2 ᠰᠠᠷ᠎ᠠ ᠶᠢᠨ 6 ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠬᠤ᠋ ᠴᠢᠶᠠᠩ ᠥᠪᠥᠷ | ᠮᠣᠩᠭᠤᠯ ᠤᠨ ᠴᠢᠶᠠᠨ ᠱᠠᠨ ᠬᠦᠨᠳᠦ ᠠᠵᠤ ᠦᠶᠯᠡᠳᠪᠦᠷᠢ ᠶᠢᠨ ᠬᠢᠵᠠᠭᠠᠷᠲᠤ ᠺᠣᠮᠫᠠᠨᠢ ᠳᠤ ᠬᠦᠷᠴᠦ ᠲᠤᠬᠠᠶ ᠶᠢᠨ | ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠵᠤ ᠮᠠᠨ ᠤ | ᠲᠤᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠥᠷᠨᠢᠭᠦᠯᠦᠭᠰᠡᠨ | ᠪᠠᠶᠢᠳᠠᠯ ᠢ ᠰᠣᠨᠣᠰᠪᠠ᠃ | ᠬᠤ᠋ ᠴᠢᠶᠠᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠬᠦᠲᠦᠯᠦᠨ | ᠳᠠᠭᠠᠭᠤᠯᠬᠤ ᠦᠢᠯᠡᠳᠦᠯ ᠢ ᠪᠦᠬᠦ ᠲᠠᠯ᠎ᠠ ᠪᠠᠷ ᠪᠠᠳᠠᠷᠠᠭᠤᠯᠵᠤ᠂ ᠡᠯ᠎ᠡ ᠲᠦᠷᠦᠯ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ ᠲᠥᠪᠯᠡᠷᠡᠭᠦᠯᠵᠦ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠠᠷᠠᠯᠵᠢᠶᠠᠴᠢᠨ ᠤᠷᠢᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠨᠡᠩ ᠤᠯᠠᠨ ᠰᠢᠯᠢᠳᠡᠭ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ | ᠰᠤᠳᠤᠯᠭᠠᠨ ᠤ ᠪᠠᠶᠢᠭᠤᠯᠤᠮᠵᠢ ᠶᠢ ᠲᠦᠷᠭᠡᠨ ᠣᠷᠣᠭᠤᠯᠤᠨ ᠠᠪᠴᠢᠷᠠᠬᠤ ᠪᠠ ᠪᠤᠶᠢᠵᠢᠭᠤᠯᠵᠤ᠂ ᠠᠵᠤ ᠦᠢᠯᠡᠰ ᠤᠨ | ᠳᠤᠲᠠᠭᠤᠳᠠᠯ᠂ ᠪᠠᠭᠤᠷᠠᠢ ᠲᠠᠯ᠎ᠠ ᠶᠢ ᠬᠦᠴᠦᠯᠡᠨ ᠨᠥᠬᠦᠪᠥᠷᠢᠯᠡᠵᠦ ᠴᠢᠩᠭᠠᠳᠬᠠᠨ᠂ ᠨᠡᠩ ᠤᠯᠠᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠲᠤᠬᠠᠢ ᠶᠢᠨ ᠭᠠᠵᠠᠷ ᠲᠤᠨᠢ ᠤᠨᠳᠤᠤᠰᠢᠭᠤᠯᠵᠤ᠂ ᠲᠤᠬᠠᠢ ᠶᠢᠨ | ᠭᠠᠵᠠᠷ ᠲᠤᠨᠢ ᠬᠡᠷᠡᠭᠯᠡᠬᠦ ᠶᠢ ᠠᠬᠢᠭᠤᠯᠬᠤ ᠬᠡᠷᠡᠭᠲᠡᠢ ᠬᠡᠪᠡ᠃ | ᠲᠤᠭᠤᠷᠢᠭ ᠤᠨ ᠤᠳᠤᠷᠢᠳᠤᠯᠭ᠎ᠠ ᠸᠠᠩ ᠭᠠᠩ᠂ ᠯᠢᠦ ᠷᠦᠢ ᠯᠦᠩ᠂ ᠰᠤ᠋ ᠵᠢᠶᠦ᠋ᠨ᠂ ᠵᠠᠩ ᠢᠦᠶ ᠵᠢᠴᠢ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ︵ | ᠰᠤᠷᠪᠤᠯᠵᠢᠯᠠᠭᠴᠢ᠄ ᠹᠧᠩ ᠰᠢᠤᠸᠠᠢ᠂ ᠹᠠᠨ ᠷᠦᠢ ᠴᠢᠩ ᠬᠢᠨᠠᠨ ᠬᠠᠷᠭᠤᠭᠤᠯᠤᠬᠰᠠᠨ ᠨᠢ᠄ ᠲᠤᠭᠤᠷᠢᠭ ᠤᠨ | ᠨᠠᠮ ᠤᠨ ᠬᠤᠷᠢᠶᠠᠨ ᠤ ᠠᠯᠪᠠᠨ ᠭᠡᠷ︶ | |