ᠤᠳᠠᠨ ᠰᠡᠬᠦᠳᠡᠷᠲᠦ ᠵᠠᠮ ᠵᠡᠭᠡᠯᠢ ᠭᠤᠳᠤᠮᠵᠢ ᠬᠤᠪᠢᠰᠬᠠᠯᠲᠦ ︽ᠠᠰᠢᠭ ᠡᠭᠦᠳᠬᠦ ᠴᠤᠭᠯᠠᠭ᠎ᠠ ᠮᠠᠶᠢᠮᠠᠶ︾ ᠡᠷᠭᠢᠯᠡᠵᠦ ᠯᠸᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠪᠠ
ᠨᠡᠶᠢᠲᠡᠯᠡᠭᠰᠡᠨ ᠴᠠᠭ᠄
2025/3/12
     ᠠᠵᠢᠯᠯᠠᠭ᠎ᠠ ᠨᠢ ᠤᠷᠠᠨ ᠰᠠᠶᠢᠬᠠᠨ ᠤ ᠲᠣᠭᠯᠠᠯᠲᠠ᠂ ᠠᠷᠠᠳ ᠲᠤ ᠳᠥᠭᠦᠮ ᠦᠵᠡᠭᠦᠯᠬᠦ ᠦᠶᠯᠡᠴᠢᠯᠡᠭᠡ ᠪᠠ ᠵᠠᠰᠠᠭ ᠪᠠᠩᠬᠢ ᠠᠵᠤ ᠠᠬᠤᠶᠢᠯᠠᠯ ᠤᠨ ᠰᠣᠯᠢᠯᠴᠠᠭ᠎ᠠ ᠬᠠᠮᠲᠤᠷᠠᠯᠴᠠᠭ᠎ᠠ ᠵᠡᠷᠭᠡ ᠭᠤᠷᠪᠠᠨ ᠶᠡᠭᠡ ᠬᠡᠰᠡᠭ ᠢ ᠬᠠᠮᠤᠷᠴᠠᠶ᠃ ᠤᠷᠠᠨ ᠰᠠᠶᠢᠬᠠᠨ ᠤ ᠲᠣᠭᠯᠠᠯᠲᠠ ᠶᠢ 300 ᠰᠠᠭᠤᠭᠠᠯᠢ ᠠᠷᠠᠳ ᠲᠤᠬᠠᠢ ᠶᠢᠨ ᠲᠠᠯᠠᠪᠠᠢ ᠳᠤ ᠰᠣᠨᠢᠷᠬᠠᠪᠠ᠃ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡ ᠳᠤ ᠪᠡᠶ᠎ᠡ ᠶᠢᠨ ᠪᠠᠶᠢᠴᠠᠭᠠᠯᠲᠠ ᠬᠢᠵᠤ ᠦᠭᠬᠦ᠂ ᠠᠯᠪᠠᠨ ᠵᠢᠷᠤᠮ ᠤᠨ ᠡᠮᠴᠢᠯᠡᠭᠡ ᠵᠡᠷᠭᠡ ᠠᠵᠢᠯᠯᠠᠭ᠎ᠠ ᠪᠠᠭᠲᠠᠵᠤ᠂ ᠨᠡᠶᠢᠲᠡ 200 ᠭᠠᠷᠤᠶ ᠬᠥᠮᠦᠨ ︵ᠤᠳᠠᠭ᠎ᠠ︶ ᠳᠤ ᠦᠶᠯᠡᠴᠢᠯᠡᠪᠡ᠃ ᠵᠠᠰᠠᠭ ᠪᠠᠩᠬᠢ ᠠᠵᠤ ᠠᠬᠤᠶᠢᠯᠠᠯ ᠤᠨ ᠰᠣᠯᠢᠯᠴᠠᠭᠠᠨ ᠤ ᠭᠤᠭᠴᠤᠭ᠎ᠠ ᠳᠤ᠂ ᠥᠪᠥᠷ ᠮᠣᠩᠭᠤᠯ ᠪᠠᠩᠬᠢ ᠪᠣᠯᠤᠨ ᠵᠦᠩ ᠰᠢᠨ ᠪᠠᠩᠬᠢ ᠨᠥᠬᠦᠷᠯᠡᠯ 21 ᠳ᠋ᠤᠭᠡᠷ ᠨᠡᠶᠢᠭᠡᠮ ᠲᠣᠭᠤᠷᠢᠭ ᠤᠨ ᠯᠧ ᠶᠠᠩ ᠬᠤᠭᠤᠯᠠᠨ ᠲᠢᠩᠬᠢᠮ ᠵᠡᠷᠭᠡ ᠬᠠᠷᠢᠶ᠎ᠠ ᠣᠷᠣᠨ ᠤ 5 ᠠᠵᠤ ᠠᠬᠤᠶᠢᠯᠠᠯ ᠳᠤ ᠪᠠᠭ᠎ᠠ ᠵᠢᠵᠢᠭ ᠠᠵᠤ ᠠᠬᠤᠶᠢᠯᠠᠯ ᠪᠣᠯᠤᠨ ᠦᠢᠯᠡᠳᠪᠦᠷᠢ ᠬᠤᠳᠠᠯᠳᠤᠭᠠᠨ ᠤ ᠬᠤᠪᠢ ᠡᠷᠦᠬᠡ ᠳᠤ ᠬᠠᠨᠳᠤᠭᠤᠯᠤᠭᠰᠠᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠰᠦᠯ ᠢ ᠳᠡᠯᠭᠡᠨ ᠦᠵᠡᠭᠦᠯᠵᠦ᠂ ᠭᠦᠨᠵᠡᠭᠡᠢ ᠶᠠᠷᠢᠯᠴᠠᠨ ᠰᠣᠯᠢᠯᠴᠠᠵᠤ᠂ ᠬᠠᠮᠲᠤᠷᠠᠯᠴᠠᠭ᠎ᠠ ᠨᠡᠪᠲᠡᠷᠡᠯᠴᠡᠭᠡ ᠶᠢᠨ ᠬᠥᠭᠦᠷᠭᠡ ᠬᠤᠯᠪᠣᠭᠠᠰᠤ ᠶᠢ ᠪᠠᠶᠢᠭᠤᠯᠪᠠ᠃ ︵ᠤᠳᠠᠨ ᠰᠡᠬᠦᠳᠡᠷᠲᠦ ᠵᠠᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号