3 ᠰᠠᠷ᠎ᠠ ᠶᠢᠨ 19 ᠤ ᠡᠳᠦᠷ ᠤᠨ ᠦᠳᠡ ᠶᠢᠨ ᠬᠤᠶᠢᠨ᠎ᠠ᠂ ᠬᠥᠨᠳᠡᠯᠡᠨ ᠲᠣᠭᠤᠷᠢᠭ ᠤᠨ ᠰᠣᠶᠣᠯ ᠤᠨ | ᠣᠷᠳᠣᠨ ᠬᠥᠨᠳᠡᠯᠡᠨ ᠲᠣᠭᠤᠷᠢᠭ ᠤᠨ ᠨᠢᠭᠡᠳᠦᠭᠡᠷ ᠲᠤᠷᠰᠢᠯᠲᠠ ᠶᠢᠨ ᠪᠠᠭ᠎ᠠ ᠰᠤᠷᠭᠠᠭᠤᠯᠢ ᠳᠤ ᠬᠦᠷᠴᠦ ︽ᠪᠣᠳᠠᠰ ᠤᠨ | ᠪᠤᠰᠤ ᠰᠣᠶᠣᠯ ᠤᠨ ᠥᠪ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠭᠤᠤᠯ ᠰᠡᠳᠦᠪᠲᠦ ᠠᠵᠢᠯᠯᠠᠭ᠎ᠠ | ᠥᠷᠨᠢᠭᠦᠯᠵᠦ᠂ ᠵᠢᠶᠦ᠋ᠨ ᠯᠠᠨ ᠤᠷᠠᠯᠢᠭ ᠤᠨ ᠪᠦᠯᠬᠦᠮ ᠤᠨ ᠪᠠᠭᠰᠢ ᠯᠢ ᠵᠢᠶᠦ᠋ᠨ᠂ ᠯᠢ ᠵᠢᠩ ᠪᠥᠸᠧ ᠨᠡᠷ ᠲᠠᠢ ᠬᠠᠮᠳᠤ | ᠰᠤᠷᠭᠠᠭᠤᠯᠢ ᠶᠢᠨ ᠬᠦᠷᠢᠶᠡᠨ ᠳᠤ ᠣᠷᠣᠵᠤ᠂ ᠪᠠᠭᠰᠢ ᠰᠤᠷᠤᠭᠴᠢᠳ ᠲᠤ ᠤᠯᠠᠮᠵᠢᠯᠠᠯᠲᠤ ᠤᠷ᠎ᠠ ᠮᠡᠷᠭᠡᠰᠢᠯ ᠪᠦᠬᠦᠢ ︽ | ᠯᠤᠤ ᠲᠣᠭᠯᠠᠭᠤᠯᠬᠤ︾ ᠪᠠ ︽ᠪᠤᠷᠤᠤ ᠡᠷᠬᠢᠬᠦᠯᠬᠦ︾ ᠲᠤᠬᠠᠢ ᠵᠢᠭᠠᠨ ᠰᠤᠷᠭᠠᠪᠠ᠃ ᠲᠣᠰ ᠠᠵᠢᠯᠯᠠᠭ᠎ᠠ ᠨᠢ | ᠣᠨᠣᠯ ᠤᠨ ᠲᠠᠶᠢᠯᠤᠮᠵᠢ᠂ ᠤᠷ᠎ᠠ ᠮᠡᠷᠭᠡᠵᠢᠯ ᠤᠨ ᠦᠵᠡᠭᠦᠯᠭᠡ ᠪᠠ ᠬᠠᠷᠢᠯᠴᠠᠨ ᠬᠦᠳᠡᠯᠦᠯᠴᠡᠬᠦ ᠮᠠᠶ᠋ᠢᠭ ᠤᠨ ᠪᠠᠶᠡᠴᠢᠯᠠᠨ | ᠣᠶᠢᠯᠠᠭᠠᠯᠲᠠ ᠪᠠᠷ ᠳᠠᠮᠵᠢᠨ᠂ ᠵᠠᠯᠠᠭᠤᠴᠤᠳ ᠪᠠᠭᠠᠴᠤᠳ ᠲᠤ ᠪᠣᠳᠠᠰ ᠤᠨ ᠪᠤᠰᠤ ᠰᠣᠶᠣᠯ ᠤᠨ ᠥᠪ ᠤᠨ | ᠭᠠᠶᠢᠬᠠᠮᠰᠢᠭ ᠢ ᠣᠶᠢᠷ᠎ᠠ ᠵᠠᠶ ᠠᠴᠠ ᠮᠡᠳᠡᠷᠡᠭᠦᠯᠵᠦ᠂ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠳᠤ | ᠬᠦᠴᠦᠨ ᠨᠠᠮᠠᠷᠢᠯᠠᠪᠠ᠃ | | ᠯᠤᠤ ᠲᠣᠭᠯᠠᠭᠤᠯᠬᠤ᠄ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠵᠤ᠂ ᠰᠤᠶᠤᠯ ᠤᠨ | ᠥᠪᠡᠷᠮᠢᠴᠡ ᠭᠠᠶᠢᠬᠠᠮᠰᠢᠭ ᠢ ᠢᠯᠡᠷᠡᠭᠦᠯᠪᠡ᠃ ᠯᠣᠣ ᠲᠤᠬᠯᠠᠭᠤᠯᠬᠤ ᠨᠢ ᠳᠤᠮᠳᠠᠳᠤ ᠤᠯᠤᠰ ᠤᠨ ᠤᠯᠠᠮᠵᠢᠯᠠᠯᠲᠤ ᠵᠠᠩ | ᠦᠢᠯᠡ ᠶᠢᠨ ᠠᠵᠢᠯᠯᠠᠭ᠎ᠠ ᠪᠣᠯᠤᠭᠰᠠᠨ ᠤ ᠬᠤᠪᠢ ᠳᠤ᠂ ᠠᠮᠢᠳᠤᠯᠢᠭ ᠴᠣᠪᠣᠭᠤᠯᠢᠭ ᠣᠨᠴᠠᠯᠢᠭ ᠢᠶᠠᠷ ᠢᠶᠠᠨ | ᠠᠯᠳᠠᠷᠰᠢᠵᠠᠶ᠃ ᠠᠵᠢᠯᠯᠠᠭᠠᠨ ᠤ ᠲᠤᠬᠠᠢ ᠶᠢᠨ ᠲᠠᠯᠠᠪᠠᠢ ᠳᠤ᠂ ᠵᠢᠶᠦ᠋ᠨ ᠯᠠᠨ ᠤᠷᠠᠯᠢᠭ ᠤᠨ ᠪᠦᠯᠬᠦᠮ ᠤᠨ ᠪᠠᠭᠰᠢ | ᠠᠴᠠ ᠯᠣᠣ ᠶᠢᠨ ᠲᠣᠯᠣᠭᠠᠢ ᠶᠢ ᠭᠠᠷ ᠲᠠᠭᠠᠨ ᠠᠳᠬᠤᠵᠤ᠂ ᠭᠠᠷ ᠢᠶᠠᠨ ᠰᠠᠵᠢᠯᠠᠭᠤᠯᠤᠨ ᠨᠢᠷᠤᠭᠤ ᠪᠠᠨ | ᠮᠤᠰᠬᠢᠯᠳᠤᠭᠤᠯᠬᠤ ᠪᠠᠷ ᠲᠠᠮᠵᠢᠨ᠂ ᠠᠷᠪᠠᠨ ᠮᠧᠲᠷ ᠤᠨ ᠲᠤᠷᠭᠠᠨ ᠪᠦᠰ ᠢ ᠣᠭᠲᠠᠷᠭᠤᠢ ᠳᠤ ᠳᠡᠭᠦᠯᠢᠨ ᠨᠢᠰᠬᠦ ᠯᠣᠣ | ᠪᠤᠯᠭᠠᠨ ᠠᠮᠢᠯᠠᠭᠤᠯᠵᠤ᠂ ︽ᠥᠩᠭᠡᠲᠦ ᠯᠣᠣ︾ ᠪᠠᠶᠢᠨ ᠪᠠᠶᠢᠨ ᠣᠭᠲᠠᠷᠭᠤᠢ ᠳᠤ ᠳᠡᠭᠦᠯᠢᠨ ᠨᠢᠰᠦᠨ᠎ᠡ︔ ᠪᠠᠶᠢᠨ | ᠪᠠᠶᠢᠨ ᠲᠣᠯᠣᠭᠠᠶ ᠪᠠᠨ ᠪᠥᠬᠦ᠋ᠢᠨ ᠳᠣᠷᠣᠭᠰᠢ ᠳᠠᠭᠠᠷᠢᠵᠤ᠂ ᠭᠠᠵᠠᠷ ᠤᠨ ᠨᠢᠭᠤᠷ ᠲᠤ ᠨᠠᠭᠠᠯᠳᠤᠨ᠂ ᠦᠵᠡᠬᠦ ᠳᠤ | ᠦᠨᠡᠬᠡᠷ ᠰᠦᠷᠯᠢᠭ ᠭᠠᠶᠢᠬᠠᠮᠰᠢᠬᠳᠠᠢ ᠬᠠᠷᠠᠬᠳᠠᠨ᠎ᠠ᠃ ᠰᠤᠷᠤᠭᠴᠢᠳ ᠳᠤᠭᠤᠶᠢᠯᠠᠩ ᠬᠤᠪᠢᠶᠠᠨ ᠪᠣᠯᠪᠠᠰᠤᠷᠠᠬᠤ | ᠳᠤᠮᠳᠠ᠂ ᠯᠤᠤ ᠶᠢᠨ ᠲᠤᠯᠤᠭᠠᠢ ᠶᠢ ᠲᠤᠯᠭᠠᠭᠤᠷᠢᠯᠠᠬᠤ ᠡᠰᠢ ᠮᠤᠳᠤ ᠶᠢ ᠡᠷᠭᠢᠭᠦᠯᠬᠦ᠂ ᠰᠠᠯᠬᠢ ᠰᠦᠷᠦᠨ ᠭᠦᠶᠦᠬᠦ᠂ | ᠠᠶᠢᠵᠠᠮ ᠢ ᠡᠵᠡᠮᠳᠡᠬᠦ ᠪᠣᠯᠪᠠᠰᠤᠷᠠᠯ ᠢᠶᠠᠷ ᠳᠠᠮᠵᠢᠨ᠂ ᠤᠯᠠᠮᠵᠢᠯᠠᠯᠲᠤ ᠤᠷᠠᠯᠢᠭ ᠤᠨ ᠱᠠᠭᠠᠷᠳᠠᠬᠤ ᠵᠣᠬᠢᠴᠠᠩᠭᠤᠶ | ᠴᠢᠨᠠᠷ ᠪᠠ ᠬᠠᠮᠵᠢᠯᠴᠠᠬᠤ ᠴᠢᠳᠠᠪᠤᠷᠢ ᠶᠢᠨ ᠱᠠᠭᠠᠷᠳᠠᠯᠭ᠎ᠠ ᠶᠢ ᠪᠡᠶ᠎ᠡ ᠪᠠᠷ ᠢᠶᠠᠨ ᠮᠡᠳᠡᠷᠡᠪᠡ᠃ | | | | | ᠪᠤᠷᠤᠤ ᠡᠷᠬᠢᠬᠦᠯᠬᠦ᠄ ᠪᠣᠳᠠᠰ ᠤᠨ ᠪᠤᠰᠤ ᠰᠣᠶᠣᠯ ᠤᠨ ᠥᠪ ᠤᠨ ᠤᠬᠢ ᠲᠡᠯᠡᠰᠲᠦ ᠶᠢ ᠲᠡᠯᠬᠡᠨ ᠦᠵᠡᠬᠦᠯᠦᠨ᠎ᠡ᠃ | | | ᠤᠯᠤᠰ ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ ᠵᠦᠢᠯ ᠪᠣᠯᠤᠭᠰᠠᠨ ᠤ | ᠬᠤᠪᠢ ᠳᠤ᠂ ᠪᠤᠷᠤᠤ ᠡᠷᠬᠢᠬᠦᠯᠬᠦ ᠨᠢ ᠰᠣᠨᠢᠷᠬᠠᠯᠲᠤ ᠴᠢᠨᠠᠷ᠂ ᠵᠤᠭ᠎ᠠ ᠴᠡᠩᠭᠡᠯ ᠤᠨ ᠴᠢᠨᠠᠷ ᠪᠣᠯᠤᠨ ᠪᠡᠶ᠎ᠡ | ᠴᠢᠭᠢᠷᠠᠭᠵᠢᠭᠤᠯᠬᠤ ᠴᠢᠨᠠᠷ ᠢ ᠨᠢᠭᠡ ᠴᠤᠬᠴᠠᠵᠢᠭᠤᠯᠤᠬᠰᠠᠨ ᠠᠷᠠᠳ ᠤᠨ ᠤᠷ᠎ᠠ ᠮᠡᠷᠭᠡᠵᠢᠯ ᠪᠣᠯᠤᠨ᠎ᠠ᠂ ᠲᠡᠷᠡ ᠨᠢ | ᠤᠷᠠᠨ ᠬᠠᠪᠤᠯᠢᠭ᠂ ᠬᠥᠭᠰᠢᠨ ᠵᠠᠯᠠᠭᠤ ᠳᠤ ᠪᠦᠷ ᠲᠤᠬᠢᠷᠠᠬᠤ᠂ ᠬᠡᠯᠪᠡᠷᠢ ᠨᠢ ᠤᠯᠠᠨ ᠶᠠᠩᠵᠤ ᠶᠢᠨ ᠵᠡᠷᠭᠡ | ᠣᠨᠴᠠᠯᠢᠭ ᠢᠶᠠᠷ ᠢᠶᠠᠨ ᠠᠷᠠᠳ ᠤᠯᠠᠨ ᠤ ᠪᠠᠭ᠋ᠠᠷᠬᠠᠯ ᠪᠠ ᠠᠩᠬᠠᠷᠤᠯ ᠢ ᠶᠡᠬᠡᠳᠡ ᠲᠠᠲᠠᠵᠤ ᠪᠠᠶᠢᠨ᠎ᠠ᠃ ᠵᠢᠶᠦ᠋ᠨ ᠯᠠᠨ | ᠤᠷᠠᠯᠢᠭ ᠤᠨ ᠪᠦᠯᠬᠦᠮ ᠤᠨ ᠯᠢ ᠵᠢᠩ ᠪᠥᠸᠧ ᠪᠠᠭᠰᠢ ᠨᠢᠭᠡ ᠬᠡᠰᠡᠭ ᠤᠷᠤᠰᠤᠮ᠎ᠠ ᠰᠠᠶᠢᠬᠠᠨ ᠪᠤᠷᠤᠤ ᠡᠷᠬᠢᠬᠦᠯᠬᠦ | ᠲᠣᠭᠯᠠᠯᠲᠠ ᠪᠠᠷ ᠵᠢᠭᠠᠨ ᠰᠤᠷᠭᠠᠯᠲᠠ ᠪᠠᠨ ᠡᠬᠢᠯᠡᠬᠦᠯᠵᠤ᠂ ᠪᠤᠷᠤᠤ ᠨᠢ ᠲᠡᠬᠦᠨ ᠤ ᠡᠵᠡᠮᠳᠡᠯ ᠳᠤᠤᠷ᠎ᠠ ᠡᠷᠪᠡᠬᠡᠢ | ᠨᠢᠰᠴᠦ ᠰᠢᠪᠠᠭᠤ ᠲᠡᠪᠳᠡᠷᠢᠬᠦ ᠮᠠᠳᠤ᠂ ᠬᠠᠶᠠ ︽ᠠᠯᠲᠠᠨ ᠲᠠᠬᠢᠶ᠎ᠠ ᠠᠭᠠᠷ ᠲᠤ ᠲᠡᠪᠳᠡᠷᠢᠨ︾᠂ ᠬᠠᠶᠠ ︽ | ᠰᠢᠷᠭᠤᠯᠵᠢ ᠮᠣᠳᠣᠨ ᠳᠡᠭᠡᠷ᠎ᠡ ᠭᠠᠷᠴᠤ︾᠂ ᠲᠤᠬᠠᠢ ᠶᠢᠨ ᠲᠠᠯᠠᠪᠠᠢ ᠳᠤ ᠪᠠᠶᠢᠬᠰᠠᠨ ᠬᠥᠮᠦᠰ ᠢ ᠭᠠᠶᠢᠬᠠᠰᠢ | ᠠᠯᠳᠠᠭᠤᠯᠪᠠ᠃ | | ᠵᠢᠭᠠᠨ ᠰᠤᠷᠭᠠᠯᠲᠠ ᠳᠤᠮᠳᠠ᠂ ᠪᠠᠭᠰᠢ ᠠᠴᠠ ︽ᠳᠡᠭᠦᠵᠢᠯᠡᠬᠦ᠂ ᠲᠠᠲᠠᠬᠤ᠂ ᠡᠷᠬᠢᠬᠦᠯᠬᠦ᠂ ᠰᠢᠳᠡᠬᠦ︾ | ᠳᠥᠷᠪᠡᠨ ᠶᠡᠭᠡ ᠦᠨᠳᠦᠰᠦᠨ ᠬᠥᠳᠡᠯᠭᠡᠭᠡᠨ ᠢ ᠲᠠᠶᠢᠯᠪᠤᠷᠢᠯᠠᠨ ᠵᠠᠳᠠᠯᠤᠭᠰᠠᠨ ᠪᠥᠭᠡᠳ ᠰᠤᠷᠤᠭᠴᠢᠳ ᠢ ᠵᠢᠯᠣᠭᠤᠳᠤᠨ | ᠪᠤᠷᠤᠤ ᠶᠢ ᠡᠵᠡᠮᠳᠡᠭᠦᠯᠪᠡ᠃ ᠨᠥᠬᠦᠳ ᠤᠳ ᠤᠷᠮ᠎ᠠ ᠲᠠᠢ ᠤᠷᠤᠯᠴᠠᠨ᠂ ᠬᠥᠮᠦᠨ ᠪᠦᠬᠦᠨ ᠪᠦᠷ ᠲᠡᠰᠬᠡᠯ ᠦᠭᠡᠢ | ᠲᠤᠷᠰᠢᠵᠤ ᠬᠢᠵᠤ ᠡᠬᠢᠯᠡᠪᠡ᠃ ᠲᠡᠳᠡ ᠭᠠᠷ ᠲᠠᠬᠢ ᠪᠤᠷᠤᠤ ᠪᠠᠨ ᠡᠵᠡᠮᠳᠡᠵᠦ᠂ ᠬᠠᠶᠠ ᠵᠡᠭᠦᠨᠰᠢ ᠪᠠᠷᠠᠭᠤᠨᠰᠢ | ᠡᠷᠭᠢᠯᠳᠦᠬᠦᠯᠦᠨ᠂ ᠨᠢᠭᠡ ᠨᠢᠬᠡ ᠵᠤᠷᠪᠤᠰ ᠭᠤᠶᠤ ᠰᠠᠶᠢᠬᠠᠨ ᠨᠣᠮᠣᠨ ᠱᠤᠭᠤᠮ ᠢ ᠨᠢᠰᠭᠡᠨ ᠭᠠᠷᠭᠠᠵᠤ᠂ ᠲᠤᠬᠠᠶ ᠶᠢᠨ | ᠲᠠᠯᠠᠪᠠᠢ ᠳᠤ ᠪᠤᠷᠤᠤ ᠶᠢᠨ ᠦᠩᠭᠢᠨᠡᠬᠦ ᠳᠠᠭᠤᠨ ᠪᠠ ᠬᠠᠮᠲᠤ ᠰᠤᠷᠤᠭᠴᠢᠳ ᠤᠨ ᠬᠦᠬᠡᠷᠦᠯᠳᠦᠨ ᠢᠨᠢᠶᠡᠬᠦ ᠳᠠᠭᠤᠨ | ᠴᠤᠤᠷᠢᠶᠠᠲᠤᠨ᠎ᠠ᠃ | | | | | | |