ᠬᠥᠨᠳᠡᠯᠡᠨ ᠲᠣᠭᠤᠷᠢᠭ ᠤᠨ ᠬᠠᠤᠯᠢ ᠶᠢᠨ ᠲᠤᠰᠠᠯᠠᠮᠵᠢ ᠦᠵᠡᠭᠦᠯᠬᠦ ᠵᠢᠵᠢᠭ ᠥᠷᠲᠡᠭᠡ ᠴᠡᠭ ᠨᠢ ᠡᠷᠬᠡ ᠶᠢ ᠬᠠᠮᠠᠭᠠᠯᠠᠬᠤ ᠶᠡᠭᠡ ᠡᠨᠧᠷᠭᠢ ᠶᠢ ᠪᠠᠳᠠᠷᠠᠭᠤᠯᠪᠠ
ᠨᠡᠶᠢᠲᠡᠯᠡᠭᠰᠡᠨ ᠴᠠᠭ᠄
2025/3/12
     ᠨᠢᠭᠡ ᠳᠤ᠂ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠨᠠᠷᠢᠯᠢᠭ ᠣᠨᠣᠴᠠᠲᠠᠢ ᠪᠠᠷ ᠲᠤᠰᠠᠯᠠᠮᠵᠢ ᠭᠤᠶᠤᠴᠢᠯᠠᠬᠰᠠᠳ ᠢ ᠡᠷᠢᠨ᠎ᠡ᠃ ᠨᠢᠭᠡᠨᠲᠡ ᠡᠮᠡᠭᠲᠡᠶᠢᠴᠦᠳ ᠤᠨ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠡᠯ᠎ᠡ ᠵᠡᠭᠡᠯᠢ ᠭᠤᠳᠤᠮᠵᠢ ᠪᠠᠯᠭᠠᠰᠤ ᠵᠢᠴᠢ 110 ᠲᠣᠰᠬᠤᠨ᠂ ᠨᠡᠶᠢᠭᠡᠮ ᠲᠣᠭᠤᠷᠢᠭ ᠲᠤ ᠬᠠᠤᠯᠢ ᠴᠠᠭᠠᠵᠠ ᠶᠢᠨ ᠲᠤᠰᠠᠯᠠᠮᠵᠢ ᠶᠢᠨ ᠥᠷᠲᠡᠭᠡ ᠴᠡᠭ ᠭᠠᠷᠭᠠᠵᠤ᠂ ᠪᠦᠷᠬᠦᠬᠦᠯᠦᠭᠰᠡᠨ ᠨᠣᠷᠮ᠎ᠠ 100% ᠳᠤ ᠬᠦᠷᠪᠡ᠃ ᠬᠤᠶᠠᠷ ᠲᠤ᠂ ᠦᠶᠯᠡᠴᠢᠯᠡᠬᠦ ᠬᠦᠴᠦᠨ ᠢ ᠲᠡᠭᠦᠯᠳᠡᠷᠵᠢᠭᠦᠯᠵᠦ᠂ ᠳᠥᠭᠦᠮ ᠲᠦᠷᠬᠡᠨ ᠢᠶᠠᠷ ᠲᠤᠰᠠᠯᠠᠮᠵᠢ ᠭᠥᠷᠳᠡᠬᠡᠬᠦ ᠶᠢ ᠪᠡᠶᠡᠯᠡᠬᠦᠯᠪᠡ᠃ ᠬᠠᠤᠯᠢᠴᠢ᠂ ᠠᠯᠪᠠᠨ ᠭᠡᠷᠡᠴᠢᠯᠡᠭᠴᠢ ᠵᠡᠷᠭᠡ ᠬᠠᠤᠯᠢ ᠴᠠᠭᠠᠵᠠ ᠶᠢᠨ ᠲᠤᠰᠬᠠᠢ ᠪᠦᠯᠬᠦᠮ ᠴᠤᠬᠴᠠ ᠶᠢ ᠵᠣᠬᠢᠶᠠᠨ ᠪᠠᠶᠢᠭᠤᠯᠵᠤ᠂ ᠵᠡᠭᠡᠯᠢ ᠭᠤᠳᠤᠮᠵᠢ ᠪᠠᠯᠭᠠᠰᠤ᠂ ᠠᠶᠢᠯ ᠲᠣᠰᠬᠤᠨ ᠳᠤ ᠪᠠᠭᠤᠯᠭᠠᠪᠠ᠃ ᠡᠭᠦᠨ ᠤ ᠬᠠᠮᠲᠤ᠂ ︽ᠣᠶᠤᠨᠴᠢ ᠮᠠᠶ᠋ᠢᠭ︾ ᠤᠨ ᠥᠷᠲᠡᠭᠡ ᠴᠡᠭ ᠤᠨ ᠪᠠᠶᠢᠭᠤᠯᠤᠯᠲᠠ ᠶᠢ ᠠᠬᠢᠭᠤᠯᠵᠤ᠂ 5 ᠢᠵᠢ ︽ᠢᠨᠲ᠋ᠧᠷ ᠰᠦᠯᠵᠢᠶᠡᠨ ᠤ ᠬᠥᠮᠦᠨ ᠥᠬᠡᠶ ᠬᠠᠦᠯᠢᠴᠢ ᠶᠢᠨ ᠭᠠᠵᠠᠷ︾᠂ 2 ᠢᠵᠢ ᠣᠶᠤᠨᠴᠢ ᠬᠠᠤᠯᠢ ᠴᠠᠭᠠᠵᠠ ᠶᠢᠨ     ᠮᠡᠳᠡᠯᠬᠡ ᠶᠢ ᠲᠦᠭᠡᠮᠡᠯᠵᠢᠭᠦᠯᠬᠦ ᠮᠠᠰᠢᠨ ᠬᠥᠮᠦᠨ᠂ 13 ᠢᠵᠢ 4K ᠤᠶᠤᠨᠲᠤ ᠲᠧᠯᠸᠢᠰ ᠤᠨ ᠲᠡᠪᠳᠠᠮᠵᠢ ᠬᠦᠯᠢᠶᠡᠬᠦᠷ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠶᠯᠡᠴᠢᠯᠡᠭᠡᠨ ᠤ ᠦᠵᠦᠬᠦᠷᠯᠢᠭ ᠲᠥᠬᠦᠭᠡᠷᠦᠮᠵᠢ ᠶᠢ ᠳᠣᠭᠢᠷᠠᠭᠤᠯᠵᠤ᠂ ᠬᠠᠤᠯᠢ ᠴᠠᠭᠠᠵᠠ ᠶᠢᠨ ᠦᠶᠯᠡᠴᠢᠯᠡᠭᠡ ᠶᠢ ︽ᠨᠢᠭᠡ ᠯᠡ ᠳᠠᠷᠤᠪᠴᠢ ᠪᠠᠷ ᠬᠦᠷᠴᠦ ᠳᠡᠶᠢᠯᠬᠦ︾ ᠪᠣᠯᠭᠠᠪᠠ᠃ ᠭᠤᠷᠪᠠ ᠳᠤ᠂ ᠦᠶᠯᠡᠴᠢᠯᠡᠭᠡᠨ ᠤ ᠠᠷᠭ᠎ᠠ ᠬᠡᠯᠪᠡᠷᠢ ᠶᠢ ᠰᠢᠯᠢᠳᠡᠭᠵᠢᠭᠦᠯᠵᠦ᠂ ᠬᠠᠨᠤᠮᠵᠢ ᠲᠠᠢ ᠪᠠᠶᠢᠬᠤ ᠬᠡᠮᠵᠢᠶ᠎ᠡ ᠶᠢ ᠳᠡᠭᠡᠭᠰᠢᠯᠡᠭᠦᠯᠪᠠ᠃ ᠠᠵᠢᠯᠯᠠᠬᠤ ᠥᠷᠲᠡᠭᠡ ᠳᠤ ᠨᠠᠩ ᠣᠯᠠᠨ ᠡᠷᠬᠡ ᠮᠡᠳᠡᠯ ᠣᠯᠭᠤᠵᠤ᠂ ᠶᠠᠪᠤᠴᠠ ᠶᠢ ᠳᠥᠭᠦᠮᠴᠢᠯᠡᠨ᠂ ᠵᠥᠪᠯᠡᠯᠭᠡ ᠥᠭᠬᠦ᠂ ᠭᠥᠯᠢᠶᠡᠨ ᠠᠪᠴᠤ ᠰᠢᠶᠳᠪᠦᠷᠢᠯᠡᠬᠦ ᠠᠩᠬᠠᠨ ᠤ ᠬᠢᠨᠠᠯᠲᠠ ᠬᠢᠬᠦ᠂ ᠬᠠᠪᠰᠤᠷᠤᠨ ᠭᠦᠶᠴᠡᠳᠬᠡᠵᠦ ᠣᠷᠣᠯᠠᠨ ᠭᠦᠶᠴᠡᠳᠬᠡᠬᠦ ᠵᠡᠷᠭᠡ ︽ᠨᠢᠭᠡ ᠦᠷᠳᠡᠭᠡᠴᠢᠯᠡᠭᠰᠡᠨ ᠮᠠᠶ᠋ᠢᠭ︾ ᠤᠨ ᠦᠶᠯᠡᠴᠢᠯᠡᠭᠡ    ᠬᠠᠩᠭᠠᠪᠠ᠃ ᠡᠨᠡ ᠵᠢᠯ ᠠᠴᠠ ᠨᠠᠭᠠᠰᠢ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠰᠠᠶᠢᠨ ᠳᠤᠷᠠᠴᠤᠳ ᠠᠬᠤᠢ ᠲᠠᠯᠠᠪᠠᠢ ᠳᠠᠬᠢ ᠤᠬᠠᠭᠤᠯᠭ᠎ᠠ ᠶᠢ 45 ᠤᠳᠠᠭ᠎ᠠ ᠥᠷᠨᠢᠭᠦᠯᠵᠦ᠂ ᠣᠯᠠᠨ ᠲᠦᠮᠡᠨ ᠤ ᠬᠠᠤᠯᠢ ᠳᠤ ᠬᠤᠯᠪᠣᠭᠳᠠᠭᠰᠠᠨ 240 ᠬᠦᠴᠢᠷ ᠠᠰᠠᠭᠤᠳᠠᠯ ᠢ ᠨᠢᠭᠤᠷᠲᠠᠨ ᠬᠠᠷᠢᠭᠤᠯᠵᠤ ᠰᠢᠢᠳᠪᠦᠷᠢᠯᠡᠨ ᠦᠭᠴᠦ᠂ ᠬᠠᠤᠯᠢ ᠴᠠᠭᠠᠵᠠ ᠶᠢᠨ ᠲᠤᠰᠠᠯᠠᠮᠵᠢ ᠶᠢ ᠣᠯᠠᠨ ᠲᠦᠮᠡᠨ ᠤ ᠡᠷᠬᠡ ᠠᠰᠢᠭ ᠢᠶᠠᠨ ᠬᠠᠮᠠᠭᠠᠯᠠᠬᠤ ᠨᠢᠭᠡᠳᠦᠭᠡᠷ ᠰᠣᠩᠭᠤᠯᠲᠠ ᠪᠣᠯᠭᠠᠪᠠ᠃ ︵ᠬᠠᠤᠯᠢ ᠴᠠᠭᠠᠵᠠ ᠶᠢᠨ ᠲᠣᠪᠴᠢᠶ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号