ᠪᠦᠭᠦ ᠨᠠᠮ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠥᠷᠨᠢᠭᠦᠯᠦᠨ᠎ᠡ
ᠨᠡᠶᠢᠲᠡᠯᠡᠭᠰᠡᠨ ᠴᠠᠭ᠄
2025/3/19
     ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 17 ᠤ ᠴᠠᠭᠢᠯᠭᠠᠨ ᠮᠡᠳᠡᠭᠡ ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ︽ᠪᠦᠭᠦ ᠨᠠᠮ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠥᠷᠨᠢᠭᠦᠯᠬᠦ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃    ︽ᠮᠡᠳᠡᠭᠳᠡᠯ︾ ᠳᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠤᠨ ᠣᠷᠳᠣ ᠬᠤᠭᠤᠴᠠᠭ᠎ᠠ ᠪᠦᠲᠦᠮᠵᠢᠲᠡᠶ ᠠᠬᠢᠭᠤᠯᠬᠤ ᠶᠢᠨ ᠲᠥᠯᠥᠭᠡ ᠨᠠᠮ ᠤᠨ ᠲᠥᠪ ᠬᠤᠷᠢᠶ᠎ᠠ ᠪᠠᠷ ᠵᠥᠪᠰᠢᠶᠡᠷᠡᠭᠦᠯᠦᠭᠡᠳ᠂ ᠪᠦᠭᠦ ᠨᠠᠮ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠥᠷᠨᠢᠭᠦᠯᠦᠨ᠎ᠡ ︵ᠳᠣᠷᠣᠭᠰᠢ ︽ᠰᠤᠷᠤᠯᠴᠠᠯᠭ᠎ᠠ ᠬᠥᠮᠦᠵᠢᠯ︾ ᠭᠡᠵᠦ ᠲᠣᠪᠴᠢᠯᠠᠨ᠎ᠠ︶᠃ ᠰᠤᠷᠤᠯᠴᠠᠯᠭ᠎ᠠ ᠬᠥᠮᠦᠵᠢᠯ ᠢ 2025 ᠣᠨ ᠤ ᠪᠦᠭᠦ ᠤᠯᠤᠰ ᠤᠨ ᠬᠤᠶᠠᠷ ᠬᠤᠷᠠᠯ ᠤᠨ ᠳᠠᠷᠠᠭ᠎ᠠ ᠡᠬᠢᠯᠡᠭᠦᠯᠵᠦ᠂ 7 ᠰᠠᠷ᠎ᠠ ᠶᠢᠨ ᠰᠡᠭᠦᠯᠴᠢ ᠠᠴᠠ ᠡᠮᠦᠨ᠎ᠡ ᠦᠨᠳᠦᠰᠦᠨ ᠳᠡᠭᠡᠨ ᠳᠠᠭᠤᠰᠬᠠᠨ᠎ᠠ ᠭᠡᠵᠦ ᠵᠢᠭᠠᠵᠤ ᠭᠠᠷᠭᠠᠪᠠ᠃     ︽ᠮᠡᠳᠡᠭᠳᠡᠯ︾ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠰᠢᠨ᠎ᠡ ᠡᠭᠦᠳᠦᠯᠲᠡ ᠶᠢᠨ ᠣᠨᠣᠯ ᠢᠶᠠᠷ ᠵᠡᠪᠰᠡᠭᠯᠡᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠦᠭᠦ ᠨᠠᠮ ᠢ ᠵᠣᠬᠢᠶᠠᠨ ᠪᠠᠶᠢᠭᠤᠯᠵᠤ ᠪᠠᠶᠢᠭᠠᠳ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠭᠠᠳ ᠣᠯᠣᠭᠰᠠᠨ ᠢᠯᠡᠳᠲᠡ ᠠᠮᠵᠢᠯᠲᠠ ᠪᠦᠲᠦᠮᠵᠢ ᠶᠢ ᠰᠢᠰᠲ᠋ᠧᠮ ᠲᠠᠢ ᠳ᠋ᠦᠩᠨᠡᠵᠦ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠵᠥᠷᠢᠴᠡᠭᠰᠡᠨ ᠲᠣᠪᠤᠶᠢᠮ᠎ᠠ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠰᠤᠷᠲᠠᠯ ᠠᠴᠠ ᠪᠣᠯᠤᠭᠰᠠᠨ ᠢᠯᠵᠢᠷᠡᠯ ᠤᠨ ᠬᠡᠷᠡᠭ ᠤᠨ ᠵᠢᠱᠢᠶ᠎ᠡ ᠪᠠᠷ ᠰᠡᠷᠡᠮᠵᠢᠯᠡᠭᠦᠯᠦᠨ ᠬᠥᠮᠥᠵᠢᠭᠦᠯᠬᠦ ᠶᠢ ᠴᠢᠩᠭᠠᠳᠬᠠᠵᠤ᠂ ᠨᠠᠮ ᠤᠨ ᠭᠡᠰᠢᠭᠦᠨ᠂ ᠺᠠᠳ᠋ᠷ ᠤᠨ ᠨᠠᠮᠴᠢ ᠴᠢᠨᠠᠷ ᠢᠶᠠᠨ ᠳᠠᠪᠲᠠᠨ ᠪᠤᠯᠪᠠᠰᠤᠷᠠᠭᠤᠯᠵᠤ᠂ ᠦᠵᠡᠯ ᠰᠠᠨᠠᠭᠠᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠨᠠᠮ ᠤᠨ ᠭᠡᠰᠢᠭᠦᠨ ᠪᠠ ᠣᠯᠠᠨ ᠲᠦᠮᠡᠨ᠂ ᠺᠠᠳ᠋ᠷ ᠪᠠ ᠣᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠵᠤ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠨᠠᠮ ᠤᠨ ᠲᠡᠷᠢᠭᠦᠨ ᠤ ᠴᠢᠨᠠᠷ ᠴᠡᠪᠡᠷ ᠴᠢᠨᠠᠷ ᠢ ᠪᠠᠲᠤᠯᠠᠵᠤ᠂ ᠠᠷᠠᠳ ᠣᠯᠠᠨ ᠤ ᠢᠲᠡᠭᠡᠯ ᠬᠦᠷᠢᠶᠡᠯᠡᠯ ᠢ ᠲᠠᠰᠤᠷᠠᠯᠲᠠ ᠦᠭᠡᠢ ᠣᠯᠬᠤ ᠶᠢ ᠠᠬᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠬᠦᠴᠦᠲᠦ ᠪᠠᠲᠤᠯᠠᠭ᠎ᠠ ᠬᠠᠩᠭᠠᠬᠤ ᠶᠢ ᠬᠥᠲᠥᠯᠥᠨ ᠵᠢᠯᠤᠭᠤᠳᠬᠤ ᠬᠡᠷᠡᠭᠲᠡᠢ ᠭᠡᠵᠦ ᠲᠣᠳᠣᠷᠬᠠᠶᠢᠯᠠᠪᠠ᠃      ︽ᠮᠡᠳᠡᠭᠳᠡᠯ︾ ᠳᠤ᠂ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠬᠦ᠂ ᠲᠥᠭᠦᠮ ᠠᠪᠰᠠᠷᠬᠠᠨ ᠪᠥᠭᠡᠳ ᠪᠣᠳᠠᠲᠠᠢ ᠶᠢ ᠡᠷᠭᠢᠮᠯᠡᠭᠦ ᠶᠢ ᠪᠠᠷᠢᠮᠲᠠᠯᠠᠵᠤ᠂ ᠪᠦᠯᠦᠭ ᠤᠳᠠᠭ᠎ᠠ ᠬᠤᠪᠢᠶᠠᠬᠤ ᠦᠭᠡᠢ᠂ ᠱᠠᠲᠤ ᠦᠶ᠎ᠡ ᠬᠤᠪᠢᠶᠠᠬᠤ ᠦᠭᠡᠢ ᠪᠠᠷ ᠰᠤᠷᠤᠯᠴᠠᠬᠤ ᠪᠠᠶᠢᠴᠠᠭᠠᠨ ᠵᠠᠯᠠᠷᠠᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠡᠳᠦᠷ ᠲᠤᠲᠤᠮ ᠤᠨ ᠠᠵᠢᠯ ᠳᠠᠭᠠᠨ ᠠᠭᠤᠰᠬᠠᠵᠤ᠂ ᠪᠠᠶᠢᠩᠭᠤ ᠠᠳᠬᠤᠬᠤ ᠬᠡᠷᠡᠭᠲᠡᠢ᠃ ᠰᠤᠷᠤᠯᠴᠠᠵᠥ ᠰᠤᠳᠤᠯᠤᠨ ᠶᠠᠷᠢᠯᠴᠠᠬᠤ ᠳᠠᠭᠠᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠪᠣᠯᠣᠨ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠵᠣᠬᠢᠶᠠᠨ ᠪᠠᠶᠢᠭᠤᠯᠤᠨ ᠰᠤᠷᠤᠯᠴᠠᠵᠥ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠭᠰᠠᠨ ᠦᠷ᠎ᠡ ᠪᠦᠲᠦᠮᠵᠢ ᠪᠣᠯᠣᠨ ᠲᠤᠷᠰᠢᠯᠭ᠎ᠠ ᠶᠢ ᠳ᠋ᠦᠩᠨᠡᠨ ᠰᠤᠷᠤᠯᠴᠠᠵᠥ᠂ ᠲᠠᠨᠢᠯᠲᠠ ᠪᠠᠨ ᠳᠡᠭᠡᠭᠰᠢᠯᠡᠭᠦᠯᠦᠨ᠂ ᠢᠲᠡᠭᠡᠯ ᠢᠶᠠᠨ ᠨᠡᠮᠡᠭᠳᠡᠭᠦᠯᠵᠦ᠂ ᠨᠠᠶᠢᠳᠠᠪᠤᠷᠢᠵᠢᠭᠤᠯᠤᠯᠲᠠ ᠶᠢ ᠡᠷᠡᠰ ᠭᠤᠶᠢᠪᠢᠰᠢ ᠦᠭᠡᠢ ᠰᠠᠶᠢᠲᠤᠷ ᠠᠳᠬᠤᠬᠤ ᠬᠡᠷᠡᠭᠲᠡᠢ᠃ ᠠᠰᠠᠭᠤᠳᠠᠯ ᠢ ᠪᠠᠶᠢᠴᠠᠭᠠᠨ ᠳᠡᠯᠭᠡᠬᠦ ᠳᠡᠭᠡᠨ ᠪᠠᠷᠢᠮᠵᠢᠶᠠᠯᠠᠨ ᠬᠠᠷᠭᠤᠭᠤᠯᠵᠤ ᠪᠠᠶᠢᠴᠠᠭᠠᠨ ᠳᠡᠯᠭᠡᠬᠦ ᠪᠠᠷ ᠳᠠᠮᠵᠢᠭᠤᠯᠤᠨ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ᠂ ᠬᠢᠨᠠᠨ ᠪᠤᠳᠤᠵᠤ ᠬᠢᠨᠠᠯᠲᠠ    ᠲᠠᠯᠪᠢᠬᠤ᠂ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ᠂ ᠱᠠᠯᠠᠪᠳᠠᠭᠤᠯᠤᠨ ᠪᠠᠶᠢᠴᠠᠭᠠᠬᠤ᠂ ᠪᠠᠶᠢᠴᠠᠭᠠᠨ ᠰᠤᠳᠤᠯᠬᠤ᠂ ᠵᠠᠬᠢᠳᠠᠯ ᠰᠤᠷᠪᠤᠯᠵᠢᠯᠠᠯ ᠢᠶᠠᠷ ᠲᠤᠰᠬᠠᠬᠤ ᠵᠡᠷᠭᠡ ᠠᠷᠭ᠎ᠠ ᠵᠠᠮ ᠢ ᠭᠦᠢᠴᠡᠳ ᠬᠡᠷᠡᠭᠯᠡᠵᠦ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠪᠦᠭᠦ ᠲᠠᠯ᠎ᠠ ᠪᠠᠷ ᠭᠦᠨᠵᠡᠭᠡᠢ ᠪᠠᠶᠢᠴᠠᠭᠠᠨ ᠡᠷᠢᠬᠦ ᠬᠡᠷᠡᠭᠲᠡᠢ᠃ ᠲᠥᠪᠯᠡᠷᠡᠭᠦᠯᠦᠨ ᠴᠡᠭᠴᠡᠯᠡᠨ ᠵᠠᠰᠠᠬᠤ ᠳᠤ ᠶᠠᠮᠠᠷ ᠠᠰᠠᠭᠤᠳᠠᠯ ᠪᠠᠶᠢᠪᠠᠯ ᠲᠡᠷᠡ ᠠᠰᠠᠭᠤᠳᠠᠯ ᠢ ᠰᠢᠢᠳᠪᠦᠷᠢᠯᠡᠬᠦ᠂ ᠶᠠᠮᠠᠷ ᠠᠰᠠᠭᠤᠳᠠᠯ ᠲᠣᠪᠤᠶᠢᠮ᠎ᠠ ᠪᠠᠶᠢᠪᠠᠯ ᠲᠡᠷᠡ ᠠᠰᠠᠭᠤᠳᠠᠯ ᠢ ᠭᠤᠣᠯᠳᠠᠯᠭ᠎ᠠ ᠲᠠᠢ ᠴᠡᠭᠴᠡᠯᠡᠨ ᠵᠠᠰᠠᠬᠤ ᠶᠢ ᠪᠠᠷᠢᠮᠲᠠᠯᠠᠵᠤ᠂ ᠲᠡᠷᠡ ᠳᠠᠷᠤᠢ ᠳᠤᠨᠢ ᠪᠠᠶᠢᠴᠠᠭᠠᠵᠤ ᠲᠡᠷᠡ ᠳᠠᠷᠤᠢ ᠳᠤᠨᠢ ᠴᠡᠭᠴᠡᠯᠡᠨ ᠰᠠᠶᠢᠵᠢᠷᠠᠭᠤᠯᠵᠤ᠂ ᠮᠡᠳᠡᠭᠰᠡᠨ ᠳᠠᠷᠤᠢ ᠳᠠᠭᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠡᠭᠦᠳᠡ ᠪᠠᠨ ᠨᠡᠭᠡᠭᠡᠬᠦ ᠬᠥᠮᠦᠵᠢᠯ ᠨᠢ ᠤᠯᠠᠨ ᠲᠦᠮᠡᠨ ᠤ ᠣᠷᠤᠯᠴᠠᠯᠭ᠎ᠠ ᠶᠢ ᠴᠢᠬᠤᠯᠠᠴᠢᠯᠠᠵᠤ᠂ ᠤᠯᠠᠨ ᠲᠦᠮᠡᠨ ᠤ ᠬᠢᠨᠠᠯᠲᠠ ᠶᠢ ᠬᠦᠯᠢᠶᠡᠬᠦ ᠬᠡᠷᠡᠭᠲᠡᠢ᠂ ᠡᠯ᠎ᠡ ᠱᠠᠲᠤᠨ ᠤ ᠤᠳᠤᠷᠢᠳᠬᠤ ᠺᠠᠳ᠋ᠷ ᠲᠦᠷᠦᠭᠦᠯᠡᠨ ᠰᠢᠨ᠎ᠡ ᠴᠠᠭ ᠦᠶ᠎ᠡ ᠶᠢᠨ ᠨᠠᠮ ᠤᠨ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ ᠨᠠᠮ ᠤᠨ ᠭᠡᠰᠢᠭᠦᠨ᠂ ᠺᠠᠳ᠋ᠷ ᠢ ᠵᠣᠬᠢᠶᠠᠨ ᠪᠠᠶᠢᠭᠤᠯᠵᠤ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠬᠤ᠂ ᠪᠠᠴᠢᠮ ᠬᠦᠴᠢᠷ ᠠᠶᠤᠯᠲᠠᠢ ᠬᠦᠨᠳᠦ ᠡᠭᠦᠷᠭᠡ ᠶᠢ ᠪᠡᠶᠡᠯᠡᠭᠦᠯᠬᠦ ᠳᠤᠮᠳᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠤᠯᠠᠨ ᠲᠦᠮᠡᠨ ᠳᠤ ᠦᠢᠯᠡᠴᠢᠯᠡᠵᠦ᠂ ᠤᠯᠠᠨ ᠲᠦᠮᠡᠨ ᠳᠤ ᠲᠠᠭᠠᠰᠢᠶᠠᠭᠳᠠᠬᠤ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃    ︽ᠮᠡᠳᠡᠭᠳᠡᠯ︾ ᠳᠤ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠨᠢᠭᠡᠴᠢ ᠶᠢᠨ ᠢᠶᠠᠨ ᠰᠤᠷᠤᠯᠴᠠᠯᠭ᠎ᠠ ᠬᠥᠮᠦᠵᠢᠯ ᠳᠤ ᠶᠡᠷᠦᠩᠬᠡᠢ ᠬᠠᠷᠢᠭᠤᠴᠠᠯᠭ᠎ᠠ ᠡᠭᠦᠷᠭᠡᠯᠡᠵᠦ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠭᠤᠣᠯ ᠬᠠᠷᠢᠭᠤᠴᠠᠯᠭᠠᠲᠠᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠡᠭᠦᠷᠭᠡᠯᠡᠵᠦ᠂ ᠭᠤᠣᠯ ᠠᠵᠢᠯ ᠲᠠᠢ ᠪᠠᠨ ᠨᠢᠭᠲᠠ ᠤᠶᠠᠯᠳᠤᠭᠤᠯᠵᠤ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠦᠷᠦᠯ ᠬᠤᠪᠢᠶᠠᠨ ᠵᠢᠯᠤᠭᠤᠳᠬᠤ ᠪᠠᠨ ᠴᠢᠩᠭᠠᠳᠬᠠᠵᠤ᠂ ᠤᠬᠠᠭᠤᠯᠵᠤ ᠬᠥᠲᠥᠯᠥᠨ ᠵᠢᠯᠤᠭᠤᠳᠬᠤ ᠠᠵᠢᠯ ᠢ ᠰᠠᠶᠢᠲᠤᠷ ᠬᠢᠵᠦ᠂ ᠬᠡᠯᠪᠡᠷᠢᠴᠢ ᠦᠵᠡᠯ ᠢ ᠡᠷᠡᠰ ᠡᠰᠡᠷᠭᠦᠴᠡᠬᠦ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号