ᠡᠷᠡᠭᠦᠯ ᠡᠩᠬᠡ ᠪᠤᠭᠤᠲᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠣᠶᠣᠯ ᠤᠨ ᠤᠮᠠᠷᠠᠲᠤ ᠬᠢᠯᠢ ᠶᠢᠨ ᠠᠶᠠᠯᠠᠯ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2025/3/18
   ᠬᠥᠨᠳᠡᠯᠡᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠰᠢᠤᠢ ᠹᠧᠩ ᠢᠯᠡᠷᠬᠡᠶᠢᠯᠡᠬᠦ ᠳᠡᠭᠡᠨ᠄ ᠪᠢᠳᠡ ᠠᠳᠡ ᠡᠷᠡᠭᠦᠯ ᠡᠩᠬᠡ ᠪᠤᠭᠤᠲᠤ — ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠣᠶᠣᠯ ᠤᠨ ᠤᠮᠠᠷᠠᠲᠤ ᠬᠢᠯᠢ ᠶᠢᠨ ᠠᠶᠠᠯᠠᠯ  ᠤᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠢ ᠦᠪᠡᠳᠡᠭᠰᠢ ᠶᠡᠭᠡ ᠪᠠᠷ ᠡᠷᠭᠢᠯᠡᠵᠦ᠂ 96 ᠳᠠᠬᠢ ᠳᠤᠮᠳᠠᠳᠤ ᠤᠯᠤᠰ ᠤᠨ ᠬᠢᠲᠠᠳ ᠡᠮᠨᠡᠯᠭᠡ ᠶᠢᠨ ᠪᠠᠶᠠᠷ ᠢ ᠬᠠᠮᠲᠤ ᠪᠠᠷ ᠪᠡᠯᠭᠡᠯᠡᠪᠡ᠃ ᠲᠣᠰ ᠤᠳᠠᠭᠠᠨ ᠤ ᠠᠵᠢᠯᠯᠠᠭ᠎ᠠ ᠪᠣᠯ ᠶᠡᠷᠦᠩᠬᠡᠶ ᠱᠦᠵᠢ ᠰᠢ ᠶᠢᠨ ᠫᠢᠩ ᠤᠨ ᠬᠢᠲᠠᠳ ᠡᠮ ᠡᠮᠨᠡᠯᠭᠡ ᠶᠢ ᠰᠠᠶᠢᠲᠤᠷ ᠤᠯᠠᠮᠵᠢᠯᠠᠨ ᠵᠠᠯᠭᠠᠮᠵᠢᠯᠠᠵᠤ᠂ ᠰᠠᠶᠢᠲᠤᠷ ᠬᠥᠭᠵᠢᠭᠦᠯᠵᠦ᠂ ᠰᠠᠶᠢᠲᠤᠷ ᠠᠰᠢᠭᠯᠠᠬᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠪᠠ ᠡᠷᠡᠭᠦᠯ ᠡᠩᠬᠡ ᠪᠤᠭᠤᠲᠤ᠂ ᠡᠷᠡᠭᠦᠯ ᠡᠩᠬᠡ ᠬᠥᠨᠳᠡᠯᠡᠨ ᠲᠣᠭᠤᠷᠢᠭ ᠤᠨ ᠠᠵᠢᠯᠯᠠᠭ᠎ᠠ ᠶᠢᠨ ᠠᠮᠢᠳᠤᠯᠢᠭ ᠦᠶᠯᠡᠳᠦᠯᠭᠡ ᠮᠥᠨ᠂ ᠬᠢᠲᠠᠳ ᠡᠮ ᠡᠮᠨᠡᠯᠭᠡ ᠶᠢᠨ ᠰᠣᠶᠣᠯ ᠢ ᠤᠯᠠᠮᠵᠢᠯᠠᠨ ᠪᠠᠳᠠᠷᠠᠭᠤᠯᠵᠤ ᠬᠢᠲᠠᠳ ᠡᠮ ᠡᠮᠨᠡᠯᠭᠡ ᠶᠢᠨ ᠦᠶᠯᠡᠰ ᠢ ᠬᠥᠭᠵᠢᠭᠦᠯᠦᠨ ᠮᠠᠨᠳᠤᠭᠤᠯᠬᠤ ᠪᠣᠳᠠᠲᠠᠶ ᠶᠢ ᠡᠷᠬᠢᠮᠯᠡᠭᠰᠡᠨ ᠠᠷᠭ᠎ᠠ ᠬᠡᠮᠵᠢᠶ᠎ᠡ ᠮᠥᠨ᠂ ᠪᠠᠰᠠ ᠴᠤ ᠪᠥᠬᠦ ᠬᠤᠲᠠ ᠪᠥᠬᠦ ᠲᠤᠭᠤᠷᠢᠭ ᠲᠤ ᠬᠢᠲᠠᠳ ᠡᠮ ᠡᠮᠨᠡᠯᠭᠡ ᠶᠢ ᠰᠠᠶᠢᠲᠤᠷ ᠬᠥᠭᠵᠢᠭᠦᠯᠬᠦ᠂ ᠬᠢᠲᠠᠳ ᠡᠮ ᠡᠮᠨᠡᠯᠭᠡ ᠶᠢ ᠬᠠᠶᠢᠷᠠᠯᠠᠬᠤ᠂ ᠬᠢᠲᠠᠳ ᠡᠮ ᠡᠮᠨᠡᠯᠭᠡ ᠶᠢ ᠬᠡᠷᠡᠭᠯᠡᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠶᠠᠪᠤᠳᠠᠯ ᠪᠣᠯᠤᠨ᠎ᠠ ᠬᠡᠪᠡ᠃    ᠲᠠᠷᠠᠭᠠᠴᠢ ᠶᠢᠨ ᠠᠯᠬᠤᠮ ᠳᠤ᠂ ᠬᠥᠨᠳᠡᠯᠡᠨ ᠲᠣᠭᠤᠷᠢᠭ ᠤᠨ ᠬᠢᠨ ᠲᠣᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠰᠢᠷᠢᠰ ᠠᠵᠢᠯᠯᠠᠭ᠎ᠠ ᠪᠠᠷ ᠣᠷᠣᠨ ᠪᠦᠰᠡ ᠶᠢᠨ ᠡᠮᠨᠡᠯᠬᠡ ᠶᠢᠨ ᠥᠨᠳᠦᠷᠯᠢᠭ ︵ᠪᠥᠲᠥᠭᠡᠨ ᠪᠠᠶᠢᠭᠤᠯᠤᠯᠲᠠ︶ ᠤᠨ ᠠᠵᠢᠯ ᠢ ᠠᠬᠢᠭᠤᠯᠵᠤ᠂ ᠠᠷᠠᠳ ᠣᠯᠠᠨ ᠤ ᠡᠪᠡᠳᠴᠢᠨ ᠦᠵᠡᠭᠦᠯᠬᠦ ᠬᠦᠷᠲᠡᠮᠵᠢ ᠶᠢᠨ ᠲᠥᠷᠥᠭᠳᠡᠯ ᠪᠠ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠬᠦ ᠪᠣᠯᠤᠨ᠎ᠠ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号