳᠦᠬᠡᠨ ᠪᠠᠶᠢᠭᠤᠯᠬᠤ ᠪᠠᠷ ᠳᠠᠮᠵᠢᠨ ᠨᠡᠩ ᠤᠯᠠᠨ ᠰᠢᠨ᠎ᠡ ᠨᠡᠮᠡᠭᠳᠡᠯ ᠴᠡᠭ ᠢ ᠲᠦᠷᠭᠡᠨ | ᠪᠠᠶᠢᠭᠤᠯᠵᠤ ᠲᠦᠷᠭᠡᠨ ᠪᠠᠶᠢᠭᠤᠯᠬᠤ ᠬᠡᠷᠡᠭᠲᠡᠢ᠃ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠳ ᠡᠯ᠎ᠡ ᠠᠵᠤ ᠠᠬᠤᠶᠢᠯᠠᠯ ᠢ ᠱᠠᠯᠠᠪᠳᠠᠭᠤᠯᠵᠤ | ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ | ᠬᠠᠷᠢᠭᠤᠴᠠᠯᠭᠠᠲᠤ ᠰᠡᠳᠬᠢᠯᠭᠡ ᠪᠠᠷ ᠠᠶᠤᠯᠬᠦᠢ ᠦᠶᠯᠡᠳᠪᠦᠷᠢᠯᠡᠯ ᠢ ᠰᠠᠶᠢᠲᠤᠷ ᠠᠳᠬᠤᠵᠤ᠂ ᠲᠤᠨᠤᠭ | ᠲᠥᠬᠦᠭᠡᠷᠦᠮᠵᠢ ᠶᠢ ᠪᠠᠶᠢᠴᠠᠭᠠᠵᠤ ᠬᠠᠮᠠᠭᠠᠯᠠᠬᠤ ᠪᠠ ᠬᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠶᠢ | ᠴᠢᠩᠭᠠᠳᠬᠠᠵᠤ᠂ ᠡᠮᠬᠢ ᠵᠢᠷᠤᠮ ᠲᠠᠢ ᠪᠠᠷ ᠠᠵᠢᠯ ᠢᠶᠠᠨ ᠰᠡᠷᠭᠦᠭᠡᠵᠦ ᠠᠶᠤᠯᠬᠦᠢ ᠦᠶᠯᠡᠳᠪᠦᠷᠢᠯᠡᠬᠦ ᠶᠢ ᠪᠠᠲᠤᠯᠠᠬᠤ | ᠬᠡᠷᠡᠭᠲᠡᠶ ᠭᠡᠵᠦ ᠴᠢᠬᠤᠯᠠᠴᠢᠯᠠᠪᠠ᠃ ︵ᠢᠷᠡᠯᠲᠡ᠄ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ︶ |