ᠡᠨᠡ ᠵᠢᠯ ᠠᠴᠠ ᠨᠠᠭᠠᠰᠢ᠂ ᠬᠥᠨᠳᠡᠯᠡᠨ ᠲᠣᠭᠤᠷᠢᠭ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ | ᠢᠮᠠᠭᠲᠠ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠪᠤᠭᠤᠲᠤ ᠬᠤᠲᠠ ᠶᠢᠨ ︽3 + 5 + N︾ | ᠭᠤᠤᠯᠳᠠᠯᠭ᠎ᠠ ᠲᠠᠢ ᠠᠵᠤ ᠦᠶᠯᠡᠰ ᠤᠨ ᠪᠦᠯᠦᠭᠵᠢᠯ ᠤᠨ ᠲᠣᠭᠤᠷᠢᠨ ᠳᠤ ᠲᠡᠷᠢᠭᠦᠨ ᠤ ᠬᠢ ᠪᠤᠯᠵᠤ ᠡᠮᠦᠨ᠎ᠡ | ᠡᠩᠨᠡᠬᠡᠨ ᠳᠤ ᠤᠷᠤᠬᠤ ᠪᠠᠷ ᠴᠢᠷᠮᠠᠶᠢᠬᠤ ᠬᠠᠷᠠᠯᠲᠠ ᠶᠢ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠴᠢᠨᠠᠷ | ᠰᠠᠶᠢᠲᠠᠶ ᠬᠥᠭᠵᠢᠯᠲᠡ ᠶᠢᠨ ᠬᠤᠰᠢᠭᠤᠴᠢ ᠪᠣᠯᠬᠤ ᠪᠠᠷ ᠪᠥᠬᠦ ᠲᠠᠯ᠎ᠠ ᠪᠠᠷ ᠴᠢᠷᠮᠠᠶᠢᠪᠠ᠃ 2024 ᠣᠨ ᠳᠤ᠂ | ᠬᠥᠨᠳᠡᠯᠡᠨ ᠲᠣᠭᠤᠷᠢᠭ ᠤᠨ ᠠᠵᠤ ᠠᠬᠤᠢ ᠶᠢᠨ ᠡᠷᠭᠢᠯᠲᠡ ᠲᠣᠭᠲᠠᠭᠤᠨ ᠤ ᠳᠤᠮᠳᠠ ᠠᠬᠢᠯᠲᠠ ᠲᠠᠢ ᠪᠤᠯᠵᠤ᠂ | ᠬᠥᠭᠵᠢᠯᠲᠡ ᠶᠢᠨ ᠬᠥᠳᠡᠯᠭᠡᠬᠦ ᠡᠨᠧᠷᠭᠢ ᠢᠳᠡ ᠬᠦᠴᠦᠲᠡᠢ ᠪᠤᠯᠪᠠ᠃ | ᠪᠦᠷᠢᠳᠬᠡᠯ ᠢ ᠦᠨᠳᠦᠰᠦᠯᠡᠪᠡᠯ᠂ 1 — 12 ᠰᠠᠷ᠎ᠠ ᠳᠤ᠂ ᠬᠥᠨᠳᠡᠯᠡᠨ ᠲᠣᠭᠤᠷᠢᠭ ᠤᠨ ᠭᠠᠵᠠᠷ ᠣᠷᠣᠨ ᠤ | ᠦᠶᠯᠡᠳᠪᠦᠷᠢᠯᠡᠯ ᠤᠨ ᠶᠡᠷᠦᠩᠬᠡᠶ ᠥᠷᠲᠡᠭ 1470.41 ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ | ᠬᠤᠲᠠ ᠶᠢᠨ ᠶᠡᠷᠦᠩᠬᠡᠶ ᠬᠡᠮᠵᠢᠶᠡᠨ ᠤ 32.1% ᠶᠢ ᠡᠵᠡᠯᠡᠵᠦ᠂ ᠲᠡᠭᠡᠷ᠎ᠡ ᠵᠢᠯ ᠤᠨ ᠬᠢ ᠠᠴᠠ ᠪᠠᠨ 6.5% ᠪᠠᠷ | ᠨᠡᠮᠡᠭᠳᠡᠪᠡ᠃ ᠭᠤᠷᠪᠠᠨ ᠠᠵᠤ ᠦᠶᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠶᠯᠡᠰ ᠤᠨ ᠨᠡᠮᠡᠭᠳᠡᠯ | ᠥᠷᠲᠡᠭ ᠲᠡᠭᠡᠷ᠎ᠡ ᠵᠢᠯ ᠤᠨ ᠬᠢ ᠠᠴᠠ ᠪᠠᠨ 5.2% ᠢᠶᠠᠷ ᠨᠡᠮᠡᠭᠳᠡᠵᠦ᠂ ᠬᠤᠶᠠᠳᠤᠭᠠᠷ ᠠᠵᠤ ᠦᠶᠯᠡᠰ ᠲᠡᠭᠡᠷ᠎ᠡ | ᠵᠢᠯ ᠤᠨ ᠬᠢ ᠠᠴᠠ ᠪᠠᠨ 10.8% ᠪᠠᠷ ᠨᠡᠮᠡᠭᠳᠡᠵᠦ᠂ ᠭᠤᠷᠪᠠᠳᠤᠭᠠᠷ ᠠᠵᠤ ᠦᠶᠯᠡᠰ ᠲᠡᠭᠡᠷ᠎ᠡ ᠵᠢᠯ ᠤᠨ ᠬᠢ ᠠᠴᠠ | ᠪᠠᠨ 3.7% ᠪᠠᠷ ᠨᠡᠮᠡᠭᠳᠡᠵᠦ᠂ ᠭᠤᠷᠪᠠᠨ ᠠᠵᠤ ᠦᠶᠯᠡᠰ ᠤᠨ ᠪᠦᠲᠦᠴᠡ ᠶᠢᠨ ᠬᠠᠷᠢᠴᠠᠯ ᠨᠢ 0.1᠄ 44.5᠄ | 55.4 ᠪᠣᠯᠪᠠ︔ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠲᠡᠭᠡᠷ᠎ᠡ ᠵᠢᠯ ᠤᠨ | ᠬᠢ ᠠᠴᠠ ᠪᠠᠨ 8.8% ᠪᠠᠷ ᠨᠡᠮᠡᠭᠳᠡᠪᠡ︔ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠲᠡᠭᠡᠷ᠎ᠡ ᠵᠢᠯ ᠤᠨ | ᠬᠢ ᠠᠴᠠ ᠪᠠᠨ 17.0% ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠬᠰᠠᠨ | ᠶᠡᠷᠦᠩᠬᠡᠢ ᠬᠡᠮᠵᠢᠶ᠎ᠡ 385.71 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠪᠦᠬᠦ ᠬᠤᠲᠠ ᠶᠢᠨ ᠳᠣᠲᠣᠷ᠎ᠠ ᠡᠵᠡᠯᠡᠬᠦ | ᠬᠠᠷᠢᠴᠠᠯ ᠨᠢ 32.9% ᠪᠠᠶᠢᠵᠤ᠂ ᠲᠡᠭᠡᠷ᠎ᠡ ᠵᠢᠯ ᠤᠨ ᠬᠢ ᠠᠴᠠ ᠪᠠᠨ 5.3% ᠪᠠᠷ ᠨᠡᠮᠡᠭᠳᠡᠵᠦ᠂ ᠪᠦᠬᠦ | ᠬᠤᠲᠠ ᠶᠢᠨ ︵5.1%︶ ᠨᠡᠮᠡᠭᠳᠡᠯ ᠤᠨ ᠬᠡᠮᠵᠢᠶ᠎ᠡ ᠠᠴᠠ ᠵᠠᠭᠤᠨ ᠤ ᠬᠠᠷᠢᠴᠠᠯ ᠢᠶᠠᠷ 0.2 ᠬᠤᠪᠢ ᠥᠨᠳᠥᠷ | ᠪᠠᠶᠢᠵᠤ᠂ 1 — 11 ᠰᠠᠷ᠎ᠠ ᠶᠢᠨ ᠬᠢ ᠠᠴᠠ ᠵᠠᠭᠤᠨ ᠤ ᠬᠠᠷᠢᠴᠠᠯ ᠢᠶᠠᠷ 0.6 ᠬᠤᠪᠢ ᠳᠡᠭᠡᠭᠰᠢᠯᠡᠪᠡ︔ ᠬᠤᠲᠠ | ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ | 64658 ᠲᠥᠭᠦᠷᠢᠭ ᠲᠤ ᠬᠦᠷᠴᠦ᠂ ᠪᠤᠭᠤᠲᠤ ᠬᠤᠲᠠ ᠶᠢᠨ ᠳᠤᠮᠳᠠᠴᠢ ᠬᠢᠷᠢ ᠲᠦᠪᠰᠢᠨ ᠠᠴᠠ 3531 | ᠲᠥᠭᠦᠷᠢᠭ ᠥᠨᠳᠥᠷ ᠪᠣᠯᠵᠣ᠂ ᠲᠡᠭᠡᠷ᠎ᠡ ᠵᠢᠯ ᠤᠨ ᠬᠢ ᠠᠴᠠ ᠪᠠᠨ 4.1% ᠪᠠᠷ ᠨᠡᠮᠡᠭᠳᠡᠵᠦ᠂ ᠲᠦᠷᠦᠭᠦᠦ ᠭᠤᠷᠪᠠᠨ | ᠤᠯᠠᠷᠢᠯ ᠤᠨ ᠬᠢ ᠠᠴᠠ ᠵᠠᠭᠤᠨ ᠤ ᠬᠠᠷᠢᠴᠠᠯ ᠢᠶᠠᠷ 0.1 ᠬᠤᠪᠢ ᠳᠡᠭᠡᠭᠰᠢᠯᠡᠪᠡ᠃ |