3 ᠰᠠᠷ᠎ᠠ ᠶᠢᠨ 7 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠬᠤ᠋ ᠴᠢᠶᠠᠩ ᠬᠤᠷᠠᠯ ᠡᠷᠬᠢᠯᠡᠨ | ᠬᠤᠷᠠᠯᠳᠤᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠵᠠᠰᠠᠯᠲᠠ ᠶᠢᠨ ᠠᠵᠢᠯ ᠢ ᠰᠤᠳᠤᠯᠤᠨ | ᠠᠬᠢᠭᠤᠯᠪᠠ᠃ | | ᠬᠤᠷᠠᠯ ᠠᠴᠠ᠂ ᠡᠭᠡ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ | ᠪᠠᠲᠤ ᠴᠣᠭᠴᠠᠯᠠᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠪᠣᠬᠢᠷᠲᠤᠯ ᠢ | ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠠᠬᠢᠭᠤᠯᠵᠤ᠂ ᠠᠮᠢ ᠠᠬᠤᠢ ᠶᠢᠨ | ᠬᠦᠷᠢᠶᠡᠨ ᠳᠠᠬᠢ ᠭᠡᠮ ᠰᠣᠭᠤᠭ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠯᠠᠪᠳᠠᠭᠤᠨ ᠪᠠᠲᠤᠲᠠᠢ | ᠰᠠᠶᠢᠲᠤᠷ ᠬᠢᠵᠦ᠂ ᠠᠮᠢ ᠠᠬᠤᠢ ᠶᠢᠨ ᠵᠠᠰᠠᠯᠲᠠ ᠶᠢᠨ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ᠠᠷᠠᠳ | ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ | ᠬᠡᠵᠤ ᠴᠢᠬᠤᠯᠠᠴᠢᠯᠠᠪᠠ᠃ | ᠲᠤᠭᠤᠷᠢᠭ ᠤᠨ ᠤᠳᠤᠷᠢᠳᠤᠯᠭ᠎ᠠ ᠢᠦᠢ ᠵᠠᠨ ᠵᠢᠶᠠᠩ᠂ ᠾᠧ ᠰᠢᠨ᠂ ᠡᠤ ᠱᠧᠨ ᠮᠦᠸᠧ᠂ ᠸᠠᠩ ᠰᠢᠤ | ᠵᠢᠤᠸᠠᠨ᠂ ᠵᠠᠩ ᠢᠦᠢ ᠬᠤᠷᠠᠯ ᠳᠤ ᠣᠷᠣᠯᠴᠠᠪᠠ᠃ ︵ᠢᠷᠡᠯᠲᠡ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ | ᠬᠡᠷ ︶ |