3 ᠰᠠᠷ᠎ᠠ ᠶᠢᠨ 7 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ | ᠳᠠᠷᠤᠭ᠎ᠠ ᠢᠦᠢ ᠵᠠᠨ ᠵᠢᠶᠠᠩ ᠲᠣᠭᠤᠷᠢᠭ ᠤᠨ ᠵᠠᠰᠠᠭ ᠤᠨ ᠣᠷᠳᠣᠨ ᠤ 2025 ᠣᠨ ᠤ 3 ᠳ᠋ᠤᠭᠠᠷ ᠤᠳᠠᠭ᠎ᠠ ᠶᠢᠨ | ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶᠠᠨ ᠤ ᠠᠷᠪᠠ ᠶᠢᠰᠦᠳᠦᠭᠡᠷ | ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ ᠡᠷᠡᠰ ᠭᠤᠶᠢᠪᠢᠰᠢ ᠥᠬᠡᠶ | ᠲᠤᠭᠤᠰᠢᠯᠠᠭᠤᠯᠵᠤ᠂ ᠠᠶᠤᠯᠭᠦᠶ ᠦᠶᠯᠡᠳᠪᠦᠷᠢᠯᠡᠯ᠂ ᠢᠳᠡᠭᠡᠨ ᠪᠠ ᠡᠮ ᠤᠨ ᠵᠦᠶᠯᠡᠰ ᠤᠨ ᠠᠮᠤᠷ ᠲᠦᠪᠰᠢᠨ᠂ | ᠰᠦᠯᠵᠢᠶᠡᠨ ᠤ ᠠᠮᠤᠷ ᠲᠦᠪᠰᠢᠨ ᠵᠡᠷᠭᠡ ᠭᠤᠤᠯᠳᠠᠯᠭ᠎ᠠ ᠲᠠᠢ ᠬᠦᠷᠢᠶᠡᠨ ᠤ ᠠᠵᠢᠯ ᠢ ᠪᠥᠬᠦ ᠬᠦᠴᠦᠨ ᠢᠶᠠᠷ ᠢᠶᠠᠨ | ᠰᠠᠶᠢᠲᠤᠷ ᠠᠳᠬᠤᠵᠤ᠂ ᠵᠥᠷᠢᠴᠡᠯ ᠪᠠ ᠠᠶᠤᠯ ᠲᠦᠭᠰᠢᠭᠦᠷᠢ ᠶᠢ ᠦᠷᠭᠦᠯᠵᠢᠯᠡᠨ ᠠᠷᠢᠯᠭᠠᠵᠤ᠂ ᠨᠠᠩ ᠶᠡᠭᠡ | ᠡᠷᠴᠢᠮ ᠢᠶᠠᠷ ᠴᠢᠨᠠᠷ ᠰᠠᠶᠢᠲᠠᠶ ᠬᠥᠭᠵᠢᠯᠲᠡ ᠪᠠ ᠥᠨᠳᠥᠷ ᠲᠦᠪᠰᠢᠨ ᠪᠥᠬᠦᠶ ᠠᠮᠤᠷ ᠲᠦᠪᠰᠢᠨ ᠢ ᠨᠢᠭᠡᠳᠦᠯᠲᠡᠶ | ᠲᠥᠯᠥᠪᠵᠢᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ︽ᠠᠵᠤ ᠠᠬᠤᠶ ᠶᠢᠨ ᠠᠵᠢᠯ ᠳᠤ ᠡᠷᠬᠡᠪᠰᠢ ᠬᠡᠳᠦᠨ | ᠴᠢᠬᠤᠯᠠ ᠬᠠᠷᠢᠴᠠᠭ᠎ᠠ ᠶᠢ ᠨᠢᠭᠡᠳᠦᠯᠲᠡᠶ ᠲᠥᠯᠥᠪᠵᠢᠭᠦᠯᠬᠦ ᠬᠡᠷᠡᠭᠲᠡᠶ︾ ᠬᠡᠬᠦ ᠴᠢᠬᠤᠯᠠ ᠵᠣᠬᠢᠶᠠᠯ ᠢ ᠲᠥᠪᠯᠡᠷᠡᠭᠦᠯᠦᠨ | ᠰᠤᠷᠤᠯᠴᠠᠵᠤ᠂ ︽ᠲᠠᠪᠤ ᠶᠢ ᠡᠷᠬᠡᠪᠰᠢ ᠨᠢᠭᠡᠳᠦᠯᠲᠡᠶ ᠲᠥᠯᠥᠪᠵᠢᠭᠦᠯᠬᠦ︾ ᠶᠢ ᠪᠠᠲᠤ ᠡᠵᠡᠮᠳᠡᠵᠦ᠂ ᠨᠡᠮᠡᠭᠳᠡᠯ ᠤᠨ | ᠬᠥᠳᠡᠯᠭᠡᠬᠦ ᠡᠨᠧᠷᠭᠢ ᠶᠢ ᠪᠤᠶᠢᠵᠢᠭᠤᠯᠬᠤ᠂ ᠨᠦᠬᠡᠴᠡ ᠡᠬᠢ ᠪᠠᠶᠠᠯᠢᠭ ᠢ ᠠᠮᠢᠳᠤᠯᠢᠬᠵᠢᠭᠤᠯᠬᠤ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ᠂ ᠠᠵᠤ ᠦᠶᠯᠡᠰ ᠤᠨ ᠬᠡᠯᠪᠡᠷᠢ ᠶᠢ | ᠬᠤᠪᠢᠷᠠᠭᠤᠯᠤᠨ ᠲᠠᠰ ᠳᠡᠪᠰᠢᠭᠦᠯᠬᠦ ᠵᠡᠷᠭᠡ ᠭᠤᠤᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ | ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠪᠤᠭᠤᠲᠤ ᠬᠤᠲᠠ ᠶᠢᠨ ᠤᠳᠤᠷᠢᠳᠬᠤ ᠺᠠᠳ᠋ᠷ ᠤᠨ ᠮᠥᠩᠭᠦᠨ ᠭᠦᠶᠯᠭᠡᠭᠡᠨ ᠤ ᠠᠵᠢᠯ ᠤᠨ | ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠶ ᠰᠡᠳᠦᠪᠲᠦ ᠪᠣᠯᠪᠠᠰᠤᠷᠠᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠪᠤᠭᠤᠲᠤ | ᠬᠤᠲᠠ ᠶᠢᠨ ᠡᠮᠨᠡᠯᠬᠡ ᠶᠢᠨ ᠥᠨᠳᠦᠷᠯᠢᠭ ᠢ ᠪᠠᠶᠢᠭᠤᠯᠬᠤ ᠶᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠪᠥᠬᠦ ᠲᠤᠭᠤᠷᠢᠭ ᠤᠨ ᠺᠠᠳ᠋ᠷᠴᠤᠳ ᠮᠥᠩᠭᠦᠨ ᠭᠦᠶᠯᠭᠡᠭᠡᠨ ᠤ ᠲᠤᠬᠠᠢ ᠮᠡᠳᠡᠯᠬᠡ ᠶᠢ | ᠰᠤᠷᠤᠯᠴᠠᠵᠤ᠂ ᠮᠥᠩᠭᠦᠨ ᠭᠦᠶᠯᠭᠡᠭᠡᠨ ᠢ ᠣᠶᠢᠯᠠᠭᠠᠵᠤ᠂ ᠮᠥᠩᠭᠦᠨ ᠭᠦᠶᠯᠭᠡᠭᠡᠨ ᠤ ᠰᠡᠳᠬᠢᠬᠦᠶ ᠪᠠᠨ ᠴᠢᠩᠭᠠᠳᠬᠠᠵᠤ᠂ | ᠮᠥᠩᠭᠦᠨ ᠭᠦᠶᠯᠭᠡᠭᠡᠨ ᠤ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ ᠲᠤᠷᠰᠢᠯᠲᠠ ᠶᠢᠨ ᠴᠡᠭ ᠤᠨ | ᠵᠢᠱᠢᠶ᠎ᠡ ᠦᠵᠡᠭᠦᠯᠬᠦ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠪᠥᠲᠥᠭᠡᠨ | ᠪᠠᠶᠢᠭᠤᠯᠤᠯᠲᠠ ᠪᠣᠯᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ | ᠠᠳᠬᠤᠵᠤ᠂ ᠲᠤᠭᠤᠷᠢᠭ ᠲᠤ ᠰᠠᠭᠤᠭ᠎ᠠ ᠭᠤᠷᠪᠠᠳᠤᠭᠠᠷ ᠬᠥᠬᠡ ᠲᠠᠰ ᠤᠨ ᠡᠮᠨᠡᠯᠭᠡ ᠶᠢᠨ ᠬᠤᠷᠢᠶ᠎ᠠ ᠲᠠᠢ ᠭᠦᠨᠵᠡᠭᠡᠶ | ᠬᠠᠮᠲᠤᠷᠠᠯᠴᠠᠵᠤ᠂ ᠡᠮᠴᠢᠯᠡᠭᠡ ᠡᠷᠡᠭᠦᠯᠵᠢᠯ ᠢ ᠤᠶᠠᠯᠳᠤᠭᠤᠯᠬᠤ᠂ ᠠᠵᠢᠯ ᠤᠨ ᠨᠦᠯᠦᠬᠡᠨ ᠤ ᠡᠪᠡᠳᠴᠢᠨ ᠢ ᠰᠡᠷᠬᠡᠶᠢᠯᠡᠬᠦ | ᠡᠷᠡᠬᠦᠯᠵᠢᠯ ᠡᠷᠡᠬᠦᠯ ᠮᠡᠨᠳᠦ ᠶᠢᠨ ᠬᠠᠮᠢᠶᠠᠷᠤᠯᠳᠠ ᠶᠢ ᠨᠢᠬᠡ ᠴᠤᠬᠴᠠᠵᠢᠭᠤᠯᠤᠬᠰᠠᠨ ᠡᠮᠨᠡᠯᠭᠡ ᠶᠢᠨ ᠬᠤᠷᠢᠶᠠᠨ ᠤ | ᠪᠥᠲᠥᠭᠡᠨ ᠪᠠᠶᠢᠭᠤᠯᠤᠯᠲᠠ᠂ ᠨᠦᠬᠡᠴᠡ ᠡᠬᠢ ᠪᠠᠶᠠᠯᠢᠭ ᠢ ᠠᠮᠢᠳᠤᠯᠢᠬᠵᠢᠭᠤᠯᠬᠤ ᠵᠡᠷᠭᠡ ᠠᠵᠢᠯ ᠢ ᠯᠠᠪᠳᠠᠭᠤᠨ ᠪᠠᠲᠤᠲᠠᠶ | ᠠᠬᠢᠭᠤᠯᠵᠤ᠂ ᠪᠥᠬᠦ ᠬᠤᠲᠠ ᠶᠢᠨ ᠡᠮᠨᠡᠯᠬᠡ ᠶᠢᠨ ᠥᠨᠳᠦᠷᠯᠢᠭ ᠤᠨ ᠪᠥᠲᠥᠭᠡᠨ ᠪᠠᠶᠢᠭᠤᠯᠤᠯᠲᠠ ᠳᠤ ᠪᠥᠬᠦ ᠲᠠᠯ᠎ᠠ ᠪᠠᠷ | ᠠᠭᠤᠰᠤᠯᠴᠠᠬᠤ ᠳᠤᠮᠳᠠ ︽ᠡᠮᠦᠨ᠎ᠡ ᠨᠢ ᠶᠠᠪᠤᠵᠤ᠂ ᠥᠯᠢᠭᠡᠷ ᠳᠠᠭᠤᠷᠢᠶᠠᠯ ᠪᠣᠯᠬᠤ︾ ᠬᠡᠷᠡᠭᠲᠡᠶ ᠭᠡᠵᠦ | ᠴᠢᠬᠤᠯᠠᠴᠢᠯᠠᠪᠠ ᠃ | ᠬᠤᠷᠠᠯ ᠠᠴᠠ ᠣᠯᠠᠨ ᠲᠦᠮᠡᠨ ᠤ ᠳᠡᠷᠭᠡᠳᠡᠬᠢ ᠢᠯᠵᠠᠷᠠᠯ ᠤᠨ ᠠᠰᠠᠭᠤᠳᠠᠯ ᠪᠠ ᠲᠥᠪ ᠪᠤᠰᠤ ᠰᠤᠷᠲᠠᠯ ᠢ | ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠤᠬᠠᠶ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ | ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠠᠵᠢᠯ ᠤᠨ ᠡᠭᠦᠷᠭᠡ ᠪᠠ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠡᠯ᠎ᠡ ᠵᠡᠭᠡᠯᠢ | ᠭᠤᠳᠤᠮᠵᠢ ᠪᠠᠯᠭᠠᠰᠤ᠂ ᠰᠠᠯᠠᠭ᠎ᠠ ᠮᠥᠴᠢᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠢᠳᠡᠪᠬᠢᠲᠡᠶ | ᠠᠵᠢᠯᠯᠠᠵᠤ᠂ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠰᠠᠷ᠎ᠠ ᠪᠦᠷᠢ ᠲᠣᠬᠢᠷᠠᠭᠤᠯᠤᠨ᠂ ᠠᠯᠬᠤᠮ | ᠠᠯᠬᠤᠮ ᠢᠶᠠᠷ ᠠᠬᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ | ᠱᠠᠭᠠᠷᠳᠠᠪᠠ᠃ | ᠬᠤᠷᠠᠯ ᠠᠴᠠ ᠪᠥᠬᠦ ᠲᠤᠭᠤᠷᠢᠭ ᠤᠨ ᠭᠤᠤᠯᠳᠠᠯᠭ᠎ᠠ ᠲᠠᠢ ᠵᠠᠬᠢᠳᠠᠯ ᠰᠤᠷᠪᠤᠯᠵᠢᠯᠠᠯ ᠤᠨ ᠵᠦᠶᠯᠡᠰ ᠢ | ᠰᠢᠶᠳᠪᠦᠷᠢᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠡᠷᠡᠭ ᠢ ᠳᠠᠭᠠᠭᠠᠴᠢᠯᠠᠨ ᠰᠢᠢᠳᠪᠦᠷᠢᠯᠡᠬᠦ | ᠤᠳᠤᠷᠢᠳᠤᠯᠭ᠎ᠠ ᠶᠢᠨ ᠬᠠᠷᠢᠭᠤᠴᠠᠯᠭ᠎ᠠ᠂ ᠬᠠᠷᠢᠶ᠎ᠠ ᠣᠷᠣᠨ ᠤ ᠬᠠᠷᠢᠭᠤᠴᠠᠯᠭ᠎ᠠ᠂ ᠰᠠᠯᠠᠭ᠎ᠠ ᠮᠥᠴᠢᠷ ᠤᠨ | ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ︽ᠯᠠᠪᠳᠠᠢ ᠰᠢᠶᠳᠪᠦᠷᠢᠯᠡᠬᠦ ᠠᠷᠭ᠎ᠠ ᠪᠠᠶᠢᠬᠤ ᠰᠡᠳᠬᠢᠬᠦᠶ︾ ᠪᠠᠷ | ᠵᠠᠬᠢᠳᠠᠯ ᠰᠤᠷᠪᠤᠯᠵᠢᠯᠠᠯ ᠤᠨ ᠬᠡᠷᠡᠭ ᠢ ᠢᠳᠡᠪᠬᠢᠲᠡᠶ ᠪᠦᠭᠡᠳ ᠯᠠᠪᠳᠠᠭᠤᠨ ᠢᠶᠠᠷ ᠰᠢᠶᠳᠪᠦᠷᠢᠯᠡᠵᠦ᠂ ᠭᠤᠤᠯᠳᠠᠯᠭ᠎ᠠ ᠲᠠᠢ | ᠬᠥᠮᠦᠰ ᠤᠨ ᠪᠠᠶᠢᠳᠠᠯ ᠢ ᠲᠣᠭᠲᠠᠭᠤᠨ ᠢᠶᠠᠷ ᠡᠵᠡᠮᠳᠡᠬᠦ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠨᠡᠶᠢᠭᠡᠮ ᠤᠨ | ᠶᠡᠭᠡ ᠲᠠᠯ᠎ᠠ ᠶᠢᠨ ᠡᠶ᠎ᠡ ᠵᠣᠬᠢᠴᠠᠩᠭᠤᠶ ᠲᠣᠭᠲᠠᠭᠤᠨ ᠢ ᠡᠷᠡᠰ ᠬᠠᠮᠠᠭᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠭᠠᠵᠠᠷ ᠳᠤᠤᠷᠠᠬᠢ ᠤᠰᠤ ᠶᠢ ᠬᠡᠲᠦᠷᠡᠲᠡᠯ᠎ᠡ ᠬᠡᠷᠡᠭᠯᠡᠬᠦ ᠶᠢ ᠵᠠᠰᠠᠬᠤ᠂ ᠣᠶᠢᠷ᠎ᠠ ᠶᠢᠨ | ᠬᠤᠭᠤᠴᠠᠭᠠᠨ ᠳᠤ ᠡᠵᠡᠩᠨᠡᠯᠳᠡ ᠶᠢᠨ ᠡᠷᠬᠡ ᠶᠢ ᠰᠢᠯᠵᠢᠭᠦᠯᠦᠨ ᠥᠭᠬᠦ ᠪᠠᠷ ᠪᠠᠶᠢᠭ᠎ᠠ ᠭᠠᠵᠠᠷ ᠰᠢᠷᠦᠢ᠂ ᠤᠯᠤᠰ ᠤᠨ | ᠥᠮᠴᠢᠯᠡᠯ ᠤᠨ ᠠᠵᠤ ᠠᠬᠤᠶᠢᠯᠠᠯ ᠬᠢᠭᠡᠳ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠨ ᠬᠥᠭᠵᠢᠬᠦ ᠵᠡᠷᠭᠡ ᠠᠵᠢᠯ ᠢ | ᠲᠣᠬᠢᠷᠠᠭᠤᠯᠤᠨ ᠪᠠᠶᠢᠷᠢᠯᠠᠭᠤᠯᠵᠤ᠂ ᠪᠤᠰᠤᠳ ᠵᠦᠶᠯᠡᠰ ᠢ ᠰᠤᠳᠤᠯᠪᠠ᠃ ︵ᠢᠷᠡᠯᠲᠡ᠄ ᠲᠣᠭᠤᠷᠢᠭ ᠤᠨ ᠵᠠᠰᠠᠭ ᠤᠨ | ᠣᠷᠳᠣᠨ ᠤ ᠠᠯᠪᠠᠨ ᠬᠡᠷ︶ | |