ᠨᠢᠭᠡ ᠳᠤ᠂ ᠪᠡᠶ᠎ᠡ ᠶᠢᠨ ᠪᠠᠶᠢᠴᠠᠭᠠᠯᠲᠠ ᠶᠢᠨ ᠬᠠᠷᠠᠯᠲᠠ ᠪᠠᠨ ᠲᠣᠳᠣᠷᠬᠠᠶᠢᠯᠠᠵᠤ᠂ ᠰᠢᠨ᠎ᠡ ᠶᠢ ᠡᠭᠦᠳᠬᠦ | ᠠᠭᠤᠰᠤᠯᠴᠠᠯ ᠢ ᠠᠬᠢᠭᠤᠯᠪᠠ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠠ ᠤᠯᠤᠰ ᠲᠤ | ᠳᠠᠩᠰᠠᠯᠠᠭᠤᠯᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ 73 ᠳᠤᠮᠳᠠ ᠵᠢᠵᠢᠭ ᠠᠵᠤ ᠠᠬᠤᠶᠢᠯᠠᠯ ᠳᠤ | ᠬᠠᠨᠳᠤᠭᠤᠯᠤᠨ ᠪᠡᠶ᠎ᠡ ᠶᠢᠨ ᠪᠠᠶᠢᠴᠠᠭᠠᠯᠲᠠ ᠬᠢᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠳᠤ ᠤᠨᠢᠨ | ᠲᠡᠭᠡᠷ᠎ᠡ ᠨᠢ ᠬᠥᠷᠥᠭ ᠵᠢᠷᠤᠭ ᠵᠢᠷᠤᠵᠤ ᠦᠭᠬᠦᠨ᠂ ᠥᠭᠡᠷᠡᠴᠢᠯᠡᠨ ᠰᠠᠶᠢᠵᠢᠷᠠᠭᠤᠯᠬᠤ ᠲᠥᠰᠦᠯ ᠢ ᠳᠤᠷᠠᠳᠤᠨ᠂ | ᠦᠯᠡᠳᠡᠭᠳᠡᠯ ᠬᠠᠭᠤᠴᠢᠨ ᠠᠰᠠᠭᠤᠳᠠᠯ ᠢ ᠳᠠᠬᠢᠨ ᠣᠨᠣᠰᠢᠯᠠᠵᠤ᠂ ᠭᠤᠤᠯᠳᠠᠯᠭ᠎ᠠ ᠲᠠᠢ ᠠᠵᠤ ᠦᠶᠯᠡᠰ ᠤᠨ | ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠬᠦᠴᠦᠨ ᠢ | ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠶᠯᠡᠰ ᠤᠨ | ᠰᠢᠨ᠎ᠡ ᠶᠢ ᠡᠭᠦᠳᠬᠦ ᠶᠢᠨ ᠠᠭᠤᠰᠤᠯᠴᠠᠯ ᠢ ᠠᠬᠢᠭᠤᠯᠬᠤ ᠪᠠᠷ ᠲᠥᠯᠥᠪᠯᠡᠵᠦ ᠪᠠᠶᠢᠨ᠎ᠠ᠃ ᠬᠤᠶᠠᠷ ᠲᠤ᠂ | ᠦᠢᠯᠡᠴᠢᠯᠡᠭᠡᠨ ᠤ ᠲᠦᠪᠰᠢᠨ ᠢᠶᠠᠨ ᠳᠡᠭᠡᠭᠰᠢᠯᠡᠭᠦᠯᠵᠦ᠂ ᠠᠵᠤ ᠠᠬᠤᠶᠢᠯᠠᠯ ᠲᠠᠢ ᠤᠨᠢᠨ ᠲᠡᠭᠡᠷ᠎ᠡ ᠨᠢ ᠵᠣᠯᠭᠠᠭᠤᠯᠤᠨ᠎ᠠ᠃ | ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠮᠡᠷᠭᠡᠵᠢᠯ ᠢ ᠰᠢᠯᠵᠢᠭᠦᠯᠬᠦ ᠲᠥᠪ ᠤᠨ ᠪᠤᠭᠤᠲᠤ ᠶᠢᠨ | ᠲᠥᠪ ᠵᠡᠷᠭᠡ 4 ᠦᠶᠯᠡᠴᠢᠯᠡᠭᠡᠨ ᠤ ᠪᠠᠶᠢᠭᠤᠯᠤᠮᠵᠢ ᠶᠢ ᠤᠷᠢᠵᠤ᠂ ᠬᠤᠲᠠ ᠶᠢᠨ ᠱᠠᠲᠤᠨ ᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠣᠪᠴᠢᠶ᠎ᠠ ᠶᠢᠨ ᠠᠵᠢᠯᠲᠠᠨ ᠯᠤᠭ᠎ᠠ ᠠᠵᠢᠯᠯᠠᠬᠤ ᠳᠤᠭᠤᠶᠢᠯᠠᠩ ᠪᠠᠶᠢᠭᠤᠯᠵᠤ᠂ | ᠰᠤᠷᠪᠤᠯᠵᠢᠯᠠᠬᠤ᠂ ᠰᠢᠨᠵᠢᠯᠡᠨ ᠪᠠᠶᠢᠴᠠᠭᠠᠬᠤ᠂ ᠶᠠᠷᠢᠯᠴᠠᠬᠤ ᠬᠤᠷᠠᠯ ᠬᠢᠬᠦ ᠪᠠᠷ ᠳᠠᠮᠵᠢᠨ᠂ ᠰᠢᠨ᠎ᠡ ᠶᠢ ᠡᠭᠦᠳᠬᠦ | ᠲᠥᠷᠥ ᠶᠢᠨ ᠪᠣᠳᠣᠯᠭ᠎ᠠ᠂ ᠮᠡᠷᠭᠡᠵᠢᠯ ᠤᠨ ᠬᠡᠷᠡᠭᠴᠡᠭᠡ ᠵᠡᠷᠭᠡ 5 ᠶᠡᠭᠡ ᠡᠭᠦᠷᠭᠡ ᠶᠢᠨ ᠲᠣᠭᠤᠷᠢᠨ ᠳᠤ ᠠᠵᠤ | ᠠᠬᠤᠶᠢᠯᠠᠯ ᠲᠠᠢ ᠰᠣᠯᠢᠯᠴᠠᠵᠤ᠂ ᠲᠡᠳᠡᠨ ᠢ ᠬᠠᠪᠰᠤᠷᠤᠨ ᠴᠢᠭᠯᠡᠯ ᠢ ᠨᠢ ᠲᠣᠳᠣᠷᠬᠠᠶᠢᠯᠠᠵᠤ᠂ ᠲᠥᠷᠥ ᠶᠢᠨ | ᠪᠣᠳᠣᠯᠭ᠎ᠠ ᠶᠢᠨ ᠠᠰᠢᠭ ᠢ ᠬᠦᠷᠲᠡᠭᠡᠨ᠎ᠡ᠃ |