3 ᠰᠠᠷ᠎ᠠ ᠶᠢᠨ 10 ᠤ ᠡᠳᠦᠷ᠂ ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠭᠤᠴᠢᠳᠤᠭᠠᠷ ᠤᠳᠠᠭ᠎ᠠ ᠶᠢᠨ ᠬᠤᠷᠠᠯ | ᠬᠤᠷᠠᠯᠳᠤᠭᠤᠯᠪᠠ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠷᠬᠢᠯᠡᠭᠴᠢ ᠵᠧᠦ ᠮᠢᠨ ᠵᠢᠶᠧ᠂ ᠳᠡᠳ᠋ ᠡᠷᠬᠢᠯᠡᠭᠴᠢ ᠬᠤ᠋ ᠰᠢᠶᠠ᠂ ᠸᠠᠩ ᠸᠧᠢ᠂ ᠯᠢᠦ ᠯᠢ ᠰᠢᠶᠠ᠂ | ᠬᠠᠰᠪᠢᠯᠢᠭ᠌ ᠵᠢᠴᠢ ᠭᠡᠰᠢᠭᠦᠳ 31 ᠬᠥᠮᠦᠨ ᠬᠤᠷᠠᠯ ᠳᠤ ᠣᠷᠣᠯᠴᠠᠵᠠᠢ᠃ ᠵᠧᠤ ᠮᠢᠨ ᠵᠢᠶᠧ᠂ ᠬᠤ᠋ ᠰᠢᠶᠠ ᠲᠣᠰ | ᠲᠣᠰ ᠠᠩᠬᠠᠳᠤᠭᠠᠷ ᠤᠳᠠᠭ᠎ᠠ ᠪᠠ ᠬᠤᠶᠠᠳᠤᠭᠠᠷ ᠤᠳᠠᠭᠠᠨ ᠤ ᠪᠥᠬᠦᠳᠡ ᠬᠤᠷᠠᠯ ᠢ ᠡᠷᠭᠢᠯᠡᠪᠡ᠃ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠲᠣᠭᠤᠷᠢᠭ ᠤᠨ ᠬᠢᠨᠠᠨ ᠪᠠᠶᠢᠴᠠᠭᠠᠬᠤ ᠵᠥᠪᠯᠡᠯ᠂ | ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠶᠢᠨ ᠬᠠᠮᠢᠶ᠎ᠠ | ᠪᠥᠬᠦᠶ ᠬᠠᠷᠢᠭᠤᠴᠠᠯᠭᠠᠲᠠᠨ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ | ᠲᠦᠷᠢᠮ ᠤᠨ ᠵᠥᠪᠯᠡᠯ ᠤᠨ ᠪᠦᠷᠢᠯᠳᠦᠬᠦᠨ᠂ ᠡᠯ᠎ᠡ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠵᠢᠯ ᠤᠨ ᠵᠥᠪᠯᠡᠯ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ︵ᠬᠥᠨᠳᠡᠯᠡᠨ | ᠲᠣᠭᠤᠷᠢᠭ︶᠂ ᠪᠤᠭᠤᠲᠤ ᠶᠢᠨ ᠪᠣᠯᠣᠳ ᠲᠡᠮᠦᠷ ᠤᠨ ︵ᠪᠦᠯᠦᠭᠯᠡᠯ︶ ᠺᠣᠮᠫᠠᠨᠢ ᠶᠢᠨ ︽ᠠᠷᠠᠳ ᠤᠨ | ᠲᠥᠯᠥᠭᠡᠯᠡᠭᠴᠢ ᠶᠢᠨ ᠬᠡᠷ︾ ᠤᠨ ᠬᠠᠷᠢᠭᠤᠴᠠᠯᠭᠠᠲᠠᠨ ᠵᠢᠴᠢ ᠬᠤᠲᠠ᠂ ᠲᠣᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠵᠠᠶ᠃ | ᠬᠤᠷᠠᠯ ᠠᠴᠠ ᠬᠥᠨᠳᠡᠯᠡᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ 2025 ᠣᠨ ᠤ ᠠᠵᠢᠯ ᠤᠨ ᠭᠤᠤᠯᠳᠠᠯᠭ᠎ᠠ ︵ᠲᠥᠰᠦᠯ︶᠂ ᠬᠥᠨᠳᠡᠯᠡᠨ | ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠲᠦᠷᠢᠮ | ︵ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ︶ ᠤᠨ ᠠᠵᠢᠯ ᠤᠨ ᠵᠥᠪᠯᠡᠯ ᠤᠨ 2024 | ᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠠᠩᠰᠠᠯᠠᠭᠤᠯᠵᠤ ᠬᠢᠨᠠᠨ ᠪᠠᠶᠢᠴᠠᠭᠠᠭᠰᠠᠨ ᠠᠵᠢᠯ ᠤᠨ | ᠪᠠᠶᠢᠳᠠᠯ ᠤᠨ ᠲᠤᠬᠠᠶ ᠮᠡᠳᠡᠭᠦᠯᠦᠯᠲᠡ᠂ ︽ᠬᠥᠨᠳᠡᠯᠡᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠬᠡᠰᠡᠭ ᠰᠢᠬᠦᠭᠴᠢ᠂ ᠪᠠᠶᠢᠴᠠᠭᠠᠬᠴᠢ ᠶᠢᠨ ᠲᠤᠰᠢᠶᠠᠯ ᠬᠠᠷᠢᠭᠤᠴᠠᠯᠭ᠎ᠠ ᠪᠠᠨ | ᠭᠦᠶᠴᠡᠳᠬᠡᠭᠰᠡᠨ ᠪᠠᠶᠢᠳᠠᠯ ᠢ ᠦᠨᠡᠯᠡᠬᠦ ᠠᠵᠢᠯ ᠤᠨ ᠲᠥᠰᠦᠯ ︵ᠨᠤᠤᠷᠠᠭ︶︾ ᠢ ᠰᠣᠨᠣᠰᠴᠤ ᠬᠢᠨᠠᠨ ᠵᠥᠪᠯᠡᠵᠦ | ᠪᠠᠲᠤᠯᠠᠪᠠ᠃ | ᠬᠤᠷᠠᠯ ᠠᠴᠠ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠰᠢᠤᠢ ᠹᠧᠩ᠂ ᠸᠠᠩ ᠷᠦᠢ ᠪᠣᠯᠤᠨ ᠳ᠋ᠧᠩ ᠪᠦᠦ ᠵᠢᠶᠦ᠋ᠨ ᠤ ᠲᠤᠰᠢᠶᠠᠯ ᠤᠨ | ᠮᠡᠳᠡᠭᠦᠯᠦᠯᠲᠡ ᠶᠢ ᠰᠣᠨᠣᠰᠤᠨ ᠬᠢᠨᠠᠨ ᠵᠥᠪᠯᠡᠵᠦ᠂ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ 4 ᠲᠥᠯᠥᠭᠡᠯᠡᠭᠴᠢ ᠶᠢᠨ ᠳᠡᠪᠰᠢᠭᠦᠯᠦᠭᠰᠡᠨ ᠪᠢᠴᠢᠭ ᠤᠨ ᠬᠡᠯᠪᠡᠷᠢ ᠶᠢᠨ | ᠲᠤᠰᠢᠶᠠᠯ ᠤᠨ ᠮᠡᠳᠡᠭᠦᠯᠦᠯᠲᠡ ᠶᠢ ᠬᠢᠨᠠᠨ ᠵᠥᠪᠯᠡᠭᠰᠡᠨ ᠪᠦᠬᠡᠳ ᠳᠡᠭᠡᠷ᠎ᠡ ᠳᠤᠷᠠᠳᠤᠭᠰᠠᠨ ᠮᠡᠳᠡᠭᠦᠯᠦᠯᠲᠡ ᠳᠤ ᠬᠠᠨᠤᠮᠵᠢ | ᠲᠠᠢ ᠪᠠᠶᠢᠬᠤ ᠬᠡᠮᠵᠢᠶᠡᠨ ᠤ ᠪᠠᠲᠤᠯᠠᠯᠲᠠ ᠬᠢᠵᠦ᠂ ᠪᠠᠲᠤᠯᠠᠯᠲᠠ ᠶᠢᠨ ᠦᠷ᠎ᠡ ᠳ᠋ᠦᠩ ᠨᠢ ᠴᠥᠮ ᠬᠠᠨᠤᠮᠵᠢᠲᠠᠢ ᠪᠣᠯᠪᠠ᠃ | | ᠬᠤᠷᠠᠯ ᠠᠴᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ | ᠬᠤᠯᠪᠣᠭᠳᠠᠯ ᠪᠥᠬᠦᠶ ᠵᠦᠶᠯᠡᠰ ᠢ ᠬᠢᠨᠠᠨ ᠵᠥᠪᠯᠡᠭᠰᠡᠨ ᠪᠥᠭᠡᠳ ᠪᠠᠲᠤᠯᠠᠵᠤ᠂ ᠵᠧᠤ ᠮᠢᠨ ᠵᠢᠶᠧ ᠰᠢᠨ᠎ᠡ ᠪᠠᠷ | ᠲᠤᠰᠢᠶᠠᠯ ᠳᠤ ᠲᠣᠮᠢᠯᠠᠭᠳᠠᠭᠰᠠᠳ ᠲᠤ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠵᠤ᠂ ᠰᠢᠨ᠎ᠡ ᠪᠠᠷ | ᠲᠤᠰᠢᠶᠠᠯ ᠳᠤ ᠲᠣᠮᠢᠯᠠᠭᠳᠠᠭᠰᠠᠳ ᠦᠨᠳᠦᠰᠦᠨ ᠬᠠᠤᠯᠢ ᠳᠤ ᠲᠠᠩᠭᠠᠷᠢᠭᠯᠠᠬᠤ ᠶᠢᠨ ᠬᠠᠮᠲᠤ ᠣᠪᠣᠷ ᠢᠶᠠᠨ ᠢᠯᠡᠳᠬᠡᠬᠦ | ᠦᠭᠡ ᠬᠡᠯᠡᠪᠡ᠃ ︵ᠰᠤᠷᠪᠤᠯᠵᠢᠯᠠᠭᠴᠢ᠄ ᠭᠤᠤ ᠵᠢᠶᠠ ᠲᠦᠩ ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠭᠡᠷ︶ |