ᠰᠢᠨᠬᠤᠸᠠ ᠬᠤᠷᠢᠶ᠎ᠠ ᠶᠢᠨ ᠬᠠᠷᠪᠢᠨ ᠤ 2 ᠰᠠᠷ᠎ᠠ ᠶᠢᠨ 7 ᠤ ᠴᠠᠭᠢᠯᠭᠠᠨ ᠮᠡᠳᠡᠭᠡ 2 ᠰᠠᠷ᠎ᠠ ᠶᠢᠨ 7 ᠤ | ᠦᠳᠡ ᠳᠤ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠬᠠᠷᠠᠮᠥ᠋ᠷᠡᠨ ᠮᠤᠵᠢ ᠶᠢᠨ | ᠬᠠᠷᠪᠢᠨ ᠬᠤᠳᠠ ᠶᠢᠨ ᠲᠠᠢ ᠶᠠᠩ ᠳ᠋ᠣᠣ ᠵᠣᠴᠢᠳ ᠤᠨ ᠪᠠᠭᠤᠳᠠᠯ ᠳᠤ ᠳᠠᠶᠢᠯᠠᠯᠭ᠎ᠠ ᠬᠢᠵᠦ᠂ ᠬᠠᠷᠪᠢᠨ ᠤ ᠶᠢᠰᠦᠳᠦᠭᠡᠷ | ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠡᠭᠢᠯᠡᠯᠲᠡ ᠶᠢᠨ ᠶᠣᠰᠣᠯᠠᠯ ᠳᠤ | ᠣᠷᠤᠯᠴᠠᠬᠤ ᠪᠠᠷ ᠳᠤᠮᠳᠠᠳᠤ ᠤᠯᠤᠰ ᠲᠤ ᠢᠷᠡᠭᠰᠡᠨ ᠤᠯᠠᠨ ᠤᠯᠤᠰ ᠤᠨ ᠬᠦᠨᠳᠦᠲᠦ ᠵᠣᠴᠢᠳ ᠢ ᠤᠭᠲᠤᠪᠠ᠃ | ᠲᠡᠳᠡ ᠪᠣᠯ᠄ ᠪᠷᠦ᠋ᠨ᠋ᠸᠢ ᠶᠢᠨ ᠰᠦᠳᠠᠨ ᠬᠠᠰᠠᠩᠨᠠᠷ᠂ ᠺᠢᠷᠭᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ ᠪᠣᠯᠣᠨ ᠲᠡᠭᠦᠨ ᠤ | ᠬᠠᠳᠤᠨ ᠵᠠᠫᠠᠯᠦᠸᠠ᠂ ᠫᠠᠺᠢᠰᠲ᠋ᠠᠨ ᠤ ᠶᠡᠷᠦᠩᠬᠡᠶᠢᠯᠡᠭᠴᠢ ᠵᠠᠷᠳᠠᠯᠢ᠂ ᠲᠠᠢ ᠤᠯᠤᠰ ᠤᠨ ᠶᠡᠷᠦᠩᠬᠡᠢ ᠰᠠᠶᠢᠳ ᠫᠤᠶᠢᠲ᠋ᠦ᠋ᠩᠲ᠋ᠠᠨ᠂ | ᠺᠤᠷᠢᠶᠠ ᠶᠢᠨ ᠤᠯᠤᠰ ᠤᠨ ᠬᠤᠷᠠᠯ ᠤᠨ ᠳᠠᠷᠤᠭ᠎ᠠ ᠢᠦᠢ ᠶᠤᠸᠠᠨ ᡁᠢ ᠪᠣᠯᠣᠨ ᠲᠡᠭᠦᠨ ᠤ ᠬᠠᠳᠤᠨ ᠱᠧᠨ ᠵᠢᠩ ᠬᠤᠢ ᠵᠢᠴᠢ | ᠳᠡᠯᠡᠬᠡᠢ ᠶᠢᠨ ᠣᠯᠢᠮᠫᠢᠺ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠵᠥᠪᠯᠡᠯ ᠤᠨ ᠲᠡᠷᠢᠭᠦᠯᠡᠭᠴᠢ ᠪᠠᠾᠧ᠂ ᠠᠽᠢᠶ᠎ᠠ ᠲᠢᠪ ᠤᠨ | ᠣᠯᠢᠮᠫᠢᠺ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠡᠷᠡᠭ ᠡᠷᠭᠢᠯᠡᠭᠴᠢᠳ ᠤᠨ ᠬᠤᠷᠠᠯ ᠤᠨ ᠨᠢᠭᠡᠳᠦᠭᠡᠷ ᠳᠡᠳ᠋ | ᠲᠡᠷᠢᠭᠦᠯᠡᠭᠴᠢ ᠾᠥᠸᠧ ᠵᠧᠨ ᠲᠢᠩ ᠨᠠᠷ ᠪᠣᠯᠣᠨ᠎ᠠ᠃ | | 2 ᠰᠠᠷ᠎ᠠ ᠶᠢᠨ 7 ᠤ ᠦᠳᠡ ᠳᠤ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠳᠤᠨ ᠫᠧᠩ ᠯᠢ | ᠶᠤᠸᠠᠨ ᠲᠠᠢ ᠪᠠᠨ ᠬᠠᠷᠠᠮᠥ᠋ᠷᠡᠨ ᠮᠤᠵᠢ ᠶᠢᠨ ᠬᠠᠷᠪᠢᠨ ᠬᠤᠳᠠ ᠶᠢᠨ ᠲᠠᠢ ᠶᠠᠩ ᠳ᠋ᠣᠣ ᠵᠣᠴᠢᠳ ᠤᠨ ᠪᠠᠭᠤᠳᠠᠯ ᠳᠤ ᠳᠠᠶᠢᠯᠠᠯᠭ᠎ᠠ | ᠬᠢᠵᠦ᠂ ᠬᠠᠷᠪᠢᠨ ᠤ ᠶᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ | ᠡᠭᠢᠯᠡᠯᠲᠡ ᠶᠢᠨ ᠶᠣᠰᠣᠯᠠᠯ ᠳᠤ ᠣᠷᠤᠯᠴᠠᠬᠤ ᠪᠠᠷ ᠳᠤᠮᠳᠠᠳᠤ ᠤᠯᠤᠰ ᠲᠤ ᠢᠷᠡᠭᠰᠡᠨ ᠤᠯᠠᠨ ᠤᠯᠤᠰ ᠤᠨ ᠬᠦᠨᠳᠦᠲᠦ | ᠵᠣᠴᠢᠳ ᠢ ᠤᠭᠲᠤᠪᠠ᠃ ᠵᠢᠷᠤᠭ ᠪᠣᠯ ᠰᠢ ᠶᠢᠨ ᠫᠢᠩ ᠪᠣᠯᠣᠨ ᠫᠧᠩ ᠯᠢ ᠶᠤᠸᠠᠨ ᠡᠷᠬᠢᠮ ᠵᠣᠴᠢᠳ ᠲᠠᠢ ᠬᠠᠮᠲᠤ ᠶᠢᠨ ᠭᠡᠷᠡᠯ | ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠵᠦ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠳ᠋ᠢᠩ ᠬᠠᠢ ᠲᠤᠤ ᠰᠡᠭᠦᠳᠡᠷᠯᠡᠪᠡ | ᠴᠠᠭᠠᠨ ᠰᠠᠷ᠎ᠠ ᠶᠢᠨ ᠮᠥᠰᠥᠨ ᠬᠤᠳᠠ ᠮᠥᠩᠭᠦᠨ ᠬᠤᠪᠴᠠᠰᠤ ᠬᠡᠲᠦᠷᠴᠦ᠂ ᠪᠡᠯᠭᠡᠲᠦ ᠴᠠᠰᠤ ᠡᠯᠪᠡᠭ ᠬᠤᠷᠢᠶᠠᠯᠲᠠ ᠶᠢ | ᠪᠡᠯᠭᠡᠳᠡᠨ᠎ᠡ᠃ | ᠰᠢ ᠶᠢᠨ ᠫᠢᠩ ᠪᠣᠯᠣᠨ ᠫᠧᠩ ᠯᠢ ᠶᠤᠸᠠᠨ ᠬᠦᠨᠳᠦᠲᠦ ᠵᠣᠴᠢᠳ ᠲᠠᠢ ᠬᠠᠷᠢᠯᠴᠠᠨ ᠴᠠᠭᠠᠨ ᠰᠠᠷ᠎ᠠ ᠶᠢᠨ ᠵᠥᠩᠨᠡᠯ | ᠳᠡᠪᠰᠢᠭᠦᠯᠵᠦ᠂ ᠳᠣᠲᠣᠨᠣ ᠪᠠᠷ ᠭᠠᠷ ᠠᠳᠬᠤᠵᠤ ᠬᠠᠮᠲᠤ ᠶᠢᠨ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃ | ᠳᠤᠮᠳᠠᠳᠤ ᠭᠠᠳᠠᠭᠠᠳᠤ ᠶᠢᠨ ᠦᠨᠳᠦᠰᠦᠲᠡᠨ ᠤ ᠬᠤᠪᠴᠠᠰᠤ ᠵᠠᠰᠠᠯ ᠲᠠᠢ 40 ᠪᠠᠭᠠᠴᠤᠳ ᠬᠡᠦᠬᠡᠳ ᠬᠠᠷᠠᠮᠥ᠋ᠷᠡᠨ ᠤ | ᠠᠷᠠᠳ ᠤᠨ ᠳᠠᠭᠤᠤ ︽ᠦᠰᠰᠦ᠋ᠷᠢ ᠮᠥᠷᠡᠨ ᠤ ᠣᠩᠭᠤᠴᠠᠴᠢᠨ ᠤ ᠳᠠᠭᠤᠤ︾ ᠶᠢ ᠳᠠᠭᠤᠯᠠᠵᠤ᠂ ᠤᠯᠠᠨ ᠤᠯᠤᠰ ᠤᠨ | ᠬᠦᠨᠳᠦᠲᠦ ᠵᠣᠴᠢᠳ ᠢ ᠬᠠᠯᠠᠭᠤᠨ ᠢᠶᠠᠷ ᠤᠭᠲᠤᠪᠠ᠃ | ᠳᠠᠶᠢᠯᠠᠯᠭ᠎ᠠ ᠶᠢᠨ ᠲᠢᠩᠬᠢᠮ ᠳᠤ ᠮᠥᠰᠥ ᠴᠠᠰᠤᠨ ᠤ ᠦᠪᠡᠳᠡᠭᠰᠢ ᠴᠤᠭᠯᠠᠭᠠᠨ ᠪᠣᠯᠣᠨ ᠬᠥᠭᠵᠢᠶᠡᠨᠲᠦ ᠴᠠᠭᠠᠨ | ᠰᠠᠷ᠎ᠠ ᠶᠢᠨ ᠠᠭᠤᠷ ᠠᠮᠢᠰᠬᠤᠯ ᠰᠣᠯᠪᠢᠴᠠᠵᠤ᠂ ᠪᠠᠶᠠᠷ ᠭᠦᠷ ᠢᠶᠠᠷ ᠪᠢᠯᠬᠠᠨ᠎ᠠ᠃ | ᠰᠢ ᠶᠢᠨ ᠫᠢᠩ ᠪᠠᠶᠠᠷ ᠤᠨ ᠦᠭᠡ ᠬᠡᠯᠡᠵᠦ᠂ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ | ᠤᠯᠤᠰ ᠤᠨ ᠠᠷᠠᠳ ᠲᠦᠮᠡᠨ ᠤ ᠡᠮᠦᠨ᠎ᠡ ᠠᠴᠠ ᠶᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ | ᠲᠠᠮᠢᠷ ᠤᠨ ᠴᠤᠭᠯᠠᠭᠠᠨ ᠤ ᠡᠭᠢᠯᠡᠯᠲᠡ ᠶᠢᠨ ᠶᠣᠰᠣᠯᠠᠯ ᠳᠤ ᠣᠷᠤᠯᠴᠠᠬᠤ ᠪᠠᠷ ᠢᠷᠡᠭᠰᠡᠨ ᠤᠯᠠᠨ ᠤᠯᠤᠰ ᠤᠨ ᠬᠦᠨᠳᠦᠲᠦ | ᠵᠣᠴᠢᠳ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃ | ᠰᠢ ᠶᠢᠨ ᠫᠢᠩ᠂ ᠶᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠲᠠᠮᠢᠷ ᠤᠨ | ᠴᠤᠭᠯᠠᠭᠠᠨ ᠤ ᠠᠷᠢᠭᠤᠨ ᠭᠠᠯ ᠢ ᠡᠨᠡ ᠣᠷᠣᠢ ᠠᠰᠠᠭᠠᠨ᠎ᠠ᠃ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ | ᠲᠠᠮᠢᠷ ᠤᠨ ᠴᠤᠭᠯᠠᠭᠠᠨ ᠠᠴᠠ ᠬᠠᠷᠪᠢᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠭᠦᠷᠳᠡᠯ᠎ᠠ᠂ | ᠳᠤᠮᠳᠠᠳᠤ ᠤᠯᠤᠰ ᠤᠨ ︽ᠮᠥᠰᠥ ᠴᠠᠰᠤᠨ ᠤ ᠬᠠᠯᠠᠮᠰᠢᠯ︾ ᠪᠦᠭᠦ ᠤᠯᠤᠰ ᠲᠤ ᠲᠠᠷᠬᠠᠵᠤ᠂ ᠳᠡᠯᠡᠬᠡᠢ ᠶᠢᠨ ᠮᠥᠰᠥ | ᠴᠠᠰᠤᠨ ᠤ ᠲᠠᠮᠢᠷ ᠤᠨ ᠬᠥᠳᠡᠯᠭᠡᠭᠡᠨ ᠳᠤ ᠴᠤ ᠠᠮᠢᠵᠢᠷᠠᠯ ᠤᠨ ᠬᠦᠴᠦᠨ ᠨᠡᠮᠡᠷᠢᠯᠡᠪᠡ᠃ ᠲᠤᠰ ᠬᠤᠭᠤᠴᠠᠭᠠᠨ ᠤ | ᠤᠷᠤᠯᠳᠤᠭᠠᠨ ᠳᠤ ᠣᠷᠤᠯᠴᠠᠬᠤ ᠤᠯᠤᠰ ᠪᠠ ᠭᠠᠵᠠᠷ ᠣᠷᠣᠨ ᠤ ᠲᠤᠭ᠎ᠠ᠂ ᠲᠠᠮᠢᠷᠴᠢᠳ ᠤᠨ ᠲᠤᠭ᠎ᠠ ᠴᠥᠮ ᠠᠽᠢᠶ᠎ᠠ | ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠲᠡᠦᠬᠡ ᠶᠢᠨ ᠬᠠᠮᠤᠭ ᠤᠨ ᠥᠨᠳᠥᠷ ᠲᠡᠮᠳᠡᠭᠯᠡᠯ ᠢ ᠡᠭᠦᠳᠴᠡᠢ᠃ | ᠠᠽᠢᠶ᠎ᠠ ᠲᠢᠪ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠡᠷᠡᠭ ᠡᠷᠭᠢᠯᠡᠭᠴᠢᠳ ᠤᠨ ᠬᠤᠷᠠᠯ ᠪᠣᠯᠣᠨ ᠡᠯ᠎ᠡ | ᠤᠯᠤᠰ ᠡᠯ᠎ᠡ ᠭᠠᠵᠠᠷ ᠣᠷᠣᠨ ᠤ ᠲᠥᠯᠥᠭᠡᠯᠡᠭᠴᠢᠳ ᠤᠨ ᠪᠦᠯᠭᠦᠮ ᠤᠨ ᠬᠠᠮᠲᠤ ᠶᠢᠨ ᠴᠢᠷᠮᠠᠶᠢᠯᠭ᠎ᠠ ᠪᠠᠷ ᠬᠠᠷᠪᠢᠨ ᠳᠡᠯᠡᠬᠡᠢ | ᠳ᠋ᠠᠬᠢᠨ ᠳᠤ ᠨᠢᠭᠡ ᠬᠤᠭᠤᠴᠠᠭᠠᠨ ᠤ ︽ᠳᠤᠮᠳᠠᠳᠤ ᠤᠯᠤᠰ ᠤᠨ ᠣᠨᠴᠠᠯᠢᠭ ᠲᠠᠢ᠂ ᠠᠽᠢᠶ᠎ᠠ ᠲᠢᠪ ᠤᠨ ᠬᠡᠪ ᠨᠠᠮᠪᠠ ᠲᠠᠢ᠂ | ᠭᠤᠶᠢᠳᠠ ᠰᠠᠶᠢᠬᠠᠨ︾ ᠪᠡᠶ᠎ᠡ ᠶᠢᠨ ᠲᠠᠮᠢᠷ ᠤᠨ ᠦᠪᠡᠳᠡᠭᠰᠢ ᠴᠤᠭᠯᠠᠭᠠᠨ ᠢ ᠦᠵᠡᠭᠦᠯᠵᠦ᠂ ᠮᠥᠰᠥ ᠴᠠᠰᠤᠨ ᠤ ᠰᠢᠨ᠎ᠡ | ᠬᠠᠭᠤᠳᠠᠰᠤ ᠶᠢ ᠪᠢᠴᠢᠭᠯᠡᠬᠦ ᠶᠢ ᠪᠢ ᠢᠲᠡᠭᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠲᠣᠰ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ︽ | ᠮᠥᠰᠥ ᠴᠠᠰᠤᠨ ᠤ ᠬᠠᠮᠲᠤ ᠶᠢᠨ ᠬᠦᠰᠡᠯ᠂ ᠠᠽᠢᠶ᠎ᠠ ᠲᠢᠪ ᠤᠨ ᠬᠠᠮᠲᠤ ᠶᠢᠨ ᠰᠡᠳᠬᠢᠯ︾ ᠭᠡᠬᠦ ᠭᠤᠣᠯ ᠰᠡᠳᠦᠪ ᠲᠠᠢ | ᠪᠠᠶᠢᠵᠤ᠂ ᠠᠽᠢᠶ᠎ᠠ ᠲᠢᠪ ᠤᠨ ᠠᠷᠠᠳ ᠲᠦᠮᠡᠨ ᠤ ᠡᠩᠬᠡ ᠲᠠᠶᠢᠪᠤᠩ᠂ ᠬᠥᠭᠵᠢᠯᠲᠡ᠂ ᠨᠥᠬᠦᠷᠯᠡᠯ ᠤᠨ ᠲᠤᠬᠠᠢ ᠬᠠᠮᠲᠤ ᠶᠢᠨ | ᠬᠦᠰᠡᠯ ᠡᠷᠡᠮᠡᠯᠵᠡᠯ ᠪᠠ ᠬᠥᠭᠡᠭᠡᠴᠡᠯᠳᠦᠯ ᠢ ᠠᠴᠢᠶᠠᠯᠠᠪᠠ᠃ ᠠᠮᠤᠷ ᠲᠠᠶᠢᠪᠤᠩ ᠡᠶ᠎ᠡ ᠨᠠᠶᠢᠷᠠᠮᠳᠠᠭᠤ ᠬᠠᠮᠲᠤ ᠶᠢᠨ ᠬᠦᠰᠡᠯ | ᠵᠡᠭᠦᠳᠦ ᠪᠠᠨ ᠪᠠᠲᠤ ᠰᠠᠬᠢᠵᠤ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠦᠢᠯᠵᠢᠯᠳᠡ ᠳᠤ ᠠᠽᠢᠶ᠎ᠠ | ᠲᠢᠪ ᠤᠨ ᠬᠦᠴᠦᠨ ᠴᠢᠳᠠᠯ ᠢᠶᠠᠨ ᠡᠷᠭᠦᠶ᠎ᠡ᠃ ᠴᠡᠴᠡᠭᠯᠡᠨ ᠬᠥᠭᠵᠢᠬᠦ ᠬᠠᠮᠲᠤ ᠶᠢᠨ ᠬᠥᠭᠡᠭᠡᠴᠡᠯᠳᠦᠯ ᠢ ᠪᠠᠷᠢᠮᠲᠠᠯᠠᠵᠤ᠂ | ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠳᠤ ᠰᠢᠷᠭᠢᠰᠢ ᠦᠭᠡᠢ ᠬᠥᠳᠡᠯᠭᠡᠬᠦ ᠬᠦᠴᠦᠨ | ᠨᠡᠮᠡᠷᠢᠯᠡᠶ᠎ᠡ᠃ ᠬᠠᠷᠢᠯᠴᠠᠨ ᠡᠯᠢᠭᠡᠰᠡᠭ ᠳᠣᠲᠣᠨᠣ ᠬᠠᠮᠲᠤ ᠶᠢᠨ ᠬᠦᠰᠡᠯ ᠢ ᠪᠡᠶᠡᠯᠡᠭᠦᠯᠵᠦ᠂ ᠬᠥᠮᠥᠨ ᠲᠥᠷᠥᠯᠬᠢᠲᠡᠨ ᠤ | ᠪᠣᠯᠪᠠᠰᠤᠨ ᠤ ᠬᠥᠭᠵᠢᠯᠲᠡ ᠲᠠᠪᠰᠢᠯᠳᠠ ᠳᠤ ᠨᠡᠩ ᠶᠡᠭᠡ ᠬᠤᠪᠢ ᠨᠡᠮᠡᠷᠢ ᠦᠵᠡᠭᠦᠯᠦᠶ᠎ᠡ ᠭᠡᠵᠦ ᠴᠢᠬᠤᠯᠠᠴᠢᠯᠠᠪᠠ᠃ | ᠰᠢ ᠶᠢᠨ ᠫᠢᠩ᠂ ᠬᠠᠷᠪᠢᠨ ᠪᠣᠯ ᠳᠤᠮᠳᠠᠳᠤ ᠤᠯᠤᠰ ᠤᠨ ᠣᠳᠣ ᠦᠶ᠎ᠡ ᠶᠢᠨ ᠮᠥᠰᠥ ᠴᠠᠰᠤᠨ ᠤ ᠲᠠᠮᠢᠷ ᠤᠨ | ᠬᠥᠳᠡᠯᠭᠡᠭᠡᠨ ᠤ ᠡᠭᠦᠰᠦᠯ ᠤᠨ ᠭᠠᠵᠠᠷ ᠪᠣᠯᠣᠨ᠎ᠠ᠃ ︽ᠮᠥᠰᠥ ᠴᠠᠰᠤᠲᠤ ᠲᠠᠯ᠎ᠠ ᠨᠤᠲᠤᠭ ᠴᠤ ᠠᠯᠲᠠᠨ ᠠᠭᠤᠯᠠ ᠮᠥᠩᠭᠦᠨ | ᠬᠠᠶᠢᠷᠬᠠᠨ ᠮᠥᠨ︾᠂ ᠮᠥᠰᠥ ᠴᠠᠰᠤᠨ ᠤ ᠰᠣᠶᠣᠯ ᠪᠣᠯᠣᠨ ᠮᠥᠰᠥ ᠴᠠᠰᠤᠨ ᠤ ᠠᠵᠤ ᠠᠬᠤᠢ ᠶᠠᠭ ᠬᠠᠷᠪᠢᠨ ᠤ ᠴᠢᠨᠠᠷ | ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠪᠣᠯᠣᠨ ᠭᠠᠳᠠᠭᠠᠳᠤ ᠨᠡᠭᠡᠭᠡᠯᠲᠡ ᠶᠢᠨ ᠰᠢᠨ᠎ᠡ ᠬᠤᠯᠪᠣᠭᠠᠰᠤ ᠪᠣᠯᠵᠤ | ᠪᠠᠶᠢᠨ᠎ᠠ᠃ ᠤᠯᠠᠨ ᠢᠶᠠᠷ ᠢᠶᠠᠨ ᠡᠨᠡ ᠬᠦ ᠣᠷᠭᠢᠯᠤᠮ᠎ᠠ ᠬᠠᠯᠠᠭᠤᠨ ᠰᠡᠳᠬᠢᠯᠭᠡ ᠲᠠᠢ᠂ ᠨᠡᠭᠡᠭᠡᠯᠲᠡᠲᠡᠢ ᠪᠠᠭᠲᠠᠭᠠᠮᠵᠢᠲᠠᠢ ᠬᠠᠷ᠎ᠠ | ᠬᠥᠷᠥᠰᠥᠲᠦ ᠨᠤᠲᠤᠭ ᠢᠶᠠᠷ ᠵᠢᠭᠤᠯᠴᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠤᠯᠠ ᠮᠥᠷ ᠢ | ᠡᠷᠢᠯᠬᠢᠯᠡᠵᠦ᠂ ᠮᠠᠷᠲᠠᠭᠳᠠᠰᠢ ᠦᠭᠡᠢ ᠰᠠᠶᠢᠨ ᠰᠠᠶᠢᠬᠠᠨ ᠮᠥᠰᠥ ᠴᠠᠰᠤᠨ ᠤ ᠳᠤᠷᠠᠰᠤᠮᠵᠢ ᠦᠯᠡᠳᠡᠭᠡᠬᠦ ᠶᠢ ᠪᠠᠶᠠᠷᠯᠠᠨ | ᠤᠭᠲᠤᠵᠤ ᠪᠠᠶᠢᠨ᠎ᠠ᠃ ᠲᠠᠮᠢᠷᠴᠢᠳ ᠤᠷᠤᠯᠳᠤᠭᠠᠨ ᠤ ᠲᠠᠯᠠᠪᠤᠷ ᠲᠤ ᠬᠤᠷᠴᠠ ᠱᠠᠯᠠᠮᠠᠭᠠᠢ ᠪᠠᠶᠢᠵᠤ᠂ ᠰᠢᠯᠢᠳᠡᠭ ᠬᠢᠷᠢ | ᠪᠦᠲᠦᠮᠵᠢ ᠶᠢ ᠵᠣᠷᠢᠭᠲᠠᠢ ᠪᠠᠷ ᠡᠭᠦᠳᠬᠦ ᠶᠢ ᠢᠷᠦᠭᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠼᠠᠢ ᠴᠢ᠂ ᠸᠠᠩ ᠢ᠂ ᠾᠧ ᠯᠢ ᠹᠧᠩ᠂ ᠸᠠᠩ ᠰᠢᠶᠣᠣ ᠬᠤᠩ᠂ ᠱᠧᠨ ᠢ ᠴᠢᠨ ᠨᠠᠷ ᠠᠵᠢᠯᠯᠠᠭ᠎ᠠ ᠳᠤ | ᠣᠷᠣᠯᠴᠠᠵᠠᠢ᠃ | ᠤᠭᠲᠤᠬᠤ ᠲᠠᠶᠢᠯᠠᠯᠭ᠎ᠠ ᠡᠬᠢᠯᠡᠬᠦ ᠠᠴᠠ ᠡᠮᠦᠨ᠎ᠡ᠂ ᠬᠦᠨᠳᠦᠲᠦ ᠵᠣᠴᠢᠳ ᠬᠠᠷᠠᠮᠥ᠋ᠷᠡᠨ ᠤ ᠪᠣᠳᠠᠰ ᠤᠨ ᠪᠤᠰᠤ | ᠰᠣᠶᠣᠯ ᠤᠨ ᠥᠪ ᠤᠨ ᠳᠡᠯᠭᠡᠨ ᠦᠵᠡᠭᠦᠯᠭᠡ ᠶᠢ ᠰᠣᠨᠢᠷᠬᠠᠪᠠ᠃ |