ᠠᠷᠠᠳ ᠵᠡᠭᠡᠯᠢ ᠭᠤᠳᠤᠮᠵᠢ 3 ·15 ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ︽ᠬᠠᠨᠤᠮᠵᠢᠲᠠᠶ ᠬᠡᠷᠡᠭᠯᠡᠭᠡ︾ ᠶᠢᠨ ᠣᠷᠴᠢᠨ ᠲᠣᠭᠤᠷᠢᠨ ᠢ ᠬᠠᠮᠳᠤ ᠪᠠᠷ ᠡᠬᠦᠳᠪᠡ
ᠨᠡᠶᠢᠲᠡᠯᠡᠭᠰᠡᠨ ᠴᠠᠭ᠄
2025/3/18
    ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ 60 ᠭᠠᠷᠤᠶ ᠬᠤᠳᠠᠯᠳᠤᠭᠠᠨ ᠤ ᠡᠷᠦᠬᠡ ᠣᠷᠣᠯᠴᠠᠵᠤ᠂ 500 ᠭᠠᠷᠤᠶ ᠬᠡᠷᠡᠭᠯᠡᠭᠴᠢᠳ ᠤᠨ ᠠᠩᠬᠠᠷᠤᠯ ᠢ ᠲᠡᠳᠡᠵᠤ᠂ 200 ᠭᠠᠷᠤᠶ ᠬᠤᠪᠢ ᠮᠠᠲ᠋ᠧᠷᠢᠶᠠᠯ ᠲᠠᠷᠬᠠᠭᠠᠪᠠ᠃ ᠬᠠᠤᠯᠢ ᠲᠣᠭᠲᠠᠭᠠᠯ ᠵᠢᠴᠢ ᠬᠡᠷᠡᠭᠯᠡᠭᠴᠢᠳ ᠤᠨ ᠡᠷᠬᠡ ᠠᠰᠢᠭ ᠢᠶᠠᠨ ᠬᠠᠮᠠᠭᠠᠯᠠᠬᠤ ᠮᠡᠳᠡᠯᠭᠡ ᠶᠢ ᠤᠬᠠᠭᠤᠯᠤᠨ ᠲᠠᠶᠢᠯᠪᠤᠷᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠪᠣᠳᠠᠲᠠᠶ ᠲᠠᠢ ᠪᠠᠨ ᠤᠶᠠᠯᠳᠤᠭᠤᠯᠤᠨ ᠬᠤᠳᠠᠯ ᠬᠠᠭᠤᠷᠮᠠᠭ ᠤᠬᠠᠭᠤᠯᠭ᠎ᠠ ᠵᠡᠷᠭᠡ ᠤᠨᠠᠭᠤᠯᠢ ᠶᠢ ᠵᠠᠳᠠᠯᠤᠨ ᠲᠠᠶᠢᠯᠪᠤᠷᠢᠯᠠᠵᠤ᠂ ᠬᠡᠷᠡᠭᠯᠡᠭᠴᠢᠳ ᠤᠨ ᠮᠡᠳᠡᠭᠡ ᠵᠠᠩᠭᠢ ᠶᠢ ᠢᠯᠭᠠᠨ ᠳᠣᠲᠣᠯᠠᠬᠤ᠂ ᠭᠡᠷᠡᠴᠢ ᠪᠠᠷᠢᠮᠲᠠ ᠦᠯᠡᠳᠡᠭᠡᠬᠦ᠂ ᠬᠡᠷᠡᠭᠯᠡᠬᠡᠨ ᠤ ᠵᠠᠭᠤᠷᠠᠯᠳᠤᠭᠠᠨ ᠡᠭᠦᠰᠪᠡᠯ 12315᠂ 12345 ᠳᠤ ᠤᠲᠠᠰᠤᠳᠠᠵᠤ ᠣᠶᠤᠨᠴᠢ ᠪᠠᠷ ᠡᠷᠬᠡ ᠠᠰᠢᠭ ᠢᠶᠠᠨ ᠬᠠᠮᠠᠭᠠᠯᠠᠬᠤ ᠶᠢ ᠵᠢᠯᠣᠭᠤᠳᠪᠠ᠃ 7 ᠡᠵᠡᠩᠨᠡᠯᠲᠡ ᠶᠢᠨ ᠡᠷᠦᠬᠡ ᠶᠢᠨ ᠲᠤᠰᠬᠠᠭᠰᠠᠨ ᠵᠠᠷᠢᠮ ᠬᠡᠷᠡᠭᠯᠡᠭᠴᠢᠳ ᠤᠨ ᠵᠦᠶ ᠵᠣᠬᠢᠰ ᠥᠬᠡᠶ ᠵᠠᠭᠠᠯᠳᠤᠯᠭ᠎ᠠ ᠶᠢᠨ ᠠᠰᠠᠭᠤᠳᠠᠯ ᠳᠤ ᠴᠢᠭᠯᠡᠭᠦᠯᠦᠨ᠂ ᠬᠠᠤᠯᠢ ᠬᠡᠷᠡᠭᠵᠢᠭᠦᠯᠬᠦ ᠠᠵᠢᠯᠲᠠᠨ ᠢᠯᠭᠠᠨ ᠲᠠᠨᠢᠬᠤ ᠡᠷᠴᠢᠮ ᠢᠶᠠᠨ ᠴᠢᠩᠭᠠᠷᠠᠭᠤᠯᠵᠤ᠂ ᠵᠤᠷᠢᠭᠤᠳᠠ ᠮᠠᠭᠤ ᠰᠠᠨᠠᠭ᠎ᠠ ᠪᠠᠷ ᠵᠠᠭᠠᠯᠳᠤᠭᠰᠠᠨ ᠬᠡᠷᠡᠭ ᠢ ᠭᠥᠯᠢᠶᠡᠨ ᠠᠪᠴᠤ ᠰᠢᠶᠳᠪᠦᠷᠢᠯᠡᠬᠦ ᠥᠬᠡᠶ ᠪᠥᠭᠡᠳ ᠡᠬᠡ ᠲᠠᠩᠰᠠ    ᠪᠠᠶᠢᠭᠤᠯᠵᠤ᠂ ᠬᠠᠤᠯᠢ ᠠᠴᠠ ᠵᠥᠷᠢᠴᠡᠭᠰᠡᠨ ᠶᠠᠪᠤᠳᠠᠯ ᠳᠤ ᠬᠤᠯᠪᠣᠭᠳᠠᠭᠰᠠᠨ ᠰᠦᠪᠡᠭᠴᠢ ᠶᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ᠂ ᠬᠤᠳᠠᠯᠳᠤᠭᠠᠨ ᠤ ᠡᠷᠦᠬᠡ ᠶᠢᠨ ᠡᠷᠬᠡ ᠠᠰᠢᠭ ᠢ ᠪᠠᠲᠤᠯᠠᠨ᠎ᠠ ᠭᠡᠵᠦ ᠠᠮᠠᠯᠠᠪᠠ᠃ ︵ᠠᠷᠠᠳ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号