2 ᠰᠠᠷ᠎ᠠ ᠶᠢᠨ 6 ᠤ ᠡᠳᠦᠷ᠂ ᠪᠥᠬᠦ ᠲᠤᠭᠤᠷᠢᠭ ᠤᠨ ᠠᠷᠠᠯᠵᠢᠶᠠᠴᠢᠨ ᠤᠷᠢᠵᠤ ᠪᠠᠯᠠ ᠮᠦᠩᠬᠦ ᠤᠷᠤᠭᠤᠯᠤᠨ | ᠠᠪᠴᠢᠷᠠᠬᠤ᠂ ᠴᠢᠳᠠᠪᠤᠷᠢᠲᠠᠨ ᠢ ᠤᠷᠢᠵᠤ ᠣᠶᠤᠨ ᠤᠬᠠᠭᠠᠨ ᠢ ᠤᠷᠤᠭᠤᠯᠤᠨ ᠠᠪᠴᠢᠷᠠᠬᠤ ᠵᠢᠴᠢ ᠬᠤᠳᠠᠯᠳᠤᠭ᠎ᠠ | ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠠᠶᠢᠴᠢᠯᠠᠯᠲᠠ ᠶᠢᠨ ᠶᠡᠭᠡ ᠬᠤᠷᠠᠯ ᠬᠤᠷᠠᠯᠳᠤᠪᠠ᠃ | ᠲᠣᠭᠤᠷᠢᠭ ᠤᠨ ᠨᠠᠮ ᠤᠨ ᠬᠤᠷᠢᠶᠠᠨ ᠤ ᠱᠦᠵᠢ ᠬᠤ᠋ ᠴᠢᠶᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ | ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠢᠦᠢ ᠵᠠᠨ ᠵᠢᠶᠠᠩ ᠬᠤᠷᠠᠯ ᠢ | ᠡᠷᠬᠢᠯᠡᠪᠡ᠃ | | ᠬᠤᠷᠠᠯ ᠳᠡᠭᠡᠷ᠎ᠡ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠤᠭᠤᠷᠢᠭ ᠤᠨ | ᠪᠠᠶᠢᠩᠭᠤ ᠶᠢᠨ ᠳᠡᠳ᠋ ᠳᠠᠷᠤᠭ᠎ᠠ ᠸᠠᠩ ᠸᠧᠶ 2025 ᠣᠨ ᠤ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ | ᠠᠪᠴᠢᠷᠠᠬᠤ᠂ ᠴᠢᠳᠠᠪᠤᠷᠢᠲᠠᠨ ᠢ ᠤᠷᠢᠵᠤ ᠣᠶᠤᠨ ᠤᠬᠠᠭᠠᠨ ᠢ ᠣᠷᠣᠭᠤᠯᠤᠨ ᠠᠪᠴᠢᠷᠠᠬᠤ ᠵᠢᠴᠢ ᠬᠤᠳᠠᠯᠳᠤᠭ᠎ᠠ | ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠳᠤ ᠪᠠᠶᠢᠷᠢᠯᠠᠭᠤᠯᠤᠯᠲᠠ ᠬᠢᠵᠦ᠂ ᠬᠤᠯᠪᠣᠭᠳᠠᠯ ᠪᠥᠬᠦᠶ | ᠰᠠᠯᠠᠭ᠎ᠠ ᠮᠥᠴᠢᠷ ᠤᠨ ᠨᠥᠬᠦᠳ ᠣᠪᠣᠷ ᠢᠶᠠᠨ ᠢᠯᠡᠳᠬᠡᠬᠦ ᠦᠭᠡ ᠬᠡᠯᠡᠵᠡᠶ᠃ | ᠬᠤ᠋ ᠴᠢᠶᠠᠩ᠂ ᠲᠤᠭ᠎ᠠ ᠬᠡᠮᠵᠢᠶ᠎ᠡ ᠶᠢ ᠨᠡᠮᠡᠭᠳᠡᠭᠦᠯᠬᠦ ᠤᠬᠠᠮᠰᠠᠷ ᠢᠶᠠᠨ ᠴᠢᠩᠭᠠᠳᠬᠠᠵᠤ᠂ ᠨᠢᠬᠡ ᠠᠷᠭ᠎ᠠ ᠵᠠᠮ ᠢ | ᠴᠤ ᠠᠯᠳᠠᠬᠤ ᠦᠬᠡᠢ ᠪᠠᠷ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ᠂ ᠴᠢᠳᠠᠪᠤᠷᠢᠲᠠᠨ ᠢ | ᠤᠷᠢᠵᠤ ᠤᠶᠤᠨ ᠤᠬᠠᠭᠠᠨ ᠢ ᠣᠷᠣᠭᠤᠯᠤᠨ ᠠᠪᠴᠢᠷᠠᠬᠤ ᠶᠢ ᠰᠠᠶᠢᠲᠤᠷ ᠠᠳᠬᠤᠵᠤ᠂ ᠬᠤᠳᠠᠯᠳᠤᠭ᠎ᠠ ᠡᠷᠬᠢᠯᠡᠬᠦ | ᠣᠷᠴᠢᠨ ᠨᠥᠬᠦᠴᠡᠯ ᠢ ᠲᠠᠰᠤᠷᠠᠯᠳᠠ ᠦᠭᠡᠢ ᠰᠢᠯᠢᠳᠡᠭᠵᠢᠭᠦᠯᠵᠦ᠂ ︽ᠱᠤᠭᠤᠬᠤ ᠲᠡᠭᠡᠭᠰᠢᠯᠡᠬᠦᠯᠬᠦ ᠲᠡᠮᠡᠴᠡᠨ ᠤᠯᠬᠤ︾ | ᠲᠤᠰᠬᠠᠢ ᠰᠡᠳᠦᠪᠲᠦ ᠠᠵᠢᠯᠯᠠᠭ᠎ᠠ ᠪᠠᠷ ᠭᠠᠷᠳᠠᠴᠠ ᠪᠣᠯᠭᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ | ᠱᠠᠯᠠᠪᠳᠠᠨ ᠠᠳᠬᠤᠵᠤ ᠲᠦᠷᠭᠡᠨ ᠠᠵᠢᠯᠯᠠᠵᠤ᠂ ᠨᠡᠩ ᠤᠯᠠᠨ ᠰᠢᠨ᠎ᠡ ᠨᠡᠮᠡᠭᠳᠡᠯ ᠤᠨ ᠬᠡᠮᠵᠢᠶ᠎ᠡ᠂ ᠰᠢᠨ᠎ᠡ ᠨᠡᠮᠡᠭᠳᠡᠯ ᠤᠨ | ᠲᠦᠢᠯ ᠢ ᠴᠢᠷᠮᠠᠶᠢᠨ ᠪᠤᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢᠨ | ᠬᠤᠰᠢᠭᠤᠴᠢ ᠪᠣᠯᠬᠤ ᠪᠠᠷ ᠪᠦᠬᠦ ᠲᠠᠯ᠎ᠠ ᠪᠠᠷ ᠴᠢᠷᠮᠠᠶᠢᠬᠤ ᠬᠡᠷᠡᠭᠲᠡᠢ ᠬᠡᠵᠤ ᠴᠢᠬᠤᠯᠠᠴᠢᠯᠠᠪᠠ᠃ ︵ᠰᠤᠷᠪᠤᠯᠵᠢᠯᠠᠭᠴᠢ᠄ | ᠹᠧᠩ ᠰᠢᠤᠸᠠᠢ᠂ ᠯᠢᠦ ᠵᠢᠩ ᠬᠠᠨ᠂ ᠹᠠᠨ ᠷᠦᠢ ᠴᠢᠩ ᠬᠢᠨᠠᠨ ᠬᠠᠷᠭᠤᠭᠤᠯᠤᠬᠰᠨ ᠨᠢ᠄ ᠲᠤᠭᠤᠷᠢᠭ ᠤᠨ ᠨᠠᠮ ᠤᠨ | ᠬᠤᠷᠢᠶᠠᠨ ᠤ ᠠᠯᠪᠠᠨ ᠭᠡᠷ︶ |