ᠠᠵᠢᠯᠯᠠᠭ᠎ᠠ ᠶᠢᠨ ᠪᠣᠳᠠᠲᠠᠶ ᠠᠭᠤᠯᠭ᠎ᠠ | | ᠠᠵᠢᠯᠯᠠᠭ᠎ᠠ ᠶᠢ ᠦᠷᠨᠢᠬᠦᠯᠬᠦ ᠴᠠᠭ᠄ 2 ᠰᠠᠷ᠎ᠠ ᠶᠢᠨ 11 ᠤ ᠡᠳᠦᠷ ︵ᠴᠠᠭᠠᠨ ᠰᠠᠷ᠎ᠠ ᠶᠢᠨ ᠠᠷᠪᠠᠨ | ᠳᠥᠷᠪᠡᠨ︶᠂ 14᠄ 30 — 17᠄ 00 | ᠠᠵᠢᠯᠯᠠᠭ᠎ᠠ ᠶᠢ ᠦᠷᠨᠢᠬᠦᠯᠬᠦ ᠭᠠᠵᠠᠷ᠄ ᠲᠤᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ | ᠣᠷᠳᠣᠨ ᠤ ᠡᠭᠦᠳᠡᠨ ᠡᠮᠦᠨᠡᠬᠢ ᠪᠣᠯᠣᠳ ᠲᠡᠮᠦᠷ ᠵᠡᠭᠡᠯᠢ | ᠠᠵᠢᠯᠯᠠᠭ᠎ᠠ ᠶᠢᠨ ᠠᠭᠤᠯᠭ᠎ᠠ᠄ ᠪᠥᠬᠦ ᠲᠤᠭᠤᠷᠢᠭ ᠤᠨ 18 ᠠᠩᠬᠢ ᠡᠩᠨᠡᠭᠡ ᠶᠢ ᠰᠢᠯᠵᠢᠭᠦᠯᠦᠨ ᠴᠤᠭᠯᠠᠭᠤᠯᠵᠤ᠂ | 120 ᠮᠢᠨᠦ᠋ᠲ ᠬᠡᠷᠡᠭᠰᠡᠵᠦ᠂ ᠤᠯᠠᠮᠵᠢᠯᠠᠯᠲᠤ ᠶᠠᠩᠭᠠᠷ ᠪᠥᠵᠢᠭ᠂ ᠯᠤᠤ ᠪᠦᠵᠢᠭᠯᠡᠬᠦᠯᠬᠦ᠂ ᠠᠷᠰᠯᠠᠨ ᠲᠤᠬᠯᠠᠭᠤᠯᠬᠤ᠂ | ᠮᠣᠳᠣᠨ ᠬᠥᠯᠲᠦ ᠭᠢᠰᠬᠢᠭᠦᠷ᠂ ᠪᠦᠰ ᠣᠩᠭᠤᠴᠠ ᠶᠠᠪᠤᠭᠤᠯᠬᠤ ᠵᠡᠷᠭᠡ ᠣᠲᠣ ᠦᠶ᠎ᠡ ᠶᠢᠨ ᠤᠷᠠᠯᠢᠭ ᠬᠢᠭᠡᠳ | ᠤᠯᠠᠮᠵᠢᠯᠠᠯᠲᠤ ᠰᠣᠶᠣᠯ ᠢᠶᠠᠷ ᠭᠤᠤᠯ ᠪᠣᠯᠭᠠᠭᠰᠠᠨ ᠠᠷᠠᠳ ᠤᠨ ᠵᠠᠩ ᠦᠶᠯᠡ ᠶᠢᠨ ᠲᠣᠭᠯᠠᠯᠲᠠ ᠶᠢ ᠥᠷᠨᠢᠭᠦᠯᠦᠨ᠎ᠡ᠃ | | | | | | | | ᠶᠠᠪᠤᠵᠤ ᠰᠠᠭᠤᠬᠤ ᠳᠠᠭᠠᠨ ᠠᠩᠬᠠᠷᠬᠤ ᠵᠦᠢᠯ | 2025 ᠣᠨ ᠤ ᠪᠤᠭᠤᠲᠤ ᠬᠤᠲᠠ ᠶᠢᠨ ᠥᠯᠵᠡᠶᠢᠲᠦ ᠡᠳᠦᠷ ᠤᠨ ᠪᠠᠶᠠᠷ ᠤᠨ ᠬᠤᠭᠤᠴᠠᠭᠠᠨ ᠳᠠᠬᠢ ᠠᠷᠠᠳ ᠤᠨ | ᠤᠷᠠᠨ ᠰᠠᠶᠢᠬᠠᠨ ᠤ ᠦᠵᠡᠭᠦᠯᠭᠡ ᠶᠢᠨ ᠲᠣᠭᠯᠠᠯᠲᠠ᠂ ᠴᠡᠴᠡᠭᠲᠦ ᠳ᠋ᠧᠩ ᠤᠨ ᠦᠵᠡᠭᠦᠯᠭᠡ ᠵᠡᠷᠭᠡ ᠠᠵᠢᠯᠯᠠᠭ᠎ᠠ ᠶᠢᠨ | ᠠᠮᠤᠷ ᠲᠦᠪᠰᠢᠨ᠂ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠪᠤᠭᠤᠲᠤ ᠬᠤᠲᠠ ᠶᠢᠨ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠵᠡᠷᠭᠡ | ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ᠂ ᠮᠠᠨ ᠤ ᠬᠤᠲᠠ ᠶᠢᠨ ᠬᠤᠲᠠ ᠤᠨ ᠲᠣᠭᠤᠷᠢᠭ ᠤᠨ ᠬᠡᠰᠡᠭ ᠵᠠᠮ ᠳᠤ | ᠲᠦᠷ ᠴᠠᠭ ᠤᠨ ᠵᠠᠮ ᠬᠠᠷᠢᠯᠴᠠᠭᠠᠨ ᠤ ᠬᠢᠵᠠᠭᠠᠷᠯᠠᠵᠤ ᠬᠠᠮᠢᠶᠠᠷᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ | ᠲᠣᠭᠲᠠᠪᠠ᠃ ᠪᠣᠳᠠᠲᠠᠢ ᠵᠦᠢᠯᠡᠰ ᠢ ᠳᠣᠣᠷᠠᠬᠢ ᠮᠡᠲᠦ ᠵᠠᠷᠯᠠᠪᠠ᠄ | ᠵᠠᠮ ᠬᠠᠷᠢᠯᠴᠠᠭ᠎ᠠ ᠶᠢᠨ ᠬᠢᠵᠠᠭᠠᠷᠯᠠᠵᠤ ᠬᠠᠮᠢᠶᠠᠷᠬᠤ ᠴᠠᠭ᠄ 2 ᠰᠠᠷ᠎ᠠ ᠶᠢᠨ 11 ᠤ ᠡᠳᠦᠷ ︵ᠴᠠᠭᠠᠨ | ᠰᠠᠷ᠎ᠠ ᠶᠢᠨ ᠠᠷᠪᠠᠨ ᠳᠥᠷᠪᠡᠨ︶ ᠤᠨ 13᠄ 30 — 17᠄ 30 ᠪᠤᠯᠳᠠᠯ᠎ᠠ | ᠵᠠᠮ ᠬᠠᠷᠢᠯᠴᠠᠭᠠᠨ ᠤ ᠬᠢᠵᠠᠭᠠᠷᠯᠠᠵᠤ ᠬᠠᠮᠢᠶᠠᠷᠬᠤ ᠵᠠᠮ ᠤᠨ ᠬᠡᠰᠡᠭ | ᠪᠣᠯᠣᠳ ᠲᠡᠮᠦᠷ ᠵᠡᠭᠡᠯᠢ ︵ᠦᠨᠳᠦᠰᠦᠲᠡᠨ ᠤ ᠵᠡᠭᠦᠨ ᠵᠠᠮ — ᠦᠨᠳᠦᠰᠦᠲᠡᠨ ᠤ ᠪᠠᠷᠠᠭᠤᠨ ᠵᠠᠮ︶ ᠶᠢᠨ | ᠬᠡᠰᠡᠭ᠂ ᠤᠯᠠᠭᠠᠨ ᠵᠠᠮ ︵ᠦᠨᠳᠦᠰᠦᠲᠡᠨ ᠤ ᠵᠡᠭᠦᠨ ᠵᠠᠮ — ᠦᠨᠳᠦᠰᠦᠲᠡᠨ ᠤ ᠪᠠᠷᠠᠭᠤᠨ ᠵᠠᠮ︶ ᠤᠨ ᠬᠡᠰᠡᠭ᠂ | ᠠᠭᠤᠳᠠᠮ ᠲᠠᠯᠠᠪᠠᠶ ᠶᠢᠨ ᠡᠮᠦᠨ᠎ᠡ ᠵᠠᠮ ︵ᠬᠤᠲᠠ ᠶᠢᠨ ᠵᠠᠰᠠᠭ ᠤᠨ ᠵᠡᠭᠦᠨ ᠵᠠᠮ — ᠬᠤᠲᠠ ᠶᠢᠨ ᠵᠠᠰᠠᠭ ᠤᠨ | ᠪᠠᠷᠠᠭᠤᠨ ᠵᠠᠮ︶ ᠤᠨ ᠬᠡᠰᠡᠭ᠂ ᠠᠷᠠᠳ ᠵᠡᠭᠡᠯᠢ ︵ᠪᠠᠭᠠᠴᠤᠤᠯ ᠵᠠᠮ — ᠠᠭᠤᠳᠠᠮ ᠲᠠᠯᠠᠪᠠᠶ ᠶᠢᠨ ᠡᠮᠦᠨ᠎ᠡ | ᠵᠠᠮ︶ ᠶᠢᠨ ᠬᠡᠰᠡᠭ᠂ ᠠᠭᠤᠳᠠᠮ ᠲᠠᠯᠠᠪᠠᠶ ᠶᠢᠨ ᠵᠡᠭᠦᠨ ᠵᠠᠮ ︵ᠤᠯᠠᠭᠠᠨ ᠵᠠᠮ — ᠠᠭᠤᠳᠠᠮ ᠲᠠᠯᠠᠪᠠᠶ ᠶᠢᠨ ᠡᠮᠦᠨ᠎ᠡ | ᠵᠠᠮ︶ ᠤᠨ ᠬᠡᠰᠡᠭ᠂ ᠠᠭᠤᠳᠠᠮ ᠲᠠᠯᠠᠪᠠᠶ ᠶᠢᠨ ᠪᠠᠷᠠᠭᠤᠨ ᠵᠠᠮ ︵ᠤᠯᠠᠭᠠᠨ ᠵᠠᠮ — ᠠᠭᠤᠳᠠᠮ ᠲᠠᠯᠠᠪᠠᠶ ᠶᠢᠨ | ᠡᠮᠦᠨ᠎ᠡ ᠵᠠᠮ︶ ᠤᠨ ᠬᠡᠰᠡᠭ᠂ ᠬᠤᠲᠠ ᠶᠢᠨ ᠵᠠᠰᠠᠭ ᠤᠨ ᠵᠡᠭᠦᠨ ᠵᠠᠮ ︵ᠤᠯᠠᠭᠠᠨ ᠵᠠᠮ — ᠪᠠᠭᠠᠴᠤᠤᠯ ᠵᠠᠮ︶ | ᠤᠨ ᠬᠡᠰᠡᠭ᠂ ᠬᠤᠲᠠ ᠶᠢᠨ ᠵᠠᠰᠠᠭ ᠤᠨ ᠪᠠᠷᠠᠭᠤᠨ ᠵᠠᠮ ︵ᠤᠯᠠᠭᠠᠨ ᠵᠠᠮ — ᠪᠠᠭᠠᠴᠤᠤᠯ ᠵᠠᠮ︶ ᠤᠨ ᠬᠡᠰᠡᠭ᠃ | | | | |