2 ᠰᠠᠷ᠎ᠠ ᠶᠢᠨ 25 ᠤ ᠡᠳᠦᠷ ᠠᠴᠠ 27 ᠤ ᠡᠳᠦᠷ ᠪᠣᠯᠲᠠᠯ᠎ᠠ᠂ ᠲᠤᠭᠤᠷᠢᠭ ᠤᠨ ᠨᠠᠮ ᠤᠨ ᠬᠤᠷᠢᠶᠠᠨ ᠤ | ᠱᠦᠵᠢ ᠬᠤ᠋ ᠴᠢᠶᠠᠩ ᠪᠦᠯᠬᠦᠮ ᠳᠠᠭᠠᠭᠤᠯᠤᠨ ᠵᠧᠵᠢᠶᠠᠩ ᠤᠨ ᠬᠠᠩᠵᠧᠦ᠂ ᠬᠤᠵᠸᠤ ᠵᠢᠴᠢ ᠵᠢᠶᠠᠩᠰᠦ ᠶᠢᠨ | ᠰᠢᠤᠶᠢᠵᠸᠤ ᠳᠤ ᠬᠦᠷᠴᠦ ᠳ᠋ᠠ ᠬᠤᠸᠠ ᠪᠦᠯᠦᠭᠯᠡᠯ᠂ ᠰᠢᠨ ᠬᠤᠸᠠ ᠭᠤᠷᠪᠠᠳᠤᠭᠠᠷ ᠪᠦᠯᠦᠭᠯᠡᠯ᠂ ᠵᠦᠩ ᠪᠥᠸᠧ ᠯᠦᠩ | ᠬᠤᠢ ᠲᠣᠨᠣᠭᠯᠠᠯ ᠤᠨ ᠪᠦᠯᠦᠭᠯᠡᠯ᠂ ᠵᠦᠩ ᠳ᠋ᠢᠶᠠᠨ ᠤᠰᠤᠲᠥ᠋ᠷᠥᠭᠴᠢ ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠺᠣᠮᠫᠠᠨᠢ ᠵᠡᠷᠭᠡ ᠤᠯᠠᠨ ᠠᠵᠤ ᠠᠬᠤᠶᠢᠯᠠᠯ ᠢ ᠲᠤᠭᠤᠷᠢᠨ ᠰᠤᠷᠪᠤᠯᠵᠢᠯᠠᠵᠤ᠂ ᠡᠨᠧᠷᠭᠢ ᠨᠦᠬᠡᠴᠡᠯᠡᠬᠦ | ᠤᠰᠤᠲᠥ᠋ᠷᠥᠭᠴᠢ ᠡᠨᠧᠷᠭᠢ᠂ ᠬᠠᠭᠠᠰ ᠳᠠᠮᠵᠢᠭᠤᠯᠤᠭᠴᠢ ᠶᠢᠨ ᠮᠠᠲ᠋ᠧᠷᠢᠶᠠᠯ᠂ ᠤᠶᠤᠨᠲᠤ ᠪᠠᠷᠠᠭᠠᠨ ᠤ ᠰᠦᠯᠵᠢᠶ᠎ᠠ᠂ | ᠤᠶᠢᠷ᠎ᠠ ᠤᠬᠳᠠᠷᠭᠤᠢ ᠶᠢᠨ ᠠᠵᠤ ᠠᠬᠤᠢ ᠶᠢᠨ ᠲᠣᠨᠣᠭᠯᠠᠯ ᠦᠢᠯᠡᠳᠬᠦ ᠵᠡᠷᠭᠡ ᠬᠦᠷᠢᠶᠡᠨ ᠤ ᠲᠣᠭᠤᠷᠢᠨ ᠳᠤ | ᠭᠦᠨᠵᠡᠭᠡᠢ ᠵᠣᠯᠭᠠᠯᠴᠠᠭ᠎ᠠ ᠥᠷᠨᠢᠭᠦᠯᠵᠦ᠂ ᠠᠷᠠᠯᠵᠢᠶᠠᠴᠢᠨ ᠤᠷᠢᠵᠤ ᠵᠥᠪᠳᠡᠨ ᠶᠠᠷᠢᠯᠴᠠᠵᠤ᠂ ᠬᠤᠶᠠᠷ ᠲᠠᠯ᠎ᠠ ᠶᠢᠨ | ᠬᠠᠮᠲᠤᠷᠠᠯᠴᠠᠭᠠᠨ ᠤ ᠴᠡᠭ ᠢ ᠰᠤᠳᠤᠯᠵᠤ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠲᠦᠭᠵᠢᠷᠡᠯ ᠴᠡᠭ᠂ ᠬᠦᠴᠢᠷ | ᠠᠰᠠᠭᠤᠳᠠᠯ ᠢ ᠵᠥᠪᠳᠡᠯᠴᠡᠨ ᠰᠢᠢᠳᠪᠦᠷᠢᠯᠡᠵᠦ᠂ ᠲᠦᠷᠦᠯ ᠵᠦᠢᠯ ᠤᠨ ᠤᠶᠢᠷ᠎ᠠ ᠶᠢᠨ ᠬᠤᠭᠤᠴᠠᠭᠠᠨ ᠳᠤ ᠭᠡᠷ᠎ᠡ | ᠲᠣᠭᠲᠠᠬᠤ ᠶᠢ ᠠᠬᠢᠭᠤᠯᠵᠤ᠂ ᠨᠢᠭᠡᠨᠲᠡ ᠬᠡᠷ᠎ᠡ ᠲᠤᠬᠳᠠᠬᠰᠠᠨ ᠳᠤ ᠲᠦᠷᠦᠯ ᠵᠦᠢᠯ ᠢ 3 ᠰᠠᠷ᠎ᠠ ᠳᠤ ᠪᠠᠷᠢᠯᠭ᠎ᠠ | ᠡᠬᠢᠯᠡᠬᠦᠯᠬᠦ ᠪᠤᠯᠤᠨ᠎ᠠ᠃ ︵ᠢᠷᠡᠯᠲᠡ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶ |