ᠣᠶᠢᠷ᠎ᠠ ᠳᠤ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠬᠤ᠋ ᠴᠢᠶᠠᠩ ᠪᠥᠬᠦ ᠲᠤᠭᠤᠷᠢᠭ ᠤᠨ 12 | ᠵᠡᠭᠡᠯᠢ ᠭᠤᠳᠤᠮᠵᠢ ᠳᠤ ᠭᠦᠨᠵᠡᠭᠡᠶ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠲᠣᠰ ᠲᠣᠰ ᠶᠠᠷᠢᠯᠴᠠᠬᠤ ᠬᠤᠷᠠᠯ | ᠬᠤᠷᠠᠯᠳᠤᠭᠤᠯᠪᠠ᠃ | ᠬᠤ᠋ ᠴᠢᠶᠠᠩ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠨ ᠱᠠᠲᠤᠨ ᠤ ᠵᠠᠰᠠᠯᠲᠠ ᠶᠢᠨ ᠲᠤᠬᠠᠢ | ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ | ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠬᠤᠳᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠠᠵᠠᠷ | ᠣᠷᠣᠨ ᠤ ᠪᠠᠶᠢᠳᠠᠯ ᠳᠤᠨᠢ ᠲᠤᠬᠢᠷᠠᠭᠤᠯᠤᠨ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ | ᠬᠦᠳᠦᠯᠥᠨ ᠳᠠᠭᠠᠭᠤᠯᠬᠤ ᠶᠢ ᠠᠬᠢᠭᠤᠯᠵᠤ᠂ ᠠᠷᠠᠳ ᠲᠤ ᠦᠢᠯᠡᠴᠢᠯᠡᠬᠦ ᠪᠣᠳᠠᠲᠤ ᠶᠠᠪᠤᠳᠠᠯ ᠰᠠᠶᠢᠨ ᠶᠠᠪᠤᠳᠠᠯ ᠢ ᠤᠨᠢᠨ | ᠲᠡᠬᠡᠷ᠎ᠡ ᠨᠢ ᠪᠦᠲᠦᠮᠵᠢᠲᠡᠢ ᠰᠠᠶᠢᠲᠤᠷ ᠬᠢᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠴᠣᠭᠴᠠᠯᠠᠯᠲᠠ ᠶᠢᠨ ᠪᠦᠬᠦ ᠲᠠᠯ᠎ᠠ ᠪᠠᠷ ᠴᠠᠭᠠᠷᠠᠵᠤ᠂ ᠪᠦᠬᠦ ᠲᠠᠯ᠎ᠠ ᠪᠠᠷ ᠳᠡᠭᠡᠭᠰᠢᠯᠡᠬᠦ ᠶᠢ ᠠᠬᠢᠭᠤᠯᠬᠤ ᠬᠡᠷᠡᠭᠲᠡᠢ᠃ | ᠦᠨᠳᠦᠰᠦᠨ ᠱᠠᠲᠤᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠤᠨ ᠰᠤᠷᠲᠠᠯ ᠢᠶᠠᠨ ᠲᠠᠰᠤᠷᠠᠯᠲᠠ | ᠥᠬᠡᠶ ᠰᠠᠶᠢᠵᠢᠷᠠᠭᠤᠯᠵᠤ᠂ ᠲᠤᠭᠤᠷᠢᠭ ᠤᠨ ᠨᠠᠮ ᠤᠨ ᠬᠤᠷᠢᠶᠠᠨ ᠤ ᠭᠤᠤᠯ ᠠᠵᠢᠯ ᠤᠨ ᠲᠤᠭᠤᠷᠢᠨ ᠳᠤ | ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠯ᠎ᠡ ᠵᠦᠶᠯ ᠤᠨ ᠡᠭᠦᠷᠭᠡ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ | ᠬᠡᠷᠡᠭᠲᠡᠶ ᠬᠡᠵᠡᠢ᠃ | ᠲᠤᠭᠤᠷᠢᠭ ᠤᠨ ᠤᠳᠤᠷᠢᠳᠤᠯᠭ᠎ᠠ ᠯᠢᠦ ᠷᠦᠢ ᠯᠦᠩ᠂ ᠬᠤ᠋ ᠲᠢᠩ᠂ ᠰᠦ᠋ ᠵᠢᠶᠦ᠋ᠨ᠂ ᠸᠠᠩ ᠰᠢᠤ ᠵᠢᠤᠸᠠᠨ | ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ | ᠣᠷᠣᠯᠴᠠᠵᠠᠢ᠃ ︵ᠰᠤᠷᠪᠤᠯᠵᠢᠯᠠᠭᠴᠢ᠄ ᠯᠧᠢ ᠶᠤᠸᠠᠨ ᠶᠤᠸᠠᠨ ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ | ᠨᠠᠮ ᠤᠨ ᠬᠤᠷᠢᠶᠠᠨ ᠤ ᠠᠯᠪᠠᠨ ᠬᠡᠷ︶ | |