ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 12 ᠤᠨ ᠴᠠᠬᠢᠯᠭᠠᠨ ᠮᠡᠳᠡᠭᠡ ᠲᠤᠮᠳᠠᠳᠤ ᠤᠯᠤᠰ ᠤᠨ | ᠡᠪ ᠬᠠᠮᠳᠤ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ | ᠨᠠᠶᠢᠷᠠᠭᠤᠯᠤᠭᠰᠠᠨ ︽ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ | ᠥᠭᠦᠯᠡᠯᠲᠡ ᠶᠢᠨ ᠲᠡᠭᠦᠪᠦᠷᠢ︾ ᠭᠡᠬᠦ ᠨᠣᠮ ᠢ ᠣᠶᠢᠷ᠎ᠠ ᠳᠤ ᠲᠥᠪ ᠤᠨ ᠲᠤᠯᠭᠤᠷ ᠪᠢᠴᠢᠭ ᠤᠨ ᠬᠡᠪᠯᠡᠯ ᠤᠨ ᠬᠤᠷᠢᠶ᠎ᠠ ᠠᠴᠠ | ᠬᠡᠪᠯᠡᠭᠦᠯᠵᠦ᠂ ᠪᠥᠬᠦ ᠤᠯᠤᠰ ᠲᠤ ᠲᠠᠷᠬᠠᠭᠠᠪᠠ᠃ | ᠨᠠᠮ ᠤᠨ ᠰᠤᠷᠲᠠᠯ ᠪᠣᠯ ᠳᠠᠷᠤᠢ ᠨᠠᠮ ᠤᠨ ᠲᠦᠷᠢ ᠲᠥᠷᠬᠦ ᠮᠥᠨ᠂ ᠲᠡᠷᠡ ᠨᠢ ᠬᠥᠮᠦᠨ ᠤ ᠰᠡᠳᠭᠢᠯ ᠤᠨ | ᠬᠠᠨᠳᠤᠰᠢ ᠳᠤ ᠬᠤᠯᠪᠣᠭᠳᠠᠵᠤ᠂ ᠨᠠᠮ ᠪᠠ ᠤᠯᠤᠰ ᠤᠨ ᠠᠵᠢᠯ ᠦᠢᠯᠡᠰ ᠤᠨ ᠪᠦᠲᠦᠵᠦ ᠪᠦᠷᠢᠯᠬᠦ ᠶᠢ ᠲᠣᠭᠲᠠᠭᠠᠳᠠᠭ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠤᠯ ᠪᠤᠯᠭᠠᠭᠰᠠᠨ ᠨᠠᠮ ᠤᠨ | ᠲᠥᠪ ᠬᠤᠷᠢᠶ᠎ᠠ ᠲᠥᠪ ᠤᠨ ᠨᠠᠢᠮᠠᠨ ᠲᠣᠭᠲᠠᠭᠠᠯ ᠢ ᠲᠣᠭᠲᠠᠭᠠᠨ ᠨᠠᠶᠢᠳᠠᠪᠤᠷᠢᠵᠢᠭᠤᠯᠬᠤ ᠠᠴᠠ ᠡᠬᠢᠯᠡᠨ ᠬᠦᠴᠢᠷ ᠰᠡᠳᠦᠪ ᠢ | ᠰᠶᠢᠳᠪᠦᠷᠢᠯᠡᠵᠤ᠂ ᠳᠡᠭᠡᠷ᠎ᠡ ᠠᠴᠠ ᠳᠣᠷᠣᠭᠰᠢ ᠲᠤᠭᠤᠰᠢᠯᠠᠭᠤᠯᠵᠤ᠂ ᠳᠡᠭᠡᠷ᠎ᠡ ᠱᠠᠳᠤ ᠨᠢ ᠳᠣᠤᠷ᠎ᠠ ᠱᠠᠳᠤ ᠪᠠᠨ | ᠳᠠᠶᠢᠴᠢᠯᠠᠬᠤ ᠶᠢ ᠪᠠᠷᠢᠮᠲᠠᠯᠠᠵᠤ᠂ ᠰᠢᠨ᠎ᠡ ᠪᠠᠶᠢᠳᠠᠯ ᠳᠣᠣᠷ᠎ᠠ ᠰᠤᠷᠲᠠᠯ ᠤᠨ ᠪᠠᠶᠢᠭᠤᠯᠤᠯᠲᠠ ᠳᠤ ᠶᠠᠭᠤ ᠶᠢ ᠠᠳᠬᠤᠬᠤ᠂ | ᠬᠡᠷᠬᠢᠨ ᠠᠳᠬᠤᠬᠤ ᠠᠰᠠᠭᠤᠳᠠᠯ ᠢ ᠰᠢᠢᠳᠪᠦᠷᠢᠯᠡᠪᠡ᠃ ᠨᠠᠢᠮᠠᠨ ᠲᠣᠭᠲᠠᠭᠠᠯ ᠢ ᠨᠢᠭᠡ ᠯᠡ ᠳᠣᠣᠷ᠎ᠠ ᠨᠠᠶᠢᠳᠠᠪᠤᠷᠢᠵᠢᠭᠤᠯᠵᠤ᠂ | ᠰᠤᠷᠲᠠᠯ ᠤᠨ ᠪᠠᠶᠢᠭᠤᠯᠤᠯᠲᠠ ᠪᠦᠬᠦ ᠲᠠᠯ᠎ᠠ ᠪᠠᠷ ᠠᠮᠢᠳᠤᠯᠢᠭᠵᠢᠵᠤ᠂ ᠨᠠᠮ ᠤᠨ ᠰᠤᠷᠲᠠᠯ ᠵᠠᠰᠠᠭ ᠤᠨ ᠰᠤᠷᠲᠠᠯ ᠰᠢᠨᠡᠳᠴᠦ᠂ | ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠦᠷᠭᠦᠯᠵᠢᠯᠡᠨ ᠰᠠᠶᠢᠵᠢᠷᠠᠵᠤ᠂ ᠮᠠᠨ ᠤ ᠨᠠᠮ ᠰᠤᠷᠲᠠᠯ ᠤᠨ ᠪᠠᠶᠢᠭᠤᠯᠤᠯᠲᠠ ᠶᠢᠨ | ᠰᠢᠨ᠎ᠡ ᠳᠦᠷᠰᠦ ᠪᠠᠶᠢᠳᠠᠯ ᠢᠶᠠᠷ ᠠᠷᠠᠳ ᠤᠯᠠᠨ ᠤ ᠢᠲᠡᠭᠡᠯ ᠬᠦᠷᠢᠶᠡᠯᠡᠯ ᠢ ᠤᠯᠪᠠ᠃ ᠰᠢ ᠶᠢᠨ ᠫᠢᠩ ᠨᠥᠬᠦᠷ ᠤᠨ ᠨᠠᠮ ᠤᠨ | ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠶᠢᠨ ᠲᠣᠭᠤᠷᠢᠨ ᠳᠤ ᠨᠡᠶᠢᠳᠡᠯᠡᠭᠰᠡᠨ ᠠᠯᠢ ᠣᠯᠠᠨ ᠴᠢᠬᠤᠯᠠ | ᠥᠭᠦᠯᠡᠯᠲᠡ ᠨᠢ ᠠᠯᠤᠰ ᠭᠡᠳᠦ ᠶᠢᠨ ᠬᠠᠷᠠᠯᠲᠠ ᠲᠠᠢ᠂ ᠠᠭᠤᠯᠤᠭᠳᠠᠬᠤᠨ ᠪᠠᠶᠠᠯᠢᠭ᠂ ᠦᠵᠡᠯ ᠰᠠᠨᠠᠭ᠎ᠠ ᠭᠦᠨᠵᠡᠭᠡᠶ ᠪᠠᠶᠢᠵᠤ᠂ | ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ︽ᠳᠥᠷᠪᠡᠨ ᠰᠤᠷᠲᠠᠯ︾ ᠢ | ᠵᠠᠯᠠᠷᠠᠭᠤᠯᠵᠤ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠵᠤ ᠤᠷᠲᠤ ᠬᠤᠭᠤᠴᠠᠭ᠎ᠠ ᠪᠦᠲᠦᠮᠵᠢᠲᠡᠢ ᠪᠣᠯᠭᠠᠬᠤ ᠶᠢ | ᠠᠬᠢᠭᠤᠯᠵᠤ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠢᠶᠠᠷ ᠨᠡᠶᠢᠭᠡᠮ ᠤᠨ ᠬᠤᠪᠢᠰᠬᠠᠯ ᠢ ᠬᠥᠲᠥᠯᠥᠨ ᠳᠠᠭᠠᠭᠤᠯᠬᠤ ᠳᠡᠭᠡᠳᠦ | ᠬᠡᠮᠵᠢᠶᠡᠨ ᠤ ᠤᠬᠠᠮᠰᠠᠷ ᠢ ᠪᠠᠲᠤᠯᠠᠵᠤ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠠ ᠴᠢᠩᠭ᠎ᠠ ᠪᠠᠷᠢᠮᠵᠢᠶ᠎ᠠ ᠪᠠᠷ ᠨᠠᠮ ᠢ | ᠬᠠᠮᠢᠶᠠᠷᠴᠤ ᠨᠠᠮ ᠢ ᠵᠠᠰᠠᠬᠤ ᠶᠢ ᠪᠠᠷᠢᠮᠲᠠᠯᠠᠵᠤ᠂ ᠨᠠᠮ ᠤᠨ ᠢᠮᠠᠭᠲᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠢᠯᠡᠰ ᠤᠨ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠣᠯᠬᠤ ᠶᠢ ᠦᠨᠡᠨ ᠬᠦ ᠪᠠᠲᠤᠯᠠᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠬᠤ ᠳᠤ ᠮᠠᠰᠢ ᠴᠢᠬᠤᠯᠠ | ᠠᠴᠢ ᠬᠤᠯᠪᠣᠭᠳᠠᠯ ᠲᠠᠢ ᠶᠤᠮ᠃ | ︽ᠥᠭᠦᠯᠡᠯᠲᠡ ᠶᠢᠨ ᠲᠡᠭᠦᠪᠦᠷᠢ︾ ᠨᠢ 9 ᠲᠤᠰᠬᠠᠢ ᠰᠡᠳᠦᠪ ᠬᠤᠪᠢᠶᠠᠵᠤ᠂ ᠨᠡᠶᠢᠳᠡ 299 ᠬᠡᠰᠡᠭ | ᠥᠭᠦᠯᠡᠯᠲᠡ ᠲᠠᠢ ᠪᠠᠶᠢᠵᠤ᠂ ᠰᠢ ᠶᠢᠨ ᠫᠢᠩ ᠨᠥᠬᠦᠷ ᠤᠨ 2012 ᠣᠨ ᠤ 11 ᠰᠠᠷ᠎ᠠ ᠠᠴᠠ 2025 ᠣᠨ ᠤ 2 ᠰᠠᠷ᠎ᠠ | ᠪᠣᠯᠲᠠᠯᠠᠬᠢ ᠬᠤᠭᠤᠴᠠᠭᠠᠨ ᠳᠠᠬᠢ ᠮᠡᠳᠡᠭᠦᠯᠦᠯᠲᠡ᠂ ᠶᠠᠷᠢᠶ᠎ᠠ᠂ ᠵᠢᠭᠠᠪᠤᠷᠢ᠂ ᠣᠷᠣᠰᠢᠯ ᠵᠡᠷᠭᠡ 130 ᠭᠠᠷᠤᠢ ᠴᠢᠬᠤᠯᠠ | ᠲᠤᠯᠭᠤᠷ ᠪᠢᠴᠢᠭ ᠠᠴᠠ ᠰᠣᠩᠭᠤᠨ ᠠᠪᠤᠪᠠ᠃ ᠡᠭᠦᠨ ᠳᠤ ᠬᠡᠰᠡᠭ ᠥᠭᠦᠯᠡᠯᠲᠡ ᠶᠢ ᠨᠢ ᠠᠩᠬ᠎ᠠ ᠤᠳᠠᠭ᠎ᠠ ᠢᠯᠡ ᠪᠠᠷ | ᠨᠡᠶᠢᠲᠡᠯᠡᠵᠦ ᠪᠠᠶᠢᠨ᠎ᠠ᠃ |