ᠨᠢᠭᠡ ᠳᠤ᠂ ᠬᠡᠦᠬᠡᠳ ᠪᠤᠶᠢᠵᠢᠭᠤᠯᠬᠤ ᠲᠥᠷᠥ ᠶᠢᠨ ᠪᠣᠳᠣᠯᠭ᠎ᠠ ᠶᠢᠨ ︽ᠡᠭᠦᠯᠡᠨ ᠴᠤᠩᠬᠤᠪᠴᠢ︾ ᠶᠢᠨ | ᠦᠶᠯᠡᠴᠢᠯᠡᠭᠡᠨ ᠤ ᠲᠣᠭᠲᠠᠴᠠ ᠶᠢ ᠪᠠᠶᠢᠭᠤᠯᠵᠤ᠂ ᠪᠦᠬᠦᠯᠢ ᠡᠳᠦᠷ ᠤᠨ ᠰᠦᠯᠵᠢᠶᠡᠨ ᠦᠢᠯᠡᠴᠢᠯᠡᠭᠡ ᠶᠢ | ᠨᠡᠪᠳᠡᠷᠡᠬᠦᠯᠪᠡ᠃ ᠲᠥᠷᠥ ᠶᠢᠨ ᠪᠣᠳᠣᠯᠭ᠎ᠠ ᠶᠢᠨ ᠮᠠᠳᠠᠭ ᠲᠠᠢ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ | ᠥᠭᠴᠦ᠂ ᠰᠦᠯᠵᠢᠶᠡᠨ ᠳᠡᠭᠡᠷ᠎ᠡ ᠮᠠᠲ᠋ᠧᠷᠢᠶᠠᠯ ᠢ ᠤᠷᠢᠳᠴᠢᠯᠠᠨ ᠬᠢᠨᠡᠪᠡ᠃ ᠨᠢᠭᠡᠨᠲᠡ 1200 ᠬᠥᠮᠦᠨ ᠤᠳᠠᠭ᠎ᠠ ᠶᠢᠨ | ᠲᠥᠷᠥ ᠶᠢᠨ ᠪᠣᠳᠣᠯᠭ᠎ᠠ ᠶᠢᠨ ᠲᠤᠬᠠᠢ ᠯᠠᠪᠯᠠᠭ᠎ᠠ ᠶᠢ ᠭᠥᠯᠢᠶᠡᠨ ᠠᠪᠴᠤ ᠬᠠᠷᠢᠭᠤᠯᠳᠠ ᠦᠭᠴᠦ᠂ 202 ᠡᠷᠦᠬᠡ ᠶᠢᠨ | ᠮᠠᠲ᠋ᠧᠷᠢᠶᠠᠯ ᠢ ᠤᠷᠢᠳᠴᠢᠯᠠᠨ ᠬᠢᠨᠠᠵᠤ᠂ ᠲᠤᠰᠬᠠᠯ ᠭᠠᠷᠤᠭᠰᠠᠨ ᠨᠣᠷᠮ᠎ᠠ ᠨᠢ 100% ᠳᠤ ᠬᠥᠷᠪᠡ᠃ ᠬᠤᠶᠠᠷ ᠲᠤ᠂ | ︽ᠪᠣᠰᠤᠭ᠎ᠠ ᠴᠣᠭᠴᠠᠲᠤ︾ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠢ ᠪᠠᠶᠢᠭᠤᠯᠵᠤ᠂ ᠰᠦᠯᠵᠢᠶᠡᠨ ᠳᠡᠭᠡᠷ᠎ᠡ 60 | ᠲᠤᠤᠷᠵᠢᠯ ᠤᠨ ᠸᠢᠴᠠᠲ ᠴᠤᠬᠯᠠᠷᠠᠯ᠂ ᠸᠢᠴᠠᠲ ᠨᠡᠶᠢᠲᠡ ᠶᠢᠨ ᠲᠠᠪᠴᠠᠩ ᠵᠡᠷᠭᠡ ᠳᠤ ᠲᠦᠰᠢᠭᠯᠡᠨ᠂ 500 ᠭᠠᠷᠤᠢ | ᠵᠤᠷᠪᠤᠰ ᠲᠦᠷᠦ ᠶᠢᠨ ᠪᠤᠳᠤᠯᠭ᠎ᠠ ᠶᠢᠨ ᠵᠢᠷᠤᠭᠲᠤ ᠲᠠᠶᠢᠯᠪᠤᠷᠢ ᠪᠣᠯᠤᠨ ᠭᠤᠶᠤᠴᠢᠯᠠᠨ ᠮᠡᠳᠡᠭᠦᠯᠬᠦ ᠵᠦᠭᠯᠡᠭᠦᠷ ᠢ | ᠲᠠᠨᠢᠯᠴᠠᠭᠤᠯᠵᠤ᠂ ᠸᠢᠳᠢᠣ᠋ ᠨᠡᠪᠳᠡᠷᠡᠬᠦᠯᠬᠡ ᠶᠢ ᠬᠦᠯᠢᠶᠡᠨ ᠠᠪᠴᠤ ᠦᠵᠡᠭᠰᠡᠨ ᠬᠦᠮᠦᠨ ᠤ ᠲᠤᠭ᠎ᠠ 1810 ᠪᠣᠯᠪᠠ᠃ | ᠠᠬᠤᠢ ᠲᠠᠯᠠᠪᠠᠢ ᠳᠤ ︽ᠲᠥᠷᠥ ᠶᠢᠨ ᠪᠣᠳᠣᠯᠭ᠎ᠠ ᠶᠢ ᠠᠰᠠᠷ ᠲᠤ ᠣᠷᠣᠭᠤᠯᠬᠤ︾ ᠠᠵᠢᠯᠯᠠᠭ᠎ᠠ ᠶᠢ ᠥᠷᠨᠢᠭᠦᠯᠵᠦ᠂ | 2000 ᠭᠠᠷᠤᠶ ᠬᠡᠷ ᠪᠦᠯᠢ ᠶᠢ ᠰᠤᠷᠪᠤᠯᠵᠢᠯᠠᠨ᠂ 800 ᠭᠠᠷᠤᠶ ᠤᠬᠠᠭᠤᠯᠭ᠎ᠠ ᠶᠢᠨ ᠳᠡᠪᠲᠡᠷ ᠲᠠᠷᠬᠠᠭᠠᠵᠤ᠂ | ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠲᠥᠷᠥ ᠶᠢᠨ | ᠪᠣᠳᠣᠯᠭ᠎ᠠ ᠶᠢ ᠤᠨᠢᠨ ᠲᠡᠭᠡᠷ᠎ᠡ ᠨᠢ ᠨᠠᠶᠢᠳᠠᠪᠤᠷᠢᠵᠢᠭᠤᠯᠬᠤ ᠶᠢ ᠠᠬᠢᠭᠤᠯᠪᠠ᠃ ︵ᠬᠦᠨᠳᠡᠯᠡᠨ ᠦᠢᠯᠡᠳᠪᠦᠷᠢᠴᠢᠨ ᠤ ᠵᠠᠮ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ |