ᠬᠤᠶᠠᠷ ᠬᠤᠷᠠᠯ ᠤᠨ ᠲᠠᠭᠤᠨ᠄ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠱᠧᠨ ᠵᠢᠶᠠ ᠰᠢᠩ
ᠨᠡᠶᠢᠲᠡᠯᠡᠭᠰᠡᠨ ᠴᠠᠭ᠄
2025/2/8
   
     ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠱᠧᠨ ᠵᠢᠶᠠ ᠰᠢᠩ ᠢᠯᠡᠷᠬᠡᠶᠢᠯᠡᠬᠦ ᠳᠡᠭᠡᠨ᠄ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠭᠤᠤᠯ ᠰᠡᠳᠦᠪ ᠨᠢ ᠢᠯᠡ ᠲᠣᠳᠣ᠂ ᠤᠳᠬ᠎ᠠ ᠰᠠᠨᠠᠭ᠎ᠠ ᠨᠢ ᠭᠦᠨ ᠭᠦᠨᠵᠡᠭᠡᠶ᠂ ᠵᠣᠭᠰᠣᠴᠠ ᠨᠢ ᠥᠨᠳᠥᠷ᠂ ᠰᠡᠳᠬᠢᠮᠵᠢ ᠨᠢ ᠲᠣᠳᠣᠷᠬᠠᠶ᠂ ᠠᠷᠭ᠎ᠠ ᠬᠡᠮᠵᠢᠶ᠎ᠡ ᠨᠢ ᠪᠣᠳᠠᠲᠠᠶ᠂ ᠬᠡᠷᠡᠭᠵᠢᠭᠦᠯᠵᠦ ᠪᠣᠯᠬᠤᠶᠢᠴᠠ ᠴᠢᠨᠠᠷ ᠢᠶᠠᠷ ᠴᠢᠩᠭ᠎ᠠ ᠪᠠᠶᠢᠵᠤ᠂ ᠢᠯᠡᠳᠬᠡᠯ ᠳᠤ ᠣᠷᠣᠨ ᠪᠦᠰᠡ ᠶᠢᠨ ᠡᠮᠴᠢᠯᠡᠭᠡᠨ ᠤ ᠥᠨᠳᠦᠷᠯᠢᠭ ᠢ ᠬᠦᠴᠦ ᠪᠠᠨ ᠲᠥᠪᠯᠡᠷᠡᠭᠦᠯᠦᠨ ᠪᠠᠶᠢᠭᠤᠯᠤᠨ᠎ᠠ ᠭᠡᠵᠦ ᠳᠤᠷᠠᠳᠪᠠ᠃ ᠡᠮᠴᠢᠯᠡᠭᠡ ᠭᠤᠶᠣᠯᠠᠯ ᠵᠠᠰᠠᠯ ᠤᠨ ᠠᠵᠢᠯ ᠬᠢᠵᠦ ᠪᠠᠶᠢᠭ᠎ᠠ ᠦᠨᠳᠦᠰᠦᠨ ᠱᠠᠲᠤᠨ ᠤ ᠭᠡᠰᠢᠭᠦᠨ ᠪᠣᠯᠤᠭᠰᠠᠨ ᠤ ᠬᠤᠪᠢ ᠳᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠣᠯ ᠨᠢᠭᠡᠨ ᠢᠷᠠᠭᠤ ᠠᠯᠳᠠᠷ ᠮᠥᠨ ᠪᠥᠭᠡᠳ ᠨᠢᠬᠡ ᠵᠦᠢᠯ ᠤᠨ ᠬᠦᠨᠳᠦ ᠬᠠᠷᠢᠭᠤᠴᠠᠯᠭ᠎ᠠ ᠮᠥᠨ᠂ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠨᠢ ᠨᠠᠮᠠᠶᠢ ᠲᠦᠢᠯ ᠢᠶᠠᠷ ᠤᠷᠮᠠᠰᠢᠭᠤᠯᠤᠨ ᠵᠣᠷᠢᠭᠵᠢᠭᠤᠯᠵᠤ᠂ ᠢᠷᠡᠭᠡᠳᠦᠶ ᠶᠢᠨ ᠤᠷᠤᠭᠰᠢᠯᠠᠯᠲᠠ ᠶᠢᠨ ᠴᠢᠭᠯᠡᠯ ᠪᠠ ᠲᠡᠮᠡᠴᠡᠬᠦ ᠬᠠᠷᠠᠯᠲᠠ ᠶᠢ ᠴᠤ ᠨᠠᠩ ᠲᠣᠳᠣᠷᠬᠠᠶ ᠪᠣᠯᠭᠠᠵᠠᠶ᠃ ᠪᠢ ᠥᠪᠡᠷ ᠤᠨ ᠲᠤᠰᠬᠠᠢ ᠮᠡᠷᠭᠡᠵᠢᠯ ᠤᠨ ᠳᠠᠪᠠᠭᠤᠯᠢᠭ ᠪᠣᠯᠤᠨ ᠣᠨᠴᠠᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠡᠮ ᠡᠮᠨᠡᠯᠭᠡ ᠭᠤᠸ᠎ᠠ ᠰᠠᠶᠢᠬᠠᠨ ᠤ ᠦᠢᠯᠡᠰ ᠪᠣᠯᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠵᠠᠮ ᠳᠡᠭᠡᠷ᠎ᠡ ᠡᠷᠡᠮᠡᠬᠡᠶᠢᠯᠡᠨ ᠤᠷᠤᠭᠰᠢᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠭᠤᠸ᠎ᠠ ᠰᠠᠶᠢᠬᠠᠨ ᠤ ᠲᠤᠬᠠᠢ ᠴᠥᠬᠦᠷᠡᠰᠢ ᠦᠭᠡᠢ ᠬᠥᠭᠡᠭᠡᠴᠡᠯᠳᠦᠯ ᠢ ᠲᠠᠶᠢᠯᠪᠤᠷᠢᠯᠠᠵᠤ᠂ ᠨᠡᠶᠢᠭᠡᠮ ᠳᠤ ᠭᠤᠶᠠᠴᠢ ᠦᠭᠡᠢ ᠬᠤᠪᠢ ᠨᠡᠮᠡᠷᠢ ᠦᠵᠡᠭᠦᠯᠵᠦ᠂ ᠠᠵᠢᠯ ᠲᠦᠷᠦᠯ ᠤᠨ ᠬᠥᠭᠵᠢᠯᠲᠡ ᠪᠣᠯᠤᠨ ᠨᠡᠶᠢᠭᠡᠮ ᠤᠨ ᠲᠠᠪᠰᠢᠯᠳᠠ ᠳᠤ ᠨᠡᠩ ᠤᠯᠠᠨ ᠤᠶᠤᠨ ᠤᠬᠠᠭᠠᠨ ᠪᠣᠯᠤᠨ ᠬᠦᠴᠦᠨ ᠴᠢᠳᠠᠯ ᠢᠶᠠᠨ ᠡᠷᠭᠦᠨ᠎ᠡ ᠬᠡᠵᠡᠢ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号