ᠴᠠᠰᠤᠨ ᠤ ᠪᠠᠶᠢᠳᠠᠯ ᠢ ᠠᠷᠭᠠᠴᠠᠭᠠᠨ ᠰᠢᠶᠳᠪᠦᠷᠢᠯᠡᠬᠦ ᠠᠵᠢᠯ ᠢ ᠦᠨᠡᠨ ᠬᠦ ᠰᠠᠶᠢᠲᠤᠷ ᠬᠢᠵᠦ᠂ ᠵᠠᠮ | ᠬᠠᠷᠢᠯᠴᠠᠭ᠎ᠠ ᠶᠢᠨ ᠰᠠᠭᠠᠳ ᠥᠬᠡᠶ ᠨᠡᠪᠲᠡᠷᠡᠬᠦ ᠪᠠ ᠬᠤᠲᠠ ᠶᠢᠨ ᠠᠷᠠᠳ ᠤᠨ ᠶᠠᠪᠤᠵᠤ ᠰᠠᠭᠤᠬᠤ ᠠᠮᠤᠷ ᠲᠦᠪᠰᠢᠨ ᠢ | ᠦᠨᠡᠨ ᠬᠦ ᠪᠠᠲᠤᠯᠠᠬᠤ ᠶᠢᠨ ᠲᠥᠯᠥᠭᠡ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ︽ᠮᠠᠰᠢᠨ ᠢᠶᠠᠷ | ᠠᠵᠢᠯᠯᠠᠬᠤ ᠪᠠᠷ ᠭᠤᠤᠯ ᠪᠣᠯᠭᠠᠵᠤ᠂ ᠬᠥᠮᠦᠨ ᠤ ᠬᠦᠴᠦ ᠪᠠᠷ ᠴᠠᠰᠤ ᠴᠡᠪᠡᠷᠯᠡᠬᠦ ᠪᠠᠷ ᠬᠠᠪᠰᠤᠷᠤᠮᠵᠢ ᠪᠣᠯᠭᠠᠵᠤ᠂ | ᠬᠥᠮᠦᠨ ᠮᠠᠰᠢᠨ ᠬᠠᠮᠲᠤᠷᠠᠨ ᠠᠵᠢᠯᠯᠠᠬᠤ︾ ᠠᠷᠭ᠎ᠠ ᠬᠡᠯᠪᠡᠷᠢ ᠶᠢ ᠠᠪᠴᠤ᠂ ᠬᠤᠲᠠ ᠶᠢᠨ ᠭᠤᠤᠯ ᠳᠡᠳ᠋ ᠵᠠᠮ | ᠱᠤᠭᠤᠮ᠂ ᠶᠠᠪᠠᠭᠠᠨ ᠬᠥᠮᠦᠨ ᠤ ᠵᠠᠮ ᠵᠡᠷᠭᠡ ᠭᠤᠤᠯᠳᠠᠯᠭ᠎ᠠ ᠲᠠᠢ ᠵᠠᠮ ᠤᠨ ᠬᠡᠰᠡᠭ ᠲᠤ ᠠᠵᠢᠯ ᠥᠷᠨᠢᠭᠦᠯᠵᠦ᠂ ᠴᠠᠰᠤ | ᠠᠷᠢᠯᠭᠠᠬᠤ ᠬᠦᠷᠵᠡ᠂ ᠴᠠᠰᠤ ᠠᠷᠢᠯᠭᠠᠬᠤ ᠥᠩᠬᠦᠷᠢᠭᠦᠯ ᠮᠠᠰᠢᠨ᠂ ᠬᠤᠰᠤᠵᠤ ᠲᠡᠭᠰᠢᠯᠡᠬᠦ ᠮᠠᠰᠢᠨ ᠵᠡᠷᠭᠡ ᠲᠤᠨᠤᠭ | ᠲᠥᠬᠦᠭᠡᠷᠦᠮᠵᠢ ᠪᠠᠷ ᠵᠠᠮ ᠤᠨ ᠨᠢᠭᠤᠷ ᠢ ᠲᠡᠷᠡ ᠲᠤᠤᠷ᠎ᠠ ᠨᠢ ᠴᠡᠪᠡᠷᠯᠡᠪᠠ᠃ ᠲᠠᠬᠢᠷ ᠵᠠᠮ ᠡᠭᠴᠡ ᠬᠥᠲᠥᠯ ᠵᠡᠷᠭᠡ | ᠮᠥᠰᠥ ᠠᠮᠠᠷᠬᠠᠨ ᠬᠥᠯᠳᠡᠬᠦ ᠵᠠᠮ ᠤᠨ ᠬᠡᠰᠡᠭ ᠲᠤ ᠭᠤᠤᠯᠳᠠᠯᠭ᠎ᠠ ᠲᠠᠢ ᠲᠣᠭᠤᠷᠢᠨ ᠪᠠᠶᠢᠴᠠᠭᠠᠯᠲᠠ ᠬᠢᠬᠦ ᠶᠢᠨ ᠬᠠᠮᠲᠤ᠂ | ᠲᠡᠷᠭᠡᠨ ᠤ ᠤᠷᠤᠰᠬᠠᠯ ᠨᠡᠯᠢᠶᠡᠳ ᠲᠥᠪᠯᠡᠷᠡᠭᠰᠡᠨ ᠣᠷᠣᠨ ᠪᠦᠰᠡ ᠳᠤ ᠴᠠᠭ ᠲᠤᠬᠠᠶ ᠳᠤᠨᠢ ᠴᠠᠰᠤ ᠬᠠᠶᠢᠯᠠᠭᠤᠯᠬᠤ | ᠡᠳ᠋ ᠢ ᠰᠠᠴᠤᠵᠤ ᠵᠠᠮ ᠢ ᠴᠡᠪᠡᠷᠯᠡᠪᠠ᠃ 3 ᠰᠠᠷ᠎ᠠ ᠶᠢᠨ 3 ᠤ ᠡᠳᠦᠷ ᠠᠴᠠ 3 ᠰᠠᠷ᠎ᠠ ᠶᠢᠨ 4 ᠤ ᠡᠳᠦᠷ ᠪᠣᠯᠲᠠᠯ᠎ᠠ᠂ | ᠴᠠᠰᠤ ᠴᠡᠪᠡᠷᠯᠡᠭᠴᠢ ᠶᠢ ᠨᠡᠶᠢᠲᠡ 2000 ᠭᠠᠷᠤᠶ ᠬᠥᠮᠦᠨ ᠤᠳᠠᠭ᠎ᠠ ᠬᠥᠳᠡᠯᠭᠡᠵᠦ᠂ 86 ᠲᠣᠨ ᠴᠠᠰᠤ | ᠬᠠᠶᠢᠯᠠᠭᠤᠯᠬᠤ ᠡᠳ᠋ ᠰᠠᠴᠤᠵᠤ᠂ 20 ᠰᠠᠤᠷᠢ ᠰᠠᠴᠤᠬᠤ ᠮᠠᠰᠢᠨ᠂ 35 ᠰᠠᠤᠷᠢ ᠴᠠᠰᠤ ᠠᠷᠢᠯᠭᠠᠬᠤ ᠮᠠᠰᠢᠨ ᠢ | ᠬᠥᠳᠡᠯᠭᠡᠵᠤ ᠴᠠᠰᠤ ᠮᠦᠰᠦ ᠶᠢ ᠴᠠᠭ ᠲᠤᠬᠠᠢ ᠳᠤᠨᠢ ᠠᠷᠢᠯᠭᠠᠵᠤ ᠤᠯᠠᠨ ᠲᠦᠮᠡᠨ ᠤ ᠶᠠᠪᠤᠵᠤ ᠰᠠᠭᠤᠬᠤ ᠳᠤ | ᠲᠦᠬᠦᠮ ᠦᠵᠡᠬᠦᠯᠪᠡ᠃ ︵ᠬᠠᠤᠯᠢ ᠬᠡᠷᠡᠭᠵᠢᠭᠦᠯᠬᠦ ᠲᠣᠪᠴᠢᠶ᠎ᠠ︶ |