3 ᠰᠠᠷ᠎ᠠ ᠶᠢᠨ 7 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠬᠤ᠋ ᠴᠢᠶᠠᠩ ᠪᠥᠬᠦ | ᠲᠤᠭᠤᠷᠢᠭ ᠤᠨ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠪᠠ ᠠᠵᠢᠯ ᠢᠶᠠᠨ ᠡᠬᠢᠯᠡᠭᠦᠯᠵᠦ | ᠰᠡᠷᠭᠦᠭᠡᠭᠰᠡᠨ ᠪᠠᠶᠢᠳᠠᠯ ᠢ ᠪᠠᠶᠢᠴᠠᠭᠠᠨ ᠰᠤᠳᠤᠯᠪᠠ᠃ | ᠬᠤ᠋ ᠴᠢᠶᠠᠩ᠂ ︽ᠡᠬᠢᠯᠡᠯᠲᠡ ᠪᠣᠯ ᠲᠠᠷᠤᠢ ᠰᠢᠢᠳᠪᠦᠷᠢᠲᠦ ᠳᠠᠶᠢᠯᠠᠯᠳᠤᠭᠠᠨ ᠮᠥᠨ᠂ ᠡᠬᠢᠯᠡᠯᠲᠡ ᠪᠣᠯ ᠲᠠᠷᠤᠢ | ᠰᠢᠪᠲᠤᠯᠤᠯᠲᠠ ᠮᠥᠨ︾ ᠭᠡᠬᠦ ᠡᠷᠴᠢ ᠵᠣᠷᠢᠭ ᠢᠶᠠᠷ ᠢᠳᠡᠪᠬᠢᠲᠡᠢ ᠪᠦᠭᠡᠳ ᠰᠠᠨᠠᠭᠠᠴᠢᠯᠠᠭ᠎ᠠ ᠠᠴᠠ ᠪᠠᠨ ᠡᠮᠦᠨ᠎ᠡ ᠨᠢ | ᠶᠠᠪᠤᠵᠤ ᠦᠢᠯᠡᠴᠢᠯᠡᠨ᠂ ᠲᠦᠷᠦᠯ ᠵᠦᠢᠯ ᠤᠨ ᠠᠬᠢᠴᠠ ᠶᠢ ᠴᠠᠭ ᠲᠤᠬᠠᠢ ᠳᠤᠨᠢ ᠡᠵᠡᠮᠰᠢᠵᠦ᠂ ᠠᠵᠤ ᠠᠬᠤᠶᠢᠯᠠᠯ ᠢ | ᠬᠠᠪᠰᠤᠷᠤᠨ ᠲᠦᠭᠵᠢᠷᠡᠯ ᠴᠡᠭ᠂ ᠬᠦᠴᠢᠷ ᠠᠰᠠᠭᠤᠳᠠᠯ ᠢ ᠨᠢ ᠴᠠᠭ ᠲᠤᠬᠠᠢ ᠳᠤᠨᠢ ᠰᠢᠢᠳᠪᠦᠷᠢᠯᠡᠵᠦ ᠦᠭᠬᠦᠨ᠂ | ᠭᠤᠣᠯᠳᠠᠯᠭ᠎ᠠ ᠲᠠᠢ ᠲᠦᠷᠦᠯ ᠵᠦᠢᠯ ᠢ ᠡᠷᠳᠡᠬᠡᠨ ᠪᠠᠷᠢᠯᠭ᠎ᠠ ᠡᠬᠢᠯᠡᠭᠦᠯᠵᠦ ᠪᠣᠯᠬᠤ ᠶᠢ ᠨᠢ ᠡᠷᠲᠡᠬᠡᠨ ᠡᠬᠢᠯᠡᠬᠦᠯᠵᠤ | ᠡᠷᠳᠡᠬᠡᠨ ᠪᠠᠶᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠱᠠᠯᠠᠪᠳᠠᠭᠤᠯᠤᠨ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ | ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠬᠤ ᠬᠡᠷᠡᠭᠲᠡᠢ ᠬᠡᠵᠡᠢ᠃ | ᠲᠤᠭᠤᠷᠢᠭ ᠤᠨ ᠤᠳᠤᠷᠢᠳᠤᠯᠭ᠎ᠠ ᠸᠠᠩ ᠭᠠᠩ᠂ ᠰᠤ᠋ ᠵᠢᠶᠦ᠋ᠨ᠂ ᠵᠧᠤ ᠬᠠᠶ ᠹᠸᠢ ᠵᠢᠴᠢ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃ ︵ᠰᠤᠷᠪᠤᠯᠵᠢᠯᠠᠭᠴᠢ᠄ ᠹᠠᠨ ᠷᠦᠢ ᠴᠢᠩ ᠬᠢᠨᠠᠨ | ᠬᠠᠷᠭᠤᠭᠤᠯᠤᠬᠰᠠᠨ ᠨᠢ᠄ ᠲᠤᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶ |