ᠨᠢᠭᠡ ᠳᠤ᠂ ᠲᠠᠷᠢᠶᠠᠯᠠᠩ ᠤᠨ ᠬᠡᠷᠡᠭᠰᠡᠯ ᠤᠨ ᠭᠦᠢᠴᠡᠳ ᠬᠠᠩᠭᠠᠯᠭ᠎ᠠ ᠶᠢ ᠪᠠᠲᠤᠯᠠᠵᠤ ᠪᠤᠢ᠃ ᠲᠠᠷᠢᠶᠠᠯᠠᠩ ᠤᠨ | ᠬᠡᠷᠡᠭᠰᠡᠯ ᠤᠨ ᠨᠥᠭᠡᠴᠡ ᠶᠢᠨ ᠪᠠᠶᠢᠳᠠᠯ ᠢ ᠤᠶᠢᠯᠠᠭᠠᠨ ᠵᠢᠭᠰᠠᠭᠠᠵᠤ᠂ ᠴᠠᠭ ᠠᠭᠤᠷ ᠤᠨ ᠪᠠᠶᠢᠳᠠᠯ ᠢ ᠦᠨᠳᠦᠰᠦᠯᠡᠨ | ᠠᠵᠤ ᠠᠬᠤᠶᠢᠯᠠᠯ ᠤᠨ ᠬᠡᠷᠡᠭᠴᠡᠭᠡ ᠶᠣᠰᠣᠭᠠᠷ ᠲᠠᠷᠢᠶᠠᠯᠠᠩ ᠤᠨ ᠬᠡᠷᠡᠭᠰᠡᠯ ᠨᠥᠭᠡᠴᠡᠯᠡᠬᠦ ᠶᠢ ᠬᠥᠲᠥᠯᠦᠨ ᠵᠢᠯᠣᠭᠤᠳᠪᠠ᠃ | ᠣᠳᠣᠬᠠᠨ ᠪᠣᠯᠲᠠᠯ᠎ᠠ᠂ ᠪᠥᠬᠦ ᠲᠤᠭᠤᠷᠢᠭ ᠤᠨ ᠬᠠᠪᠤᠷ ᠤᠨ ᠲᠠᠷᠢᠶᠠᠯᠠᠭ᠎ᠠ ᠳᠤ ᠬᠡᠷᠡᠭᠯᠡᠬᠦ ᠬᠢᠮᠢ ᠶᠢᠨ ᠪᠣᠷᠲᠣᠭᠤᠷ᠂ | ᠦᠷ᠎ᠡ᠂ ᠲᠠᠷᠢᠶᠠᠨ ᠡᠮ᠂ ᠰᠦᠯᠢᠶᠣᠣ ᠪᠦᠷᠬᠦᠪᠴᠢ ᠶᠢ ᠪᠣᠳᠠᠲᠠᠶᠢᠵᠢᠭᠤᠯᠤᠭᠰᠠᠨ ᠨᠣᠷᠮ᠎ᠠ 80% ᠶᠢ ᠳᠠᠪᠠᠪᠠ᠃ | ᠬᠤᠶᠠᠷ ᠲᠤ᠂ ᠲᠠᠷᠢᠶᠠᠯᠠᠩ ᠳᠤ ᠬᠡᠷᠡᠭᠯᠡᠬᠦ ᠰᠦᠯᠢᠶᠤᠤ ᠪᠦᠷᠬᠦᠭᠴᠢ ᠶᠢ ᠬᠡᠷᠡᠭᠯᠡᠵᠦ ᠬᠤᠷᠢᠶᠠᠨ ᠠᠪᠬᠤ ᠶᠢ | ᠵᠢᠷᠤᠮᠵᠢᠭᠤᠯᠪᠠ᠃ ︽ᠬᠥᠨᠳᠡᠯᠡᠨ ᠲᠣᠭᠤᠷᠢᠭ ᠤᠨ ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠬᠡᠷᠡᠭᠯᠡᠬᠦ ᠪᠠ | ᠬᠤᠷᠢᠶᠠᠨ ᠠᠪᠴᠤ ᠬᠠᠮᠢᠶᠠᠷᠬᠤ ᠲᠤᠬᠠᠢ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠵᠤ᠂ ᠳᠥᠷᠪᠡᠨ | ᠱᠠᠲᠤᠨ ᠤ ᠬᠤᠷᠢᠶᠠᠨ ᠠᠪᠬᠤ ᠲᠣᠭᠲᠠᠴᠠ ᠶᠢ ᠪᠠᠶᠢᠭᠤᠯᠪᠠ᠃ 332 ᠡᠷᠦᠬᠡ ᠶᠢ ᠡᠬᠡ ᠳᠠᠩᠰᠠᠨ ᠳᠤ ᠣᠷᠣᠭᠤᠯᠵᠤ᠂ | ᠬᠤᠭ ᠨᠣᠪᠰᠢ ᠶᠢ ᠰᠢᠯᠵᠢᠬᠦᠯᠦᠨ ᠲᠡᠭᠡᠭᠡᠪᠦᠷᠢᠯᠡᠬᠦ 3 ᠥᠷᠲᠡᠭᠡ ᠶᠢ ᠠᠰᠢᠭᠯᠠᠨ 3 ᠬᠠᠳᠠᠭᠠᠯᠠᠵᠤ ᠲᠡᠭᠡᠭᠡᠪᠦᠷᠢᠯᠡᠬᠦ | ᠥᠷᠲᠡᠭᠡ ᠪᠠ 7 ᠡᠭᠡᠭᠦᠯᠦᠨ ᠬᠤᠷᠢᠶᠠᠬᠤ ᠲᠤᠤᠷ ᠴᠡᠭ ᠢ ᠭᠠᠷᠭᠠᠵᠤ᠂ ᠨᠢᠭᠡᠨᠲᠡ 1200 ᠲᠣᠨ ᠲᠠᠷᠢᠶᠠᠯᠠᠩ ᠳᠤ | ᠬᠡᠷᠡᠭᠯᠡᠬᠦ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠵᠤ᠂ ᠣᠶᠢᠷ᠎ᠠ ᠬᠠᠪᠢ ᠳᠤᠨᠢ ᠡᠭᠡᠭᠦᠯᠦᠨ ᠬᠤᠷᠢᠶᠠᠬᠤ ᠶᠢ | ᠪᠡᠶᠡᠯᠡᠭᠦᠯᠪᠡ᠃ ᠭᠤᠷᠪᠠ ᠳᠤ᠂ ᠲᠠᠷᠢᠶᠠᠯᠠᠩ ᠤᠨ ᠮᠡᠷᠭᠡᠵᠢᠯ ᠤᠨ ᠦᠢᠯᠡᠴᠢᠯᠡᠭᠡ ᠶᠢ ᠭᠦᠨᠵᠡᠭᠡᠶᠢᠷᠡᠭᠦᠯᠪᠡ᠃ ᠨᠡᠶᠢᠲᠡ | 13 ᠬᠥᠮᠦᠨ ᠤᠳᠠᠭ᠎ᠠ ᠬᠥᠳᠡᠯᠦᠯᠴᠡᠵᠦ᠂ 30 ᠲᠠᠷᠢᠮᠠᠯ ᠤᠨ ᠲᠣᠮᠣ ᠡᠷᠦᠬᠡ ᠳᠤ ᠬᠦᠷᠴᠦ ᠲᠠᠷᠢᠶᠠᠴᠢᠳ ᠲᠤ ᠠᠰᠢᠭ | ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠤᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠳᠤ ᠬᠡᠷᠡᠭᠯᠡᠬᠦ ᠨᠢᠮᠭᠡᠨ ᠰᠦᠯᠢᠶᠣᠣ ᠪᠦᠷᠬᠦᠪᠴᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠲᠦᠷᠢᠮ︾ ᠢ | 50 ᠬᠤᠪᠢ ᠨᠠᠭᠠᠵᠤ᠂ 332 ᠬᠤᠪᠢ ︽ᠲᠠᠷᠢᠶᠠᠯᠠᠩ ᠤᠨ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ | ᠬᠤᠷᠢᠶᠠᠨ ᠠᠪᠬᠤ ᠮᠡᠳᠡᠭᠳᠡᠯ ᠤᠨ ᠪᠢᠴᠢᠭ︾ ᠲᠤ ᠭᠠᠷ ᠤᠨ ᠦᠰᠦᠭ ᠵᠢᠷᠤᠵᠤ᠂ 7 ᠤᠳᠠᠭ᠎ᠠ ᠮᠡᠷᠭᠡᠵᠢᠯ ᠤᠨ | ᠵᠢᠯᠣᠭᠤᠳᠣᠯᠭ᠎ᠠ ᠬᠠᠩᠭᠠᠪᠠ᠃ ︵ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ | ᠲᠣᠪᠴᠢᠶ᠎ᠠ︶ | |