3 ᠰᠠᠷ᠎ᠠ ᠶᠢᠨ 19 ᠤ ᠡᠳᠦᠷ ᠤᠨ ᠦᠳᠡ ᠶᠢᠨ ᠬᠤᠶᠢᠨ᠎ᠠ᠂ ᠬᠥᠨᠳᠡᠯᠡᠨ ᠲᠣᠭᠤᠷᠢᠭ ᠤᠨ ᠰᠣᠶᠣᠯ ᠤᠨ ᠣᠷᠳᠣᠨ | ᠬᠥᠨᠳᠡᠯᠡᠨ ᠲᠣᠭᠤᠷᠢᠭ ᠤᠨ ᠨᠢᠭᠡᠳᠦᠭᠡᠷ ᠲᠤᠷᠰᠢᠯᠲᠠ ᠶᠢᠨ ᠪᠠᠭ᠎ᠠ ᠰᠤᠷᠭᠠᠭᠤᠯᠢ ᠳᠤ ᠬᠦᠷᠴᠦ ︽ᠪᠣᠳᠠᠰ ᠤᠨ ᠪᠤᠰᠤ | ᠰᠣᠶᠣᠯ ᠤᠨ ᠥᠪ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠭᠤᠤᠯ ᠰᠡᠳᠦᠪᠲᠦ ᠠᠵᠢᠯᠯᠠᠭ᠎ᠠ ᠥᠷᠨᠢᠭᠦᠯᠵᠦ᠂ | ᠵᠢᠶᠦ᠋ᠨ ᠯᠠᠨ ᠤᠷᠠᠯᠢᠭ ᠤᠨ ᠪᠦᠯᠬᠦᠮ ᠤᠨ ᠪᠠᠭᠰᠢ ᠯᠢ ᠵᠢᠶᠦ᠋ᠨ᠂ ᠯᠢ ᠵᠢᠩ ᠪᠥᠸᠧ ᠨᠡᠷ ᠲᠠᠢ ᠬᠠᠮᠳᠤ ᠰᠤᠷᠭᠠᠭᠤᠯᠢ ᠶᠢᠨ | ᠬᠦᠷᠢᠶᠡᠨ ᠳᠤ ᠣᠷᠣᠵᠤ᠂ ᠪᠠᠭᠰᠢ ᠰᠤᠷᠤᠭᠴᠢᠳ ᠲᠤ ᠤᠯᠠᠮᠵᠢᠯᠠᠯᠲᠤ ᠤᠷ᠎ᠠ ᠮᠡᠷᠭᠡᠰᠢᠯ ᠪᠦᠬᠦᠢ ︽ᠯᠤᠤ | ᠲᠣᠭᠯᠠᠭᠤᠯᠬᠤ︾ ᠪᠠ ︽ᠪᠤᠷᠤᠤ ᠡᠷᠬᠢᠬᠦᠯᠬᠦ︾ ᠲᠤᠬᠠᠢ ᠵᠢᠭᠠᠨ ᠰᠤᠷᠭᠠᠪᠠ᠃ ᠲᠣᠰ ᠠᠵᠢᠯᠯᠠᠭ᠎ᠠ ᠨᠢ ᠣᠨᠣᠯ ᠤᠨ | ᠲᠠᠶᠢᠯᠤᠮᠵᠢ᠂ ᠤᠷ᠎ᠠ ᠮᠡᠷᠭᠡᠵᠢᠯ ᠤᠨ ᠦᠵᠡᠭᠦᠯᠭᠡ ᠪᠠ ᠬᠠᠷᠢᠯᠴᠠᠨ ᠬᠦᠳᠡᠯᠦᠯᠴᠡᠬᠦ ᠮᠠᠶ᠋ᠢᠭ ᠤᠨ ᠪᠠᠶᠡᠴᠢᠯᠠᠨ ᠣᠶᠢᠯᠠᠭᠠᠯᠲᠠ ᠪᠠᠷ | ᠳᠠᠮᠵᠢᠨ᠂ ᠵᠠᠯᠠᠭᠤᠴᠤᠳ ᠪᠠᠭᠠᠴᠤᠳ ᠲᠤ ᠪᠣᠳᠠᠰ ᠤᠨ ᠪᠤᠰᠤ ᠰᠣᠶᠣᠯ ᠤᠨ ᠥᠪ ᠤᠨ ᠭᠠᠶᠢᠬᠠᠮᠰᠢᠭ ᠢ ᠣᠶᠢᠷ᠎ᠠ ᠵᠠᠶ ᠠᠴᠠ | ᠮᠡᠳᠡᠷᠡᠭᠦᠯᠵᠦ᠂ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠳᠤ ᠬᠦᠴᠦᠨ ᠨᠠᠮᠠᠷᠢᠯᠠᠪᠠ᠃ | | ᠯᠤᠤ ᠲᠣᠭᠯᠠᠭᠤᠯᠬᠤ᠄ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠵᠤ᠂ ᠰᠤᠶᠤᠯ ᠤᠨ | ᠥᠪᠡᠷᠮᠢᠴᠡ ᠭᠠᠶᠢᠬᠠᠮᠰᠢᠭ ᠢ ᠢᠯᠡᠷᠡᠭᠦᠯᠪᠡ᠃ ᠯᠣᠣ ᠲᠤᠬᠯᠠᠭᠤᠯᠬᠤ ᠨᠢ ᠳᠤᠮᠳᠠᠳᠤ ᠤᠯᠤᠰ ᠤᠨ ᠤᠯᠠᠮᠵᠢᠯᠠᠯᠲᠤ ᠵᠠᠩ | ᠦᠢᠯᠡ ᠶᠢᠨ ᠠᠵᠢᠯᠯᠠᠭ᠎ᠠ ᠪᠣᠯᠤᠭᠰᠠᠨ ᠤ ᠬᠤᠪᠢ ᠳᠤ᠂ ᠠᠮᠢᠳᠤᠯᠢᠭ ᠴᠣᠪᠣᠭᠤᠯᠢᠭ ᠣᠨᠴᠠᠯᠢᠭ ᠢᠶᠠᠷ ᠢᠶᠠᠨ ᠠᠯᠳᠠᠷᠰᠢᠵᠠᠶ᠃ | ᠠᠵᠢᠯᠯᠠᠭᠠᠨ ᠤ ᠲᠤᠬᠠᠢ ᠶᠢᠨ ᠲᠠᠯᠠᠪᠠᠢ ᠳᠤ᠂ ᠵᠢᠶᠦ᠋ᠨ ᠯᠠᠨ ᠤᠷᠠᠯᠢᠭ ᠤᠨ ᠪᠦᠯᠬᠦᠮ ᠤᠨ ᠪᠠᠭᠰᠢ ᠠᠴᠠ ᠯᠣᠣ ᠶᠢᠨ | ᠲᠣᠯᠣᠭᠠᠢ ᠶᠢ ᠭᠠᠷ ᠲᠠᠭᠠᠨ ᠠᠳᠬᠤᠵᠤ᠂ ᠭᠠᠷ ᠢᠶᠠᠨ ᠰᠠᠵᠢᠯᠠᠭᠤᠯᠤᠨ ᠨᠢᠷᠤᠭᠤ ᠪᠠᠨ ᠮᠤᠰᠬᠢᠯᠳᠤᠭᠤᠯᠬᠤ ᠪᠠᠷ ᠲᠠᠮᠵᠢᠨ᠂ | ᠠᠷᠪᠠᠨ ᠮᠧᠲᠷ ᠤᠨ ᠲᠤᠷᠭᠠᠨ ᠪᠦᠰ ᠢ ᠣᠭᠲᠠᠷᠭᠤᠢ ᠳᠤ ᠳᠡᠭᠦᠯᠢᠨ ᠨᠢᠰᠬᠦ ᠯᠣᠣ ᠪᠤᠯᠭᠠᠨ ᠠᠮᠢᠯᠠᠭᠤᠯᠵᠤ᠂ ︽ᠥᠩᠭᠡᠲᠦ | ᠯᠣᠣ︾ ᠪᠠᠶᠢᠨ ᠪᠠᠶᠢᠨ ᠣᠭᠲᠠᠷᠭᠤᠢ ᠳᠤ ᠳᠡᠭᠦᠯᠢᠨ ᠨᠢᠰᠦᠨ᠎ᠡ︔ ᠪᠠᠶᠢᠨ ᠪᠠᠶᠢᠨ ᠲᠣᠯᠣᠭᠠᠶ ᠪᠠᠨ ᠪᠥᠬᠦ᠋ᠢᠨ ᠳᠣᠷᠣᠭᠰᠢ | ᠳᠠᠭᠠᠷᠢᠵᠤ᠂ ᠭᠠᠵᠠᠷ ᠤᠨ ᠨᠢᠭᠤᠷ ᠲᠤ ᠨᠠᠭᠠᠯᠳᠤᠨ᠂ ᠦᠵᠡᠬᠦ ᠳᠤ ᠦᠨᠡᠬᠡᠷ ᠰᠦᠷᠯᠢᠭ ᠭᠠᠶᠢᠬᠠᠮᠰᠢᠬᠳᠠᠢ ᠬᠠᠷᠠᠬᠳᠠᠨ᠎ᠠ᠃ | ᠰᠤᠷᠤᠭᠴᠢᠳ ᠳᠤᠭᠤᠶᠢᠯᠠᠩ ᠬᠤᠪᠢᠶᠠᠨ ᠪᠣᠯᠪᠠᠰᠤᠷᠠᠬᠤ ᠳᠤᠮᠳᠠ᠂ ᠯᠤᠤ ᠶᠢᠨ ᠲᠤᠯᠤᠭᠠᠢ ᠶᠢ ᠲᠤᠯᠭᠠᠭᠤᠷᠢᠯᠠᠬᠤ ᠡᠰᠢ | ᠮᠤᠳᠤ ᠶᠢ ᠡᠷᠭᠢᠭᠦᠯᠬᠦ᠂ ᠰᠠᠯᠬᠢ ᠰᠦᠷᠦᠨ ᠭᠦᠶᠦᠬᠦ᠂ ᠠᠶᠢᠵᠠᠮ ᠢ ᠡᠵᠡᠮᠳᠡᠬᠦ ᠪᠣᠯᠪᠠᠰᠤᠷᠠᠯ ᠢᠶᠠᠷ ᠳᠠᠮᠵᠢᠨ᠂ ᠤᠯᠠᠮᠵᠢᠯᠠᠯᠲᠤ | ᠤᠷᠠᠯᠢᠭ ᠤᠨ ᠱᠠᠭᠠᠷᠳᠠᠬᠤ ᠵᠣᠬᠢᠴᠠᠩᠭᠤᠶ ᠴᠢᠨᠠᠷ ᠪᠠ ᠬᠠᠮᠵᠢᠯᠴᠠᠬᠤ ᠴᠢᠳᠠᠪᠤᠷᠢ ᠶᠢᠨ ᠱᠠᠭᠠᠷᠳᠠᠯᠭ᠎ᠠ ᠶᠢ ᠪᠡᠶ᠎ᠡ ᠪᠠᠷ ᠢᠶᠠᠨ | ᠮᠡᠳᠡᠷᠡᠪᠡ᠃ | | | | | ᠪᠤᠷᠤᠤ ᠡᠷᠬᠢᠬᠦᠯᠬᠦ᠄ ᠪᠣᠳᠠᠰ ᠤᠨ ᠪᠤᠰᠤ ᠰᠣᠶᠣᠯ ᠤᠨ ᠥᠪ ᠤᠨ ᠤᠬᠢ ᠲᠡᠯᠡᠰᠲᠦ ᠶᠢ ᠲᠡᠯᠬᠡᠨ ᠦᠵᠡᠬᠦᠯᠦᠨ᠎ᠡ᠃ | | ᠤᠯᠤᠰ ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ ᠵᠦᠢᠯ ᠪᠣᠯᠤᠭᠰᠠᠨ ᠤ ᠬᠤᠪᠢ ᠳᠤ᠂ | ᠪᠤᠷᠤᠤ ᠡᠷᠬᠢᠬᠦᠯᠬᠦ ᠨᠢ ᠰᠣᠨᠢᠷᠬᠠᠯᠲᠤ ᠴᠢᠨᠠᠷ᠂ ᠵᠤᠭ᠎ᠠ ᠴᠡᠩᠭᠡᠯ ᠤᠨ ᠴᠢᠨᠠᠷ ᠪᠣᠯᠤᠨ ᠪᠡᠶ᠎ᠡ ᠴᠢᠭᠢᠷᠠᠭᠵᠢᠭᠤᠯᠬᠤ ᠴᠢᠨᠠᠷ ᠢ ᠨᠢᠭᠡ | ᠴᠤᠬᠴᠠᠵᠢᠭᠤᠯᠤᠬᠰᠠᠨ ᠠᠷᠠᠳ ᠤᠨ ᠤᠷ᠎ᠠ ᠮᠡᠷᠭᠡᠵᠢᠯ ᠪᠣᠯᠤᠨ᠎ᠠ᠂ ᠲᠡᠷᠡ ᠨᠢ ᠤᠷᠠᠨ ᠬᠠᠪᠤᠯᠢᠭ᠂ ᠬᠥᠭᠰᠢᠨ ᠵᠠᠯᠠᠭᠤ ᠳᠤ ᠪᠦᠷ | ᠲᠤᠬᠢᠷᠠᠬᠤ᠂ ᠬᠡᠯᠪᠡᠷᠢ ᠨᠢ ᠤᠯᠠᠨ ᠶᠠᠩᠵᠤ ᠶᠢᠨ ᠵᠡᠷᠭᠡ ᠣᠨᠴᠠᠯᠢᠭ ᠢᠶᠠᠷ ᠢᠶᠠᠨ ᠠᠷᠠᠳ ᠤᠯᠠᠨ ᠤ ᠪᠠᠭ᠋ᠠᠷᠬᠠᠯ ᠪᠠ ᠠᠩᠬᠠᠷᠤᠯ ᠢ | ᠶᠡᠬᠡᠳᠡ ᠲᠠᠲᠠᠵᠤ ᠪᠠᠶᠢᠨ᠎ᠠ᠃ ᠵᠢᠶᠦ᠋ᠨ ᠯᠠᠨ ᠤᠷᠠᠯᠢᠭ ᠤᠨ ᠪᠦᠯᠬᠦᠮ ᠤᠨ ᠯᠢ ᠵᠢᠩ ᠪᠥᠸᠧ ᠪᠠᠭᠰᠢ ᠨᠢᠭᠡ ᠬᠡᠰᠡᠭ | ᠤᠷᠤᠰᠤᠮ᠎ᠠ ᠰᠠᠶᠢᠬᠠᠨ ᠪᠤᠷᠤᠤ ᠡᠷᠬᠢᠬᠦᠯᠬᠦ ᠲᠣᠭᠯᠠᠯᠲᠠ ᠪᠠᠷ ᠵᠢᠭᠠᠨ ᠰᠤᠷᠭᠠᠯᠲᠠ ᠪᠠᠨ ᠡᠬᠢᠯᠡᠬᠦᠯᠵᠤ᠂ ᠪᠤᠷᠤᠤ ᠨᠢ ᠲᠡᠬᠦᠨ ᠤ | ᠡᠵᠡᠮᠳᠡᠯ ᠳᠤᠤᠷ᠎ᠠ ᠡᠷᠪᠡᠬᠡᠢ ᠨᠢᠰᠴᠦ ᠰᠢᠪᠠᠭᠤ ᠲᠡᠪᠳᠡᠷᠢᠬᠦ ᠮᠠᠳᠤ᠂ ᠬᠠᠶᠠ ︽ᠠᠯᠲᠠᠨ ᠲᠠᠬᠢᠶ᠎ᠠ ᠠᠭᠠᠷ ᠲᠤ ᠲᠡᠪᠳᠡᠷᠢᠨ︾᠂ | ᠬᠠᠶᠠ ︽ᠰᠢᠷᠭᠤᠯᠵᠢ ᠮᠣᠳᠣᠨ ᠳᠡᠭᠡᠷ᠎ᠡ ᠭᠠᠷᠴᠤ︾᠂ ᠲᠤᠬᠠᠢ ᠶᠢᠨ ᠲᠠᠯᠠᠪᠠᠢ ᠳᠤ ᠪᠠᠶᠢᠬᠰᠠᠨ ᠬᠥᠮᠦᠰ ᠢ ᠭᠠᠶᠢᠬᠠᠰᠢ | ᠠᠯᠳᠠᠭᠤᠯᠪᠠ᠃ | | ᠵᠢᠭᠠᠨ ᠰᠤᠷᠭᠠᠯᠲᠠ ᠳᠤᠮᠳᠠ᠂ ᠪᠠᠭᠰᠢ ᠠᠴᠠ ︽ᠳᠡᠭᠦᠵᠢᠯᠡᠬᠦ᠂ ᠲᠠᠲᠠᠬᠤ᠂ ᠡᠷᠬᠢᠬᠦᠯᠬᠦ᠂ ᠰᠢᠳᠡᠬᠦ︾ ᠳᠥᠷᠪᠡᠨ ᠶᠡᠭᠡ | ᠦᠨᠳᠦᠰᠦᠨ ᠬᠥᠳᠡᠯᠭᠡᠭᠡᠨ ᠢ ᠲᠠᠶᠢᠯᠪᠤᠷᠢᠯᠠᠨ ᠵᠠᠳᠠᠯᠤᠭᠰᠠᠨ ᠪᠥᠭᠡᠳ ᠰᠤᠷᠤᠭᠴᠢᠳ ᠢ ᠵᠢᠯᠣᠭᠤᠳᠤᠨ ᠪᠤᠷᠤᠤ ᠶᠢ | ᠡᠵᠡᠮᠳᠡᠭᠦᠯᠪᠡ᠃ ᠨᠥᠬᠦᠳ ᠤᠳ ᠤᠷᠮ᠎ᠠ ᠲᠠᠢ ᠤᠷᠤᠯᠴᠠᠨ᠂ ᠬᠥᠮᠦᠨ ᠪᠦᠬᠦᠨ ᠪᠦᠷ ᠲᠡᠰᠬᠡᠯ ᠦᠭᠡᠢ ᠲᠤᠷᠰᠢᠵᠤ ᠬᠢᠵᠤ | ᠡᠬᠢᠯᠡᠪᠡ᠃ ᠲᠡᠳᠡ ᠭᠠᠷ ᠲᠠᠬᠢ ᠪᠤᠷᠤᠤ ᠪᠠᠨ ᠡᠵᠡᠮᠳᠡᠵᠦ᠂ ᠬᠠᠶᠠ ᠵᠡᠭᠦᠨᠰᠢ ᠪᠠᠷᠠᠭᠤᠨᠰᠢ ᠡᠷᠭᠢᠯᠳᠦᠬᠦᠯᠦᠨ᠂ ᠨᠢᠭᠡ ᠨᠢᠬᠡ | ᠵᠤᠷᠪᠤᠰ ᠭᠤᠶᠤ ᠰᠠᠶᠢᠬᠠᠨ ᠨᠣᠮᠣᠨ ᠱᠤᠭᠤᠮ ᠢ ᠨᠢᠰᠭᠡᠨ ᠭᠠᠷᠭᠠᠵᠤ᠂ ᠲᠤᠬᠠᠶ ᠶᠢᠨ ᠲᠠᠯᠠᠪᠠᠢ ᠳᠤ ᠪᠤᠷᠤᠤ ᠶᠢᠨ ᠦᠩᠭᠢᠨᠡᠬᠦ | ᠳᠠᠭᠤᠨ ᠪᠠ ᠬᠠᠮᠲᠤ ᠰᠤᠷᠤᠭᠴᠢᠳ ᠤᠨ ᠬᠦᠬᠡᠷᠦᠯᠳᠦᠨ ᠢᠨᠢᠶᠡᠬᠦ ᠳᠠᠭᠤᠨ ᠴᠤᠤᠷᠢᠶᠠᠲᠤᠨ᠎ᠠ᠃ | | | | | | |