ᠳ᠋ᠠ ᠯᠢ ᠶᠠ ᠬᠤᠳᠠᠯᠳᠤᠭᠠᠨ ᠤ ᠠᠰᠠᠷ
ᠨᠡᠶᠢᠲᠡᠯᠡᠭᠰᠡᠨ ᠴᠠᠭ᠄
2025/3/14
     ᠳ᠋ᠠ ᠯᠢ ᠶᠠ ᠬᠤᠳᠠᠯᠳᠤᠭᠠᠨ ᠤ ᠠᠰᠠᠷ ᠪᠣᠯ ᠬᠤᠪᠴᠠᠰᠤ᠂ ᠱᠠᠬᠠᠶ ᠶᠢᠨ ᠵᠢᠵᠢᠭᠯᠡᠨ ᠬᠤᠳᠠᠯᠳᠤᠬᠤ ᠲᠤᠰᠬᠠᠶ ᠡᠵᠡᠩᠨᠡᠯᠲᠡ ᠶᠢᠨ ᠠᠰᠠᠷ ᠪᠣᠯᠤᠨ᠎ᠠ᠂ 1994 ᠣᠨ ᠳᠤ ᠪᠠᠶᠢᠭᠤᠯᠵᠤ ᠲᠠᠭᠤᠰᠬᠠᠨ ᠡᠵᠡᠩᠨᠡᠯᠲᠡ ᠪᠠᠨ ᠡᠬᠢᠯᠡᠬᠦᠯᠵᠤ᠂ ᠳᠣᠣᠷ᠎ᠠ ᠨᠢ 10 ᠲᠣᠮᠣ ᠬᠡᠯᠪᠡᠷᠢ ᠶᠢᠨ ᠵᠢᠵᠢᠭᠯᠡᠨ ᠬᠤᠳᠠᠯᠳᠤᠬᠤ ᠳᠡᠯᠭᠡᠭᠦᠷ ᠭᠠᠷᠭᠠᠵᠤ᠂ ᠡᠵᠡᠩᠨᠡᠯᠲᠡ ᠶᠢᠨ ᠲᠠᠯᠠᠪᠠᠶ ᠨᠢ 12000 ᠲᠡᠭᠰᠢ ᠳᠥᠷᠪᠡᠯᠵᠢᠨ ᠮᠧᠲᠷ᠂ 3000 ᠭᠠᠷᠤᠶ ᠲᠦᠮᠡᠨ ᠲᠥᠭᠦᠷᠢᠭ ᠤᠨ ᠡᠳ᠋ ᠬᠥᠷᠥᠩᠭᠡ ᠲᠠᠢ᠂ ᠤᠷᠢᠳ ᠬᠤᠵᠢᠳ ᠠᠵᠢᠯ ᠬᠦᠯᠢᠶᠡᠵᠦ ᠪᠠᠶᠢᠭ᠎ᠠ ᠵᠠᠯᠠᠭᠤᠴᠤᠳ ᠵᠢᠴᠢ ᠠᠵᠢᠯ ᠠᠯᠳᠠᠬᠰᠠᠨ 640 ᠭᠠᠷᠤᠶ ᠠᠵᠢᠯᠲᠠᠨ ᠠᠵᠢᠯᠴᠢᠨ ᠢ ᠰᠢᠶᠳᠪᠦᠷᠢᠯᠡᠵᠡᠶ᠃ ᠳ᠋ᠠ ᠯᠢ ᠶᠠ ᠬᠤᠳᠠᠯᠳᠤᠭᠠᠨ ᠤ ᠠᠰᠠᠷ ᠡᠵᠡᠩᠨᠡᠯᠲᠡ ᠪᠠᠨ ᠡᠬᠢᠯᠡᠬᠦᠯᠦᠭᠰᠡᠨ ᠤ ᠳᠠᠷᠠᠭ᠎ᠠ᠂ ︽ᠪᠦᠬᠦ ᠠᠵᠢᠯᠳᠠᠳ ᠵᠠᠬ᠎ᠠ ᠳᠡᠯᠭᠡᠭᠦᠷ ᠢᠶᠠᠨ ᠦᠷᠭᠡᠳᠬᠡᠵᠤ᠂ ᠥᠷᠢᠰᠥᠯᠳᠦᠭᠡᠨ ᠳᠤ ᠪᠦᠬᠦ ᠲᠠᠯ᠎ᠠ ᠪᠠᠷ ᠣᠷᠣᠯᠴᠠᠬᠤ︾ ᠵᠠᠬ᠎ᠠ ᠳᠡᠯᠭᠡᠭᠦᠷ ᠤᠨ ᠣᠶᠢᠯᠠᠭᠠᠭᠳᠠᠬᠤᠨ ᠢᠶᠠᠷ᠂ ᠲᠠᠰᠤᠷᠠᠯᠲᠠ ᠦᠭᠡᠢ    ᠬᠦᠭᠵᠢᠯᠳᠠ ᠶᠢ ᠬᠥᠭᠡᠭᠡᠴᠡᠯᠳᠦᠬᠦ ᠪᠠ ᠤᠷᠤᠭᠰᠢᠯᠠᠨ ᠳᠠᠪᠰᠢᠵᠤ᠂ ᠲᠡᠭᠦᠨ ᠤ ᠲᠤᠬᠠᠶᠢᠯᠠᠭᠰᠠᠨ ᠠᠵᠢᠯ ᠤᠨ ᠬᠡᠯᠳᠡᠰ ᠨᠡᠯᠢᠶᠡᠳ ᠥᠨᠳᠥᠷ ᠢᠲᠡᠭᠡᠯ ᠬᠦᠨᠳᠦ᠂ ᠲᠠᠸᠠᠷ ᠤᠷᠤᠭᠤᠯᠤᠬᠰᠠᠨ ᠵᠤᠭᠤᠰ ᠢ ᠨᠢ ᠲᠦᠷᠭᠡᠨ ᠦᠭᠬᠦ ᠨᠤᠷᠮ᠎ᠠ ᠪᠠᠷ᠂ ᠪᠦᠬᠦ ᠤᠯᠤᠰ ᠤᠨ ᠡᠯ᠎ᠡ ᠨᠡᠷᠡᠳᠤ ᠰᠢᠯᠢᠳᠡᠭ ᠦᠢᠯᠡᠳᠪᠦᠷᠢ ᠶᠢᠨ ᠢᠲᠡᠭᠡᠯ ᠪᠠ ᠳᠡᠮᠵᠢᠯᠭᠡ ᠶᠢ ᠣᠯᠵᠤ᠂ ᠬᠥᠮᠦᠨ ᠪᠦᠬᠦᠨ ᠤ ᠮᠡᠳᠡᠳᠡᠭ᠂ ᠬᠥᠮᠦᠨ ᠪᠦᠬᠦᠨ ᠤ ᠢᠳᠡᠭᠡᠳᠡᠭ ︽ᠨᠡᠷᠡᠳᠦ ᠤᠳᠤᠨ ᠠᠵᠤ ᠠᠬᠤᠶᠢᠯᠠᠯ︾ ᠪᠣᠯᠪᠠ᠃ ᠡᠭᠦᠨ ᠤ ᠬᠠᠮᠲᠤ᠂ ᠵᠠᠬ᠎ᠠ ᠳᠡᠯᠭᠡᠭᠦᠷ ᠪᠠᠨ ᠨᠡᠩ ᠶᠡᠭᠡ ᠪᠠᠷ ᠥᠷᠭᠡᠳᠬᠡᠬᠦ ᠶᠢᠨ ᠲᠥᠯᠥᠭᠡ᠂ ᠳ᠋ᠠ ᠯᠢ ᠶᠠ ᠬᠤᠳᠠᠯᠳᠤᠭᠠᠨ ᠤ ᠠᠰᠠᠷ ᠪᠠᠰᠠ ᠭᠤᠸᠠᠩᠵᠧᠦ᠂ ᠱᠠᠩᠬᠠᠶ᠂ ᠪᠡᠭᠡᠵᠢᠩ ᠵᠡᠷᠭᠡ ᠭᠠᠵᠠᠷ ᠲᠤ ᠲᠤᠰᠬᠠᠶᠢᠯᠠᠨ ᠰᠠᠯᠪᠤᠷᠢ ᠪᠠᠶᠢᠭᠤᠯᠤᠮᠵᠢ ᠪᠠᠶᠢᠭᠤᠯᠵᠠᠶ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号