ᠠᠷᠠᠳ ᠵᠡᠭᠡᠯᠢ ᠭᠤᠳᠤᠮᠵᠢ ᠠᠶᠤᠯᠬᠦᠢ ᠦᠶᠯᠡᠳᠪᠦᠷᠢᠯᠡᠯ ᠤᠨ ᠲᠤᠰᠬᠠᠶ ᠰᠡᠳᠦᠪᠲᠦ ᠲᠠᠶᠢᠯᠤᠮᠵᠢ ᠶᠢ ᠵᠣᠬᠢᠶᠠᠨ ᠪᠠᠶᠢᠭᠤᠯᠤᠨ ᠬᠤᠷᠠᠯᠳᠤᠭᠤᠯᠵᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠢᠳᠡᠪᠬᠢᠲᠡᠶ ᠥᠷᠨᠢᠭᠦᠯᠪᠡ
ᠨᠡᠶᠢᠲᠡᠯᠡᠭᠰᠡᠨ ᠴᠠᠭ᠄
2025/3/11
    ᠠᠷᠠᠳ ᠵᠡᠭᠡᠯᠢ ᠶᠢᠨ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤᠭᠤᠷᠢᠭ ᠤᠨ ᠭᠠᠯ ᠢ ᠰᠡᠷᠬᠡᠶᠢᠯᠡᠵᠤ ᠭᠠᠯ ᠤᠨᠲᠠᠷᠠᠭᠠᠬᠤ ᠶᠡᠭᠡ ᠠᠩᠭᠢ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠲᠤᠰᠬᠠᠶ ᠮᠡᠷᠭᠡᠵᠢᠯᠲᠡᠨ ᠢ ᠤᠷᠢᠵᠤ ᠪᠦᠯᠬᠦᠮᠳᠡᠯ 8 ᠳ᠋ᠤᠭᠠᠷ ᠰᠢᠨ ᠰᠢᠩ ᠢ ᠫᠢᠨ ᠨᠡᠶᠢᠭᠡᠮ ᠲᠣᠭᠤᠷᠢᠭ ᠤᠨ ᠨᠠᠮ ᠤᠨ ᠬᠡᠰᠢᠬᠦᠨ ᠪᠠ ᠣᠯᠠᠨ ᠲᠦᠮᠡᠨ ᠤ ᠦᠶᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠲᠤ ᠨᠢᠬᠡᠨ ᠤᠳᠠᠭ᠎ᠠ ᠶᠢᠨ ᠣᠨᠣᠯ ᠤᠨ ᠭᠦᠨᠴᠡ ᠬᠢᠭᠡᠳ ᠠᠵᠢᠯ ᠤᠨ ᠪᠣᠳᠠᠲᠠᠶ ᠶᠢ ᠬᠠᠪᠰᠤᠷᠭᠠᠭᠰᠠᠨ ᠠᠶᠤᠯᠬᠦᠢ ᠦᠶᠯᠡᠳᠪᠦᠷᠢᠯᠡᠯ ᠵᠢᠴᠢ ᠭᠠᠯ ᠢ ᠰᠡᠷᠬᠡᠶᠢᠯᠡᠵᠤ ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠶ ᠰᠡᠳᠦᠪᠲᠦ ᠤᠬᠠᠭᠤᠯᠭ᠎ᠠ ᠪᠣᠯᠪᠠᠰᠤᠷᠠᠯ ᠤᠨ ᠠᠵᠢᠯᠯᠠᠭ᠎ᠠ ᠥᠷᠨᠢᠭᠦᠯᠪᠡ᠃     ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠲᠣᠭᠤᠷᠢᠭ ᠤᠨ ᠭᠠᠯ ᠢ ᠰᠡᠷᠬᠡᠶᠢᠯᠡᠵᠤ ᠭᠠᠯ ᠤᠨᠲᠠᠷᠠᠭᠠᠬᠤ ᠶᠡᠭᠡ ᠠᠩᠭᠢ ᠨᠢ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠠᠳᠠᠯ ᠠᠬᠤᠶ ᠶᠢᠨ ᠬᠠᠮᠢᠶᠠᠷᠤᠯᠳᠠ ᠶᠢᠨ ᠠᠵᠤ ᠠᠬᠤᠶᠢᠯᠠᠯ ᠤᠨ ᠡᠳᠦᠷ ᠲᠤᠲᠤᠮ ᠤᠨ ᠬᠤᠷᠢᠶᠠᠯᠠᠯ ᠤᠨ ᠠᠮᠤᠷ ᠲᠦᠪᠰᠢᠨ ᠤ ᠵᠢᠭᠰᠠᠭᠠᠨ ᠪᠠᠶᠢᠴᠠᠭᠠᠯᠲᠠ ᠬᠢᠬᠦ ᠦᠶ᠎ᠡ ᠳᠤ ᠬᠡᠷᠬᠢᠨ ᠭᠠᠯ ᠤᠨᠲᠠᠷᠠᠭᠠᠬᠤ ᠲᠤᠨᠤᠭ ᠲᠥᠬᠦᠭᠡᠷᠦᠮᠵᠢ ᠶᠢ ᠪᠠᠶᠢᠴᠠᠭᠠᠬᠤ ᠪᠠ ᠬᠠᠮᠠᠭᠠᠯᠠᠬᠤ᠂ ᠬᠡᠷ ᠳᠣᠲᠣᠷᠠᠬᠢ ᠭᠠᠯ ᠤᠨᠲᠠᠷᠠᠭᠠᠬᠤ ᠰᠠᠭᠠᠳ ᠦᠬᠡᠢ ᠨᠡᠪᠳᠡᠷᠡᠬᠦ ᠵᠠᠮ ᠵᠢᠴᠢ ᠬᠤᠷᠢᠶᠠᠯᠠᠯ ᠤᠨ ᠭᠠᠯ ᠤᠨᠲᠠᠷᠠᠭᠠᠬᠤ ᠲᠡᠷᠬᠡ ᠨᠡᠪᠳᠡᠷᠡᠬᠦ ᠵᠠᠮ ᠢ ᠬᠡᠷᠬᠢᠨ ᠰᠠᠭᠠᠳ ᠥᠬᠡᠶ ᠨᠡᠪᠲᠡᠷᠡᠭᠦᠯᠬᠦ ᠶᠢ ᠪᠠᠲᠤᠯᠠᠬᠤ᠂ ᠴᠠᠬᠢᠯᠭᠠᠨ ᠬᠥᠳᠡᠯᠭᠡᠭᠦᠷᠲᠦ ᠲᠤᠭᠤᠢ ᠲᠡᠷᠬᠡ ᠶᠢ ᠵᠤᠬᠰᠤᠭᠠᠬᠤ ᠴᠠᠬᠢᠯᠭᠠᠨ ᠴᠡᠨᠡᠭᠯᠡᠬᠦ ᠠᠮᠤᠷ ᠲᠦᠪᠰᠢᠨ ᠵᠢᠴᠢ ᠭᠠᠯ ᠢ ᠰᠡᠷᠬᠡᠶᠢᠯᠡᠵᠤ ᠭᠠᠯ ᠤᠨᠲᠠᠷᠠᠭᠠᠬᠤ ᠲᠦᠷᠢᠮ ᠢ ᠨᠠᠶᠢᠳᠠᠪᠤᠷᠢᠵᠢᠭᠤᠯᠬᠤ ᠵᠡᠷᠭᠡ ᠠᠭᠤᠯᠭ᠎ᠠ ᠶᠢ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠤᠷᠢᠯᠠᠵᠤ᠂ ᠪᠠᠶᠢᠨ ᠪᠠᠶᠢᠨ ᠠᠰᠠᠭᠤᠯᠳᠠ ᠠᠰᠠᠭᠤᠵᠤ ᠣᠯᠠᠨ ᠤ ᠰᠡᠳᠬᠢᠬᠦ ᠶᠢ ᠬᠥᠲᠥᠯᠥᠨ ᠵᠢᠯᠣᠭᠤᠳᠴᠤ᠂ ᠣᠯᠠᠨ ᠲᠦᠮᠡᠨ ᠳᠤ ᠪᠠᠶᠠᠯᠢᠭ ᠠᠭᠤᠯᠭ᠎ᠠ ᠪᠦᠬᠦᠢ ᠭᠠᠯ ᠢ ᠰᠡᠷᠬᠡᠶᠢᠯᠡᠵᠤ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠤᠨ ᠲᠠᠶᠢᠯᠪᠤᠷᠢᠯᠠᠯᠲᠠ ᠬᠢᠪᠠ᠃ ᠳᠠᠷᠠᠭ᠎ᠠ ᠨᠢ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠠᠳᠠᠯ ᠠᠬᠤᠶ ᠶᠢᠨ ᠬᠠᠮᠢᠶᠠᠷᠤᠯᠲᠠ ᠶᠢᠨ ᠰᠠᠯᠠᠭᠠᠨ ᠤ ᠬᠠᠷᠢᠭᠤᠴᠠᠯᠭᠠᠲᠠᠨ ᠣᠶᠢᠷ᠎ᠠ ᠶᠢᠨ ᠬᠤᠭᠤᠴᠠᠭᠠᠨ ᠳᠤ ᠬᠤᠷᠢᠶᠠᠯᠠᠯ ᠳᠤ ᠠᠶᠤᠯᠬᠦᠢ ᠦᠶᠯᠡᠳᠪᠦᠷᠢᠯᠡᠯ ᠤᠨ ᠪᠠᠶᠢᠴᠠᠭᠠᠯᠲᠠ ᠬᠢᠵᠤ ᠢᠯᠡᠷᠡᠭᠦᠯᠦᠭᠰᠡᠨ ᠠᠰᠠᠭᠤᠳᠠᠯ ᠢ ᠦᠨᠳᠦᠰᠦᠯᠡᠨ᠂ ᠨᠢᠭᠡ ᠳᠤ᠂ ᠠᠳᠠᠯ ᠠᠬᠤᠶ ᠶᠢᠨ ᠬᠠᠮᠢᠶᠠᠷᠤᠯᠳᠠ ᠶᠢᠨ ᠠᠵᠤ ᠠᠬᠤᠶᠢᠯᠠᠯ ᠨᠢ ᠠᠳᠠᠯ ᠠᠬᠤᠶ ᠶᠢᠨ ᠬᠠᠮᠢᠶᠠᠷᠤᠯᠳᠠ ᠶᠢᠨ ᠣᠷᠣᠨ ᠪᠦᠰᠡ ᠶᠢᠨ ᠳᠣᠲᠣᠷᠠᠬᠢ ᠴᠠᠬᠢᠯᠭᠠᠨ ᠬᠡᠷᠡᠭᠯᠡᠬᠦ᠂ ᠭᠠᠯ ᠬᠡᠷᠡᠭᠯᠡᠬᠦ᠂ ᠰᠢᠲᠠᠮᠠᠬᠠᠶ ᠬᠡᠶ ᠬᠡᠷᠡᠭᠯᠡᠬᠦ᠂ ᠬᠤᠯᠠᠭᠠᠶᠢᠯᠠᠬᠤ ᠠᠴᠠ ᠰᠡᠷᠭᠡᠶᠢᠯᠡᠬᠦ᠂ ᠴᠠᠬᠢᠯᠭᠠᠨ ᠱᠠᠲᠤ᠂ ᠭᠠᠯ ᠤᠨᠲᠠᠷᠠᠭᠠᠬᠤ᠂ ᠥᠨᠳᠥᠷ ᠳᠡᠭᠡᠷ᠎ᠡ ᠠᠴᠠ ᠶᠠᠭᠤᠮ᠎ᠠ ᠬᠠᠶᠠᠬᠤ᠂ ︽ᠠᠮᠢ ᠨᠠᠰᠤᠨ ᠤ ᠰᠠᠭᠠᠳ ᠦᠬᠡᠢ ᠨᠡᠪᠲᠡᠷᠡᠬᠦ     ᠵᠠᠮ︾ ᠢ ᠡᠵᠡᠯᠡᠨ ᠬᠡᠷᠡᠭᠯᠡᠬᠦ᠂ ᠪᠥᠭᠯᠡᠬᠦ᠂ ᠪᠢᠲᠡᠭᠦᠮᠵᠢᠯᠡᠬᠦ ᠵᠡᠷᠬᠡ ᠲᠠᠯ᠎ᠠ ᠶᠢᠨ ᠪᠠᠶᠢᠴᠠᠭᠠᠯᠳᠠ ᠪᠠᠨ ᠴᠢᠩᠭᠠᠳᠬᠠᠵᠤ᠂ ᠠᠮᠤᠷ ᠲᠦᠪᠰᠢᠨ ᠤ ᠬᠡᠮ ᠰᠤᠭᠤᠭ ᠢ ᠴᠠᠭ ᠲᠤᠬᠠᠶ ᠳᠤᠨᠢ ᠢᠯᠡᠷᠡᠭᠦᠯᠵᠦ᠂ ᠠᠷᠢᠯᠭᠠᠬᠤ ᠬᠡᠷᠡᠭᠲᠡᠶ᠃ ᠬᠤᠶᠠᠷ ᠲᠤ᠂ ᠠᠳᠠᠯ ᠠᠬᠤᠶ ᠶᠢᠨ  ᠬᠠᠮᠢᠶᠠᠷᠤᠯᠳᠠ ᠦᠶᠯᠡᠴᠢᠯᠡᠭᠡᠨ ᠤ ᠠᠵᠤ ᠠᠬᠤᠶᠢᠯᠠᠯ ᠤᠳ ᠠᠶᠤᠯᠬᠦᠢ ᠦᠶᠯᠡᠳᠪᠦᠷᠢᠯᠡᠯ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠡᠮ ᠰᠣᠭᠤᠭ ᠢ ᠵᠢᠭᠰᠠᠭᠠᠨ ᠪᠠᠶᠢᠴᠠᠭᠠᠬᠤ ᠡᠬᠡ ᠲᠠᠩᠰᠠ ᠶᠢ ᠪᠠᠶᠢᠭᠤᠯᠤᠨ᠂ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠶᠢ ᠢᠳᠡᠪᠬᠢᠲᠡᠶ ᠥᠷᠨᠢᠭᠦᠯᠵᠦ᠂ ︽ᠠᠮᠤᠷ ᠲᠦᠪᠰᠢᠨ ᠢ ᠪᠠᠶᠢᠴᠠᠭᠠᠬᠤ᠂ ᠬᠡᠮ ᠰᠣᠭᠤᠭ ᠢ ᠠᠷᠢᠯᠭᠠᠬᠤ᠂ ᠬᠠᠷᠢᠭᠤᠴᠠᠯᠭ᠎ᠠ ᠡᠭᠦᠷᠭᠡᠯᠡᠬᠦ︾ ᠶᠢ ᠡᠳᠦᠷ ᠲᠤᠲᠤᠮ ᠤᠨ ᠬᠠᠮᠢᠶᠠᠷᠤᠯᠲᠠ ᠲᠤᠮᠳᠠ ᠪᠠ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠳᠠᠬᠢᠨᠲᠠ ᠴᠢᠬᠤᠯᠠᠴᠢᠯᠠᠪᠠ᠃      ᠡᠭᠦᠨ ᠤ ᠬᠠᠮᠲᠤ᠂ ᠬᠤᠷᠠᠯ ᠳᠤ ᠣᠷᠣᠯᠴᠠᠭᠰᠠᠨ ᠡᠯ᠎ᠡ ᠨᠢᠬᠡᠴᠢ ᠠᠵᠢᠯ ᠤᠨ ᠪᠣᠳᠠᠲᠤ ᠪᠠᠶᠢᠳᠠᠯ ᠳᠤ ᠲᠤᠯᠭᠠᠷᠠᠭᠰᠠᠨ ᠠᠰᠠᠭᠤᠳᠠᠯ ᠤᠨ ᠲᠤᠬᠠᠶ ᠲᠤᠰᠬᠠᠶ ᠮᠡᠷᠭᠡᠵᠢᠯᠲᠡᠳ ᠲᠠᠢ ᠬᠠᠷᠢᠯᠴᠠᠨ ᠬᠦᠳᠡᠯᠦᠯᠴᠡᠵᠤ᠂ ᠬᠤᠶᠠᠷ ᠲᠤᠰᠬᠠᠶ ᠮᠡᠷᠭᠡᠵᠢᠯᠲᠡᠨ ᠯᠠᠪᠳᠠᠭᠤᠨ ᠪᠠᠲᠤᠲᠠᠶ ᠲᠤᠰᠬᠠᠶ ᠮᠡᠷᠭᠡᠵᠢᠯ ᠤᠨ ᠮᠡᠳᠡᠯᠭᠡ ᠪᠠᠷ ᠢᠶᠠᠨ ᠣᠯᠠᠨ ᠤ ᠠᠰᠠᠭᠤᠯᠲᠠ ᠶᠢ ᠬᠠᠷᠢᠭᠤᠯᠪᠠ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号